2023ᠣᠨ ᠤ ᠵᠠᠰᠠᠭ ᠤᠨ ᠣᠷᠳᠣᠨ  ᠤ ᠠᠵᠢᠯ ᠤᠨ ᠢᠯᠡᠳᠬᠡᠯ
ᠨᠡᠶᠢᠲᠡᠯᠡᠭᠰᠡᠨ ᠴᠠᠭ᠄
2024/3/6
      ︽ᠦᠶᠤᠸᠠᠨ ᠰᠢᠶᠠᠨ ᠤ ᠰᠢᠶᠠᠨ ᠤ ᠬᠡᠪᠴᠢᠶᠡᠨ ᠤ ᠬᠤᠳᠠᠯᠳᠤᠭᠠᠨ ᠤ ᠪᠦᠲᠦᠭᠡᠨ ᠪᠠᠶᠢᠭᠤᠯᠤᠯᠲᠠ ᠶᠢᠨ ᠠᠵᠢᠯᠯᠠᠭ᠎ᠠ ᠶᠢᠨ ᠵᠦᠢᠯᠡᠰ ᠤᠨ ᠬᠠᠮᠢᠶᠠᠷᠤᠯᠲᠠ ᠶᠢᠨ ᠠᠷᠭ᠎ᠠ︾ ᠶᠢ ᠳᠠᠷᠤᠮᠠᠯᠯᠠᠨ ᠲᠠᠷᠬᠠᠭᠠᠬᠤ ᠲᠤᠬᠠᠢ ᠦᠶᠤᠸᠠᠨ ᠰᠢᠶᠠᠨ ᠤ ᠠᠷᠠᠳ ᠤᠨ ᠵᠠᠰᠠᠭ ᠤᠨ ᠣᠷᠳᠣᠨ ᠤ ᠠᠯᠪᠠᠨ ᠭᠡᠷ ᠤᠨ ᠮᠡᠳᠡᠭᠳᠡᠯᠡᠯ᠎ᠡ ᠰᠤᠮᠤ ᠪᠠᠯᠭᠠᠰᠤᠨ ᠤ ᠠᠷᠠᠳ ᠤᠨ ᠵᠠᠰᠠᠭ ᠤᠨ ᠣᠷᠳᠣᠨ ︵ᠬᠡᠷᠡᠭ ᠡᠷᠬᠢᠯᠡᠬᠦ ᠭᠠᠵᠠᠷ︶᠂ ᠰᠢᠶᠠᠨ ᠤ ᠰᠢᠭᠤᠳ ᠬᠠᠷᠢᠶ᠎ᠠ ᠬᠤᠯᠪᠣᠭᠳᠠᠯ ᠪᠦᠬᠦᠢ ᠨᠢᠭᠡᠴᠢ ᠨᠦᠭᠦᠳ᠄      ︽ᠦᠶᠤᠸᠠᠨ ᠰᠢᠶᠠᠨ ᠤ ᠰᠢᠶᠠᠨ ᠤ ᠬᠡᠪᠴᠢᠶᠡᠨ ᠤ ᠬᠤᠳᠠᠯᠳᠤᠭᠠᠨ ᠤ ᠪᠦᠲᠦᠭᠡᠨ ᠪᠠᠶᠢᠭᠤᠯᠤᠯᠲᠠ ᠶᠢᠨ ᠠᠵᠢᠯᠯᠠᠭ᠎ᠠ ᠶᠢᠨ ᠵᠦᠢᠯᠡᠰ ᠤᠨ ᠬᠠᠮᠢᠶᠠᠷᠤᠯᠲᠠ ᠶᠢᠨ ᠠᠷᠭ᠎ᠠ ︾ ᠶᠢ ᠰᠢᠶᠠᠨ ᠤ ᠠᠷᠠᠳ ᠤᠨ ᠵᠠᠰᠠᠭ ᠤᠨ ᠣᠷᠳᠣᠨ ᠠᠴᠠ ᠨᠢᠭᠡᠨᠲᠡ ᠵᠥᠪᠰᠢᠶᠡᠷᠡᠪᠡ ᠂ ᠤᠳᠤ ᠲᠠ ᠨᠠᠷ ᠲᠤ ᠳᠠᠷᠤᠮᠠᠯᠯᠠᠨ ᠶᠠᠪᠤᠭᠤᠯᠤᠯ᠎ᠠ᠂ ᠪᠣᠳᠠᠲᠤ ᠪᠠᠶᠢᠳᠠᠯ ᠲᠠᠢ ᠪᠠᠨ ᠤᠶᠠᠯᠳᠤᠭᠤᠯᠤᠨ ᠂ ᠨᠠᠶᠢᠳᠠᠪᠤᠷᠢᠵᠢᠭᠤᠯᠤᠯᠲᠠ ᠶᠢ ᠬᠢᠨᠠᠮᠠᠭᠠᠢ ᠰᠠᠶᠢᠲᠤᠷ ᠠᠳᠬᠤᠬᠤ ᠪᠣᠯᠪᠠᠤ ᠃                                      ᠦᠶᠤᠸᠠᠨ ᠰᠢᠶᠠᠨ ᠤ ᠠᠷᠠᠳ ᠤᠨ ᠵᠠᠰᠠᠭ ᠤᠨ ᠣᠷᠳᠣᠨ ᠤ ᠠᠯᠪᠠᠨ ᠭᠡᠷ                                                2023 ᠣᠨ ᠤ 3 ᠰᠠᠷ᠎ᠠ ᠶᠢᠨ 16 ᠤ ᠡᠳᠦᠷ ᠦᠶᠤᠸᠠᠨ ᠰᠢᠶᠠᠨ ᠤ ᠰᠢᠶᠠᠨ ᠤ ᠬᠡᠪᠴᠢᠶᠡᠨ ᠤ ᠬᠤᠳᠠᠯᠳᠤᠭᠠᠨ ᠤ ᠪᠦᠲᠦᠭᠡᠨ ᠪᠠᠶᠢᠭᠤᠯᠤᠯᠲᠠ ᠶᠢᠨ ᠠᠵᠢᠯᠯᠠᠭ᠎ᠠ ᠶᠢᠨ ᠲᠥᠷᠥᠯ ᠵᠦᠢᠯ ᠤᠨ ᠬᠠᠮᠢᠶᠠᠷᠤᠯᠲᠠ ᠶᠢᠨ ᠠᠷᠭ᠎ᠠ       ᠨᠢᠭᠡᠳᠦᠭᠡᠷ ᠪᠦᠯᠦᠭ   ᠶᠡᠷᠦᠩᠬᠡᠢ ᠳᠦᠷᠢᠮ       ᠨᠢᠭᠡᠳᠦᠭᠡᠷ ᠵᠦᠢᠯ ᠳᠤ ᠦᠶᠤᠸᠠᠨ ᠰᠢᠶᠠᠨ ᠤ ᠰᠢᠶᠠᠨ ᠤ ᠬᠡᠪᠴᠢᠶᠡᠨ ᠤ ᠬᠤᠳᠠᠯᠳᠤᠭᠠᠨ ᠤ ᠪᠦᠲᠦᠭᠡᠨ ᠪᠠᠶᠢᠭᠤᠯᠤᠯᠲᠠ ᠶᠢᠨ ᠠᠵᠢᠯᠯᠠᠭ᠎ᠠ ᠶᠢ ᠵᠢᠷᠤᠮᠵᠢᠭᠤᠯᠬᠤ ᠶᠢᠨ ᠲᠥᠯᠥᠭᠡ ᠲᠥᠷᠥᠯ ᠵᠦᠢᠯ ᠤᠨ ᠬᠠᠮᠢᠶᠠᠷᠤᠯᠲᠠ ᠶᠢ ᠭᠤᠣᠯᠳᠠᠯᠭ᠎ᠠ ᠲᠠᠢ ᠬᠡᠷᠡᠭᠵᠢᠭᠦᠯᠵᠦ ︵ᠳᠣᠷᠣᠭᠰᠢ ︽ᠰᠢᠶᠠᠨ ᠤ ᠬᠡᠪᠴᠢᠶᠡᠨ ᠤ ᠬᠤᠳᠠᠯᠳᠤᠭᠠᠨ ᠤ ᠪᠦᠲᠦᠭᠡᠨ ᠪᠠᠶᠢᠭᠤᠯᠤᠯᠲᠠ ᠶᠢᠨ ᠠᠵᠢᠯᠯᠠᠭ᠎ᠠ︾ ᠭᠡᠵᠦ ᠲᠣᠪᠴᠢᠯᠠᠨ᠎ᠠ︶᠂ ᠭᠤᠣᠯᠳᠠᠯᠭ᠎ᠠ ᠲᠠᠢ ᠬᠡᠷᠡᠭᠵᠢᠭᠦᠯᠬᠦ ᠲᠥᠷᠥᠯ ᠵᠦᠢᠯ ᠳᠤ ᠬᠢᠨᠠᠯᠲᠠ ᠲᠠᠯᠪᠢᠵᠤ ᠬᠢᠵᠠᠭᠠᠷᠯᠠᠬᠤ ᠲᠣᠭᠲᠠᠴᠠ ᠶᠢ ᠲᠡᠭᠦᠯᠳᠡᠷᠵᠢᠭᠦᠯᠵᠦ᠂ ᠰᠢᠶᠠᠨ ᠤ ᠬᠡᠪᠴᠢᠶᠡᠨ ᠤ ᠬᠤᠳᠠᠯᠳᠤᠭᠠᠨ ᠤ ︽ᠰᠢᠶᠠᠨ ᠤ ᠬᠡᠪᠴᠢᠶᠡᠨ ᠤ ᠬᠤᠳᠠᠯᠳᠤᠭᠠᠨ ᠤ ᠪᠦᠲᠦᠭᠡᠨ ᠪᠠᠶᠢᠭᠤᠯᠤᠯᠲᠠ ᠶᠢᠨ ᠠᠵᠢᠯᠯᠠᠭ᠎ᠠ ᠶᠢ ᠳᠡᠮᠵᠢᠨ ᠬᠡᠷᠡᠭᠵᠢᠭᠦᠯᠬᠦ ᠲᠤᠬᠠᠢ ᠤᠯᠤᠰ ᠤᠨ ᠡᠳ᠋ ᠤᠨ ᠵᠠᠰᠠᠭ ᠤᠨ ᠶᠠᠮᠤᠨ ᠤ ᠠᠯᠪᠠᠨ ᠲᠢᠩᠬᠢᠮ ᠬᠤᠳᠠᠯᠳᠤᠭᠠᠨ ᠤ ᠶᠠᠪᠤᠳᠠᠯ ᠤᠨ ᠶᠠᠮᠤᠨ ᠤ ᠠᠯᠪᠠᠨ ᠲᠢᠩᠬᠢᠮ ᠤᠯᠤᠰ ᠤᠨ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠲᠣᠪᠴᠢᠶ᠎ᠠ ᠶᠢᠨ ︵ᠡᠳ᠋ ᠤᠨ ᠵᠠᠰᠠᠭ ᠠᠯᠪᠠᠨ ᠪᠦᠲᠦᠭᠡᠨ ᠪᠠᠶᠢᠭᠤᠯᠤᠯᠲᠠ ﹇2022﹈ 18 ᠳ᠋ᠤᠭᠠᠷ ᠲᠣᠭᠠᠲᠤ︶ ︽ᠰᠢᠶᠠᠨ ᠤ ᠬᠡᠪᠴᠢᠶᠡᠨ ᠤ ᠬᠤᠳᠠᠯᠳᠤᠭᠠᠨ ᠤ ᠪᠦᠲᠦᠭᠡᠨ ᠪᠠᠶᠢᠭᠤᠯᠤᠯᠲᠠ ᠶᠢᠨ ᠠᠵᠢᠯᠯᠠᠭ᠎ᠠ ᠥᠷᠨᠢᠭᠦᠯᠬᠦ ᠲᠤᠬᠠᠢ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠡᠳ᠋ ᠤᠨ ᠵᠠᠰᠠᠭ ᠤᠨ ᠲᠢᠩᠬᠢᠮ ᠬᠤᠳᠠᠯᠳᠤᠭᠠᠨ ᠤ ᠶᠠᠪᠤᠳᠠᠯ ᠤᠨ ᠲᠢᠩᠬᠢᠮ ᠤᠨ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠲᠣᠪᠴᠢᠶ᠎ᠠ ᠶᠢᠨ ᠮᠡᠳᠡᠭᠳᠡᠯ︾ ︵ᠥᠪᠥᠷ ᠡᠳ᠋ ᠤᠨ ᠵᠠᠰᠠᠭ ᠠᠷᠠᠯᠵᠢᠶ᠎ᠠ ﹇2022﹈ 396 ᠳ᠋ᠤᠭᠠᠷ ᠲᠣᠭᠠᠲᠤ ︶ ᠵᠢᠴᠢ ︽ᠰᠢᠶᠠᠨ ᠤ ᠬᠡᠪᠴᠢᠶᠡᠨ ᠤ ᠬᠤᠳᠠᠯᠳᠤᠭᠠᠨ ᠤ ᠰᠢᠰᠲ᠋ᠧᠮ ᠤᠨ ᠪᠦᠲᠦᠭᠡᠨ ᠪᠠᠶᠢᠭᠤᠯᠤᠯᠲᠠ ᠶᠢᠨ ᠬᠤᠯᠪᠣᠭᠳᠠᠯ ᠪᠦᠬᠦᠢ ᠠᠵᠢᠯ ᠢ ᠰᠠᠶᠢᠲᠤᠷ ᠬᠢᠬᠦ ᠲᠤᠬᠠᠢ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠬᠤᠳᠠᠯᠳᠤᠭᠠᠨ ᠤ ᠶᠠᠪᠤᠳᠠᠯ ᠤᠨ ᠲᠢᠩᠬᠢᠮ ᠤᠨ ᠡᠳ᠋ ᠤᠨ ᠵᠠᠰᠠᠭ ᠤᠨ ᠲᠢᠩᠬᠢᠮ ᠤᠨ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠲᠣᠪᠴᠢᠶ᠎ᠠ ᠶᠢᠨ ᠮᠡᠳᠡᠭᠳᠡᠯ︾ ︵ᠥᠪᠥᠷ ᠬᠤᠳᠠᠯᠳᠤᠭ᠎ᠠ ᠭᠦᠢᠯᠭᠡᠭᠡ ᠥᠰᠥᠭ ﹇2022﹈ 619 ᠳ᠋ᠦ᠋ᠭᠡᠷ ᠲᠣᠭᠠᠲᠤ︶ ᠵᠡᠷᠭᠡ ᠪᠢᠴᠢᠭ ᠮᠠᠲ᠋ᠧᠷᠢᠶᠠᠯ ᠤᠨ ᠱᠠᠭᠠᠷᠳᠠᠯᠭ᠎ᠠ᠂ ᠦᠶᠤᠸᠠᠨ ᠰᠢᠶᠠᠨ ᠤ ᠪᠣᠳᠠᠲᠤ ᠪᠠᠶᠢᠳᠠᠯ ᠲᠠᠢ ᠤᠶᠠᠯᠳᠤᠭᠤᠯᠤᠨ᠂ ᠦᠶᠤᠸᠠᠨ ᠰᠢᠶᠠᠨ ᠤ ᠰᠢᠶᠠᠨ ᠤ ᠬᠡᠪᠴᠢᠶᠡᠨ ᠤ ᠬᠤᠳᠠᠯᠳᠤᠭᠠᠨ ᠤ ᠪᠦᠲᠦᠭᠡᠨ ᠪᠠᠶᠢᠭᠤᠯᠤᠯᠲᠠ ᠶᠢᠨ ᠠᠵᠢᠯᠯᠠᠭ᠎ᠠ ᠶᠢᠨ ᠵᠦᠢᠯᠡᠰ ᠤᠨ ᠬᠠᠮᠢᠶᠠᠷᠤᠯᠲᠠ ᠶᠢᠨ ᠠᠷᠭ᠎ᠠ ᠶᠢ ᠲᠣᠭᠲᠠᠭᠠᠨ᠎ᠠ᠃      ᠬᠤᠶᠠᠳᠤᠭᠠᠷ ᠵᠦᠢᠯ ᠰᠢᠶᠠᠨ  ᠤ ᠬᠡᠪᠴᠢᠶᠡᠨ  ᠤ ᠬᠤᠳᠠᠯᠳᠤᠭᠠᠨ  ᠤ ᠪᠦᠲᠦᠭᠡᠨ ᠪᠠᠶᠢᠭᠤᠯᠤᠯᠲᠠ ᠶᠢᠨ ᠠᠵᠢᠯᠯᠠᠭ᠎ᠠ ᠶᠢᠨ ᠲᠥᠷᠥᠯ ᠵᠦᠢᠯ  ᠤᠨ ᠬᠠᠮᠢᠶᠠᠷᠤᠯᠲᠠ ᠶᠢᠨ ᠠᠷᠭ᠎ᠠ ᠶᠢᠨ ᠬᠡᠷᠡᠭᠯᠡᠬᠦ ᠬᠡᠪᠴᠢᠶ᠎ᠡ ᠪᠣᠯ ᠰᠢᠶᠠᠨ  ᠤ ᠬᠡᠪᠴᠢᠶᠡᠨ  ᠤ ᠬᠤᠳᠠᠯᠳᠤᠭᠠᠨ  ᠤ ᠪᠦᠲᠦᠭᠡᠨ ᠪᠠᠶᠢᠭᠤᠯᠤᠯᠲᠠ ᠶᠢᠨ ᠠᠵᠢᠯᠯᠠᠭ᠎ᠠ ᠶᠢᠨ ᠲᠥᠪ  ᠤᠨ ᠲᠤᠰᠬᠠᠢ ᠵᠦᠢᠯ  ᠤᠨ ᠪᠡᠯᠡ ᠮᠥᠩᠭᠦ ᠪᠠᠷ ᠳᠠᠮᠵᠢᠭᠤᠯᠤᠨ ᠬᠥᠲᠥᠯᠥᠨ ᠵᠢᠯᠤᠭᠤᠳᠴᠤ ᠪᠦᠲᠦᠭᠡᠨ ᠪᠠᠶᠢᠭᠤᠯᠬᠤ ᠭᠤᠣᠯᠳᠠᠯᠭ᠎ᠠ ᠲᠠᠢ ᠲᠥᠷᠥᠯ ᠵᠦᠢᠯ ᠪᠣᠯᠣᠨ᠎ᠠ᠃      ᠭᠤᠷᠪᠠᠳᠤᠭᠠᠷ ᠵᠦᠢᠯ ᠦᠶᠤᠸᠠᠨ ᠰᠢᠶᠠᠨ ᠤ ᠰᠢᠶᠠᠨ ᠤ ᠬᠡᠪᠴᠢᠶᠡᠨ ᠤ ᠬᠤᠳᠠᠯᠳᠤᠭᠠᠨ ᠤ ᠪᠦᠲᠦᠭᠡᠨ ᠪᠠᠶᠢᠭᠤᠯᠤᠯᠲᠠ ᠶᠢᠨ ᠠᠵᠢᠯᠯᠠᠭ᠎ᠠ ᠶᠢᠨ ᠲᠥᠷᠥᠯ ᠵᠦᠢᠯ ᠤᠨ ᠬᠠᠮᠢᠶᠠᠷᠤᠯᠲᠠ ᠶᠢ ᠦᠶᠤᠸᠠᠨ ᠰᠢᠶᠠᠨ ᠤ ᠠᠵᠤ ᠦᠢᠯᠡᠳᠪᠦᠷᠢ ᠪᠠ ᠮᠡᠳᠡᠭᠡ ᠵᠠᠩᠭᠢᠵᠢᠯᠲᠠ ᠶᠢᠨ ᠲᠣᠪᠴᠢᠶ᠎ᠠ ᠪᠠᠷ ᠲᠦᠷᠦᠭᠦᠯᠡᠭᠦᠯᠦᠨ᠂ ᠦᠶᠤᠸᠠᠨ ᠰᠢᠶᠠᠨ ᠤ ᠡᠳ᠋ ᠤᠨ ᠵᠠᠰᠠᠭ ᠤᠨ ᠲᠣᠪᠴᠢᠶ᠎ᠠ᠂ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠲᠣᠪᠴᠢᠶ᠎ᠠ ᠬᠠᠮᠲᠤᠪᠠᠷ ᠬᠠᠮᠢᠶᠠᠷᠤᠨ᠎ᠠ᠃      ᠳᠥᠷᠪᠡᠳᠦᠭᠡᠷ ᠵᠦᠢᠯ ᠦᠶᠤᠸᠠᠨ ᠰᠢᠶᠠᠨ  ᠤ ᠠᠷᠠᠳ  ᠤᠨ ᠵᠠᠰᠠᠭ  ᠤᠨ ᠣᠷᠳᠣᠨ ᠠᠴᠠ ᠰᠢᠶᠠᠨ  ᠤ ᠬᠡᠪᠴᠢᠶᠡᠨ  ᠤ ᠬᠤᠳᠠᠯᠳᠤᠭᠠᠨ  ᠤ ᠲᠥᠷᠥᠯ ᠵᠦᠢᠯ   ᠢ ᠨᠢᠭᠡᠳᠦᠯᠲᠡᠢ ᠲᠥᠯᠥᠪᠯᠡᠨ ᠬᠠᠮᠢᠶᠠᠷᠴᠤ᠂ ᠦᠶᠤᠸᠠᠨ ᠰᠢᠶᠠᠨ  ᠤ ᠰᠢᠶᠠᠨ  ᠤ ᠬᠡᠪᠴᠢᠶᠡᠨ  ᠤ ᠬᠤᠳᠠᠯᠳᠤᠭᠠᠨ  ᠤ ᠤᠳᠤᠷᠢᠳᠬᠤ ᠳᠤᠭᠤᠶᠢᠯᠠᠩ ᠲᠥᠷᠥᠯ ᠵᠦᠢᠯ  ᠤᠨ ᠪᠥᠬᠦ ᠲᠠᠯ᠎ᠠ ᠶᠢᠨ ᠬᠠᠮᠢᠶᠠᠷᠤᠯᠲᠠ ᠶᠢᠨ ᠠᠵᠢᠯ  ᠢ ᠬᠠᠷᠢᠭᠤᠴᠠᠨ᠎ᠠ᠃      ᠬᠤᠶᠠᠳᠤᠭᠠᠷ ᠪᠦᠯᠦᠭ  ᠲᠥᠷᠥᠯ ᠵᠦᠢᠯ ᠢ ᠰᠢᠯᠢᠨ ᠰᠣᠩᠭᠤᠬᠤ       ᠲᠠᠪᠤᠳᠤᠭᠠᠷ ᠵᠦᠢᠯ ᠲᠤᠰᠬᠠᠢ ᠵᠦᠢᠯ ᠤᠨ ᠪᠡᠯᠡ ᠮᠥᠩᠭᠦ ᠪᠠᠷ ᠳᠡᠮᠵᠢᠬᠦ ᠭᠤᠣᠯᠳᠠᠯᠭ᠎ᠠ ᠲᠠᠢ ᠲᠥᠷᠥᠯ ᠵᠦᠢᠯ ᠢ ᠦᠶᠤᠸᠠᠨ ᠰᠢᠶᠠᠨ ᠤ ᠠᠵᠤ ᠦᠢᠯᠡᠳᠪᠦᠷᠢ ᠪᠠ ᠮᠡᠳᠡᠭᠡ ᠵᠠᠩᠭᠢᠵᠢᠯᠲᠠ ᠶᠢᠨ ᠲᠣᠪᠴᠢᠶ᠎ᠠ᠂ ᠡᠳ᠋ ᠤᠨ ᠵᠠᠰᠠᠭ ᠤᠨ ᠲᠣᠪᠴᠢᠶ᠎ᠠ᠂ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠲᠣᠪᠴᠢᠶ᠎ᠠ ᠪᠠᠷ ᠳᠡᠮᠵᠢᠨ ᠰᠢᠯᠢᠨ ᠰᠣᠩᠭᠤᠬᠤ ᠶᠢᠨ ᠬᠠᠮᠲᠤ᠂ ᠥᠪᠡᠷᠲᠡᠭᠡᠨ ᠵᠠᠰᠠᠬᠤ ᠣᠷᠣᠨ ᠤ ᠬᠤᠳᠠᠯᠳᠤᠭᠠᠨ ᠤ ᠶᠠᠪᠤᠳᠠᠯ ᠤᠨ ᠲᠢᠩᠬᠢᠮ ᠤᠨ ᠲᠥᠷᠥᠯ ᠵᠦᠢᠯ ᠤᠨ ᠬᠥᠮᠥᠷᠭᠡ ᠳᠤ ᠮᠡᠳᠡᠭᠦᠯᠦᠨ ᠳᠠᠩᠰᠠᠯᠠᠭᠤᠯᠤᠨ ᠲᠡᠮᠳᠡᠭᠯᠡᠭᠦᠯᠬᠦ ᠬᠡᠷᠡᠭᠲᠡᠢ᠃      ᠵᠢᠷᠭᠤᠳᠤᠭᠠᠷ ᠵᠦᠢᠯ ᠰᠢᠯᠢᠨ ᠰᠣᠩᠭᠤᠬᠤ ᠪᠠᠷ ᠳᠠᠮᠵᠢᠭᠰᠠᠨ ᠭᠤᠣᠯᠳᠠᠯᠭ᠎ᠠ ᠲᠠᠢ ᠳᠡᠮᠵᠢᠬᠦ ᠲᠥᠷᠥᠯ ᠵᠦᠢᠯ ᠢ ᠠᠵᠤ ᠦᠢᠯᠡᠳᠪᠦᠷᠢ ᠪᠠ ᠮᠡᠳᠡᠭᠡ ᠵᠠᠩᠭᠢᠵᠢᠯᠲᠠ ᠶᠢᠨ ᠲᠣᠪᠴᠢᠶ᠎ᠠ ᠨᠢ ᠢᠯᠡ ᠨᠡᠶᠢᠲᠡᠯᠡᠬᠦ ᠴᠢᠬᠤᠯᠠᠲᠠᠢ᠃      ᠭᠤᠷᠪᠠᠳᠤᠭᠠᠷ ᠪᠦᠯᠦᠭ  ᠬᠠᠮᠢᠶᠠᠷᠤᠯᠲᠠ ᠶᠢᠨ ᠠᠭᠤᠯᠭ᠎ᠠ ᠵᠢᠴᠢ ᠠᠷᠭ᠎ᠠ ᠮᠠᠶ᠋ᠢᠭ      ᠳᠣᠯᠣᠳᠤᠭᠠᠷ ᠵᠦᠢᠯ ᠦᠶᠤᠸᠠᠨ ᠰᠢᠶᠠᠨ ᠤ ᠠᠷᠠᠳ ᠤᠨ ᠵᠠᠰᠠᠭ ᠤᠨ ᠣᠷᠳᠣᠨ ᠬᠠᠮᠲᠤᠷᠠᠭᠰᠠᠨ ᠬᠤᠷᠠᠯᠳᠤᠭᠠᠨ ᠤ ᠲᠣᠭᠲᠠᠴᠠ ᠶᠢ ᠲᠣᠭᠲᠠᠭᠠᠵᠤ᠂ ᠨᠢᠭᠡᠳᠦᠯᠲᠡᠢ ᠲᠥᠯᠥᠪᠯᠡᠬᠦ ᠵᠦᠢᠯᠡᠰ ᠤᠨ ᠬᠠᠮᠢᠶᠠᠷᠤᠯᠲᠠ ᠶᠢᠨ ᠲᠤᠰᠢᠶᠠᠯ ᠬᠠᠷᠢᠭᠤᠴᠠᠯᠭ᠎ᠠ ᠶᠢ ᠭᠦᠢᠴᠡᠳᠬᠡᠨ᠎ᠡ᠃ ᠲᠥᠷᠥᠯ ᠵᠦᠢᠯ ᠤᠨ ᠬᠠᠮᠢᠶᠠᠷᠤᠯᠲᠠ ᠶᠢᠨ ᠲᠣᠭᠲᠠᠴᠠ ᠶᠢ ᠪᠦᠷᠢᠨᠰᠢᠭᠦᠯᠵᠦ᠂ ᠲᠥᠷᠥᠯ ᠵᠦᠢᠯ ᠤᠨ ᠤᠳᠤᠷᠢᠳᠬᠤ ᠳᠤᠭᠤᠶᠢᠯᠠᠩ ᠢ ᠪᠠᠶᠢᠭᠤᠯᠤᠨ᠂ ᠲᠥᠷᠥᠯ ᠵᠦᠢᠯ ᠤᠨ ᠬᠢᠨᠠᠯᠲᠠ ᠬᠠᠮᠢᠶᠠᠷᠤᠯᠲᠠ ᠶᠢᠨ ᠬᠠᠷᠢᠭᠤᠴᠠᠯᠭᠠᠲᠠᠨ ᠢ ᠲᠣᠳᠣᠷᠬᠠᠶᠢᠯᠠᠵᠤ᠂ ᠲᠥᠷᠥᠯ ᠵᠦᠢᠯ ᠢ ᠠᠬᠢᠭᠤᠯᠬᠤ ᠬᠤᠷᠠᠯ ᠢ ᠲᠣᠭᠲᠠᠮᠠᠯ ᠪᠤᠰᠤ ᠬᠤᠭᠤᠴᠠᠭ᠎ᠠ ᠲᠠᠢ ᠪᠠᠷ ᠬᠤᠷᠠᠯᠳᠤᠭᠤᠯᠵᠤ᠂ ᠲᠥᠷᠥᠯ ᠵᠦᠢᠯ ᠢ ᠠᠬᠢᠭᠤᠯᠬᠤ ᠳᠤᠮᠳᠠ ᠣᠷᠣᠰᠢᠵᠤ ᠪᠠᠶᠢᠭ᠎ᠠ ᠬᠦᠴᠢᠷᠳᠡᠯ ᠵᠢᠴᠢ ᠠᠰᠠᠭᠤᠳᠠᠯ ᠢ ᠴᠠᠭ ᠲᠤᠬᠠᠢ ᠳᠤᠨᠢ ᠰᠢᠢᠳᠪᠦᠷᠢᠯᠡᠵᠦ᠂ ᠲᠥᠷᠥᠯ ᠵᠦᠢᠯ ᠢ ᠲᠣᠭᠲᠠᠭᠰᠠᠨ ᠬᠤᠭᠤᠴᠠᠭᠠᠨ ᠳᠤ ᠴᠢᠨᠠᠷ ᠰᠠᠶᠢᠲᠠᠢ ᠪᠡᠶᠡᠯᠡᠭᠦᠯᠬᠦ ᠶᠢ ᠪᠠᠲᠤᠯᠠᠨ᠎ᠠ᠃      ᠨᠠᠢᠮᠠᠳᠤᠭᠠᠷ ᠵᠦᠢᠯ ᠲᠣᠭᠲᠠᠮᠠᠯ ᠪᠤᠰᠤ ᠬᠤᠭᠤᠴᠠᠭ᠎ᠠ ᠲᠠᠢ ᠪᠠᠷ ᠲᠤᠬᠠᠢ ᠶᠢᠨ ᠲᠠᠯᠠᠪᠤᠷ ᠲᠤᠨᠢ ᠰᠢᠮᠳᠠᠭᠤᠯᠤᠨ ᠪᠠᠶᠢᠴᠠᠭᠠᠬᠤ + ᠮᠠᠲ᠋ᠧᠷᠢᠶᠠᠯ ᠢ ᠬᠢᠨᠠᠨ ᠪᠠᠶᠢᠴᠠᠭᠠᠬᠤ ᠠᠷᠭ᠎ᠠ ᠮᠠᠶ᠋ᠢᠭ ᠢ ᠠᠪᠴᠤ ᠪᠠᠶᠢᠭᠠᠳ ᠲᠥᠷᠥᠯ ᠵᠦᠢᠯ ᠤᠨ ᠬᠠᠮᠢᠶᠠᠷᠤᠯᠲᠠ ᠶᠢ ᠦᠷᠨᠢᠭᠦᠯᠦᠨ᠎ᠡ᠃      ᠶᠢᠰᠦᠳᠦᠭᠡᠷ ᠵᠦᠢᠯ ᠲᠥᠷᠥᠯ ᠵᠦᠢᠯ ᠢ ᠥᠷᠨᠢᠭᠦᠯᠬᠦ ᠶᠠᠪᠤᠴᠠ ᠳᠤ ᠠᠬᠢᠴᠠ ᠨᠢ ᠬᠦᠨᠳᠦ ᠨᠣᠴᠢᠲᠠᠢ ᠬᠤᠴᠣᠷᠴᠤ᠂ ᠠᠰᠠᠭᠤᠳᠠᠯ ᠲᠣᠪᠣᠶᠢᠮ᠎ᠠ ᠪᠠᠶᠢᠬᠤ ᠶᠢ ᠣᠯᠵᠤ ᠮᠡᠳᠡᠪᠡᠯ᠂ ᠳᠡᠭᠡᠳᠦ ᠱᠠᠲᠤᠨ ᠤ ᠭᠤᠣᠯᠴᠢᠯᠠᠨ ᠬᠠᠮᠢᠶᠠᠷᠬᠤ ᠰᠠᠯᠠᠭ᠎ᠠ ᠮᠥᠴᠢᠷ ᠲᠤ ᠴᠠᠭ ᠲᠤᠬᠠᠢ ᠳᠤᠨᠢ ᠮᠡᠳᠡᠭᠦᠯᠬᠦ ᠬᠡᠷᠡᠭᠲᠡᠢ᠃       ᠠᠷᠪᠠᠳᠤᠭᠠᠷ ᠵᠦᠢᠯ ᠬᠢᠨᠠᠨ ᠪᠤᠳᠤᠬᠤ᠂ ᠬᠢᠨᠠᠨ ᠬᠠᠮᠢᠶᠠᠷᠬᠤ ᠶᠢᠨ ᠯᠠᠪᠯᠠᠯᠭ᠎ᠠ ᠥᠭᠬᠦ ᠵᠡᠷᠭᠡ ᠭᠤᠷᠪᠠᠳᠠᠭᠢ ᠡᠲᠡᠭᠡᠳ ᠤᠨ ᠲᠤᠰᠠᠭᠠᠷ ᠬᠠᠮᠢᠶᠠᠷᠤᠯᠲᠠ ᠶᠢᠨ ᠪᠠᠶᠢᠭᠤᠯᠤᠮᠵᠢ ᠶᠢ ᠢᠳᠡᠪᠬᠢᠲᠡᠢ ᠪᠠᠷ ᠣᠷᠣᠭᠤᠯᠤᠨ ᠠᠪᠴᠢᠷᠠᠵᠤ᠂ ᠲᠥᠷᠥᠯ ᠵᠦᠢᠯ ᠢ ᠰᠢᠯᠭᠠᠨ ᠠᠪᠬᠤ ᠪᠠ ᠬᠠᠮᠢᠶᠠᠷᠤᠨ᠎ᠠ᠃      ᠳᠥᠷᠪᠡᠳᠦᠭᠡᠷ ᠪᠦᠯᠦᠭ  ᠲᠦᠷᠦᠯ ᠵᠦᠢᠯ ᠢ ᠰᠢᠯᠭᠠᠨ ᠠᠪᠬᠤ      ᠠᠷᠪᠠᠨ ᠨᠢᠭᠡᠳᠦᠭᠡᠷ  ᠵᠦᠢᠯ ᠦᠶᠤᠸᠠᠨ ᠰᠢᠶᠠᠨ  ᠤ ᠰᠢᠶᠠᠨ  ᠤ ᠬᠡᠪᠴᠢᠶᠡᠨ  ᠤ ᠬᠤᠳᠠᠯᠳᠤᠭᠠᠨ  ᠤ ᠪᠦᠲᠦᠭᠡᠨ ᠪᠠᠶᠢᠭᠤᠯᠤᠯᠲᠠ ᠶᠢᠨ ᠠᠵᠢᠯᠯᠠᠭ᠎ᠠ ᠥᠷᠨᠢᠭᠦᠯᠬᠦ ᠭᠤᠣᠯᠳᠠᠯᠭ᠎ᠠ ᠲᠠᠢ ᠲᠥᠷᠥᠯ ᠵᠦᠢᠯ  ᠢ ᠬᠡᠷᠡᠭᠵᠢᠭᠦᠯᠬᠦ ᠬᠤᠭᠤᠴᠠᠭ᠎ᠠ ᠨᠢ ᠲᠤᠯᠤᠭᠰᠠᠨ  ᠤ ᠲᠠᠷᠠᠭ᠎ᠠ᠂ ᠰᠢᠶᠠᠨ  ᠤ ᠬᠡᠪᠴᠢᠶᠡᠨ  ᠤ ᠬᠤᠳᠠᠯᠳᠤᠭᠠᠨ  ᠤ ᠪᠦᠲᠦᠭᠡᠨ ᠪᠠᠶᠢᠭᠤᠯᠤᠯᠲᠠ ᠶᠢᠨ ᠠᠵᠢᠯᠯᠠᠭ᠎ᠠ ᠶᠢᠨ ᠠᠵᠢᠯ  ᠤᠨ ᠤᠳᠤᠷᠢᠳᠬᠤ ᠳᠤᠭᠤᠶᠢᠯᠠᠩ ᠠᠴᠠ ᠲᠥᠷᠥᠯ ᠵᠦᠢᠯ  ᠢ ᠰᠢᠯᠭᠠᠨ ᠠᠪᠬᠤ ᠠᠵᠢᠯ  ᠢ ᠵᠣᠬᠢᠶᠠᠨ ᠪᠠᠶᠢᠭᠤᠯᠤᠨ ᠥᠷᠨᠢᠭᠦᠯᠬᠦ ᠬᠡᠷᠡᠭᠲᠡᠢ᠃ ᠪᠥᠬᠦ ᠲᠥᠷᠥᠯ ᠵᠦᠢᠯ ᠢ ᠰᠢᠯᠭᠠᠨ ᠬᠤᠷᠢᠶᠠᠵᠤ ᠳᠠᠭᠤᠰᠤᠭᠰᠠᠨ ᠤ ᠳᠠᠷᠠᠭ᠎ᠠ ᠪᠠᠶᠠᠨᠨᠠᠭᠤᠷ ᠬᠤᠲᠠ ᠶᠢᠨ ᠡᠳ᠋ ᠤᠨ ᠵᠠᠰᠠᠭ ᠤᠨ ᠲᠣᠪᠴᠢᠶ᠎ᠠ᠂ ᠬᠤᠳᠠᠯᠳᠤᠭᠠᠨ ᠤ ᠶᠠᠪᠤᠳᠠᠯ ᠤᠨ ᠲᠣᠪᠴᠢᠶ᠎ᠠ᠂ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠲᠣᠪᠴᠢᠶ᠎ᠠ ᠳᠤ ᠰᠢᠶᠠᠨ ᠤ ᠬᠡᠪᠴᠢᠶᠡᠨ ᠤ ᠬᠤᠳᠠᠯᠳᠤᠭᠠᠨ ᠤ ᠪᠦᠬᠦᠯᠢ ᠴᠣᠭᠴᠠ ᠶᠢᠨ ᠲᠥᠷᠥᠯ ᠵᠦᠢᠯ ᠢ ᠰᠢᠯᠭᠠᠨ ᠬᠤᠷᠢᠶᠠᠵᠤ ᠵᠢᠭᠠᠪᠤᠷᠢ ᠠᠪᠬᠤ ᠮᠡᠳᠡᠭᠦᠯᠦᠯᠲᠡ ᠪᠠᠨ ᠲᠤᠰᠢᠶᠠᠵᠤ᠂ ᠭᠤᠣᠯᠴᠢᠯᠠᠨ ᠬᠠᠮᠢᠶᠠᠷᠬᠤ ᠨᠢᠭᠡᠴᠡ ᠠᠴᠠ ᠰᠢᠯᠭᠠᠨ ᠠᠪᠬᠤ ᠶᠢ ᠵᠣᠬᠢᠶᠠᠨ ᠪᠠᠶᠢᠭᠤᠯᠤᠨ ᠥᠷᠨᠢᠭᠦᠯᠦᠨ᠎ᠡ᠃      ᠠᠷᠪᠠᠨ ᠬᠤᠶᠠᠳᠤᠭᠠᠷ ᠵᠦᠢᠯ  ᠦᠶᠤᠸᠠᠨ ᠰᠢᠶᠠᠨ ᠤ ᠲᠦᠷᠦᠯ ᠵᠦᠢᠯ ᠢ ᠰᠢᠯᠭᠠᠨ ᠠᠪᠤᠭᠰᠠᠨ ᠮᠡᠳᠡᠭᠦᠯᠦᠯᠲᠡ ᠳᠤ ᠲᠦᠷᠦᠯ ᠵᠦᠢᠯ ᠤᠨ ᠦᠨᠳᠦᠰᠦᠨ ᠪᠠᠶᠢᠳᠠᠯ᠂ ᠲᠦᠷᠦᠯ ᠵᠦᠢᠯ ᠤᠨ ᠬᠠᠷᠠᠯᠲᠠ ᠶᠢ ᠪᠡᠶᠡᠯᠡᠭᠦᠯᠦᠭᠰᠡᠨ ᠪᠠᠶᠢᠳᠠᠯ᠂ ᠲᠦᠷᠦᠯ ᠵᠦᠢᠯ ᠢ ᠬᠡᠷᠡᠭᠵᠢᠭᠦᠯᠦᠭᠰᠡᠨ ᠦᠷ᠎ᠡ ᠪᠦᠲᠦᠮᠵᠢ᠂ ᠲᠥᠪ ᠤᠨ ᠡᠳ᠋ ᠤᠨ ᠵᠠᠰᠠᠭ ᠤᠨ ᠪᠡᠯᠡ ᠮᠥᠩᠭᠦ ᠶᠢᠨ ᠳᠡᠮᠵᠢᠯᠭᠡ ᠶᠢᠨ ᠠᠷᠭ᠎ᠠ ᠬᠡᠯᠪᠡᠷᠢ᠂ ᠪᠡᠯᠡ ᠮᠥᠩᠭᠦ ᠥᠭᠬᠦ ᠶᠠᠪᠤᠴᠠ ᠂ ᠡᠳ᠋ ᠬᠥᠷᠥᠩᠭᠡ ᠶᠢᠨ ᠬᠠᠮᠢᠶᠠᠷᠤᠯᠲᠠ ᠶᠢᠨ ᠪᠠᠶᠢᠳᠠᠯ ᠂ ᠲᠦᠷᠦᠯ ᠵᠦᠢᠯ ᠤᠨ ᠬᠠᠮᠢᠶᠠᠷᠤᠯᠲᠠ ᠶᠢᠨ ᠪᠠᠶᠢᠳᠠᠯ᠂ ᠲᠦᠷᠦᠯ ᠵᠦᠢᠯ ᠤᠨ ᠠᠰᠠᠭᠤᠳᠠᠯ᠂ ᠴᠡᠭᠴᠡᠯᠡᠨ ᠰᠠᠶᠢᠵᠢᠷᠠᠭᠤᠯᠤᠭᠰᠠᠨ ᠦᠷ᠎ᠡ ᠳ᠋ᠦᠩ ᠵᠡᠷᠭᠡ ᠠᠭᠤᠯᠭ᠎ᠠ ᠶᠢ ᠪᠠᠭᠲᠠᠭᠠᠭᠰᠠᠨ ᠪᠣᠯᠪᠠᠴᠤ ᠬᠢᠵᠠᠭᠠᠷᠯᠠᠭᠰᠠᠨ ᠦᠭᠡᠢ᠃      ᠲᠠᠪᠤᠳᠤᠭᠠᠷ ᠪᠦᠯᠦᠭ ᠲᠥᠷᠥᠯ ᠵᠦᠢᠯ ᠤᠨ ᠨᠠᠷᠢᠨ ᠬᠠᠭᠤᠳᠠᠰᠤ ᠶᠢᠨ ᠬᠠᠮᠢᠶᠠᠷᠤᠯᠲᠠ ᠵᠢᠴᠢ ᠬᠥᠮᠥᠷᠭᠡ ᠳᠤ ᠣᠷᠣᠭᠤᠯᠬᠤ ᠠᠵᠤ ᠠᠬᠤᠶᠢᠯᠠᠯ ᠤᠨ ᠬᠠᠮᠢᠶᠠᠷᠤᠯᠲᠠ  ᠢ ᠬᠠᠮᠢᠶᠠᠷᠤᠨ᠎ᠠ       ᠠᠷᠪᠠᠨ ᠭᠤᠷᠪᠠᠳᠤᠭᠠᠷ ᠵᠦᠢᠯ   ︽ᠨᠢᠭᠡ ᠪᠦᠯᠦᠭ ᠢ ᠨᠥᠭᠡᠴᠡᠯᠡᠵᠦ᠂ ᠨᠢᠭᠡ ᠪᠦᠯᠦᠭ ᠢ ᠪᠣᠯᠪᠠᠰᠤᠷᠠᠩᠭᠤᠢ ᠪᠣᠯᠭᠠᠵᠤ᠂ ᠨᠢᠭᠡ ᠪᠦᠯᠦᠭ ᠢ ᠳᠡᠮᠵᠢᠬᠦ︾ ᠵᠠᠷᠴᠢᠮ ᠶᠣᠰᠣᠭᠠᠷ᠂ ᠦᠶᠤᠸᠠᠨ ᠰᠢᠶᠠᠨ ᠤ ᠰᠢᠶᠠᠨ ᠤ ᠬᠡᠪᠴᠢᠶᠡᠨ ᠤ ᠪᠦᠲᠦᠭᠡᠨ ᠪᠠᠶᠢᠭᠤᠯᠤᠯᠲᠠ ᠶᠢᠨ ᠠᠵᠢᠯᠯᠠᠭ᠎ᠠ ᠶᠢᠨ ᠨᠢᠭᠡ ᠪᠦᠯᠦᠭ ᠭᠤᠣᠯᠳᠠᠯᠭ᠎ᠠ ᠲᠠᠢ ᠲᠥᠷᠥᠯ ᠵᠦᠢᠯ ᠢ ᠴᠤᠭᠯᠠᠭᠤᠯᠬᠤ ᠶᠢᠨ ᠬᠠᠮᠲᠤ᠂ ᠭᠤᠣᠯᠳᠠᠯᠭ᠎ᠠ ᠲᠠᠢ ᠲᠥᠷᠥᠯ ᠵᠦᠢᠯ ᠢ ᠥᠪᠡᠷᠲᠡᠭᠡᠨ ᠵᠠᠰᠠᠬᠤ ᠣᠷᠣᠨ ᠤ ᠳᠣᠲᠣᠭᠠᠳᠤ ᠠᠷᠠᠯᠵᠢᠶ᠎ᠠ ᠶᠢᠨ ᠭᠦᠢᠯᠭᠡᠭᠡᠨ ᠤ ᠦᠢᠯᠡᠴᠢᠯᠡᠭᠡᠨ ᠤ ᠦᠢᠯᠡᠰ ᠤᠨ ᠬᠥᠭᠵᠢᠯᠲᠡ ᠶᠢᠨ ᠲᠥᠷᠥᠯ ᠵᠦᠢᠯ ᠤᠨ ᠨᠥᠭᠡᠴᠡ ᠶᠢᠨ ᠬᠥᠮᠥᠷᠭᠡ ᠳᠤ ᠣᠷᠣᠭᠤᠯᠬᠤ ᠬᠡᠷᠡᠭᠲᠡᠢ᠃      ᠠᠷᠪᠠᠨ ᠳᠥᠷᠪᠡᠳᠦᠭᠡᠷ ᠵᠦᠢᠯ  ᠥᠪᠡᠷᠲᠡᠭᠡᠨ ᠵᠠᠰᠠᠬᠤ ᠣᠷᠣᠨ ᠤ ᠳᠣᠲᠣᠭᠠᠳᠤ ᠠᠷᠠᠯᠵᠢᠶᠠᠨ ᠤ ᠭᠦᠢᠯᠭᠡᠭᠡᠨ ᠤ ᠦᠢᠯᠡᠴᠢᠯᠡᠭᠡᠨ ᠤ ᠦᠢᠯᠡᠰ ᠤᠨ ᠬᠥᠭᠵᠢᠯᠲᠡ ᠶᠢᠨ ᠲᠥᠷᠥᠯ ᠵᠦᠢᠯ ᠤᠨ ᠨᠥᠭᠡᠴᠡ ᠶᠢᠨ ᠬᠥᠮᠥᠷᠭᠡ ᠳᠤ ᠣᠷᠣᠭᠤᠯᠤᠭᠰᠠᠨ ᠠᠵᠤ ᠠᠬᠤᠶᠢᠯᠠᠯ ᠳᠤ ᠴᠢᠭᠯᠡᠭᠦᠯᠦᠨ᠂ ᠬᠡᠷᠪᠡ ᠲᠤᠬᠠᠢ ᠶᠢᠨ ᠵᠢᠯ ᠳᠤ ᠬᠦᠨᠳᠦ ᠶᠡᠭᠡ ᠬᠠᠤᠯᠢ  ᠠᠴᠠ ᠵᠥᠷᠢᠴᠡᠭᠰᠡᠨ ᠪᠤᠶᠤ ᠠᠵᠤ ᠠᠬᠤᠶᠢᠯᠠᠯ ᠤᠨ ᠲᠣᠰ ᠪᠡᠶ᠎ᠡ ᠶᠢᠨ ᠰᠢᠯᠲᠠᠭᠠᠨ  ᠠᠴᠠ ᠪᠣᠯᠵᠤ ᠬᠦᠨᠳᠦ ᠶᠡᠭᠡ ᠨᠠᠵᠠᠭᠠᠢ ᠶᠠᠷᠢᠶ᠎ᠠ ᠬᠡᠯᠡᠯᠴᠡᠭᠡᠨ ᠤ ᠨᠥᠯᠥᠭᠡ ᠭᠠᠷᠭᠠᠭᠰᠠᠨ ᠪᠠᠶᠢᠪᠠᠯ᠂ ᠴᠠᠭ ᠲᠤᠬᠠᠢ ᠳᠤᠨᠢ ᠳᠡᠭᠡᠳᠦ ᠱᠠᠲᠤᠨ ᠤ ᠭᠤᠣᠯᠴᠢᠯᠠᠨ ᠬᠠᠮᠢᠶᠠᠷᠬᠤ ᠨᠢᠭᠡᠴᠡ ᠳᠤ ᠮᠡᠳᠡᠭᠦᠯᠬᠦ ᠶᠢᠨ ᠬᠠᠮᠲᠤ᠂ ᠭᠤᠣᠯᠴᠢᠯᠠᠨ ᠬᠠᠮᠢᠶᠠᠷᠬᠤ ᠰᠠᠯᠠᠭ᠎ᠠ ᠮᠥᠴᠢᠷ ᠢ ᠵᠣᠬᠢᠴᠠᠭᠤᠯᠵᠤ ᠪᠠᠶᠢᠭᠠᠳ ᠠᠵᠤ ᠠᠬᠤᠶᠢᠯᠠᠯ ᠢ ᠥᠪᠡᠷᠲᠡᠭᠡᠨ ᠵᠠᠰᠠᠬᠤ ᠣᠷᠣᠨ ᠤ ᠳᠣᠲᠣᠭᠠᠳᠤ ᠠᠷᠠᠯᠵᠢᠶ᠎ᠠ ᠶᠢᠨ ᠭᠦᠢᠯᠭᠡᠭᠡᠨ ᠤ ᠦᠢᠯᠡᠴᠢᠯᠡᠭᠡᠨ ᠤ ᠦᠢᠯᠡᠰ ᠤᠨ ᠬᠥᠭᠵᠢᠯᠲᠡ ᠶᠢᠨ ᠲᠥᠷᠥᠯ ᠵᠦᠢᠯ ᠤᠨ ᠨᠥᠭᠡᠴᠡ ᠶᠢᠨ ᠬᠥᠮᠥᠷᠭᠡ ᠠᠴᠠ ᠬᠠᠰᠤᠵᠤ ᠭᠠᠷᠭᠠᠨ᠎ᠠ᠃      ᠠᠷᠪᠠᠨ ᠲᠠᠪᠤᠳᠤᠭᠠᠷ ᠵᠦᠢᠯ  ᠨᠢᠭᠡᠨᠲᠡ ᠬᠥᠮᠥᠷᠭᠡ ᠳᠤ ᠣᠷᠣᠭᠤᠯᠤᠭᠰᠠᠨ ᠲᠥᠷᠥᠯ ᠵᠦᠢᠯ ᠢ ᠬᠤᠪᠢᠷᠠᠭᠤᠯᠬᠤ ᠴᠢᠬᠤᠯᠠ ᠲᠠᠢ ᠪᠣᠯ ᠴᠠᠭ ᠲᠤᠬᠠᠢ ᠳᠤᠨᠢ ᠳᠡᠭᠡᠳᠦ ᠱᠠᠲᠤᠨ ᠤ ᠭᠤᠣᠯᠴᠢᠯᠠᠨ ᠬᠠᠮᠢᠶᠠᠷᠬᠤ ᠨᠢᠭᠡᠴᠡ ᠳᠤ ᠮᠡᠳᠡᠭᠦᠯᠦᠨ ᠳᠠᠩᠰᠠᠯᠠᠭᠤᠯᠬᠤ ᠭᠤᠶᠤᠴᠢᠯᠠᠯ ᠢᠶᠠᠨ ᠳᠡᠪᠰᠢᠭᠦᠯᠵᠦ ᠰᠣᠯᠢᠬᠤ ᠬᠡᠷᠡᠭᠲᠡᠢ᠃      ᠠᠷᠪᠠᠨ ᠵᠢᠷᠭᠤᠳᠤᠭᠠᠷ ᠵᠦᠢᠯ  ᠮᠡᠳᠡᠭᠦᠯᠬᠦ ᠪᠠᠨ ᠨᠢᠭᠡᠨᠲᠡ ᠪᠡᠶᠡᠯᠡᠭᠦᠯᠦᠭᠰᠡᠨ ᠪᠥᠭᠡᠳ ᠵᠥᠪᠰᠢᠶᠡᠷᠡᠯ ᠣᠯᠣᠭᠰᠠᠨ ᠬᠤᠪᠢᠶᠠᠷᠢ ᠲᠥᠷᠥᠯ ᠵᠦᠢᠯ  ᠦᠨ ᠨᠠᠷᠢᠨ ᠬᠠᠭᠤᠳᠠᠰᠤ  ᠳᠤ ᠪᠢᠴᠢᠯ ᠲᠣᠬᠢᠷᠠᠭᠤᠯᠤᠯᠲᠠ ᠬᠢᠬᠦ ᠴᠢᠬᠤᠯᠠ ᠲᠠᠢ ᠪᠣᠯ ᠦᠶᠤᠸᠠᠨ ᠰᠢᠶᠠᠨ  ᠦ ᠰᠢᠶᠠᠨ  ᠤ ᠬᠡᠪᠴᠢᠶᠡᠨ  ᠤ ᠬᠤᠳᠠᠯᠳᠤᠭᠠᠨ  ᠤ ᠪᠦᠲᠦᠭᠡᠨ ᠪᠠᠶᠢᠭᠤᠯᠤᠯᠲᠠ ᠶᠢᠨ ᠠᠵᠢᠯᠯᠠᠭ᠎ᠠ ᠶᠢᠨ ᠠᠵᠢᠯ  ᠤᠨ ᠤᠳᠤᠷᠢᠳᠬᠤ ᠳᠤᠭᠤᠶᠢᠯᠠᠩ ᠢᠶᠠᠷ ᠵᠥᠪᠰᠢᠶᠡᠷᠡᠭᠦᠯᠦᠭᠰᠡᠨ  ᠤ ᠲᠠᠷᠠᠭ᠎ᠠ᠂ ᠥᠪᠡᠷᠲᠡᠭᠡᠨ ᠵᠠᠰᠠᠬᠤ ᠣᠷᠣᠨ  ᠤ ᠭᠤᠣᠯᠴᠢᠯᠠᠨ ᠬᠠᠮᠢᠶᠠᠷᠬᠤ ᠰᠠᠯᠠᠭ᠎ᠠ ᠮᠥᠴᠢᠷ ᠲᠤ ᠳᠠᠩᠰᠠᠯᠠᠭᠤᠯᠬᠤ ᠬᠡᠷᠡᠭᠲᠡᠢ᠃      ᠵᠢᠷᠭᠤᠳᠤᠭᠠᠷ ᠪᠦᠯᠦᠭ  ᠳᠠᠭᠠᠯᠳᠤᠭᠤᠯᠤᠭᠰᠠᠨ ᠳᠦᠷᠢᠮ         ᠠᠷᠪᠠᠨ ᠳᠣᠯᠣᠳᠤᠭᠠᠷ ᠵᠦᠢᠯ  ᠲᠤᠰ ᠠᠷᠭ᠎ᠠ ᠶᠢᠨ ᠶᠣᠰᠣᠭᠠᠷ ᠬᠡᠷᠡᠭᠵᠢᠭᠦᠯᠦᠭᠰᠡᠨ ᠦᠭᠡᠢ ᠠᠴᠠ ᠪᠣᠯᠣᠭᠠᠳ ᠰᠢᠶᠠᠨ  ᠤ ᠬᠡᠪᠴᠢᠶᠡᠨ  ᠤ ᠬᠤᠳᠠᠯᠳᠤᠭᠠᠨ  ᠤ ᠪᠦᠲᠦᠭᠡᠨ ᠪᠠᠶᠢᠭᠤᠯᠤᠯᠲᠠ ᠶᠢᠨ ᠠᠵᠢᠯᠯᠠᠭ᠎ᠠ ᠶᠢᠨ ᠲᠥᠷᠥᠯ ᠵᠦᠢᠯ  ᠳᠤ ᠠᠬᠢᠴᠠ ᠤᠳᠠᠭᠠᠰᠢᠷᠠᠬᠤ ᠵᠡᠷᠭᠡ ᠡᠩ  ᠤᠨ ᠠᠰᠠᠭᠤᠳᠠᠯ ᠭᠠᠷᠤᠭᠰᠠᠨ ᠪᠠᠶᠢᠪᠠᠯ ᠂ ᠦᠶᠤᠸᠠᠨ ᠰᠢᠶᠠᠨ  ᠤ ᠰᠢᠶᠠᠨ  ᠤᠬᠡᠪᠴᠢᠶᠡᠨ  ᠤ ᠬᠤᠳᠠᠯᠳᠤᠭᠠᠨ  ᠤ ᠪᠦᠲᠦᠭᠡᠨ ᠪᠠᠶᠢᠭᠤᠯᠤᠯᠲᠠ ᠶᠢᠨ ᠠᠵᠢᠯᠯᠠᠭ᠎ᠠ ᠶᠢᠨ ᠠᠵᠢᠯ  ᠤᠨ ᠤᠳᠤᠷᠢᠳᠬᠤ ᠳᠤᠭᠤᠶᠢᠯᠠᠩ ᠠᠴᠠ ᠵᠠᠷᠯᠢᠭ ᠪᠠᠭᠤᠯᠭᠠᠵᠤ ᠴᠡᠭᠴᠡᠯᠡᠨ ᠰᠠᠶᠢᠵᠢᠷᠠᠭᠤᠯᠬᠤ ᠶᠢᠨ ᠬᠠᠮᠲᠤ ᠨᠡᠪᠲᠡᠷᠡᠭᠦᠯᠦᠨ᠎ᠡ᠃      ᠠᠷᠪᠠᠨ ᠨᠠᠢᠮᠠᠳᠤᠭᠠᠷ ᠵᠦᠢᠯ  ᠲᠥᠷᠥᠯ ᠵᠦᠢᠯ ᠤᠨ ᠨᠢᠭᠡᠴᠡ ᠳᠤ ᠳᠣᠣᠷᠠᠬᠢ ᠮᠡᠲᠦ ᠦᠶᠯᠡ ᠠᠵᠢᠯᠯᠠᠭ᠎ᠠ ᠶᠢᠨ ᠨᠢᠭᠡ ᠨᠢ ᠪᠠᠶᠢᠪᠠᠯ᠂ ᠰᠢᠶᠠᠨ ᠰᠢᠶᠠᠨ ᠤ ᠬᠡᠪᠴᠢᠶᠡᠨ ᠤ ᠬᠤᠳᠠᠯᠳᠤᠭᠠᠨ ᠤ ᠪᠦᠲᠦᠭᠡᠨ ᠪᠠᠶᠢᠭᠤᠯᠤᠯᠲᠠ ᠶᠢᠨ ᠠᠵᠢᠯᠯᠠᠭ᠎ᠠ ᠶᠢᠨ ᠠᠵᠢᠯ ᠤᠨ ᠤᠳᠤᠷᠢᠳᠬᠤ ᠳᠤᠭᠤᠶᠢᠯᠠᠩ  ᠠᠴᠠ ᠵᠠᠷᠯᠢᠭᠳᠠᠵᠤ ᠪᠠᠶᠢᠭᠠᠳ ᠲᠣᠭᠲᠠᠭᠰᠠᠨ ᠬᠤᠭᠤᠴᠠᠭᠠᠨ ᠳᠤ ᠴᠡᠭᠴᠡᠯᠡᠨ ᠥᠭᠡᠷᠡᠴᠢᠯᠡᠭᠦᠯᠦᠨ᠎ᠡ︔ ᠴᠡᠭᠴᠡᠯᠡᠨ ᠰᠠᠶᠢᠵᠢᠷᠠᠭᠤᠯᠬᠤ ᠶᠢ ᠲᠡᠪᠴᠢᠭᠰᠡᠨ ᠪᠤᠶᠤ ᠴᠡᠭᠴᠡᠯᠡᠨ ᠰᠠᠶᠢᠵᠢᠷᠠᠭᠤᠯᠤᠭᠰᠠᠨ ᠤ ᠲᠠᠷᠠᠭ᠎ᠠ ᠮᠥᠨ ᠯᠡ ᠱᠠᠭᠠᠷᠳᠠᠯᠭ᠎ᠠ ᠳᠤ ᠨᠡᠶᠢᠴᠡᠬᠦ ᠦᠭᠡᠢ ᠪᠠᠶᠢᠪᠠᠯ᠂ ᠦᠶᠤᠸᠠᠨ ᠰᠢᠶᠠᠨ ᠤ ᠠᠷᠠᠳ ᠤᠨ ᠵᠠᠰᠠᠭ ᠤᠨ ᠣᠷᠳᠣᠨ ᠤ ᠠᠯᠪᠠᠨ ᠮᠡᠳᠡᠭᠡ ᠶᠢ ᠬᠢᠨᠠᠨ ᠬᠠᠰᠤᠬᠤ᠂ ᠬᠤᠷᠢᠶᠠᠨ ᠠᠪᠬᠤ ᠪᠤᠶᠤ ᠰᠢᠯᠵᠢᠭᠦᠯᠦᠨ ᠥᠭᠬᠦ ᠶᠢ ᠵᠣᠭᠰᠤᠭᠠᠬᠤ ᠬᠡᠷᠡᠭᠲᠡᠢ ᠃ ᠪᠡᠯᠡ ᠮᠥᠩᠭᠦ ᠥᠭᠬᠦ ᠳᠤ᠂ ᠲᠡᠭᠦᠨ ᠤ ᠮᠡᠳᠡᠭᠦᠯᠬᠦ ᠬᠢᠷᠢ ᠬᠡᠮ ᠢ ᠲᠦᠷ ᠵᠣᠭᠰᠣᠭᠠᠵᠤ᠂ ᠲᠥᠷᠥᠯ ᠵᠦᠢᠯ ᠤᠨ ᠨᠢᠭᠡᠴᠡ ᠶᠢ ᠬᠦᠨᠳᠦ ᠨᠣᠴᠢᠲᠠᠢ ᠢᠲᠡᠭᠡᠯ ᠠᠯᠳᠠᠭᠰᠠᠨ ᠨᠡᠷᠡᠰ ︵ᠬᠠᠷ᠎ᠠ ᠲᠠᠩᠰᠠ︶ ᠲᠤ ᠣᠷᠣᠭᠤᠯᠤᠨ ᠬᠤᠯᠪᠤᠭᠠᠯᠠᠨ ᠵᠠᠯᠬᠠᠭᠠᠨ ᠴᠡᠭᠡᠷᠯᠡᠭᠦᠯᠬᠦ ᠶᠢ ᠬᠡᠷᠡᠭᠵᠢᠭᠦᠯᠵᠦ᠂ ᠬᠠᠮᠢᠶ᠎ᠠ ᠪᠦᠬᠦᠢ ᠮᠡᠳᠡᠭᠡ ᠵᠠᠩᠭᠢ ᠶᠢ ︽ᠢᠲᠡᠭᠡᠮᠵᠢᠲᠦ ᠥᠪᠥᠷ ᠮᠣᠩᠭᠤᠯ︾ ᠤᠨ ᠰᠦᠯᠵᠢᠶᠡᠨ ᠥᠷᠲᠡᠭᠡ ᠳᠤ ᠢᠯᠡ ᠪᠣᠯᠭᠠᠬᠤ ᠶᠢᠨ ᠬᠠᠮᠲᠤ᠂ ᠦᠶᠯᠡ ᠪᠠᠶᠢᠳᠠᠯ ᠤᠨ ᠬᠦᠨᠳᠦ ᠬᠥᠩᠭᠡᠨ ᠢ ᠦᠨᠳᠦᠰᠦᠯᠡᠨ ᠬᠤᠯᠪᠣᠭᠳᠠᠯ ᠪᠦᠬᠦᠢ ᠪᠠᠶᠢᠭᠤᠯᠭ᠎ᠠ ᠳᠤ ᠳᠡᠪᠰᠢᠭᠦᠯᠬᠦ ᠪᠤᠶᠤ ᠰᠢᠯᠵᠢᠭᠦᠯᠦᠨ ᠲᠤᠰᠢᠶᠠᠵᠤ ᠬᠤᠯᠪᠣᠭᠳᠠᠯ ᠪᠦᠬᠦᠢ ᠬᠠᠷᠢᠭᠤᠴᠠᠯᠭᠠᠲᠠᠨ ᠤ ᠵᠠᠰᠠᠭ ᠵᠠᠬᠢᠷᠭᠠᠨ ᠤ ᠪᠤᠶᠤ ᠬᠠᠤᠯᠢ ᠴᠠᠭᠠᠵᠠ ᠶᠢᠨ ᠬᠠᠷᠢᠭᠤᠴᠠᠯᠭ᠎ᠠ ᠶᠢ ᠬᠠᠤᠯᠢ ᠶᠣᠰᠣᠭᠠᠷ ᠨᠡᠬᠡᠮᠵᠢᠯᠡᠵᠦ ᠪᠣᠯᠣᠨ᠎ᠠ᠃      ︵ ᠨᠢᠭᠡ ︶ ᠬᠤᠳᠠᠯ ᠬᠠᠭᠤᠷᠮᠠᠭ ᠪᠠᠶᠢᠳᠠᠯ ᠬᠠᠩᠭᠠᠵᠤ᠂ ᠲᠥᠪ ᠤᠨ ᠲᠥᠰᠥᠪ ᠤᠨ ᠳᠣᠲᠣᠷᠠᠬᠢ ᠪᠡᠯᠡ ᠣᠷᠣᠭᠤᠯᠤᠯᠲᠠ ᠶᠢ ᠮᠡᠬᠡᠯᠡᠨ ᠠᠪᠤᠭᠰᠠᠨ ᠃       ( ᠬᠤᠶᠠᠷ ) ᠲᠥᠪ ᠤᠨ ᠲᠥᠰᠥᠪ ᠤᠨ ᠳᠣᠲᠣᠷᠠᠬᠢ ᠪᠡᠯᠡ ᠣᠷᠣᠭᠤᠯᠤᠯᠲᠠ ᠶᠢ ᠰᠢᠯᠵᠢᠭᠦᠯᠦᠭᠰᠡᠨ᠂ ᠡᠵᠡᠯᠡᠭᠰᠡᠨ ᠪᠤᠶᠤ ᠨᠡᠭᠦᠯᠭᠡᠨ ᠬᠡᠷᠡᠭᠯᠡᠭᠰᠡᠨ ᠃       ( ᠭᠤᠷᠪᠠ ) ᠪᠦᠲᠦᠭᠡᠨ ᠪᠠᠶᠢᠭᠤᠯᠤᠯᠲᠠ ᠶᠢᠨ ᠭᠤᠣᠯ ᠠᠭᠤᠯᠭ᠎ᠠ ᠪᠠ ᠪᠦᠲᠦᠭᠡᠨ ᠪᠠᠶᠢᠭᠤᠯᠤᠯᠲᠠ ᠶᠢᠨ ᠪᠠᠷᠢᠮᠵᠢᠶ᠎ᠠ ᠶᠢ ᠳᠤᠷ᠎ᠠ ᠪᠠᠷ ᠢᠶᠠᠨ ᠬᠤᠪᠢᠷᠠᠭᠤᠯᠤᠭᠰᠠᠨ       ︵ᠳᠥᠷᠪᠡ︶ ᠲᠥᠷᠥᠯ ᠵᠦᠢᠯ  ᠦᠨ ᠪᠦᠲᠦᠭᠡᠨ ᠪᠠᠶᠢᠭᠤᠯᠤᠯᠲᠠ ᠶᠢᠨ ᠬᠡᠪᠴᠢᠶ᠎ᠡ᠂ ᠪᠠᠷᠢᠮᠵᠢᠶ᠎ᠠ ᠪᠣᠯᠣᠨ ᠠᠭᠤᠯᠭ᠎ᠠ  ᠳᠦ ᠨᠡᠯᠢᠶᠡᠳ ᠶᠡᠭᠡ ᠬᠤᠪᠢᠷᠠᠯᠲᠠ ᠭᠠᠷᠤᠭᠰᠠᠨ ᠪᠠᠶᠢᠲᠠᠯ᠎ᠠ ᠴᠠᠭ ᠲᠤᠬᠠᠢ  ᠳ᠋ᠦ᠋ᠨᠢ ᠮᠡᠳᠡᠭᠦᠯᠦᠭᠰᠡᠨ ᠦᠭᠡᠢ᠃      ︵ᠲᠠᠪᠤ︶ ᠵᠦᠢ ᠶᠣᠰᠣᠨ  ᠤ ᠰᠢᠯᠲᠠᠭᠠᠨ ᠦᠭᠡᠢ ᠪᠠᠷ ᠴᠠᠭ ᠲᠤᠬᠠᠢ  ᠳ᠋ᠦ᠋ᠨᠢ ᠪᠦᠲᠦᠭᠡᠨ ᠪᠠᠶᠢᠭᠤᠯᠵᠤ ᠬᠡᠷᠡᠭᠵᠢᠭᠦᠯᠦᠭᠰᠡᠨ ᠦᠭᠡᠢ᠃      ︵ ᠵᠢᠷᠭᠤᠭ᠎ᠠ ︶ ᠬᠠᠤᠯᠢ ᠶᠣᠰᠣᠭᠠᠷ ᠶᠠᠪᠤᠭᠤᠯᠵᠤ ᠪᠠᠶᠢᠭ᠎ᠠ ᠦᠨᠡᠯᠡᠨ ᠵᠢᠱᠢᠵᠦ ᠬᠢᠨᠠᠨ ᠵᠢᠯᠤᠭᠤᠳᠬᠤ ᠪᠤᠶᠤ ᠬᠢᠨᠠᠯᠲᠠ ᠲᠠᠯᠪᠢᠵᠤ ᠪᠠᠶᠢᠴᠠᠭᠠᠬᠤ ᠶᠢ ᠲᠡᠪᠴᠢᠭᠰᠡᠨ ᠃       ︵ᠳᠣᠯᠤᠭ᠎ᠠ︶ ᠱᠠᠭᠠᠷᠳᠠᠯᠭ᠎ᠠ ᠶᠣᠰᠣᠭᠠᠷ ᠰᠦᠯᠵᠢᠶᠡᠨ ᠳᠠᠬᠢ ᠲᠠᠪᠴᠠᠩ ᠢᠶᠠᠷ ᠳᠡᠮᠵᠢᠨ ᠲᠥᠷᠥᠯ ᠵᠦᠢᠯ ᠢ ᠬᠡᠷᠡᠭᠵᠢᠭᠦᠯᠦᠭᠰᠡᠨ ᠪᠠᠶᠢᠳᠠᠯ ᠢᠶᠠᠨ ᠮᠡᠳᠡᠭᠦᠯᠦᠨ ᠬᠦᠷᠭᠡᠭᠰᠡᠨ ᠦᠭᠡᠢ︔      ︵ᠨᠠᠢᠮᠠ︶ ᠤᠯᠤᠰ  ᠤᠨ ᠬᠠᠤᠯᠢ ᠴᠠᠭᠠᠵᠠ ᠬᠠᠤᠯᠢ ᠲᠣᠭᠲᠠᠭᠠᠯ ᠪᠣᠯᠣᠨ ᠲᠤᠰ ᠠᠷᠭ᠎ᠠ  ᠶᠢᠨ ᠲᠣᠭᠲᠠᠭᠠᠯ ᠠᠴᠠ ᠵᠥᠷᠢᠴᠡᠭᠰᠡᠨ ᠪᠤᠰᠤᠳ ᠥᠢᠯᠡ ᠠᠵᠢᠯᠯᠠᠭ᠎ᠠ᠃      ᠠᠷᠪᠠ ᠶᠢᠰᠦᠳᠦᠭᠡᠷ ᠵᠦᠢᠯ  ᠤᠯᠤᠰ ᠂ ᠥᠪᠡᠷᠲᠡᠭᠡᠨ ᠵᠠᠰᠠᠬᠤ ᠣᠷᠣᠨ᠂ ᠪᠠᠶᠠᠨᠨᠠᠭᠤᠷ ᠬᠤᠳᠠ ᠶᠢᠨ ᠭᠤᠣᠯᠴᠢᠯᠠᠨ ᠬᠠᠮᠢᠶᠠᠷᠬᠤ ᠰᠠᠯᠠᠭ᠎ᠠ ᠮᠥᠴᠢᠷ ᠤᠨ ᠲᠣᠭᠲᠠᠭᠠᠭᠰᠠᠨ ᠲᠤᠰᠬᠠᠢ ᠵᠦᠢᠯ ᠬᠤᠪᠢᠶᠠᠭᠰᠠᠨ ᠠᠵᠢᠯ ᠤᠨ ᠲᠥᠰᠥᠯ ᠪᠤᠶᠤ ᠬᠠᠮᠢᠶᠠᠷᠤᠯᠲᠠ ᠶᠢᠨ ᠠᠷᠭ᠎ᠠ ᠳᠤ᠂ ᠲᠤᠰ ᠠᠷᠭ᠎ᠠ ᠳᠤ ᠬᠤᠯᠪᠣᠭᠳᠠᠬᠤ ᠲᠥᠪ ᠤᠨ ᠲᠥᠰᠥᠪ ᠤᠨ ᠳᠣᠲᠣᠷᠠᠬᠢ ᠪᠡᠯᠡ ᠣᠷᠣᠭᠤᠯᠤᠯᠲᠠ ᠶᠢᠨ ᠲᠥᠷᠥᠯ ᠵᠦᠢᠯ ᠤᠨ ᠬᠠᠮᠢᠶᠠᠷᠤᠯᠲᠠ ᠳᠤ ᠠᠰᠲᠠᠭᠠᠨ ᠲᠣᠭᠲᠠᠭᠠᠯ ᠲᠠᠢ ᠪᠣᠯ ᠲᠡᠷᠡ ᠲᠣᠭᠲᠠᠭᠠᠯ ᠢ ᠵᠢᠷᠤᠮᠯᠠᠨ᠎ᠠ᠃      ᠬᠤᠷᠢᠳᠤᠭᠠᠷ ᠵᠦᠢᠯ  ᠲᠣᠰ ᠠᠷᠭ᠎ᠠ ᠳᠠᠷᠤᠮᠠᠯᠯᠠᠨ ᠲᠠᠷᠬᠠᠭᠠᠭᠰᠠᠨ ᠡᠳᠦᠷ ᠠᠴᠠ ᠡᠬᠢᠯᠡᠨ ᠬᠦᠴᠦᠨ ᠲᠠᠢ ᠪᠣᠯᠣᠨ᠎ᠠ᠂ ᠬᠦᠴᠦᠨ ᠲᠠᠢ ᠬᠤᠭᠤᠴᠠᠭ᠎ᠠ ᠨᠢ 2025 ᠣᠨ ᠤ 12 ᠳ᠋ᠤᠭᠠᠷ ᠰᠠᠷ᠎ᠠ ᠶᠢᠨ 31 ᠤ ᠡᠳᠦᠷ ᠪᠣᠯᠲᠠᠯ᠎ᠠ᠂ ᠲᠣᠰ ᠬᠤᠭᠤᠴᠠᠭᠠᠨ ᠳᠤ ᠰᠢᠨ᠎ᠡ ᠪᠠᠷ ᠵᠠᠰᠠᠪᠤᠷᠢ ᠣᠷᠣᠭᠤᠯᠵᠤ ᠳᠠᠷᠤᠮᠠᠯᠯᠠᠨ ᠲᠠᠷᠬᠠᠭᠠᠬᠤ ᠬᠠᠮᠢᠶᠠᠷᠤᠯᠲᠠ ᠶᠢᠨ ᠠᠷᠭ᠎ᠠ ᠳᠤ ᠰᠢᠨ᠎ᠡ ᠪᠠᠷ ᠵᠠᠰᠠᠪᠤᠷᠢ ᠣᠷᠣᠭᠤᠯᠪᠠᠯ᠂ ᠲᠣᠰ ᠠᠷᠭ᠎ᠠ ᠠᠶᠠᠨᠳᠠᠭᠠᠨ ᠬᠦᠴᠦᠨ ᠦᠭᠡᠢ ᠪᠣᠯᠣᠨ᠎ᠠ᠃      ᠬᠤᠷᠢᠨ ᠨᠢᠭᠡᠳᠦᠭᠡᠷ ᠵᠦᠢᠯ  ᠲᠣᠰ ᠠᠷᠭ᠎ᠠ ᠶᠢ ᠦᠶᠤᠸᠠᠨ ᠰᠢᠶᠠᠨ ᠤ ᠰᠢᠶᠠᠨ ᠤ ᠬᠡᠪᠴᠢᠶᠡᠨ ᠤ ᠬᠤᠳᠠᠯᠳᠤᠭᠠᠨ ᠤ ᠪᠦᠲᠦᠭᠡᠨ ᠪᠠᠶᠢᠭᠤᠯᠤᠯᠲᠠ ᠶᠢᠨ ᠠᠵᠢᠯᠯᠠᠭ᠎ᠠ ᠶᠢᠨ ᠠᠵᠢᠯ ᠤᠨ ᠤᠳᠤᠷᠢᠳᠬᠤ ᠳᠤᠭᠤᠶᠢᠯᠠᠩ  ᠠᠴᠠ ᠬᠠᠮᠲᠤᠪᠠᠷ ᠬᠡᠷᠡᠭᠵᠢᠭᠦᠯᠵᠦ᠂ ᠬᠠᠮᠲᠤᠪᠠᠷ ᠲᠠᠶᠢᠯᠪᠤᠷᠢᠯᠠᠨ᠎ᠠ᠃ 
ᠢᠷᠡᠯᠲᠡ᠄ ᠦᠶᠤᠸᠠᠨ ᠰᠢᠶᠠᠨ ᠤ ᠠᠷᠠᠳ ᠤᠨ ᠵᠠᠰᠠᠭ ᠤᠨ ᠣᠷᠳᠤᠨ ᠤ ᠮᠣᠡᠭᠭᠤᠯ ᠰᠦᠯᠵᠢᠶ᠎ᠡ