ᠦᠶᠤᠸᠠᠨ ᠰᠢᠶᠠᠨ ᠤ ᠤᠰᠤᠨ ᠠᠰᠢᠭᠯᠠᠯᠲᠠ ᠶᠢᠨ ᠲᠣᠪᠴᠢᠶ᠎ᠠ
ᠨᠡᠶᠢᠲᠡᠯᠡᠭᠰᠡᠨ ᠴᠠᠭ᠄
2024/4/1
      ᠨᠢᠭᠡ ᠂  ᠭᠤᠣᠯ ᠡᠭᠦᠷᠭᠡ ᠬᠠᠷᠢᠭᠤᠴᠠᠯᠭ᠎ᠠ      ︵ ᠨᠢᠭᠡ ︶ ᠤᠯᠤᠰ᠂ ᠥᠪᠡᠷᠲᠡᠭᠡᠨ ᠵᠠᠰᠠᠬᠤ ᠣᠷᠣᠨ᠂ ᠬᠤᠲᠠ ᠶᠢᠨ ᠬᠤᠯᠪᠣᠭᠳᠠᠯ ᠪᠦᠬᠦᠢ ᠤᠰᠤᠨ ᠠᠱᠢᠭᠯᠠᠯᠲᠠ ᠶᠢᠨ ᠠᠵᠢᠯ ᠤᠨ ᠴᠢᠭᠯᠡᠯᠲᠡ ᠲᠥᠷᠥ ᠶᠢᠨ ᠪᠣᠳᠣᠯᠭ᠎ᠠ ᠶᠢ ᠲᠤᠤᠱᠯᠠᠭᠤᠯᠤᠨ ᠬᠡᠷᠡᠭᠵᠢᠭᠦᠯᠦᠨ᠎ᠡ᠃ ᠤᠰᠤᠨ ᠤ ᠡᠬᠢ ᠪᠠᠶᠠᠯᠢᠭ ᠢ ᠵᠦᠢ ᠵᠣᠬᠢᠰᠲᠠᠢ ᠨᠡᠭᠡᠭᠡᠨ ᠠᠰᠢᠭᠯᠠᠬᠤ ᠶᠢ ᠪᠠᠲᠤᠯᠠᠬᠤ ᠶᠢ ᠬᠠᠷᠢᠭᠤᠴᠠᠵᠤ ᠂ ᠪᠦᠬᠦ ᠰᠢᠶᠠᠨ ᠤ ᠤᠰᠤᠨ ᠠᠰᠢᠭᠯᠠᠯᠲᠠ ᠶᠢᠨ ᠬᠥᠭᠵᠢᠯᠲᠡ ᠶᠢᠨ ᠲᠥᠯᠦᠪᠵᠢᠭᠦᠯᠭᠡ ᠪᠣᠯᠣᠨ ᠲᠥᠷᠥ ᠶᠢᠨ ᠪᠣᠳᠣᠯᠭ᠎ᠠ᠂ ᠣᠨ ᠤ ᠲᠥᠯᠥᠪᠯᠡᠭᠡ ᠶᠢ ᠲᠣᠭᠲᠠᠭᠠᠵᠤ ᠂ ᠬᠤᠯᠪᠣᠭᠳᠠᠯ ᠪᠦᠬᠦᠢ ᠣᠷᠣᠨ ᠨᠤᠲᠤᠭ ᠤᠨ ᠴᠢᠨᠠᠷᠲᠠᠢ ᠬᠠᠤᠯᠢ ᠲᠣᠭᠲᠠᠭᠠᠯ᠂ ᠳᠦᠷᠢᠮ ᠲᠣᠭᠲᠠᠭᠠᠯ ᠤᠨ ᠲᠥᠰᠥᠯ ᠢ ᠲᠣᠭᠲᠠᠭᠠᠬᠤ ᠳᠤ ᠣᠷᠣᠯᠴᠠᠵᠤ ᠂ ᠪᠦᠬᠦ ᠰᠢᠶᠠᠨ ᠤ ᠤᠰᠤᠨ ᠤ ᠡᠬᠢ ᠪᠠᠶᠠᠯᠢᠭ ᠤᠨ ᠲᠥᠯᠦᠪᠵᠢᠭᠦᠯᠭᠡ ᠂ ᠰᠠᠪᠠ ᠭᠠᠵᠠᠷ ᠤᠨ ᠶᠡᠷᠦᠩᠬᠡᠶᠢᠯᠡᠭᠰᠡᠨ ᠲᠥᠯᠦᠪᠵᠢᠭᠦᠯᠭᠡ᠂ ᠦᠶᠡᠷ ᠢ ᠰᠡᠷᠭᠡᠶᠢᠯᠡᠬᠦ ᠲᠥᠯᠦᠪᠵᠢᠭᠦᠯᠭᠡ ᠵᠡᠷᠭᠡ ᠴᠢᠬᠤᠯᠠ ᠶᠡᠭᠡ ᠤᠰᠤᠨ ᠠᠰᠢᠭᠯᠠᠯᠲᠠ ᠶᠢᠨ ᠲᠥᠯᠦᠪᠵᠢᠭᠦᠯᠭᠡ ᠶᠢ ᠵᠣᠬᠢᠶᠠᠨ ᠪᠠᠶᠢᠭᠤᠯᠤᠨ ᠨᠠᠶᠢᠷᠠᠭᠤᠯᠤᠨ ᠵᠣᠬᠢᠶᠠᠨ᠎ᠠ᠃      ︵ ᠬᠤᠶᠠᠷ ︶ ᠪᠦᠬᠦ ᠰᠢᠶᠠᠨ ᠤ ᠠᠮᠢᠳᠤᠷᠠᠯ᠂ ᠦᠢᠯᠡᠳᠪᠦᠷᠢᠯᠡᠯ ᠡᠵᠡᠩᠨᠡᠯᠲᠡ ᠪᠣᠯᠣᠨ ᠠᠮᠢ ᠠᠬᠤᠢ ᠶᠢᠨ ᠣᠷᠴᠢᠨ ᠲᠣᠭᠤᠷᠢᠨ ᠤ ᠤᠰᠤ ᠬᠡᠷᠡᠭᠯᠡᠬᠦ ᠶᠢ ᠨᠢᠭᠡᠳᠦᠯᠲᠡᠢ ᠲᠥᠯᠥᠪᠵᠢᠭᠦᠯᠬᠦ ᠪᠠ ᠪᠠᠲᠤᠯᠠᠬᠤ ᠶᠢ ᠬᠠᠷᠢᠭᠤᠴᠠᠨ᠎ᠠ᠃ ᠤᠰᠤᠨ ᠤ ᠡᠬᠢ ᠪᠠᠶᠠᠯᠢᠭ ᠤᠨ ᠬᠠᠮᠤᠭ ᠤᠨ ᠴᠢᠩᠭ᠎ᠠ ᠬᠠᠮᠢᠶᠠᠷᠤᠯᠲᠠ ᠶᠢᠨ ᠳᠦᠷᠢᠮ ᠢ ᠵᠣᠬᠢᠶᠠᠨ ᠪᠠᠶᠢᠭᠤᠯᠤᠨ ᠬᠡᠷᠡᠭᠵᠢᠭᠦᠯᠵᠦ ᠂ ᠤᠰᠤᠨ ᠤ ᠡᠬᠢ ᠪᠠᠶᠠᠯᠢᠭ ᠤᠨ ᠨᠢᠭᠡᠳᠦᠯᠲᠡᠢ ᠬᠢᠨᠠᠯᠲᠠ ᠬᠠᠮᠢᠶᠠᠷᠤᠯᠲᠠ ᠶᠢ ᠬᠡᠷᠡᠭᠵᠢᠭᠦᠯᠵᠦ ᠂ ᠪᠦᠬᠦ ᠰᠢᠶᠠᠨ ᠤ ᠤᠰᠤᠨ ᠤ ᠳᠤᠮᠳᠠ ᠬᠤᠭᠤᠴᠠᠭᠠᠨ ᠤ ᠬᠠᠩᠭᠠᠯᠭ᠎ᠠ ᠬᠡᠷᠡᠭᠴᠡᠭᠡ ᠶᠢᠨ ᠲᠥᠯᠦᠪᠵᠢᠭᠦᠯᠭᠡ᠂ ᠤᠰᠤᠨ ᠤ ᠬᠡᠮᠵᠢᠶ᠎ᠡ ᠶᠢᠨ ᠬᠤᠪᠢᠶᠠᠷᠢᠯᠠᠯᠲᠠ ᠶᠢᠨ ᠲᠥᠰᠥᠯ ᠢ ᠲᠤᠭᠤᠷᠪᠢᠨ ᠲᠣᠭᠲᠠᠭᠠᠬᠤ ᠶᠢᠨ ᠬᠠᠮᠲᠤ ᠬᠢᠨᠠᠯᠲᠠ ᠲᠠᠯᠪᠢᠨ ᠬᠡᠷᠡᠭᠵᠢᠭᠦᠯᠦᠨ᠎ᠡ︔ ᠪᠦᠬᠦ ᠰᠢᠶᠠᠨ ᠤ ᠴᠢᠬᠤᠯᠠ ᠰᠠᠪᠠ ᠭᠠᠵᠠᠷ ᠂ ᠣᠷᠣᠨ ᠪᠦᠰᠡ ᠵᠢᠴᠢ ᠴᠢᠬᠤᠯᠠ ᠶᠡᠭᠡ ᠤᠰᠤ ᠲᠠᠲᠠᠬᠤ ᠢᠨᠵᠧᠨᠧᠷᠢᠩ ᠤᠨ ᠤᠰᠤᠨ ᠤ ᠡᠬᠢ ᠪᠠᠶᠠᠯᠢᠭ ᠤᠨ ᠲᠣᠬᠢᠷᠠᠭᠤᠯᠤᠯᠲᠠ ᠶᠢ ᠬᠠᠷᠢᠭᠤᠴᠠᠵᠤ ᠂ ᠤᠰᠤ ᠲᠠᠲᠠᠬᠤ ᠵᠥᠪᠰᠢᠶᠡᠷᠡᠯ ᠂ ᠤᠰᠤᠨ ᠤ ᠡᠬᠢ ᠪᠠᠶᠠᠯᠢᠭ ᠤᠨ ᠨᠤᠲᠠᠯᠠᠯᠲᠠ ᠪᠠ ᠦᠶᠡᠷ ᠢ ᠰᠡᠷᠭᠡᠶᠢᠯᠡᠬᠦ ᠨᠤᠲᠠᠯᠠᠯᠲᠠ ᠶᠢᠨ ᠳᠦᠷᠢᠮ ᠢ ᠵᠣᠬᠢᠶᠠᠨ ᠪᠠᠶᠢᠭᠤᠯᠤᠨ ᠬᠡᠷᠡᠭᠵᠢᠭᠦᠯᠦᠨ᠎ᠡ︔ ᠤᠰᠤᠨ ᠤ ᠡᠬᠢ ᠪᠠᠶᠠᠯᠢᠭ ᠢ ᠲᠥᠯᠥᠪᠦᠷᠢ ᠲᠠᠢ ᠪᠠᠷ ᠬᠡᠷᠡᠭᠯᠡᠬᠦ ᠠᠵᠢᠯ ᠢ ᠵᠢᠯᠣᠭᠤᠳᠤᠨ ᠥᠷᠨᠢᠭᠦᠯᠦᠨ᠎ᠡ︔ ᠤᠰᠤᠨ ᠠᠰᠢᠭᠯᠠᠯᠲᠠ ᠶᠢᠨ ᠠᠵᠢᠯ ᠲᠦᠷᠦᠯ ᠤᠨ ᠤᠰᠤ ᠬᠠᠩᠭᠠᠬᠤ᠂ ᠮᠠᠯᠵᠢᠬᠤ ᠲᠠᠷᠢᠶᠠᠯᠠᠬᠤ ᠣᠷᠣᠨ ᠤ ᠤᠤᠭᠤᠬᠤ ᠤᠰᠤᠨ ᠤ ᠠᠮᠤᠷ ᠲᠦᠪᠰᠢᠨ ᠪᠠᠰᠤᠮᠤ ᠪᠠᠯᠭᠠᠰᠤᠨ ᠤ ᠤᠰᠤ ᠬᠠᠩᠭᠠᠬᠤ ᠠᠵᠢᠯ ᠢ ᠵᠢᠯᠣᠭᠤᠳᠤᠨ᠎ᠠ᠃      ︵ ᠭᠤᠷᠪᠠ ︶ ᠪᠦᠬᠦ ᠰᠢᠶᠠᠨ ᠤ ᠤᠰᠤᠨ ᠠᠰᠢᠭᠯᠠᠯᠲᠠ ᠶᠢᠨ ᠪᠠᠷᠢᠯᠭ᠎ᠠ ᠶᠢᠨ ᠪᠦᠲᠦᠭᠡᠨ ᠪᠠᠶᠢᠭᠤᠯᠤᠯᠲᠠ ᠶᠢᠨ ᠬᠤᠯᠪᠣᠭᠳᠠᠯ ᠪᠦᠬᠦᠢ ᠳᠦᠷᠢᠮ ᠢ ᠲᠣᠭᠲᠠᠭᠠᠯ ᠶᠣᠰᠣᠭᠠᠷ ᠲᠣᠭᠲᠠᠭᠠᠬᠤ ᠶᠢᠨ ᠬᠠᠮᠲᠤ ᠵᠣᠬᠢᠶᠠᠨ ᠪᠠᠶᠢᠭᠤᠯᠤᠨ ᠬᠡᠷᠡᠭᠵᠢᠭᠦᠯᠵᠦ ᠂ ᠪᠦᠬᠦ ᠰᠢᠶᠠᠨ ᠤ ᠤᠰᠤᠨ ᠠᠰᠢᠭᠯᠠᠯᠲᠠ ᠶᠢᠨ ᠲᠣᠭᠲᠠᠮᠠᠯ ᠬᠥᠷᠥᠩᠭᠡ ᠶᠢᠨ ᠪᠡᠯᠡ ᠣᠷᠣᠭᠤᠯᠤᠯᠲᠠ ᠶᠢᠨ ᠬᠡᠪᠴᠢᠶ᠎ᠡ ᠪᠣᠯᠣᠨ ᠴᠢᠭᠯᠡᠯ ᠂ ᠤᠯᠤᠰ ᠪᠣᠯᠣᠨ ᠥᠪᠡᠷᠲᠡᠭᠡᠨ ᠵᠠᠰᠠᠬᠤ ᠣᠷᠣᠨ ᠵᠢᠴᠢ ᠬᠤᠲᠠ ᠂ ᠰᠢᠶᠠᠨ ᠤ ᠡᠳ᠋ ᠤᠨ ᠵᠠᠰᠠᠭ ᠤᠨ ᠴᠢᠨᠠᠷᠲᠠᠢ ᠪᠡᠯᠡ ᠮᠥᠩᠭᠦ ᠶᠢ ᠲᠣᠬᠢᠷᠠᠭᠤᠯᠬᠤ ᠰᠠᠨᠠᠯ ᠢ ᠬᠠᠷᠢᠭᠤᠴᠠᠨ ᠳᠤᠷᠠᠳᠴᠤ ᠂ ᠲᠥᠷᠥᠯ ᠵᠦᠢᠯ ᠤᠨ ᠬᠡᠷᠡᠭᠵᠢᠭᠦᠯᠦᠯᠲᠡ ᠳᠤ ᠬᠢᠨᠠᠯᠲᠠ ᠲᠠᠯᠪᠢᠵᠤ ᠬᠠᠮᠢᠶᠠᠷᠬᠤ ᠶᠢ ᠬᠠᠷᠢᠭᠤᠴᠠᠨ᠎ᠠ᠃ ᠲᠣᠭᠲᠠᠭᠠᠭᠰᠠᠨ ᠡᠷᠬᠡ ᠮᠡᠳᠡᠯ ᠤᠨ ᠬᠡᠪᠴᠢᠶ᠎ᠡ ᠶᠣᠰᠣᠭᠠᠷ ᠲᠥᠯᠦᠪᠵᠢᠭᠦᠯᠭᠡ ᠶᠢᠨ ᠳᠣᠲᠣᠷᠠᠬᠢ ᠪᠠ ᠣᠨ ᠤ ᠲᠥᠯᠥᠪᠯᠡᠭᠡ ᠶᠢᠨ ᠬᠡᠪᠴᠢᠶᠡᠨ ᠳᠠᠬᠢ ᠲᠣᠭᠲᠠᠮᠠᠯ ᠬᠥᠷᠥᠩᠭᠡ ᠶᠢᠨ ᠪᠡᠯᠡ ᠣᠷᠣᠭᠤᠯᠤᠯᠲᠠ ᠶᠢᠨ ᠲᠥᠷᠥᠯ ᠵᠦᠢᠯ ᠢ ᠬᠢᠨᠠᠨ ᠵᠥᠪᠰᠢᠶᠡᠷᠡᠬᠦ ᠪᠠ ᠬᠢᠨᠠᠨ ᠬᠠᠷᠭᠤᠭᠤᠯᠵᠤ ᠂ ᠤᠰᠤᠨ ᠠᠰᠢᠭᠯᠠᠯᠲᠠ ᠶᠢᠨ ᠲᠤᠭ᠎ᠠ ᠪᠦᠷᠢᠳᠬᠡᠯ ᠤᠨ ᠠᠵᠢᠯ ᠢ ᠡᠭᠦᠷᠭᠡᠯᠡᠨ᠎ᠡ᠃      ︵ ᠳᠥᠷᠪᠡ ︶ ᠪᠦᠬᠦ ᠰᠢᠶᠠᠨ ᠤ ᠤᠰᠤᠨ ᠤ ᠡᠬᠢ ᠪᠠᠶᠠᠯᠢᠭ ᠢ ᠬᠠᠮᠠᠭᠠᠯᠠᠬᠤ ᠠᠵᠢᠯ ᠢ ᠵᠢᠯᠣᠭᠤᠳᠤᠨ᠎ᠠ᠃ ᠤᠰᠤᠨ ᠤ ᠡᠬᠢ ᠪᠠᠶᠠᠯᠢᠭ ᠢ ᠬᠠᠮᠠᠭᠠᠯᠠᠬᠤ ᠲᠥᠯᠦᠪᠵᠢᠭᠦᠯᠭᠡ ᠶᠢ ᠵᠣᠬᠢᠶᠠᠨ ᠪᠠᠶᠢᠭᠤᠯᠤᠨ ᠨᠠᠶᠢᠷᠠᠭᠤᠯᠤᠨ ᠵᠣᠬᠢᠶᠠᠬᠤ ᠶᠢᠨ ᠬᠠᠮᠲᠤ ᠵᠢᠯᠣᠭᠤᠳᠤᠨ ᠬᠡᠷᠡᠭᠵᠢᠭᠦᠯᠵᠦ ᠂ ᠭᠠᠵᠠᠷ ᠳᠣᠣᠷᠠᠬᠢ ᠤᠰᠤ ᠶᠢ ᠨᠡᠭᠡᠭᠡᠨ ᠠᠰᠢᠭᠯᠠᠬᠤ ᠪᠠ ᠭᠠᠵᠠᠷ ᠳᠣᠣᠷᠠᠬᠢ ᠤᠰᠤᠨ ᠤ ᠡᠬᠢ ᠪᠠᠶᠠᠯᠢᠭ ᠢ ᠬᠠᠮᠢᠶᠠᠷᠴᠤ ᠬᠠᠮᠠᠭᠠᠯᠠᠬᠤ ᠠᠵᠢᠯ ᠢ ᠵᠢᠯᠣᠭᠤᠳᠤᠨ᠎ᠠ᠃ ᠭᠠᠵᠠᠷ ᠳᠣᠣᠷᠠᠬᠢ ᠤᠰᠤ ᠶᠢ ᠬᠡᠲᠦᠷᠡᠲᠡᠯ᠎ᠡ ᠲᠠᠲᠠᠭᠰᠠᠨ ᠣᠷᠣᠨ ᠢ ᠶᠡᠷᠦᠩᠬᠡᠶᠢᠯᠡᠨ ᠵᠠᠰᠠᠬᠤ ᠶᠢ ᠵᠣᠬᠢᠶᠠᠨ ᠪᠠᠶᠢᠭᠤᠯᠤᠨ ᠵᠢᠯᠣᠭᠤᠳᠤᠨ᠎ᠠ᠃      ︵ ᠲᠠᠪᠤ ︶ ᠪᠦᠬᠦ ᠰᠢᠶᠠᠨ ᠤ ᠤᠰᠤ ᠶᠢ ᠠᠷᠪᠢᠯᠠᠨ ᠬᠡᠷᠡᠭᠯᠡᠬᠦ ᠠᠵᠢᠯ ᠢ ᠬᠠᠷᠢᠭᠤᠴᠠᠨ᠎ᠠ᠃ ᠤᠰᠤ ᠶᠢ ᠠᠷᠪᠢᠯᠠᠵᠤ ᠬᠡᠷᠡᠭᠯᠡᠬᠦ ᠲᠥᠷᠥ ᠶᠢᠨ ᠪᠣᠳᠣᠯᠭ᠎ᠠ ᠶᠢ ᠲᠤᠭᠤᠷᠪᠢᠨ ᠲᠣᠭᠲᠠᠭᠠᠵᠤ ᠂ ᠤᠰᠤ ᠶᠢ ᠠᠷᠪᠢᠯᠠᠵᠤ ᠬᠡᠷᠡᠭᠯᠡᠬᠦ ᠲᠥᠯᠦᠪᠵᠢᠭᠦᠯᠭᠡ ᠶᠢ ᠵᠣᠬᠢᠶᠠᠨ ᠪᠠᠶᠢᠭᠤᠯᠤᠨ ᠨᠠᠶᠢᠷᠠᠭᠤᠯᠬᠤ ᠶᠢᠨ ᠬᠠᠮᠲᠤ ᠬᠢᠨᠠᠯᠲᠠ ᠲᠠᠯᠪᠢᠨ ᠬᠡᠷᠡᠭᠵᠢᠭᠦᠯᠵᠦ ᠂ ᠬᠤᠯᠪᠣᠭᠳᠠᠯ ᠪᠦᠬᠦᠢ ᠪᠠᠷᠢᠮᠵᠢᠶ᠎ᠠ ᠶᠢ ᠵᠣᠬᠢᠶᠠᠨ ᠪᠠᠶᠢᠭᠤᠯᠤᠨ ᠲᠣᠭᠲᠠᠭᠠᠨ᠎ᠠ᠃ ᠤᠰᠤ ᠬᠡᠷᠡᠭᠯᠡᠬᠦ ᠶᠡᠷᠦᠩᠬᠡᠢ ᠬᠡᠮᠵᠢᠶ᠎ᠡ ᠶᠢ ᠬᠢᠵᠠᠭᠠᠷᠯᠠᠬᠤ ᠵᠡᠷᠭᠡ ᠬᠠᠮᠢᠶᠠᠷᠤᠯᠲᠠ ᠶᠢᠨ ᠳᠦᠷᠢᠮ ᠢ ᠵᠣᠬᠢᠶᠠᠨ ᠪᠠᠶᠢᠭᠤᠯᠤᠨ ᠬᠡᠷᠡᠭᠵᠢᠭᠦᠯᠵᠦ ᠂ ᠤᠰᠤ ᠠᠷᠪᠢᠯᠠᠬᠤ ᠮᠠᠶ᠋ᠢᠭ ᠤᠨ ᠨᠡᠶᠢᠭᠡᠮ ᠤᠨ ᠪᠠᠶᠢᠭᠤᠯᠤᠯᠲᠠ ᠶᠢᠨ ᠠᠵᠢᠯ ᠢ ᠵᠢᠯᠣᠭᠤᠳᠤᠨ ᠠᠬᠢᠭᠤᠯᠤᠨ᠎ᠠ᠃      ︵ ᠵᠢᠷᠭᠤᠭ᠎ᠠ ︶ ᠪᠦᠬᠦ ᠰᠢᠶᠠᠨ ᠤ ᠤᠰᠤᠨ ᠰᠢᠨᠵᠢᠯᠡᠭᠡᠨ ᠤ ᠠᠵᠢᠯ ᠢ ᠬᠠᠷᠢᠭᠤᠴᠠᠨ᠎ᠠ᠃ ᠪᠦᠬᠦ ᠰᠢᠶᠠᠨ ᠤ ᠤᠰᠤᠨ ᠰᠢᠨᠵᠢᠯᠡᠭᠡᠨ ᠤ ᠥᠷᠲᠡᠭᠡᠨ ᠤ ᠪᠦᠲᠦᠭᠡᠨ ᠪᠠᠶᠢᠭᠤᠯᠤᠯᠲᠠ ᠪᠠ ᠬᠠᠮᠢᠶᠠᠷᠤᠯᠲᠠ ᠶᠢ ᠬᠠᠷᠢᠭᠤᠴᠠᠨ᠎ᠠ᠃ ᠤᠰᠤᠨ ᠵᠦᠢ ᠤᠰᠤᠨ ᠤ ᠡᠬᠢ ᠪᠠᠶᠠᠯᠢᠭ ᠂ ᠭᠤᠣᠯ ᠮᠥᠷᠡᠨ ᠨᠠᠭᠤᠷ ᠴᠥᠭᠦᠷᠥᠮ ᠪᠣᠯᠣᠨ ᠭᠠᠵᠠᠷ ᠳᠣᠣᠷᠠᠬᠢ ᠤᠰᠤ ᠶᠢ ᠬᠢᠨᠠᠨ ᠬᠡᠮᠵᠢᠬᠦ ᠠᠵᠢᠯ ᠳᠤ ᠬᠢᠨᠠᠯᠲᠠ ᠲᠠᠯᠪᠢᠬᠤ ᠶᠢ ᠬᠠᠷᠢᠭᠤᠴᠠᠵᠤ ᠂ ᠤᠰᠤᠨ ᠵᠦᠢ ᠤᠰᠤᠨ ᠤ ᠡᠬᠢ ᠪᠠᠶᠠᠯᠢᠭ ᠤᠨ ᠮᠡᠳᠡᠭᠡ ᠵᠠᠩᠭᠢ ᠂ ᠴᠢᠮᠡᠭᠡ ᠮᠡᠳᠡᠭᠡᠨ ᠤ ᠤᠷᠢᠳᠴᠢᠯᠠᠭᠰᠠᠨ ᠮᠡᠳᠡᠭᠡ ᠪᠣᠯᠣᠨ ᠦᠶᠤᠸᠠᠨ ᠰᠢᠶᠠᠨ ᠤ ᠤᠰᠤᠨ ᠤ ᠡᠬᠢ ᠪᠠᠶᠠᠯᠢᠭ ᠤᠨ ᠠᠯᠪᠠᠨ ᠮᠡᠳᠡᠭᠡ ᠶᠢ ᠨᠡᠶᠢᠲᠡᠯᠡᠨ᠎ᠡ᠃ ᠤᠰᠤᠨ ᠤ ᠡᠬᠢ ᠪᠠᠶᠠᠯᠢᠭ᠂ ᠤᠰᠤᠨ ᠤ ᠡᠨᠧᠷᠭᠢ ᠶᠢᠨ ᠡᠬᠢ ᠪᠠᠶᠠᠯᠢᠭ ᠢ ᠪᠠᠶᠢᠴᠠᠭᠠᠨ ᠦᠨᠡᠯᠡᠬᠦ ᠪᠠ ᠤᠰᠤᠨ ᠤ ᠡᠬᠢ ᠪᠠᠶᠠᠯᠢᠭ ᠤᠨ ᠳᠠᠭᠠᠭᠠᠴᠠ ᠶᠢ ᠬᠢᠨᠠᠨ ᠬᠡᠮᠵᠢᠵᠦ ᠰᠡᠷᠡᠮᠵᠢᠯᠡᠭᠦᠯᠬᠦ ᠠᠵᠢᠯ ᠢ ᠲᠣᠭᠲᠠᠭᠠᠯ ᠶᠣᠰᠣᠭᠠᠷ ᠵᠣᠬᠢᠶᠠᠨ ᠪᠠᠶᠢᠭᠤᠯᠤᠨ ᠥᠷᠨᠢᠭᠦᠯᠦᠨ᠎ᠡ᠃      ︵ ᠳᠤᠯᠤᠭ᠎ᠠ ︶ ᠤᠰᠤᠨ ᠠᠰᠢᠭᠯᠠᠯᠲᠠ ᠶᠢᠨ ᠪᠡᠯᠡᠳᠬᠡᠮᠵᠢ ᠂ ᠤᠰᠤᠨ ᠣᠷᠣᠨ ᠵᠢᠴᠢ ᠲᠡᠭᠦᠨ ᠤ ᠡᠷᠭᠢ ᠶᠢᠨ ᠱᠤᠭᠤᠮ ᠢ ᠬᠠᠮᠢᠶᠠᠷᠬᠤ᠂ ᠬᠠᠮᠠᠭᠠᠯᠠᠬᠤ ᠪᠠ ᠶᠡᠷᠦᠩᠬᠡᠶᠢᠯᠡᠨ ᠠᠰᠢᠭᠯᠠᠬᠤ ᠶᠢ ᠵᠢᠯᠣᠭᠤᠳᠤᠨ᠎ᠠ᠃ ᠪᠦᠬᠦ ᠰᠢᠶᠠᠨ ᠤ ᠤᠰᠤᠨ ᠠᠰᠢᠭᠯᠠᠯᠲᠠ ᠶᠢᠨ ᠰᠠᠭᠤᠷᠢ ᠲᠥᠬᠦᠭᠡᠷᠦᠮᠵᠢ ᠶᠢᠨ ᠲᠣᠣᠷ ᠤᠨ ᠪᠦᠲᠦᠭᠡᠨ ᠪᠠᠶᠢᠭᠤᠯᠤᠯᠲᠠ ᠶᠢ ᠵᠣᠬᠢᠶᠠᠨ ᠪᠠᠶᠢᠭᠤᠯᠤᠨ ᠵᠢᠯᠤᠭᠤᠳᠴᠤ ᠂ ᠪᠦᠬᠦ ᠰᠢᠶᠠᠨ ᠤ ᠴᠢᠬᠤᠯᠠ ᠭᠤᠣᠯ ᠂ ᠨᠠᠭᠤᠷ ᠂ ᠤᠰᠤᠨ ᠴᠥᠭᠦᠷᠥᠮ ᠵᠢᠴᠢ ᠭᠤᠣᠯ ᠤᠨ ᠠᠮᠠᠰᠠᠷ ᠢ ᠵᠠᠰᠠᠬᠤ᠂ ᠨᠡᠭᠡᠭᠡᠨ ᠠᠰᠢᠭᠯᠠᠬᠤ ᠪᠠ ᠬᠠᠮᠠᠭᠠᠯᠠᠬᠤ ᠶᠢ ᠵᠢᠯᠣᠭᠤᠳᠤᠨ ᠵᠣᠬᠢᠴᠠᠭᠤᠯᠵᠤ ᠂ ᠪᠦᠬᠦ ᠰᠢᠶᠠᠨ ᠤ ᠭᠤᠣᠯ ᠮᠥᠷᠡᠨ ᠨᠠᠭᠤᠷ ᠴᠥᠭᠦᠷᠥᠮ ᠤᠨ ᠤᠰᠤᠨ ᠤ ᠠᠮᠢ ᠠᠬᠤᠢ ᠶᠢ ᠬᠠᠮᠠᠭᠠᠯᠠᠬᠤ ᠪᠠ ᠰᠡᠷᠭᠦᠭᠡᠬᠦ ᠂ ᠭᠤᠣᠯ ᠮᠥᠷᠡᠨ ᠨᠠᠭᠤᠷ ᠴᠥᠭᠦᠷᠥᠮ ᠤᠨ ᠠᠮᠢ ᠠᠬᠤᠢ ᠶᠢᠨ ᠤᠷᠤᠰᠬᠠᠯ ᠤᠨ ᠬᠡᠮᠵᠢᠶ᠎ᠡ ᠶᠢᠨ ᠬᠠᠮᠢᠶᠠᠷᠤᠯᠲᠠ ᠵᠢᠴᠢ ᠭᠤᠣᠯ ᠮᠥᠷᠡᠨ ᠨᠠᠭᠤᠷ ᠴᠥᠭᠦᠷᠥᠮ ᠤᠨ ᠤᠰᠤᠨ ᠤ ᠰᠢᠰᠲ᠋ᠧᠮ ᠢ ᠬᠤᠯᠪᠣᠨ ᠨᠡᠪᠲᠡᠷᠡᠭᠦᠯᠬᠦ ᠠᠵᠢᠯ ᠢ ᠵᠢᠯᠣᠭᠤᠳᠤᠨ᠎ᠠ᠃      ︵ ᠨᠠᠢᠮᠠ ︶ ᠤᠰᠤᠨ ᠠᠰᠢᠭᠯᠠᠯᠲᠠ ᠶᠢᠨ ᠪᠠᠷᠢᠯᠭ᠎ᠠ ᠶᠢᠨ ᠪᠦᠲᠦᠭᠡᠨ ᠪᠠᠶᠢᠭᠤᠯᠤᠯᠲᠠ ᠬᠢᠭᠡᠳ ᠠᠵᠢᠯᠯᠠᠭᠠᠨ ᠤ ᠬᠠᠮᠢᠶᠠᠷᠤᠯᠲᠠ ᠶᠢ ᠵᠢᠯᠣᠭᠤᠳᠤᠨ ᠬᠢᠨᠠᠯᠲᠠ ᠲᠠᠯᠪᠢᠨ᠎ᠠ᠃ ᠪᠦᠬᠦ ᠰᠢᠶᠠᠨ ᠤ ᠤᠰᠤᠨ ᠠᠰᠢᠭᠯᠠᠯᠲᠠ ᠶᠢᠨ ᠪᠠᠷᠢᠯᠭ᠎ᠠ ᠶᠢᠨ ᠪᠦᠲᠦᠭᠡᠨ ᠪᠠᠶᠢᠭᠤᠯᠤᠯᠲᠠ ᠶᠢᠨ ᠬᠤᠯᠪᠣᠭᠳᠠᠯ ᠪᠦᠬᠦᠢ ᠳᠦᠷᠢᠮ ᠢ ᠲᠣᠭᠲᠠᠭᠠᠯ ᠶᠣᠰᠣᠭᠠᠷ ᠲᠣᠭᠲᠠᠭᠠᠬᠤ ᠶᠢᠨ ᠬᠠᠮᠲᠤ ᠵᠣᠬᠢᠶᠠᠨ ᠪᠠᠶᠢᠭᠤᠯᠤᠨ ᠬᠡᠷᠡᠭᠵᠢᠭᠦᠯᠦᠨ᠎ᠡ᠃ ᠪᠦᠬᠦ ᠰᠢᠶᠠᠨ ᠤ ᠬᠢᠵᠠᠭᠠᠷᠯᠠᠬᠤ ᠴᠢᠨᠠᠷᠲᠠᠢ ᠤᠰᠤᠨ ᠣᠷᠣᠨ ᠤ ᠴᠢᠬᠤᠯᠠ ᠤᠰᠤᠨ ᠠᠰᠢᠭᠯᠠᠯᠲᠠ ᠶᠢᠨ ᠪᠠᠷᠢᠯᠭ᠎ᠠ ᠶᠢᠨ ᠪᠦᠲᠦᠭᠡᠨ ᠪᠠᠶᠢᠭᠤᠯᠤᠯᠲᠠ ᠪᠠ ᠠᠵᠢᠯᠯᠠᠭᠠᠨ ᠤ ᠬᠠᠮᠢᠶᠠᠷᠤᠯᠲᠠ ᠶᠢ ᠵᠢᠯᠣᠭᠤᠳᠤᠨ᠎ᠠ᠃ ᠪᠦᠬᠦ ᠰᠢᠶᠠᠨ ᠤ ᠤᠰᠤᠨ ᠠᠰᠢᠭᠯᠠᠯᠲᠠ ᠶᠢᠨ ᠪᠦᠲᠦᠭᠡᠨ ᠪᠠᠶᠢᠭᠤᠯᠤᠯᠲᠠ ᠶᠢᠨ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢ ᠵᠢᠯᠤᠭᠤᠳᠴᠤ ᠂ ᠤᠰᠤᠨ ᠠᠰᠢᠭᠯᠠᠯᠲᠠ ᠶᠢᠨ ᠪᠠᠷᠢᠯᠭ᠎ᠠ ᠶᠢᠨ ᠪᠦᠲᠦᠭᠡᠨ ᠪᠠᠶᠢᠭᠤᠯᠤᠯᠲᠠ ᠶᠢ ᠵᠢᠯᠣᠭᠤᠳᠤᠨ ᠬᠢᠨᠠᠯᠲᠠ ᠲᠠᠯᠪᠢᠨ᠎ᠠ᠃ ᠤᠰᠤᠨ ᠠᠰᠢᠭᠯᠠᠯᠲᠠ ᠶᠢᠨ ᠠᠵᠢᠯ ᠲᠥᠷᠥᠯ ᠤᠨ ᠶᠠᠰᠤ ᠴᠢᠨᠠᠷ ᠲᠤ ᠬᠢᠨᠠᠯᠲᠠ ᠲᠠᠯᠪᠢᠬᠤ ᠠᠵᠢᠯ ᠢ ᠵᠣᠬᠢᠶᠠᠨ ᠪᠠᠶᠢᠭᠤᠯᠤᠨ ᠥᠷᠨᠢᠭᠦᠯᠵᠦ ᠂ ᠤᠰᠤᠨ ᠠᠰᠢᠭᠯᠠᠯᠲᠠ ᠶᠢᠨ ᠠᠵᠢᠯ ᠲᠥᠷᠥᠯ ᠤᠨ ᠣᠷᠣᠨ ᠨᠤᠲᠤᠭ ᠤᠨ ᠴᠢᠨᠠᠷᠲᠠᠢ ᠮᠡᠷᠭᠡᠵᠢᠯ ᠤᠨ ᠪᠠᠷᠢᠮᠵᠢᠶ᠎ᠠ᠂ ᠳᠦᠷᠢᠮ ᠤᠨ ᠵᠢᠷᠤᠮᠵᠢᠯ ᠢ ᠰᠤᠳᠤᠯᠤᠨ ᠲᠣᠭᠲᠠᠭᠠᠬᠤ ᠶᠢᠨ ᠬᠠᠮᠲᠤ ᠬᠢᠨᠠᠯᠲᠠ ᠲᠠᠯᠪᠢᠨ ᠬᠡᠷᠡᠭᠵᠢᠭᠦᠯᠦᠨ᠎ᠡ᠃ ᠤᠰᠤᠨ ᠠᠰᠢᠭᠯᠠᠯᠲᠠ ᠶᠢᠨ ᠠᠵᠢᠯ ᠲᠥᠷᠥᠯ ᠤᠨ ᠠᠶᠤᠯᠭᠦᠢ ᠦᠢᠯᠡᠳᠪᠦᠷᠢᠯᠡᠯ ᠤᠨ ᠠᠵᠢᠯ ᠢ ᠬᠠᠤᠯᠢ ᠶᠣᠰᠣᠭᠠᠷ ᠬᠠᠷᠢᠭᠤᠴᠠᠵᠤ ᠂ ᠤᠰᠤᠨ ᠴᠥᠭᠦᠷᠥᠮ ᠵᠡᠷᠭᠡ ᠶᠢᠨ ᠠᠮᠤᠷ ᠲᠦᠪᠰᠢᠨ ᠤ ᠬᠢᠨᠠᠯᠲᠠ ᠬᠠᠮᠢᠶᠠᠷᠤᠯᠲᠠ ᠶᠢ ᠵᠣᠬᠢᠶᠠᠨ ᠪᠠᠶᠢᠭᠤᠯᠬᠤ ᠪᠠ ᠵᠢᠯᠣᠭᠤᠳᠤᠨ᠎ᠠ᠃      ︵ ᠶᠢᠰᠦ ︶ ᠪᠦᠬᠦ ᠰᠢᠶᠠᠨ ᠤ ᠬᠥᠷᠥᠰᠥ ᠰᠢᠷᠣᠢ ᠶᠢ ᠬᠠᠮᠠᠭᠠᠯᠠᠬᠤ ᠠᠵᠢᠯ ᠢ ᠬᠠᠷᠢᠭᠤᠴᠠᠨ᠎ᠠ᠃ ᠪᠦᠬᠦ ᠰᠢᠶᠠᠨ ᠤ ᠬᠥᠷᠥᠰᠥ ᠰᠢᠷᠣᠢ ᠶᠢ ᠬᠠᠮᠠᠭᠠᠯᠠᠬᠤ ᠲᠥᠯᠦᠪᠵᠢᠭᠦᠯᠭᠡ ᠶᠢ ᠰᠤᠳᠤᠯᠤᠨ ᠲᠣᠭᠲᠠᠭᠠᠬᠤ ᠶᠢᠨ ᠬᠠᠮᠲᠤ ᠬᠢᠨᠠᠯᠲᠠ ᠲᠠᠯᠪᠢᠨ ᠬᠡᠷᠡᠭᠵᠢᠭᠦᠯᠵᠦ ᠂ ᠬᠥᠷᠥᠰᠥ ᠰᠢᠷᠣᠢ ᠶᠢᠨ ᠢᠳᠡᠭᠳᠡᠯ ᠢ ᠶᠡᠷᠦᠩᠬᠡᠶᠢᠯᠡᠨ ᠰᠡᠷᠭᠡᠶᠢᠯᠡᠨ ᠵᠠᠰᠠᠬᠤ᠂ ᠬᠢᠨᠠᠨ ᠬᠡᠮᠵᠢᠵᠦ ᠤᠷᠢᠳᠴᠢᠯᠠᠨ ᠮᠡᠳᠡᠭᠡᠯᠡᠬᠦ ᠶᠢ ᠵᠣᠬᠢᠶᠠᠨ ᠪᠠᠶᠢᠭᠤᠯᠤᠨ ᠬᠡᠷᠡᠭᠵᠢᠭᠦᠯᠬᠦ ᠶᠢᠨ ᠬᠠᠮᠲᠤ ᠲᠣᠭᠲᠠᠮᠠᠯ ᠬᠤᠭᠤᠴᠠᠭ᠎ᠠ ᠲᠠᠢ ᠪᠠᠷ ᠵᠠᠷᠯᠠᠨ ᠨᠡᠶᠢᠲᠡᠯᠡᠬᠦ ᠬᠡᠷᠡᠭᠲᠡᠢ ᠃ ᠡᠷᠬᠡ ᠮᠡᠳᠡᠯ ᠤᠨ ᠳᠣᠲᠣᠷᠠᠬᠢ ᠦᠢᠯᠡᠳᠪᠦᠷᠢᠯᠡᠯ ᠪᠦᠲᠦᠭᠡᠨ ᠪᠠᠶᠢᠭᠤᠯᠤᠯᠲᠠ ᠶᠢᠨ ᠲᠥᠷᠥᠯ ᠵᠦᠢᠯ ᠤᠨ ᠬᠥᠷᠥᠰᠥ ᠰᠢᠷᠣᠢ ᠶᠢ ᠬᠠᠮᠠᠭᠠᠯᠠᠬᠤ ᠬᠢᠨᠠᠯᠲᠠ ᠬᠠᠮᠢᠶᠠᠷᠤᠯᠲᠠ ᠶᠢᠨ ᠠᠵᠢᠯ ᠢ ᠬᠠᠷᠢᠭᠤᠴᠠᠨ᠎ᠠ᠃ ᠬᠥᠷᠥᠰᠥ ᠰᠢᠷᠣᠢ ᠶᠢ ᠬᠠᠮᠠᠭᠠᠯᠠᠬᠤ ᠪᠦᠲᠦᠭᠡᠨ ᠪᠠᠶᠢᠭᠤᠯᠤᠯᠲᠠ ᠶᠢᠨ ᠲᠥᠷᠥᠯ ᠵᠦᠢᠯ ᠤᠨ ᠬᠡᠷᠡᠭᠵᠢᠭᠦᠯᠦᠯᠲᠡ ᠶᠢ ᠵᠣᠬᠢᠶᠠᠨ ᠪᠠᠶᠢᠭᠤᠯᠵᠤ ᠵᠢᠯᠣᠭᠤᠳᠤᠨ᠎ᠠ᠃      ︵ ᠠᠷᠪᠠ ︶ ᠲᠠᠷᠢᠶᠠᠯᠠᠬᠤ ᠮᠠᠯᠵᠢᠬᠤ ᠣᠷᠣᠨ ᠤ ᠤᠰᠤᠨ ᠠᠰᠢᠭᠯᠠᠯᠲᠠ ᠶᠢᠨ ᠠᠵᠢᠯ ᠢ ᠵᠢᠯᠣᠭᠤᠳᠤᠨ᠎ᠠ᠃ ᠤᠰᠤᠯᠠᠯᠲᠠ ᠶᠢᠨ ᠣᠷᠣᠨ ᠤ ᠤᠰᠤᠯᠠᠬᠤ ᠤᠰᠤ ᠭᠠᠳᠠᠭᠰᠢᠯᠠᠭᠤᠯᠬᠤ ᠪᠠᠷᠢᠯᠭ᠎ᠠ ᠶᠢᠨ ᠪᠦᠲᠦᠭᠡᠨ ᠪᠠᠶᠢᠭᠤᠯᠤᠯᠲᠠ ᠬᠢᠭᠡᠳ ᠥᠭᠡᠷᠡᠴᠢᠯᠡᠯᠲᠡ ᠶᠢ ᠵᠣᠬᠢᠶᠠᠨ ᠪᠠᠶᠢᠭᠤᠯᠤᠨ ᠥᠷᠨᠢᠭᠦᠯᠦᠨ᠎ᠡ᠃ ᠲᠠᠷᠢᠶᠠᠯᠠᠬᠤ ᠮᠠᠯᠵᠢᠬᠤ ᠣᠷᠣᠨ ᠤ ᠤᠤᠭᠤᠬᠤ ᠤᠰᠤᠨ ᠤ ᠠᠶᠤᠯᠭᠦᠢ ᠶᠢᠨ ᠢᠨᠵᠧᠨᠧᠷᠢᠩ ᠤᠨ ᠪᠦᠲᠦᠭᠡᠨ ᠪᠠᠶᠢᠭᠤᠯᠤᠯᠲᠠ ᠬᠢᠭᠡᠳ ᠬᠠᠮᠢᠶᠠᠷᠤᠯᠲᠠ ᠶᠢᠨ ᠠᠵᠢᠯ ᠢ ᠵᠢᠯᠤᠭᠤᠳᠴᠤ ᠂ ᠤᠰᠤ ᠠᠷᠪᠢᠯᠠᠬᠤ ᠤᠰᠤᠯᠠᠯᠲᠠ ᠶᠢᠨ ᠬᠤᠯᠪᠣᠭᠳᠠᠯ ᠪᠦᠬᠦᠢ ᠠᠵᠢᠯ ᠢ ᠵᠢᠯᠣᠭᠤᠳᠤᠨ᠎ᠠ᠃ ᠲᠠᠷᠢᠶᠠᠯᠠᠬᠤ ᠮᠠᠯᠵᠢᠬᠤ ᠣᠷᠣᠨ ᠤ ᠤᠰᠤᠨ ᠠᠰᠢᠭᠯᠠᠯᠲᠠ ᠶᠢᠨ ᠨᠡᠶᠢᠭᠡᠮᠴᠢᠯᠡᠭᠰᠡᠨ ᠦᠢᠯᠡᠴᠢᠯᠡᠭᠡᠨ ᠤ ᠰᠢᠰᠲ᠋ᠧᠮᠵᠢ ᠶᠢᠨ ᠪᠠᠶᠢᠭᠤᠯᠤᠯᠲᠠ ᠶᠢ ᠵᠢᠯᠣᠭᠤᠳᠤᠨ᠎ᠠ᠃ ᠮᠠᠯᠵᠢᠬᠤ ᠲᠠᠷᠢᠶᠠᠯᠠᠬᠤ ᠣᠷᠣᠨ ᠤ ᠤᠰᠤᠨ ᠡᠨᠧᠷᠭᠢ ᠶᠢᠨ ᠡᠬᠢ ᠪᠠᠶᠠᠯᠢᠭ ᠢ ᠨᠡᠭᠡᠭᠡᠨ ᠬᠥᠭᠵᠢᠭᠦᠯᠬᠦ ᠂ ᠵᠢᠵᠢᠭ ᠤᠰᠤᠨ ᠴᠠᠬᠢᠯᠭᠠᠨ ᠢ ᠥᠭᠡᠷᠡᠴᠢᠯᠡᠬᠦ ᠪᠠ ᠤᠰᠤᠨ ᠴᠠᠬᠢᠯᠭᠠᠨ ᠢᠶᠠᠷ ᠬᠥᠳᠡᠭᠡ ᠲᠣᠰᠬᠤᠨ ᠢ ᠴᠠᠬᠢᠯᠭᠠᠨᠵᠢᠭᠤᠯᠬᠤ ᠠᠵᠢᠯ ᠢ ᠵᠣᠬᠢᠶᠠᠨ ᠪᠠᠶᠢᠭᠤᠯᠤᠨ ᠵᠢᠯᠣᠭᠤᠳᠤᠨ᠎ᠠ᠃      ︵ ᠠᠷᠪᠠᠨ ᠨᠢᠭᠡ ︶ ᠪᠦᠬᠦ ᠰᠢᠶᠠᠨ ᠤ ᠤᠰᠤᠨ ᠳᠤ ᠬᠤᠯᠪᠣᠭᠳᠠᠭᠰᠠᠨ ᠬᠠᠤᠯᠢ ᠠᠴᠠ ᠵᠥᠷᠢᠴᠡᠭᠰᠡᠨ ᠬᠦᠨᠳᠦ ᠶᠡᠭᠡ ᠬᠡᠷᠡᠭ ᠢ ᠪᠠᠶᠢᠴᠠᠭᠠᠨ ᠰᠢᠢᠳᠪᠦᠷᠢᠯᠡᠬᠦ ᠶᠢ ᠬᠠᠷᠢᠭᠤᠴᠠᠬᠤ ᠶᠢᠨ ᠬᠠᠮᠲᠤ ᠵᠣᠬᠢᠴᠠᠩᠭᠤᠢ ᠰᠢᠢᠳᠬᠡᠯ ᠥᠭᠬᠦ᠂ ᠤᠰᠤᠨ ᠤ ᠶᠠᠪᠤᠳᠠᠯ ᠢ ᠬᠢᠨᠠᠨ ᠪᠠᠶᠢᠴᠠᠭᠠᠬᠤ ᠪᠠ ᠤᠰᠤᠨ ᠤ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ ᠠᠵᠢᠯ ᠢ ᠬᠠᠷᠢᠭᠤᠴᠠᠨ᠎ᠠ᠃      ︵ ᠠᠷᠪᠠᠨ ᠬᠤᠶᠠᠷ ︶ ᠤᠰᠤ ᠭᠠᠩ ᠤᠨ ᠭᠠᠮᠰᠢᠭ ᠢ ᠰᠡᠷᠭᠡᠶᠢᠯᠡᠬᠦ ᠠᠵᠢᠯ ᠢ ᠵᠣᠬᠢᠴᠠᠭᠤᠯᠤᠨ ᠵᠢᠯᠣᠭᠤᠳᠤᠨ᠎ᠠ᠃ ᠭᠠᠮᠰᠢᠭ ᠢ ᠰᠡᠷᠭᠡᠶᠢᠯᠡᠵᠦ ᠭᠠᠮᠰᠢᠭ ᠢ ᠪᠠᠭᠠᠰᠬᠠᠬᠤ ᠶᠡᠷᠦᠩᠬᠡᠶᠢᠯᠡᠭᠰᠡᠨ ᠲᠥᠯᠦᠪᠵᠢᠭᠦᠯᠭᠡ ᠶᠢᠨ ᠬᠠᠮᠢᠶ᠎ᠠ ᠪᠦᠬᠦᠢ ᠱᠠᠭᠠᠷᠳᠠᠯᠭ᠎ᠠ ᠶᠢ ᠨᠠᠶᠢᠳᠠᠪᠤᠷᠢᠵᠢᠭᠤᠯᠬᠤ ᠶᠢ ᠬᠠᠷᠢᠭᠤᠴᠠᠵᠤ ᠂ ᠦᠶᠡᠷ ᠤᠨ ᠭᠠᠩ ᠬᠠᠭᠰᠠᠷᠠᠭᠠᠨ ᠤ ᠭᠠᠮᠰᠢᠭ ᠢ ᠰᠡᠷᠭᠡᠶᠢᠯᠡᠨ ᠵᠠᠰᠠᠬᠤ ᠲᠥᠯᠦᠪᠵᠢᠭᠦᠯᠭᠡ ᠪᠣᠯᠣᠨ ᠰᠡᠷᠭᠡᠶᠢᠯᠡᠨ ᠬᠠᠮᠠᠭᠠᠯᠠᠬᠤ ᠪᠠᠷᠢᠮᠵᠢᠶ᠎ᠠ ᠶᠢ ᠵᠣᠬᠢᠶᠠᠨ ᠪᠠᠶᠢᠭᠤᠯᠤᠨ ᠨᠠᠶᠢᠷᠠᠭᠤᠯᠤᠨ ᠵᠣᠬᠢᠶᠠᠬᠤ ᠶᠢᠨ ᠬᠠᠮᠲᠤ ᠵᠢᠯᠣᠭᠤᠳᠤᠨ ᠬᠡᠷᠡᠭᠵᠢᠭᠦᠯᠦᠨ᠎ᠡ᠃ ᠭᠤᠣᠯ ᠪᠣᠯᠬᠤ ᠭᠤᠣᠯ ᠮᠥᠷᠡᠨ ᠨᠠᠭᠤᠷ ᠴᠥᠭᠦᠷᠥᠮ ᠪᠣᠯᠣᠨ ᠴᠢᠬᠤᠯᠠ ᠤᠰᠤᠨ ᠤ ᠢᠨᠵᠧᠨᠧᠷᠢᠩ ᠤᠨ ᠦᠶᠡᠷ ᠤᠨ ᠤᠰᠤ ᠶᠢ ᠰᠡᠷᠭᠡᠶᠢᠯᠡᠬᠦ ᠂ ᠭᠠᠩ ᠬᠠᠭᠰᠠᠷᠠᠭᠠᠨ ᠢ ᠡᠰᠡᠷᠭᠦᠴᠡᠬᠦ ᠪᠠᠴᠢᠮ ᠪᠠᠶᠢᠳᠠᠯ ᠢ ᠠᠷᠭᠠᠴᠠᠬᠤ ᠤᠰᠤᠨ ᠤ ᠬᠡᠮᠵᠢᠶ᠎ᠡ ᠶᠢ ᠲᠣᠬᠢᠷᠠᠭᠤᠯᠬᠤ ᠲᠥᠰᠥᠯ ᠢ ᠮᠡᠳᠡᠭᠦᠯᠦᠨ ᠵᠥᠪᠰᠢᠶᠡᠷᠡᠭᠦᠯᠬᠦ ᠶᠢ ᠬᠠᠷᠢᠭᠤᠴᠠᠬᠤ ᠶᠢᠨ ᠬᠠᠮᠲᠤ ᠵᠣᠬᠢᠶᠠᠨ ᠪᠠᠶᠢᠭᠤᠯᠤᠨ ᠬᠡᠷᠡᠭᠵᠢᠭᠦᠯᠦᠨ᠎ᠡ︔ ᠦᠶᠡᠷ ᠤᠨ ᠣᠷᠣᠨ᠂ ᠦᠶᠡᠷ ᠢ ᠲᠣᠭᠲᠠᠭᠠᠨ ᠬᠤᠷᠠᠭᠤᠯᠬᠤ ᠣᠷᠣᠨ ᠂ ᠦᠶᠡᠷ ᠢ ᠰᠡᠷᠭᠡᠶᠢᠯᠡᠬᠦ ᠬᠠᠮᠠᠭᠠᠯᠠᠯᠲᠠ ᠶᠢᠨ ᠣᠷᠣᠨ ᠤ ᠦᠶᠡᠷ ᠤᠨ ᠭᠠᠮᠰᠢᠭ ᠤᠨ ᠦᠨᠡᠯᠡᠯᠲᠡ ᠶᠢᠨ ᠮᠡᠳᠡᠭᠦᠯᠦᠨ ᠵᠥᠪᠰᠢᠶᠡᠷᠡᠭᠦᠯᠬᠦ ᠠᠵᠢᠯ ᠢ ᠬᠠᠷᠢᠭᠤᠴᠠᠨ᠎ᠠ᠃      ︵ ᠠᠷᠪᠠᠨ ᠭᠤᠷᠪᠠ ︶ ᠤᠰᠤᠨ ᠠᠰᠢᠭᠯᠠᠯᠲᠠ ᠶᠢᠨ ᠰᠢᠨᠵᠢᠯᠡᠬᠦ ᠤᠬᠠᠭᠠᠨ ᠮᠡᠷᠭᠡᠵᠢᠯ ᠤᠨ ᠠᠵᠢᠯ ᠢ ᠥᠷᠨᠢᠭᠦᠯᠦᠨ᠎ᠡ᠃ ᠪᠦᠬᠦ ᠰᠢᠶᠠᠨ ᠤ ᠤᠰᠤᠨ ᠠᠰᠢᠭᠯᠠᠯᠲᠠ ᠶᠢᠨ ᠲᠠᠯ᠎ᠠ ᠶᠢᠨ ᠰᠢᠨᠵᠢᠯᠡᠬᠦ ᠤᠬᠠᠭᠠᠨ ᠮᠡᠷᠭᠡᠵᠢᠯ ᠂ ᠰᠤᠷᠭᠠᠨ ᠬᠥᠮᠦᠵᠢᠯ ᠪᠣᠯᠣᠨ ᠭᠠᠳᠠᠭᠠᠳᠤ ᠠᠵᠤ ᠠᠬᠤᠢ ᠂ ᠮᠡᠷᠭᠡᠵᠢᠯ ᠤᠨ ᠬᠠᠮᠲᠤᠷᠠᠯᠴᠠᠭ᠎ᠠ ᠬᠢᠭᠡᠳ ᠰᠣᠯᠢᠯᠴᠠᠭ᠎ᠠ ᠶᠢ ᠵᠢᠯᠣᠭᠤᠳᠤᠨ ᠵᠣᠬᠢᠴᠠᠭᠤᠯᠤᠨ᠎ᠠ᠃ ᠪᠦᠬᠦ ᠰᠢᠶᠠᠨ ᠤ ᠤᠰᠤᠨ ᠠᠰᠢᠭᠯᠠᠯᠲᠠ ᠶᠢᠨ ᠰᠢᠨᠵᠢᠯᠡᠬᠦ ᠤᠬᠠᠭᠠᠨ ᠮᠡᠷᠭᠡᠵᠢᠯ ᠤᠨ ᠡᠩᠨᠡᠭᠡᠨ ᠤ ᠪᠠᠶᠢᠭᠤᠯᠤᠯᠲᠠ ᠶᠢ ᠵᠢᠯᠣᠭᠤᠳᠤᠨ᠎ᠠ᠃ ᠴᠢᠬᠤᠯᠠ ᠶᠡᠭᠡ ᠤᠰᠤᠨ ᠠᠰᠢᠭᠯᠠᠯᠲᠠ ᠶᠢᠨ ᠮᠡᠷᠭᠡᠵᠢᠯ ᠢ ᠳᠡᠯᠭᠡᠷᠡᠭᠦᠯᠬᠦ ᠠᠵᠢᠯ ᠢ ᠵᠣᠬᠢᠶᠠᠨ ᠪᠠᠶᠢᠭᠤᠯᠤᠨ᠎ᠠ᠃      ︵ ᠠᠷᠪᠠᠨ ᠲᠦᠷᠡᠪᠡ︶ ᠰᠢᠶᠠᠨ ᠤ ᠱᠠᠲᠤᠨ ᠤ ᠭᠤᠣᠯ ᠮᠥᠷᠡᠨ ᠤ ᠳᠠᠷᠤᠭ᠎ᠠ ᠶᠢᠨ ᠳᠦᠷᠢᠮ ᠤᠨ ᠠᠯᠪᠠᠨ ᠭᠡᠷ ᠤᠨ ᠡᠳᠦᠷ ᠲᠤᠳᠤᠮ ᠤᠨ ᠠᠵᠢᠯ ᠢ ᠡᠭᠦᠷᠭᠡᠯᠡᠵᠦ ᠂ ᠭᠤᠣᠯ ᠮᠥᠷᠡᠨ ᠤ ᠳᠠᠷᠤᠭ᠎ᠠ ᠶᠢᠨ ᠳᠦᠷᠢᠮ ᠤᠨ ᠵᠣᠬᠢᠶᠠᠨ ᠪᠠᠶᠢᠭᠤᠯᠤᠯᠲᠠ ᠶᠢᠨ ᠰᠢᠰᠲ᠋ᠧᠮ ᠢ ᠵᠣᠬᠢᠴᠠᠭᠤᠯᠤᠨ ᠪᠠᠶᠢᠭᠤᠯᠵᠤ ᠂ ᠭᠤᠣᠯ ᠮᠥᠷᠡᠨ ᠤ ᠳᠠᠷᠤᠭ᠎ᠠ ᠶᠢᠨ ᠠᠵᠢᠯ ᠤᠨ ᠡᠭᠦᠷᠭᠡ ᠬᠠᠷᠢᠭᠤᠴᠠᠯᠭ᠎ᠠ ᠶᠢ ᠲᠣᠳᠣᠷᠬᠠᠶᠢᠯᠠᠵᠤ ᠂ ᠭᠤᠣᠯ ᠮᠥᠷᠡᠨ ᠤ ᠳᠠᠷᠤᠭ᠎ᠠ ᠶᠢᠨ ᠳᠦᠷᠢᠮ ᠤᠨ ᠬᠠᠮᠢᠶ᠎ᠠ ᠪᠦᠬᠦᠢ ᠳᠦᠷᠢᠮ ᠢ ᠪᠠᠶᠢᠭᠤᠯᠵᠤ ᠂ ᠭᠤᠣᠯ ᠮᠥᠷᠡᠨ ᠤ ᠳᠠᠷᠤᠭ᠎ᠠ ᠶᠢᠨ ᠳᠦᠷᠢᠮ ᠤᠨ ᠡᠯ᠎ᠡ ᠵᠦᠢᠯ ᠤᠨ ᠠᠵᠢᠯ ᠤᠨ ᠨᠠᠶᠢᠳᠠᠪᠤᠷᠢᠵᠢᠭᠤᠯᠤᠯᠲᠠ ᠶᠢ ᠵᠣᠬᠢᠴᠠᠭᠤᠯᠤᠨ ᠠᠬᠢᠭᠤᠯᠤᠨ᠎ᠠ᠃      ︵ ᠠᠷᠪᠠᠨ ᠲᠠᠪᠤ ︶ ᠰᠢᠶᠠᠨ ᠤ ᠨᠠᠮ ᠤᠨ ᠬᠤᠷᠢᠶ᠎ᠠ᠂ ᠵᠠᠰᠠᠭ ᠤᠨ ᠣᠷᠳᠣᠨ ᠤ ᠲᠤᠰᠢᠶᠠᠭᠰᠠᠨ ᠪᠤᠰᠤᠳ ᠡᠭᠦᠷᠭᠡ ᠶᠢ ᠪᠡᠶᠡᠯᠡᠭᠦᠯᠦᠨ᠎ᠡ᠃      ︵ ᠠᠷᠪᠠᠨ ᠵᠢᠷᠭᠤᠭ᠎ᠠ ︶ ᠡᠭᠦᠷᠭᠡ ᠴᠢᠳᠠᠪᠤᠷᠢ ᠶᠢ ᠬᠤᠪᠢᠷᠠᠭᠤᠯᠬᠤ᠃ ᠰᠢᠶᠠᠨ ᠤ ᠤᠰᠤᠨ ᠠᠰᠢᠭᠯᠠᠯᠲᠠ ᠶᠢᠨ ᠲᠣᠪᠴᠢᠶ᠎ᠠ ᠤᠰᠤᠨ ᠤ ᠡᠬᠢ ᠪᠠᠶᠠᠯᠢᠭ ᠢ ᠵᠦᠢ ᠵᠣᠬᠢᠰᠲᠠᠢ ᠠᠰᠢᠭᠯᠠᠬᠤ᠂ ᠰᠢᠯᠢᠳᠡᠭᠵᠢᠭᠦᠯᠦᠨ ᠲᠣᠬᠢᠷᠠᠭᠤᠯᠬᠤ ᠪᠠ ᠠᠷᠪᠢᠯᠠᠨ ᠬᠠᠮᠠᠭᠠᠯᠠᠬᠤ ᠶᠢ ᠦᠨᠡᠨ ᠬᠦ ᠴᠢᠩᠭᠠᠳᠬᠠᠬᠤ ᠬᠡᠷᠡᠭᠲᠡᠢ᠃ ᠤᠰᠤ ᠠᠷᠪᠢᠯᠠᠬᠤ ᠶᠢ ᠲᠡᠷᠢᠭᠦᠨ ᠳᠤ ᠲᠠᠯᠪᠢᠬᠤ ᠶᠢ ᠪᠠᠷᠢᠮᠲᠠᠯᠠᠵᠤ ᠂ ᠬᠠᠩᠭᠠᠯᠭ᠎ᠠ ᠶᠢ ᠨᠡᠮᠡᠭᠳᠡᠭᠦᠯᠬᠦ ᠠᠴᠠ ᠬᠡᠷᠡᠭᠴᠡᠭᠡ ᠶᠢᠨ ᠬᠠᠮᠢᠶᠠᠷᠤᠯᠲᠠ ᠶᠢ ᠨᠡᠩ ᠴᠢᠬᠤᠯᠠᠴᠢᠯᠠᠬᠤ ᠲᠡᠶᠢᠰᠢ ᠰᠢᠯᠵᠢᠵᠦ ᠂ ᠤᠰᠤ ᠬᠡᠷᠡᠭᠯᠡᠬᠦ ᠶᠡᠷᠦᠩᠬᠡᠢ ᠬᠡᠮᠵᠢᠶ᠎ᠡ ᠶᠢ ᠴᠢᠩᠭ᠎ᠠ ᠬᠢᠵᠠᠭᠠᠷᠯᠠᠬᠤ ᠪᠠ ᠤᠰᠤ ᠬᠡᠷᠡᠭᠯᠡᠬᠦ ᠦᠷ᠎ᠡ ᠪᠦᠲᠦᠮᠵᠢ ᠶᠢ ᠳᠡᠭᠡᠭᠰᠢᠯᠡᠭᠦᠯᠬᠦ ᠲᠡᠰᠢ ᠰᠢᠯᠵᠢᠪᠡ᠃ ᠬᠠᠮᠠᠭᠠᠯᠠᠬᠤ ᠶᠢ ᠲᠡᠷᠢᠭᠦᠨ ᠳᠤ ᠲᠠᠯᠪᠢᠬᠤ ᠶᠢ ᠪᠠᠷᠢᠮᠲᠠᠯᠠᠵᠤ ᠂ ᠤᠰᠤᠨ ᠤ ᠡᠬᠢ ᠪᠠᠶᠠᠯᠢᠭ ᠂ ᠤᠰᠤᠨ ᠣᠷᠣᠨ ᠪᠠ ᠤᠰᠤᠨ ᠠᠰᠢᠭᠯᠠᠯᠲᠠ ᠶᠢᠨ ᠢᠨᠵᠧᠨᠧᠷᠢᠩ ᠤᠨ ᠬᠠᠮᠢᠶᠠᠷᠤᠯᠲᠠ ᠬᠠᠮᠠᠭᠠᠯᠠᠯᠲᠠ ᠶᠢ ᠴᠢᠩᠭᠠᠳᠬᠠᠵᠤ ᠂  ᠭᠤᠣᠯ ᠮᠥᠷᠡᠨ ᠨᠠᠭᠤᠷ ᠴᠥᠭᠦᠷᠥᠮ ᠤᠨ ᠡᠷᠡᠭᠦᠯ ᠪᠥᠭᠡᠳ ᠦᠵᠡᠰᠬᠦᠯᠡᠩᠲᠦ ᠰᠠᠶᠢᠬᠠᠨ ᠪᠠᠶᠢᠬᠤ ᠶᠢ ᠬᠠᠮᠠᠭᠠᠯᠠᠨ᠎ᠠ᠃ ᠨᠢᠭᠡᠳᠦᠯᠲᠡᠢ ᠲᠥᠯᠥᠪᠯᠡᠨ ᠨᠡᠶᠢᠲᠡ ᠳᠤᠨᠢ ᠬᠠᠷᠠᠭᠠᠯᠵᠠᠬᠤ ᠶᠢ ᠪᠠᠷᠢᠮᠲᠠᠯᠠᠵᠤ ᠂ ᠤᠰᠤ ᠬᠡᠷᠡᠭᠯᠡᠬᠦ ᠵᠦᠢ ᠵᠣᠬᠢᠰᠲᠠᠢ ᠬᠡᠷᠡᠭᠴᠡᠭᠡ ᠱᠠᠭᠠᠷᠳᠠᠯᠭ᠎ᠠ ᠪᠠ ᠤᠰᠤᠨ ᠤ ᠡᠬᠢ ᠪᠠᠶᠠᠯᠢᠭ ᠢ ᠦᠷᠭᠦᠯᠵᠢᠯᠡᠨ ᠠᠰᠢᠭᠯᠠᠬᠤ ᠶᠢ ᠪᠠᠲᠤᠯᠠᠵᠤ ᠂ ᠠᠵᠤ ᠠᠬᠤᠢ ᠨᠡᠶᠢᠭᠡᠮ ᠤᠨ ᠬᠥᠭᠵᠢᠯᠲᠡ ᠳᠤ ᠤᠰᠤ ᠬᠠᠩᠭᠠᠬᠤ ᠠᠮᠤᠷ ᠲᠦᠪᠰᠢᠨ ᠤ ᠪᠠᠲᠤᠯᠠᠭ᠎ᠠ ᠬᠠᠩᠭᠠᠨ᠎ᠠ᠃ 
ᠢᠷᠡᠯᠲᠡ᠄ ᠦᠶᠤᠸᠠᠨ ᠰᠢᠶᠠᠨ ᠤ ᠠᠷᠠᠳ ᠤᠨ ᠵᠠᠰᠠᠭ ᠤᠨ ᠣᠷᠳᠤᠨ ᠤ ᠮᠣᠡᠭᠭᠤᠯ ᠰᠦᠯᠵᠢᠶ᠎ᠡ