ᠦᠶᠤᠸᠠᠨ ᠰᠢᠶᠠᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶᠠᠨ ᠤ ᠪᠦᠷᠢᠯᠳᠦᠭᠦᠨ 2024 ᠣᠨ ᠤ ᠲᠤᠰᠢᠶᠠᠯ ᠬᠠᠷᠢᠭᠤᠴᠠᠯᠭ᠎ᠠ ᠪᠠᠨ ᠭᠦᠢᠴᠡᠳᠬᠡᠬᠦ ᠴᠢᠳᠠᠪᠤᠷᠢ ᠶᠢ ᠳᠡᠭᠡᠭᠰᠢᠯᠡᠭᠦᠯᠬᠦ ᠪᠣᠯᠪᠠᠰᠤᠷᠠᠯ ᠤᠨ ᠠᠩᠭᠢ ᠡᠬᠢᠯᠡᠪᠡ
ᠨᠡᠶᠢᠲᠡᠯᠡᠭᠰᠡᠨ ᠴᠠᠭ᠄
2024/4/11
ᠣᠶᠢᠷ᠎ᠠ ᠳᠤ᠂ ᠦᠶᠤᠸᠠᠨ ᠰᠢᠶᠠᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠪᠣᠯᠣᠨ ᠤᠷᠠᠳ ᠤᠨ ᠡᠮᠦᠨᠡᠲᠦ ᠬᠤᠰᠢᠭᠤᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠬᠠᠮᠲᠤᠷᠠᠨ ᠡᠷᠭᠢᠯᠡᠭᠰᠡᠨ 2024 ᠣᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶᠠᠨ ᠤ ᠪᠦᠷᠢᠯᠳᠦᠭᠦᠨ ᠡᠭᠦᠷᠭᠡ ᠲᠤᠰᠢᠶᠠᠯ ᠢᠶᠠᠨ ᠭᠦᠢᠴᠡᠳᠬᠡᠬᠦ ᠴᠢᠳᠠᠪᠤᠷᠢ ᠶᠢ ᠳᠡᠭᠡᠭᠰᠢᠯᠡᠭᠦᠯᠬᠦ ᠪᠣᠯᠪᠠᠰᠤᠷᠠᠯ ᠤᠨ ᠠᠩᠭᠢ ᠬᠤᠨᠠᠨ ᠤ ᠴᠠᠩᠱᠠ ᠳᠤ ᠡᠬᠢᠯᠡᠪᠡ᠃ ᠦᠶᠤᠸᠠᠨ ᠰᠢᠶᠠᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶᠠᠨ ᠤ ᠨᠠᠮ ᠤᠨ ᠤᠳᠤᠷᠢᠳᠬᠤ ᠳᠤᠭᠤᠶᠢᠯᠠᠩ ᠤᠨ ᠳᠡᠳ᠋ ᠱᠦᠵᠢ ᠂ ᠳᠡᠳ᠋ ᠡᠷᠬᠢᠯᠡᠭᠴᠢ ᠵᠠᠩ ᠶᠦᠩ ᠯᠢ ᠰᠤᠷᠤᠯᠭ᠎ᠠ ᠡᠬᠢᠯᠡᠬᠦ ᠶᠠᠷᠢᠶ᠎ᠠ ᠲᠠᠯᠪᠢᠵᠤ᠂ ᠤᠷᠠᠳ ᠤᠨ ᠡᠮᠦᠨᠡᠲᠦ ᠬᠤᠰᠢᠭᠤᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶᠠᠨ ᠤ ᠨᠠᠮ ᠤᠨ ᠤᠳᠤᠷᠢᠳᠬᠤ ᠳᠤᠭᠤᠶᠢᠯᠠᠩ ᠤᠨ ᠳᠡᠳ᠋ ᠱᠦᠵᠢ᠂ ᠳᠡᠳ᠋ ᠡᠷᠬᠢᠯᠡᠭᠴᠢ ᠵᠢᠶᠠᠨ ᠶᠦᠩ ᠴᠢᠩ ᠰᠤᠷᠤᠯᠭ᠎ᠠ ᠡᠬᠢᠯᠡᠬᠦ ᠶᠣᠰᠣᠯᠠᠯ ᠳᠤ ᠣᠷᠣᠯᠴᠠᠵᠤ᠂ ᠴᠢᠩᠳᠣᠣ ᠶᠢᠨ ᠯᠠᠨᠳᠧ ᠪᠣᠯᠪᠠᠰᠤᠷᠠᠯ ᠤᠨ ᠲᠥᠪ ᠤᠨ ᠬᠤᠪᠢᠶᠠᠷᠢ ᠰᠤᠷᠭᠠᠭᠤᠯᠢ ᠶᠢᠨ ᠬᠠᠷᠢᠭᠤᠴᠠᠯᠭᠠᠲᠠᠨ ᠵᠧᠦ ᠯᠢ ᠯᠢ  ᠪᠠᠶᠡᠷ ᠤᠨ ᠦᠭᠡ ᠬᠡᠯᠡᠪᠡ᠃ ᠯᠢᠦ ᠫᠧᠢ ᠵᠢᠶᠦ᠋ᠨ᠂ ᠯᠢᠦ ᠰᠢᠨ ᠷᠦᠢ ᠵᠡᠷᠭᠡ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶᠠᠨ ᠤ 27 ᠪᠦᠷᠢᠯᠳᠦᠭᠦᠨ᠂ ᠰᠢᠶᠠᠨ ᠰᠤᠮᠤ ᠤᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠺᠠᠳ᠋ᠷ ᠪᠣᠯᠪᠠᠰᠤᠷᠠᠯ ᠳᠤ ᠣᠷᠣᠯᠴᠠᠪᠠ᠃

微信截图_20240411163945.png

      ᠲᠣᠰ ᠤᠳᠠᠭᠠᠨ ᠤ ᠪᠣᠯᠪᠠᠰᠤᠷᠠᠯ ᠨᠢ ᠲᠤᠯᠤᠭᠠᠨ ᠡᠳᠦᠷ ᠤᠨ ᠬᠤᠭᠤᠴᠠᠭ᠎ᠠ ᠲᠠᠢ ᠶᠠᠪᠤᠭᠳᠠᠵᠤ᠂ ᠬᠤᠨᠠᠨ ᠮᠤᠵᠢ ᠶᠢᠨ ᠠᠷᠠᠳ ᠤᠨ ᠲᠥᠯᠥᠭᠡᠯᠡᠭᠴᠢᠳ ᠤᠨ

ᠶᠡᠭᠡ ᠬᠤᠷᠠᠯ ᠤᠨ ᠪᠠᠶᠢᠩᠭᠤ ᠶᠢᠨ ᠬᠤᠷᠢᠶᠠᠨ ᠤ ᠬᠠᠮᠢᠶ᠎ᠠ ᠪᠦᠬᠦᠢ ᠠᠵᠢᠯ ᠤᠨ ᠵᠥᠪᠯᠡᠯ ᠤᠨ ᠤᠳᠤᠷᠢᠳᠤᠯᠭ᠎ᠠ ᠶᠢ ᠤᠷᠢᠵᠤ᠂ ᠠᠷᠠᠳ ᠤᠨ ᠲᠥᠯᠥᠭᠡᠯᠡᠭᠴᠢᠳ ᠤᠨ ᠶᠡᠭᠡ

ᠬᠤᠷᠠᠯ ᠤᠨ ᠬᠢᠨᠠᠯᠲᠠ ᠲᠠᠯᠪᠢᠬᠤ ᠠᠵᠢᠯ᠂ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠶᠢ ᠪᠦᠬᠦ ᠲᠠᠯ᠎ᠠ ᠪᠠᠷ ᠠᠬᠢᠭᠤᠯᠬᠤ᠂ ᠪᠠᠶᠢᠩᠭᠤ ᠶᠢᠨ ᠬᠤᠷᠢᠶᠠᠨ ᠤ

ᠪᠦᠷᠢᠯᠳᠦᠭᠦᠨ ᠨᠠᠷ ᠬᠠᠤᠯᠢ ᠶᠣᠰᠣᠭᠠᠷ ᠲᠤᠰᠢᠶᠠᠯ ᠬᠠᠷᠢᠭᠤᠴᠠᠯᠭ᠎ᠠ ᠪᠠᠨ ᠭᠦᠢᠴᠡᠳᠬᠡᠬᠦ᠂ ᠣᠳᠣᠬᠠᠨ ᠤ ᠳᠤᠮᠳᠠᠳᠤ ᠤᠯᠤᠰ ᠤᠨ ᠤᠯᠤᠰ ᠲᠦᠷᠦ ᠠᠵᠤ ᠠᠬᠤᠢ ᠶᠢᠨ

ᠪᠠᠶᠢᠳᠠᠯ ᠤᠨ ᠵᠠᠳᠠᠯᠤᠯᠲᠠ ᠵᠡᠷᠭᠡ ᠠᠭᠤᠯᠭ᠎ᠠ ᠶᠢᠨ ᠲᠣᠭᠤᠷᠢᠨ ᠳᠤ ᠲᠤᠰᠬᠠᠢ ᠰᠡᠳᠦᠪᠲᠦ ᠬᠠᠪᠰᠤᠷᠤᠨ ᠵᠢᠯᠤᠭᠤᠳᠬᠤ ᠪᠠ ᠲᠤᠬᠠᠢ ᠶᠢᠨ ᠲᠠᠯᠠᠪᠠᠢ ᠶᠢᠨ ᠵᠢᠭᠠᠨ

ᠰᠤᠷᠭᠠᠯᠲᠠ ᠶᠢ ᠤᠶᠠᠯᠳᠤᠭᠤᠯᠬᠤ᠂ ᠲᠤᠰᠢᠶᠠᠯ ᠬᠠᠷᠢᠭᠤᠴᠠᠯᠭ᠎ᠠ ᠪᠠᠨ ᠭᠦᠢᠴᠡᠳᠬᠡᠬᠦ ᠪᠣᠯᠪᠠᠰᠤᠷᠠᠯ ᠪᠠ ᠬᠤᠪᠢᠰᠬᠠᠯ ᠤᠨ ᠤᠯᠠᠮᠵᠢᠯᠠᠯᠲᠤ ᠬᠥᠮᠦᠵᠢᠯ ᠢ ᠤᠶᠠᠯᠳᠤᠭᠤᠯᠬᠤ

ᠠᠷᠭ᠎ᠠ ᠬᠡᠯᠪᠡᠷᠢ ᠪᠠᠷ ᠶᠠᠪᠤᠭᠳᠠᠭᠤᠯᠪᠠ᠃

微信截图_20240411163958.png

      ᠵᠠᠩ ᠶᠦᠩ ᠯᠢ ᠴᠢᠬᠤᠯᠠᠴᠢᠯᠠᠭᠰᠠᠨ ᠨᠢ᠂ ᠲᠣᠰ ᠤᠳᠠᠭᠠᠨ ᠤ ᠪᠣᠯᠪᠠᠰᠤᠷᠠᠯ ᠤᠨ ᠠᠩᠭᠢ ᠶᠢ ᠡᠷᠬᠢᠯᠡᠭᠰᠡᠨ ᠤ ᠵᠣᠷᠢᠯᠭ᠎ᠠ ᠨᠢ ᠰᠢ ᠶᠢᠨ ᠫᠢᠩ ᠤᠨ ᠰᠢᠨ᠎ᠡ ᠴᠠᠭ

ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ᠂ ᠰᠢ ᠶᠢᠨ ᠫᠢᠩ ᠤᠨ ᠬᠠᠤᠯᠢ ᠪᠠᠷ ᠵᠠᠰᠠᠬᠤ ᠦᠵᠡᠯ ᠰᠠᠨᠠᠭ᠎ᠠ᠂ ᠶᠡᠷᠦᠩᠬᠡᠢ

ᠱᠦᠵᠢ ᠰᠢ ᠶᠢᠨ ᠫᠢᠩ ᠤᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠳᠦᠷᠢᠮ ᠢ ᠪᠠᠷᠢᠮᠲᠠᠯᠠᠨ ᠲᠡᠭᠦᠯᠳᠡᠷᠵᠢᠭᠦᠯᠬᠦ ᠲᠤᠬᠠᠢ ᠴᠢᠬᠤᠯᠠ ᠦᠵᠡᠯ

ᠰᠠᠨᠠᠭ᠎ᠠ ᠶᠢ ᠭᠦᠨᠵᠡᠭᠡᠢ ᠰᠤᠷᠤᠯᠴᠠᠨ ᠲᠤᠤᠱᠯᠠᠭᠤᠯᠵᠤ᠂ ᠰᠢᠶᠠᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶᠠᠨ ᠤ

ᠪᠦᠷᠢᠯᠳᠦᠭᠦᠨ ᠪᠣᠯᠣᠨ ᠰᠢᠶᠠᠨ ᠰᠤᠮᠤ ᠤᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠺᠠᠳ᠋ᠷ ᠤᠨ ᠰᠢᠨ᠎ᠡ ᠴᠠᠭ ᠦᠶ᠎ᠡ ᠶᠢᠨ ᠠᠷᠠᠳ ᠤᠨ

ᠲᠥᠯᠥᠭᠡᠯᠡᠭᠴᠢᠳ ᠤᠨ ᠶᠡᠭᠡ ᠬᠤᠷᠠᠯ ᠤᠨ ᠠᠵᠢᠯ ᠢ ᠰᠠᠶᠢᠲᠤᠷ ᠬᠢᠬᠦ ᠴᠢᠳᠠᠪᠤᠷᠢ ᠪᠣᠯᠣᠨ ᠬᠢᠷᠢ ᠲᠦᠪᠰᠢᠨ ᠢ ᠲᠠᠰᠤᠷᠠᠯᠲᠠ ᠦᠭᠡᠢ ᠳᠡᠭᠡᠭᠰᠢᠯᠡᠭᠦᠯᠬᠦ ᠶᠢᠨ ᠲᠥᠯᠥᠭᠡ

ᠶᠤᠮ᠃ ᠪᠥᠬᠦ ᠰᠤᠷᠤᠭᠴᠢᠳ ᠤᠯᠤᠰ ᠲᠥᠷᠥ ᠶᠢᠨ ᠵᠣᠭᠰᠣᠴᠠ ᠪᠠᠨ ᠤᠯᠠᠮ ᠨᠢᠭᠡ ᠠᠯᠬᠤᠮ ᠳᠡᠭᠡᠭᠰᠢᠯᠡᠭᠦᠯᠵᠦ᠂ ᠲᠣᠰ ᠤᠳᠠᠭᠠᠨ ᠤ

ᠪᠤᠯᠪᠠᠰᠤᠷᠠᠯ ᠤᠨ ᠴᠢᠬᠤᠯᠠ ᠠᠴᠢ ᠬᠤᠯᠪᠣᠭᠳᠠᠯ ᠢ ᠭᠦᠢᠴᠡᠳ ᠲᠠᠨᠢᠬᠤ ᠬᠡᠷᠡᠭᠲᠡᠢ᠃ ᠤᠬᠠᠮᠰᠠᠷ ᠠᠴᠠ ᠪᠠᠨ ᠰᠤᠷᠤᠯᠴᠠᠯᠭ᠎ᠠ ᠪᠠᠨ

ᠴᠢᠩᠭᠠᠳᠬᠠᠵᠤ᠂ ᠬᠠᠤᠯᠢ ᠶᠣᠰᠣᠭᠠᠷ ᠲᠤᠰᠢᠶᠠᠯ ᠬᠠᠷᠢᠭᠤᠴᠠᠯᠭ᠎ᠠ ᠪᠠᠨ ᠭᠦᠢᠴᠡᠳᠬᠡᠬᠦ ᠴᠢᠳᠠᠪᠤᠷᠢ ᠪᠠᠨ ᠦᠷᠭᠦᠯᠵᠢᠯᠡᠨ ᠳᠡᠭᠡᠭᠰᠢᠯᠡᠭᠦᠯᠬᠦ ᠬᠡᠷᠡᠭᠲᠡᠢ᠃

ᠪᠤᠯᠪᠠᠰᠤᠷᠠᠯ ᠤᠨ ᠰᠠᠬᠢᠯᠭ᠎ᠠ ᠪᠠᠲᠤ ᠶᠢ ᠴᠢᠩᠭ᠎ᠠ ᠰᠠᠬᠢᠵᠤ᠂ ᠰᠤᠷᠤᠯᠴᠠᠯᠭ᠎ᠠ ᠪᠤᠯᠪᠠᠰᠤᠷᠠᠯ ᠤᠨ ᠪᠣᠳᠠᠲᠤ ᠦᠷ᠎ᠡ

ᠪᠦᠲᠦᠮᠵᠢ ᠣᠯᠬᠤ ᠶᠢ ᠦᠨᠡᠨᠬᠦ ᠪᠠᠲᠤᠯᠠᠬᠤ ᠬᠡᠷᠡᠭᠲᠡᠢ ᠭᠡᠪᠡ᠃

微信截图_20240411164011.png

 

ᠢᠷᠡᠯᠲᠡ᠄ ᠦᠶᠤᠸᠠᠨ ᠰᠢᠶᠠᠨ ᠤ ᠠᠷᠠᠳ ᠤᠨ ᠵᠠᠰᠠᠭ ᠤᠨ ᠣᠷᠳᠤᠨ ᠤ ᠮᠣᠡᠭᠭᠤᠯ ᠰᠦᠯᠵᠢᠶ᠎ᠡ