ᠰᠠᠷᠠᠨ ᠲᠡᠷᠭᠡᠯᠰᠢᠵᠦ ᠭᠡᠷ ᠬᠤᠲᠠᠯᠠᠭᠠᠷ ᠨᠠᠶᠢᠷᠯᠠᠯᠳᠤᠨ ᠵᠢᠷᠭᠠᠵᠤ ᠪᠠᠶᠢᠭ᠎ᠠ ᠵᠢᠷᠤᠭ ᠳᠦᠷᠢ ︽ᠳᠠᠭᠢᠨᠢ ᠶᠢᠨ ᠴᠠᠭᠠᠨ ᠰᠠᠷ᠎ᠠ︾ ᠳᠠᠭᠤᠨ ᠤ ᠤᠶᠠᠩᠭ᠎ᠠ ᠡᠭᠡᠰᠢᠭ | ᠪᠣᠯᠣᠨ ᠬᠠᠩᠭᠢᠨᠠᠵᠤ᠂ ᠥᠪᠥᠷ ᠮᠣᠩᠭᠤᠯ ᠤᠨ ᠤᠷᠠᠯᠢᠭ ᠵᠦᠴᠦᠭᠡ ᠶᠢᠨ ᠬᠦᠷᠢᠶᠡᠯᠡᠩ ᠤᠨ ᠨᠠᠶᠢᠷᠠᠯ ᠳᠠᠭᠤᠤ ᠶᠢᠨ ᠪᠦᠯᠭᠦᠮ ᠤᠨ ᠡᠷᠭᠢᠯᠡᠭᠰᠡᠨ ᠳᠠᠭᠤᠤ ᠬᠥᠭᠵᠢᠮ ᠤᠨ | ᠴᠤᠭᠯᠠᠭᠠᠨ︽ᠳᠥᠷᠪᠡᠨ ᠤᠯᠠᠷᠢᠯ︾ ᠦᠵᠡᠭᠴᠢᠳ ᠤᠨ ᠨᠢᠵᠢᠭᠢᠨᠡᠭᠰᠡᠨ ᠠᠯᠠᠭ᠎ᠠ ᠲᠡᠰᠢᠯᠲᠡ ᠶᠢᠨ ᠳᠤᠮᠳᠠ ᠨᠢᠵᠢᠭᠢᠷ ᠰᠠᠶᠢᠬᠠᠨ ᠦᠷᠭᠦᠯᠵᠢᠯᠡᠨ᠎ᠡ᠃ | ᠣᠷᠴᠢᠮᠬᠠᠨ ᠶᠠᠪᠤᠭᠳᠠᠭᠰᠠᠨ ᠡᠨᠡ ᠬᠦ ᠳᠠᠭᠤᠤ ᠬᠥᠭᠵᠢᠮ ᠤᠨ ᠴᠤᠭᠯᠠᠭᠠᠨ ᠨᠢ ᠳᠥᠷᠪᠡᠨ ᠤᠯᠠᠷᠢᠯ ᠢᠶᠠᠷ ᠭᠤᠣᠯ ᠰᠡᠳᠦᠪ ᠪᠣᠯᠭᠠᠨ᠂ ᠢᠷᠠᠭᠤ ᠰᠠᠶᠢᠬᠠᠨ ᠳᠠᠭᠤᠤ | ᠬᠥᠭᠵᠢᠮ ᠢᠶᠠᠷ ᠣᠯᠠᠨ ᠵᠦᠢᠯ ᠤᠨ ᠬᠡᠪ ᠨᠠᠮᠪᠠ ᠪᠦᠬᠦᠢ ᠪᠠᠶᠢᠭᠠᠯᠢ ᠶᠢᠨ ᠦᠵᠡᠮᠵᠢ ᠶᠢ ᠵᠢᠷᠤᠭᠯᠠᠵᠤ᠂ ᠠᠮᠢ ᠠᠬᠤᠢ ᠣᠷᠴᠢᠨ ᠲᠣᠭᠤᠷᠢᠨ ᠢ ᠬᠠᠮᠠᠭᠠᠯᠠᠬᠤ | ᠣᠶᠢᠯᠠᠭᠠᠭᠳᠠᠬᠤᠨ ᠢ ᠰᠠᠨᠠᠭᠠᠴᠢᠯᠠᠭᠰᠠᠨ 14 ᠪᠦᠲᠦᠭᠡᠯ ᠢ ︽ᠰᠢᠪᠠᠭᠤᠳ ᠵᠢᠷᠭᠢᠵᠦ ᠴᠢᠭᠢᠭ ᠦᠨᠦᠰᠳᠡᠭᠰᠡᠨ ᠨᠢ︾᠂ ︽ᠬᠤᠷ᠎ᠠ ᠵᠦᠰᠡᠷᠡᠵᠦ ᠴᠡᠴᠡᠭ ᠮᠢᠷᠠᠯᠵᠠᠭᠰᠠᠨ ᠨᠢ︾ | ᠂ ︽ᠲᠡᠭᠷᠢ ᠴᠡᠯᠮᠡᠵᠦ ᠡᠭᠦᠯᠡᠰ ᠭᠦᠪᠦᠯᠵᠡᠭᠰᠡᠨ ᠨᠢ︾᠂ ︽ᠴᠠᠰᠤ ᠯᠠᠪᠰᠠᠯᠠᠵᠤ ᠠᠭᠤᠯᠠᠰ ᠨᠥᠮᠥᠷᠢᠳᠡᠭᠰᠡᠨ ᠨᠢ︾ ᠭᠡᠬᠦ ᠳᠥᠷᠪᠡᠨ ᠪᠦᠯᠦᠭ ᠬᠤᠪᠢᠶᠠᠨ ᠳᠠᠭᠤᠤ ᠬᠥᠭᠵᠢᠮ | ᠬᠢᠭᠡᠳ ᠠᠮᠢ ᠠᠬᠤᠢ ᠶᠢᠨ ᠲᠡᠭᠦᠰ ᠰᠠᠶᠢᠬᠠᠨ ᠠᠭᠤᠰᠤᠯᠴᠠᠯ ᠢ ᠳᠡᠯᠭᠡᠨ ᠦᠵᠡᠭᠦᠯᠵᠦ᠂ ᠬᠥᠮᠥᠰ ᠲᠤ ᠠᠮᠢ ᠠᠬᠤᠢ ᠣᠷᠴᠢᠨ ᠲᠣᠭᠤᠷᠢᠨ ᠢ ᠵᠠᠪᠠᠯ ᠰᠠᠶᠢᠲᠤᠷ | ᠬᠠᠮᠠᠭᠠᠯᠠᠬᠤ ᠲᠤᠬᠠᠢ ᠰᠡᠩᠬᠡᠷᠡᠭᠦᠯᠦᠯ ᠥᠭᠴᠡᠢ᠃ | ᠦᠳᠡᠰᠢᠯᠡᠭᠡ ᠳᠤ ᠤᠷᠢᠬᠠᠨ ᠬᠠᠪᠤᠷ ᠢᠶᠠᠷ ᠮᠠᠯᠴᠢᠳ ᠲᠥᠯ ᠲᠤᠰᠴᠦ ᠪᠠᠶᠠᠰᠤᠯᠳᠤᠨ ᠶᠠᠭᠠᠷᠠᠯᠳᠤᠭᠰᠠᠨ ᠠᠮᠢᠳᠤᠷᠠᠯ ᠢ ᠵᠢᠷᠤᠭᠯᠠᠭᠰᠠᠨ ᠳᠠᠭᠤᠤ︽ᠲᠣᠶᠢᠭ︾᠂ | ᠥᠪᠥᠷ ᠮᠣᠩᠭᠤᠯ ᠤᠨ ᠰᠣᠩᠭᠤᠳᠠᠭ ᠳᠠᠭᠤᠤ ︽ᠦᠬᠡᠷᠲᠦ ᠬᠦᠢᠲᠡᠨ︾᠂ ︽ᠤᠭᠠᠯᠵᠠᠨ ᠬᠡ ᠲᠠᠢ ᠡᠮᠡᠭᠡᠯ︾᠂ ︽ᠨᠤᠲᠤᠭ ᠤᠨ ᠳᠠᠭᠤᠤ ᠪᠠᠨ ᠨᠠᠮ ᠳᠠᠭᠠᠨ ᠳᠠᠭᠤᠯᠠᠶ᠎ᠠ︾ | ᠵᠡᠷᠭᠡ ᠳᠠᠭᠤᠤ ᠶᠢ ᠳᠠᠭᠤᠯᠠᠵᠤ᠂ ᠥᠪᠥᠷ ᠮᠣᠩᠭᠤᠯ ᠤᠨ ᠦᠨᠳᠦᠰᠦᠲᠡᠨ ᠨᠦᠭᠦᠳ ᠤᠨ ᠠᠷᠠᠳ ᠲᠦᠮᠡᠨ ᠨᠠᠮ ᠤᠨ ᠳᠠᠭᠠᠭᠤᠯᠭ᠎ᠠ ᠳᠣᠣᠷ᠎ᠠ ᠠᠮᠢ ᠠᠬᠤᠢ ᠶᠢ ᠤᠷᠢᠳ | ᠢᠶᠠᠷ ᠪᠣᠳᠣᠯᠬᠢᠯᠠᠬᠤ ᠪᠣᠬᠢᠷᠳᠤᠯ ᠦᠭᠡᠢ ᠬᠥᠭᠵᠢᠭᠦᠯᠬᠦ ᠶᠢᠨ ᠵᠠᠮ ᠢᠶᠠᠷ ᠵᠠᠮᠨᠠᠵᠤ ᠪᠠᠶᠢᠭ᠎ᠠ ᠪᠠᠶᠢᠳᠠᠯ ᠢ ᠬᠠᠷᠠᠭᠤᠯᠵᠠᠢ᠃ ᠨᠠᠶᠢᠷᠠᠯ ᠳᠠᠭᠤᠤ ᠶᠢᠨ ᠪᠦᠯᠭᠦᠮ ᠤᠨ ᠳᠠᠭᠤᠴᠢᠳ | ᠤᠨ ᠬᠡᠦᠬᠡᠳ ᠤᠳ ᠤᠯᠠᠭᠠᠨ ᠳ᠋ᠧᠩᠯᠦ ᠪᠠᠷᠢᠵᠤ᠂ ᠴᠡᠭᠡᠯᠬᠡᠨ ᠲᠤᠩᠭᠠᠯᠠᠭ ᠬᠡᠦᠬᠡᠳ ᠤᠨ ᠳᠠᠭᠤᠨ ᠢᠶᠠᠷ ︽ᠡᠭᠦᠷᠢᠳᠡ ᠠᠮᠤᠭᠤᠯᠠᠩ ᠪᠠᠶᠢᠭᠠᠰᠠᠢ︾ ᠭᠡᠬᠦ ᠳᠠᠭᠤᠤ ᠶᠢᠨ | ᠤᠳᠤᠷᠢᠳᠬᠠᠯ ᠤᠨ ᠬᠡᠰᠡᠭ ᠢ ᠳᠠᠭᠤᠯᠠᠵᠤ᠂ ᠦᠳᠡᠰᠢᠯᠡᠭᠡ ᠶᠢ ᠤᠯᠠᠮ ᠤᠳᠬ᠎ᠠ ᠭᠦᠨ ᠭᠡᠯᠪᠡᠷᠢ ᠰᠢᠨ᠎ᠡ ᠪᠤᠯᠭᠠᠬᠰᠠᠨ ᠢᠶᠠᠷ ᠪᠠᠷᠠᠬᠤ ᠦᠭᠡᠢ᠂ ᠦᠵᠡᠭᠴᠢᠳ ᠲᠤ ᠪᠠᠶᠠᠷ | ᠤᠨ ᠡᠳᠦᠷ ᠤᠨ ᠵᠥᠩᠨᠡᠯ ᠳᠡᠪᠰᠢᠭᠦᠯᠦᠨ᠂ ᠨᠠᠶᠢᠷᠠᠯ ᠳᠠᠭᠤᠤ ᠶᠢᠨ ᠳᠤᠮᠳᠠ ᠤᠮᠠᠷᠠᠲᠤ ᠬᠢᠯᠢ ᠶᠢᠨ ᠰᠣᠶᠣᠯ ᠢ ᠤᠯᠠᠮᠵᠢᠯᠠᠵᠠᠢ᠃ ᠳᠠᠭᠤᠤ ᠬᠥᠭᠵᠢᠮ ᠤᠨ ᠦᠳᠡᠰᠢᠯᠡᠭᠡ | ᠨᠢ ︽ᠬᠥᠳᠡᠭᠡ ᠲᠠᠯ᠎ᠠ ᠳᠤ ᠮᠥᠩᠬᠡ ᠶᠢᠨ ᠨᠠᠷᠡᠠ ᠮᠠᠨᠳᠤᠯ᠎ᠠ︾ ᠭᠡᠬᠦ ᠳᠠᠭᠤᠤ ᠪᠠᠷ ᠥᠨᠳᠥᠷᠯᠡᠵᠦ᠂ ᠥᠪᠥᠷ ᠮᠣᠩᠭᠤᠯ ᠤᠨ ᠦᠨᠳᠦᠰᠦᠲᠡᠨ ᠨᠦᠭᠦᠳ ᠤᠨ ᠠᠷᠠᠳ | ᠲᠦᠮᠡᠨ ᠤ ᠳᠤᠮᠳᠠᠳᠤ ᠤᠯᠤᠰ ᠤᠨ ᠡᠪ ᠬᠠᠮᠲᠤ ᠨᠠᠮ ᠢᠶᠠᠨ ᠮᠠᠭᠲᠠᠨ ᠳᠠᠭᠤᠯᠠᠵᠤ᠂ ᠨᠤᠲᠤᠭ ᠤᠰᠤ ᠪᠠᠨ ᠬᠠᠶᠢᠷᠠᠯᠠᠵᠤ᠂ ᠰᠢᠨ᠎ᠡ ᠠᠮᠢᠳᠤᠷᠠᠯ ᠢᠶᠠᠨ ᠮᠠᠭᠲᠠᠨ | ᠳᠠᠭᠤᠯᠠᠭᠰᠠᠨ ᠰᠡᠳᠬᠢᠯ ᠤᠨ ᠳᠠᠭᠤᠨ ᠢ ᠤᠶᠠᠩᠭᠠᠯᠠᠪᠠ᠃ | ᠦᠵᠡᠭᠴᠢᠳ ᠤᠨ ᠬᠦᠰᠡᠯ ᠱᠠᠭᠠᠷᠳᠠᠯᠭ᠎ᠠ ᠪᠠᠷ ᠨᠠᠶᠢᠷᠠᠯ ᠳᠠᠭᠤᠤ ᠶᠢᠨ ᠪᠦᠯᠭᠦᠮ ᠪᠠᠰᠠ︽ᠦᠵᠡᠰᠬᠦᠯᠡᠩᠲᠦ ᠰᠠᠶᠢᠬᠠᠨ ᠮᠢᠨᠤ ᠨᠤᠲᠤᠭ︾ ᠪᠣᠯᠣᠨ ︽ᠳᠦᠷᠪᠡᠨ | ᠳᠠᠯᠠᠢ︾ ᠭᠡᠬᠦ ᠬᠤᠶᠠᠷ ᠳᠠᠭᠤᠤ ᠶᠢ ᠳᠠᠭᠤᠯᠠᠵᠤ᠂ ᠠᠬᠤᠢ ᠲᠠᠯᠠᠪᠠᠢ ᠶᠢᠨ ᠦᠵᠡᠭᠴᠢᠳ ᠨᠢᠵᠢᠭᠢᠨᠡᠲᠡᠯ᠎ᠡ ᠠᠯᠠᠭ᠎ᠠ ᠲᠠᠰᠢᠵᠤ᠂ ᠰᠠᠯᠵᠤ ᠶᠠᠳᠠᠨ ᠪᠠᠶᠢᠯ᠎ᠠ᠃ | ᠦᠵᠡᠭᠴᠢᠳ︽ᠨᠠᠶᠢᠷᠠᠯ ᠳᠠᠭᠤᠤ ᠶᠢᠨ ᠪᠦᠯᠭᠦᠮ ᠤᠨ ᠳᠠᠭᠤᠯᠠᠬᠤᠢ ᠶᠢᠨ ᠤᠷ᠎ᠠ ᠮᠡᠷᠭᠡᠵᠢᠯ ᠦᠨᠡᠬᠡᠷ ᠰᠠᠶᠢᠨ᠂ ᠮᠠᠨᠤᠰ ᠲᠤ ᠳᠠᠭᠤᠤ ᠬᠥᠭᠵᠢᠮ ᠤᠨ ᠷᠢᠳᠢ ᠰᠢᠳᠢ ᠶᠢ | ᠮᠡᠳᠡᠷᠡᠭᠦᠯᠦᠭᠰᠡᠨ ᠢᠶᠠᠷ ᠪᠠᠷᠠᠬᠤ ᠦᠭᠡᠢ ᠥᠪᠥᠷ ᠮᠣᠩᠭᠤᠯ ᠤᠨ ᠳᠥᠷᠪᠡᠨ ᠤᠯᠠᠷᠢᠯ ᠤᠨ ᠭᠤᠸ᠎ᠠ ᠰᠠᠶᠢᠬᠠᠨ ᠢ ᠤᠷᠠᠯᠢᠭ ᠢᠶᠠᠷ ᠮᠡᠳᠡᠷᠡᠭᠦᠯᠦᠯ᠎ᠡ︾ ᠭᠡᠵᠦ ᠮᠠᠭᠲᠠᠨ᠎ᠠ᠃ | ︽ᠪᠢᠳᠡ ᠦᠷᠭᠦᠯᠵᠢᠯᠡᠨ ᠳᠠᠭᠤᠤ ᠬᠥᠭᠵᠢᠮ ᠢᠶᠠᠷ ᠠᠴᠢᠶᠠᠯᠠᠪᠤᠷᠢ ᠪᠣᠯᠭᠠᠨ ᠪᠣᠬᠢᠷᠳᠤᠯ ᠦᠭᠡᠢ ᠠᠮᠢ ᠠᠬᠤᠢ ᠶᠢᠨ ᠣᠶᠢᠯᠠᠭᠠᠭᠳᠠᠬᠤᠨ ᠢ ᠨᠡᠩ ᠤᠯᠠᠨ ᠬᠥᠮᠥᠨ᠂ ᠨᠡᠩ | ᠤᠯᠠᠨ ᠭᠠᠵᠠᠷ ᠲᠤ ᠳᠠᠮᠵᠢᠭᠤᠯᠵᠤ᠂ ᠮᠠᠨ ᠤ ᠤᠯᠤᠰ ᠤᠨ ᠤᠮᠠᠷᠠᠲᠤ ᠶᠢᠨ ᠴᠢᠬᠤᠯᠠ ᠠᠮᠢ ᠠᠬᠤᠢ ᠶᠢᠨ ᠠᠮᠤᠷ ᠲᠦᠪᠰᠢᠨ ᠤ ᠬᠠᠯᠬᠠᠪᠴᠢ ᠶᠢ ᠪᠠᠲᠤ ᠴᠣᠭᠴᠠᠯᠠᠬᠤ ᠳᠤ | ᠨᠡᠩ ᠶᠡᠭᠡ ᠬᠤᠪᠢ ᠨᠡᠮᠡᠷᠢ ᠦᠵᠡᠭᠦᠯᠦᠨ᠎ᠡ︾ ᠭᠡᠵᠦ ᠨᠠᠶᠢᠷᠠᠯ ᠳᠠᠭᠤᠤ ᠶᠢᠨ ᠪᠦᠯᠭᠦᠮ ᠤᠨ ᠲᠣᠭᠯᠠᠭᠴᠢᠳ ᠶᠠᠷᠢᠵᠠᠭᠠᠵᠤ ᠪᠠᠶᠢᠯ᠎ᠠ᠃ | |