ᠤᠯᠤᠰ ᠤᠨ ᠠᠮᠤ ᠪᠤᠳᠠᠭᠠᠨ ᠤ ᠠᠮᠤᠷ ᠲᠦᠪᠰᠢᠨ ᠤ ᠦᠨᠳᠦᠰᠦ ᠰᠠᠭᠤᠷᠢ ᠶᠢ ᠪᠦᠭᠦ ᠲᠠᠯ᠎ᠠ ᠪᠠᠷ ᠪᠠᠬᠢᠵᠢᠭᠦᠯᠦᠨ᠎ᠡ
ᠨᠡᠶᠢᠲᠡᠯᠡᠭᠰᠡᠨ ᠴᠠᠭ᠄
2024/4/11
      - ᠤᠯᠤᠰ ᠤᠨ ᠬᠥᠭᠵᠢᠭᠦᠯᠦᠯᠲᠡ  ᠪᠠ ᠥᠭᠡᠷᠡᠴᠢᠯᠡᠯᠲᠡ ᠶᠢᠨ ᠵᠥᠪᠯᠡᠯ ᠤᠨ ᠬᠠᠷᠢᠭᠤᠴᠠᠯᠭᠠᠲᠠᠨ︽ᠰᠢᠨ᠎ᠡ ᠨᠢᠭᠡ ᠡᠭᠡᠯᠵᠢ ᠶᠢᠨ ᠮᠢᠩᠭᠠᠨ ᠳ᠋ᠦᠩᠰᠢᠭᠤᠷ ᠵᠢᠩ ᠠᠮᠤ ᠪᠤᠳᠠᠭᠠᠨ ᠤ ᠦᠢᠯᠡᠳᠪᠦᠷᠢᠯᠡᠯ ᠤᠨ ᠴᠢᠳᠠᠪᠤᠷᠢ ᠶᠢ ᠳᠡᠭᠡᠭᠰᠢᠯᠡᠭᠦᠯᠭᠦ ᠠᠵᠢᠯᠯᠠᠭᠠᠨ ᠤ ᠲᠥᠰᠥᠯ ︵2024 - 2030 ᠣᠨ︶︾ ᠤᠨ ᠲᠤᠬᠠᠢ ᠰᠤᠷᠪᠤᠯᠵᠢᠯᠠᠬᠴᠢ ᠶᠢᠨ  ᠠᠰᠠᠭᠤᠯᠲᠠ ᠶᠢ  ᠬᠠᠷᠢᠭᠤᠯᠪᠠ      ᠰᠤᠷᠪᠤᠯᠵᠢᠯᠠᠬᠴᠢ ᠤᠯᠤᠰ ᠤᠨ ᠬᠥᠭᠵᠢᠭᠦᠯᠦᠯᠲᠡ ᠪᠠ ᠥᠭᠡᠷᠡᠴᠢᠯᠡᠯᠲᠡ ᠶᠢᠨ ᠵᠥᠪᠯᠡᠯ ᠠᠴᠠ ᠣᠶᠢᠯᠠᠭᠠᠭᠰᠠᠨ ᠢᠶᠠᠷ᠂ ᠲᠥᠷᠥ ᠶᠢᠨ ᠶᠠᠪᠤᠳᠠᠯ ᠤᠨ ᠬᠤᠷᠢᠶ᠎ᠠ ᠣᠶᠢᠷ᠎ᠠ ᠳᠤ  ︽ᠰᠢᠨ᠎ᠡ ᠨᠢᠭᠡ ᠡᠭᠡᠯᠵᠢ ᠶᠢᠨ ᠮᠢᠩᠭᠠᠨ ᠳ᠋ᠦᠩᠰᠢᠭᠤᠷ ᠵᠢᠩ ᠠᠮᠤ ᠪᠤᠳᠠᠭᠠᠨ ᠤ ᠦᠢᠯᠡᠳᠪᠦᠷᠢᠯᠡᠬᠦ ᠴᠢᠳᠠᠪᠤᠷᠢ ᠶᠢ ᠳᠡᠭᠡᠭᠰᠢᠯᠡᠭᠦᠯᠭᠦ ᠠᠵᠢᠯᠯᠠᠭᠠᠨ ᠤ ᠲᠥᠰᠥᠯ ︵2024 - 2030 ᠣᠨ︶︾ ᠢ ᠳᠠᠷᠤᠮᠠᠯᠯᠠᠨ ᠲᠠᠷᠬᠠᠭᠠᠪᠠ᠃ ᠠᠵᠢᠯᠯᠠᠭᠠᠨ ᠤ ᠲᠥᠰᠥᠯ ᠢ ᠨᠡᠶᠢᠲᠡᠯᠡᠭᠰᠡᠨ ᠠᠬᠤᠢ ᠪᠠᠶᠢᠳᠠᠯ ᠨᠢ ᠶᠠᠭᠤ ᠪᠤᠢ︖  ᠮᠢᠩᠭᠠᠨ ᠳ᠋ᠦᠩᠰᠢᠭᠤᠷ ᠵᠢᠩ ᠠᠮᠤ ᠪᠤᠳᠠᠭᠠᠨ ᠤ ᠦᠢᠯᠡᠳᠪᠦᠷᠢᠯᠡᠬᠦ ᠴᠢᠳᠠᠪᠤᠷᠢ ᠶᠢ ᠰᠢᠨ᠎ᠡ ᠪᠠᠷ ᠨᠡᠮᠡᠭᠳᠡᠭᠦᠯᠬᠦ ᠬᠠᠷᠠᠯᠲᠠ ᠶᠢ ᠪᠡᠶᠡᠯᠡᠭᠦᠯᠬᠦ ᠶᠢ ᠬᠡᠷᠬᠢᠨ ᠦᠨᠡᠨ ᠬᠦ  ᠪᠠᠲᠤᠯᠠᠬᠤ ᠪᠤᠢ︖ ᠰᠢᠨᠬᠤᠸᠠ ᠬᠤᠷᠢᠶ᠎ᠠ ᠶᠢᠨ ᠰᠤᠷᠪᠤᠯᠵᠢᠯᠠᠬᠴᠢ ᠤᠯᠤᠰ ᠤᠨ ᠬᠥᠭᠵᠢᠭᠦᠯᠦᠯᠲᠡ ᠪᠠ ᠥᠭᠡᠷᠡᠴᠢᠯᠡᠯᠲᠡ ᠶᠢᠨ ᠵᠥᠪᠯᠡᠯ ᠤᠨ ᠬᠠᠷᠢᠭᠤᠴᠠᠯᠭᠠᠲᠠᠨ ᠢ ᠰᠤᠷᠪᠤᠯᠵᠢᠯᠠᠪᠠ᠃      ᠠᠰᠠᠭᠤᠯᠲᠠ᠄ ᠠᠵᠢᠯᠯᠠᠭᠠᠨ ᠤ ᠲᠥᠰᠥᠯ ᠢ ᠨᠡᠶᠢᠲᠡᠯᠡᠭᠰᠡᠨ ᠠᠬᠤᠢ ᠪᠠᠶᠢᠳᠠᠯ ᠨᠢ ᠶᠠᠭᠤ ᠪᠤᠶ︖      ᠬᠠᠷᠢᠭᠤᠯᠲᠠ᠄ ᠠᠮᠤ ᠪᠤᠳᠠᠭᠠᠨ ᠤ ᠠᠮᠤᠷ ᠲᠦᠪᠰᠢᠨ ᠪᠣᠯ︽ᠤᠯᠤᠰ ᠤᠨ ᠶᠡᠭᠡ ᠶᠠᠪᠤᠳᠠᠯ︾ᠮᠥᠨ᠂ ᠠᠮᠤ ᠪᠤᠳᠠᠭᠠᠨ ᠤ ᠠᠮᠤᠷ ᠲᠦᠪᠰᠢᠨ ᠢ ᠪᠠᠲᠤᠯᠠᠬᠤ ᠪᠣᠯ ᠨᠢᠭᠡᠨ ᠥᠨᠢᠳᠡ ᠶᠢᠨ ᠰᠡᠳᠦᠪ ᠮᠥᠨ᠃ ᠨᠠᠮ ᠤᠨ ᠠᠷᠪᠠᠨ ᠨᠠᠢᠮᠠᠳᠤᠭᠠᠷ ᠶᠡᠭᠡ ᠬᠤᠷᠠᠯ ᠠᠴᠠ ᠨᠠᠭᠠᠰᠢ᠂ ᠮᠠᠨ ᠤ ᠤᠯᠤᠰ ᠤᠨ ᠠᠮᠤ ᠪᠤᠳᠠᠭᠠᠨ ᠤ ᠤᠨᠠᠯᠲᠠ ᠲᠣᠭᠲᠠᠭᠤᠨ ᠢᠶᠠᠷ ᠨᠡᠮᠡᠭᠳᠡᠵᠦ᠂ 9 ᠵᠢᠯ ᠳᠠᠷᠠᠭᠠᠯᠠᠨ 1.3 ᠲᠦᠮᠡᠨ ᠳ᠋ᠦᠩᠰᠢᠭᠤᠷ ᠵᠢᠩ ᠠᠴᠠ ᠳᠡᠭᠡᠭᠰᠢ ᠪᠠᠶᠢᠬᠤ ᠶᠢ ᠪᠠᠲᠤᠯᠠᠵᠤ᠂ ᠬᠥᠮᠥᠨ ᠳᠤᠮᠳᠠᠴᠢ ᠶᠢᠨ ᠠᠮᠤ ᠪᠤᠳᠠᠭ᠎ᠠ ᠡᠵᠡᠯᠡᠬᠦ ᠬᠡᠮᠵᠢᠶ᠎ᠡ 493 ᠺᠢᠯᠣᠭ᠍ᠷᠠᠮ ᠳᠤ ᠬᠦᠷᠴᠦ᠂ ᠤᠯᠤᠰ ᠤᠨ ᠠᠮᠤ ᠪᠤᠳᠠᠭᠠᠨ ᠤ ᠠᠮᠤᠷ ᠲᠦᠪᠰᠢᠨ ᠶᠡᠷᠦᠩᠬᠡᠢ ᠳᠡᠭᠡᠨ ᠪᠠᠲᠤᠯᠠᠭ᠎ᠠ ᠲᠠᠢ ᠪᠣᠯᠪᠠ᠃ ᠡᠭᠦᠨ ᠤ ᠬᠠᠮᠲᠤ ᠮᠠᠨ ᠤ ᠤᠯᠤᠰ ᠤᠨ ᠪᠠᠶᠢᠭᠠᠯᠢ ᠶᠢᠨ ᠡᠬᠢ ᠪᠠᠶᠠᠯᠢᠭ ᠤᠨ ᠣᠷᠴᠢᠨ ᠨᠥᠬᠦᠴᠡᠯ ᠤᠨ ᠬᠢᠵᠠᠭᠠᠷᠯᠠᠯ ᠴᠢᠨᠠᠭᠰᠢᠳᠠ ᠴᠢᠩᠭᠠᠷᠠᠬᠤ ᠶᠢ ᠳᠠᠭᠠᠯᠳᠤᠨ᠂ ᠰᠠᠭᠤᠭᠠᠯᠢ ᠠᠷᠠᠳ ᠤᠨ ᠢᠳᠡᠭᠡᠨ ᠤ ᠬᠡᠷᠡᠭᠯᠡᠭᠡᠨ ᠤ ᠪᠦᠲᠦᠴᠡ ᠶᠢᠨ ᠲᠠᠰ ᠳᠠᠪᠰᠢᠯᠲᠠ ᠨᠢ ᠠᠮᠤ ᠪᠤᠳᠠᠭᠠᠨ ᠤ ᠬᠡᠷᠡᠭᠴᠡᠭᠡ ᠶᠢᠨ ᠦᠷᠭᠦᠯᠵᠢᠯᠡᠨ ᠨᠡᠮᠡᠭᠳᠡᠬᠦ ᠶᠢ ᠳᠠᠶᠢᠴᠢᠯᠠᠵᠤ᠂ ᠠᠮᠤ ᠪᠤᠳᠠᠭᠠᠨ ᠤ ᠬᠠᠩᠭᠠᠯᠭ᠎ᠠ ᠬᠡᠷᠡᠭᠴᠡᠭᠡ ᠶᠢᠨ ᠪᠠᠴᠢᠮ ᠲᠡᠩᠴᠡᠭᠦᠷᠢᠲᠦ ᠪᠠᠶᠢᠳᠠᠯ ᠣᠷᠳᠣ ᠬᠤᠭᠤᠴᠠᠭ᠎ᠠ ᠪᠠᠷ ᠣᠷᠣᠰᠢᠬᠤ ᠪᠣᠯᠣᠨ᠎ᠠ᠂ ᠢᠷᠡᠭᠡᠳᠦᠢ ᠶᠢᠨ ᠨᠢᠭᠡ ᠬᠡᠰᠡᠭ ᠬᠤᠭᠤᠴᠠᠭᠠᠨ ᠳᠤ᠂ ᠣᠲᠣ ᠶᠢᠨ ᠪᠠᠶᠢᠭ᠎ᠠ ᠦᠢᠯᠡᠳᠪᠦᠷᠢᠯᠡᠯ ᠬᠡᠷᠡᠭᠴᠡᠭᠡ ᠶᠢᠨ ᠳᠤᠲᠠᠭᠤᠳᠠᠯ ᠴᠢᠨᠠᠭᠰᠢᠳᠠ ᠥᠷᠭᠡᠳᠴᠦ ᠮᠡᠳᠡᠬᠦ ᠪᠣᠯᠬᠤᠷ ᠠᠮᠤ ᠪᠤᠳᠠᠭᠠᠨ ᠤ ᠦᠢᠯᠡᠳᠪᠦᠷᠢᠯᠡᠯ ᠤᠨ ᠴᠢᠳᠠᠪᠤᠷᠢ ᠶᠢ ᠴᠢᠨᠠᠭᠰᠢᠳᠠ ᠳᠡᠭᠡᠭᠰᠢᠯᠡᠭᠦᠯᠵᠦ᠂ ᠤᠯᠤᠰ ᠤᠨ ᠠᠮᠤ ᠪᠤᠳᠠᠭᠠᠨ ᠤ ᠠᠮᠤᠷ ᠲᠦᠪᠰᠢᠨ ᠢ ᠪᠦᠲᠦᠮᠵᠢᠲᠡᠶ ᠪᠠᠲᠤᠯᠠᠬᠤ ᠴᠢᠬᠤᠯᠠᠲᠠᠢ ᠪᠠᠶᠢᠨ᠎ᠠ ᠭᠡᠳᠡᠭ ᠢ ᠡᠷᠬᠡᠪᠰᠢ ᠣᠯᠵᠤ ᠬᠠᠷᠠᠬᠤ ᠬᠡᠷᠡᠭᠲᠡᠢ᠃      ᠨᠠᠮ ᠤᠨ ᠲᠥᠪ ᠬᠤᠷᠢᠶ᠎ᠠ᠂ ᠲᠥᠷᠥ ᠶᠢᠨ ᠶᠠᠪᠤᠳᠠᠯ ᠤᠨ ᠬᠤᠷᠢᠶ᠎ᠠ ᠶᠢᠨ ᠰᠢᠢᠳᠪᠦᠷᠢᠲᠦ ᠪᠣᠳᠣᠯᠭ᠎ᠠ ᠶᠢᠨ ᠪᠠᠶᠢᠷᠢᠯᠠᠭᠤᠯᠤᠯᠲᠠ ᠶᠣᠰᠣᠭᠠᠷ᠂ ᠤᠯᠤᠰ ᠤᠨ ᠬᠥᠭᠵᠢᠭᠦᠯᠦᠯᠲᠡ ᠪᠠ ᠥᠭᠡᠷᠡᠴᠢᠯᠡᠯᠲᠡ ᠶᠢᠨ ᠵᠥᠪᠯᠡᠯ᠂ ᠬᠥᠳᠡᠭᠡ ᠠᠵᠤ ᠠᠬᠤᠢ ᠬᠥᠳᠡᠭᠡ ᠲᠣᠰᠬᠤᠨ ᠤ ᠶᠠᠮᠤᠨ ᠠᠴᠠ ᠬᠤᠯᠪᠣᠭᠳᠠᠯ ᠪᠦᠬᠦᠢ ᠰᠠᠯᠠᠭ᠎ᠠ ᠮᠥᠴᠢᠷ ᠲᠠᠢ ᠬᠠᠮᠲᠤᠷᠠᠨ ᠠᠵᠢᠯᠯᠠᠭᠠᠨ ᠤ ᠲᠥᠰᠥᠯ ᠢ ᠨᠠᠶᠢᠷᠠᠭᠤᠯᠤᠨ ᠵᠣᠬᠢᠶᠠᠵᠤ᠂ ᠲᠥᠷᠥ ᠶᠢᠨ ᠶᠠᠪᠤᠳᠠᠯ ᠤᠨ ᠬᠤᠷᠢᠶ᠎ᠠ ᠶᠢᠨ ᠪᠠᠶᠢᠩᠭᠤ ᠶᠢᠨ ᠬᠤᠷᠠᠯ ᠢᠶᠠᠷ ᠶᠠᠷᠢᠯᠴᠠᠭᠤᠯᠤᠨ ᠪᠠᠲᠤᠯᠠᠭᠰᠠᠨ ᠤ ᠳᠠᠷᠠᠭ᠎ᠠ᠂ ᠲᠦᠷᠦᠭᠦᠬᠡᠨ ᠨᠢᠭᠡᠨᠲᠡ ᠲᠥᠷᠥ ᠶᠢᠨ ᠶᠠᠪᠤᠳᠠᠯ ᠤᠨ ᠬᠤᠷᠢᠶ᠎ᠠ ᠠᠴᠠ ᠳᠠᠷᠤᠮᠠᠯᠯᠠᠨ ᠲᠠᠷᠬᠠᠭᠠᠵᠤ ᠬᠡᠷᠡᠭᠵᠢᠭᠦᠯᠪᠡ᠃      ᠠᠰᠠᠭᠤᠯᠲᠠ᠄ ᠰᠢᠨ᠎ᠡ ᠨᠢᠭᠡ ᠡᠭᠡᠯᠵᠢ ᠶᠢᠨ ᠮᠢᠩᠭᠠᠨ ᠳ᠋ᠦᠩᠰᠢᠭᠤᠷ ᠵᠢᠩ ᠠᠮᠤ ᠪᠤᠳᠠᠭᠠᠨ ᠤ ᠦᠢᠯᠡᠳᠪᠦᠷᠢᠯᠡᠯ ᠤᠨ ᠴᠢᠳᠠᠪᠤᠷᠢ ᠶᠢ ᠳᠡᠭᠡᠭᠰᠢᠯᠡᠭᠦᠯᠭᠦ ᠠᠵᠢᠯᠯᠠᠭ᠎ᠠ ᠶᠢ ᠬᠡᠷᠡᠭᠵᠢᠭᠦᠯᠬᠦ ᠶᠡᠷᠦᠩᠬᠡᠢ ᠱᠠᠭᠠᠷᠳᠠᠯᠭ᠎ᠠ ᠨᠢ ᠶᠠᠭᠤ ᠪᠤᠶ︖      ᠬᠠᠷᠢᠭᠤᠯᠲᠠ᠄ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠪᠠᠷ ᠵᠢᠯᠣᠭᠤᠳᠤᠯᠭ᠎ᠠ ᠪᠤᠯᠭᠠᠬᠤ ᠶᠢ ᠪᠠᠷᠢᠮᠲᠠᠯᠠᠵᠤ᠂ ᠨᠠᠮ ᠤᠨ ᠬᠤᠷᠢᠳᠤᠭᠠᠷ ᠶᠡᠭᠡ ᠬᠤᠷᠠᠯ ᠤᠨ ᠵᠣᠷᠢᠭ ᠰᠠᠨᠠᠭ᠎ᠠ ᠶᠢ ᠪᠦᠭᠦ ᠲᠠᠯ᠎ᠠ ᠪᠠᠷ ᠲᠤᠭᠤᠰᠢᠯᠠᠭᠤᠯᠵᠤ᠂ ᠤᠯᠤᠰ ᠤᠨ ᠠᠮᠤ ᠪᠤᠳᠠᠭᠠᠨ ᠤ ᠠᠮᠤᠷ ᠲᠦᠪᠰᠢᠨ ᠤ ᠪᠠᠶᠢᠯᠳᠤᠬᠤ ᠪᠣᠳᠣᠯᠭ᠎ᠠ ᠶᠢ ᠭᠦᠨᠵᠡᠭᠡᠢ ᠬᠡᠷᠡᠭᠵᠢᠭᠦᠯᠵᠦ᠂ ᠲᠠᠷᠢᠶᠠᠨ ᠭᠠᠵᠠᠷ ᠤᠨ ᠠᠮᠤ ᠪᠤᠳᠠᠭᠠᠨ ᠤ ᠦᠢᠯᠡᠳᠪᠦᠷᠢᠯᠡᠯ ᠤᠨ ᠴᠢᠳᠠᠪᠤᠷᠢ ᠶᠢ ᠪᠠᠲᠤᠯᠠᠵᠤ᠂ ᠮᠡᠷᠭᠡᠵᠢᠯ ᠢᠶᠠᠷ ᠠᠮᠤ ᠪᠤᠳᠠᠭᠠᠨ ᠤ ᠤᠨᠠᠯᠲᠠ ᠶᠢ ᠨᠡᠮᠡᠭᠳᠡᠭᠦᠯᠬᠦ ᠶᠢ ᠯᠠᠪᠳᠠᠭᠤᠨ ᠪᠠᠲᠤᠲᠠᠢ ᠠᠬᠢᠭᠤᠯᠵᠤ᠂ ᠲᠠᠷᠢᠶᠠᠨ ᠭᠠᠵᠠᠷ᠂ ᠤᠰᠤᠨ ᠠᠰᠢᠭᠯᠠᠯᠲᠠ᠂ ᠦᠷ᠎ᠡ᠂ ᠲᠠᠷᠢᠶᠠᠯᠠᠩ ᠤᠨ ᠮᠠᠰᠢᠨ᠂ ᠬᠢᠮᠢ ᠶᠢᠨ ᠪᠣᠷᠳᠣᠭᠤᠷ ᠲᠠᠷᠢᠶᠠᠨ ᠡᠮ᠂ ᠲᠠᠷᠢᠶᠠᠯᠠᠬᠤ ᠮᠡᠷᠭᠡᠵᠢᠯ ᠵᠡᠷᠭᠡ ᠠᠴᠠ ᠭᠠᠷᠳᠠᠨ᠂ ᠵᠣᠯᠭᠠᠭᠤᠯᠤᠨ ᠬᠠᠮᠵᠢᠯᠴᠠᠬᠤ ᠪᠠ ᠮᠡᠷᠭᠡᠵᠢᠯ ᠤᠨ ᠬᠤᠷᠠᠮᠠᠯ ᠰᠢᠨ᠎ᠡ ᠶᠢ ᠡᠭᠦᠳᠬᠦ ᠶᠢ ᠴᠢᠩᠭᠠᠳᠬᠠᠵᠤ᠂ ᠠᠮᠤ ᠪᠤᠳᠠᠭᠠᠨ ᠤ ᠦᠢᠯᠡᠳᠪᠦᠷᠢᠯᠡᠯ ᠤᠨ ᠴᠢᠳᠠᠪᠤᠷᠢ ᠶᠢᠨ ᠪᠠᠶᠢᠭᠤᠯᠤᠯᠲᠠ ᠶᠢ ᠴᠢᠩᠭᠠᠳᠬᠠᠵᠤ᠂ ᠵᠣᠬᠢᠬᠤ ᠬᠡᠪᠴᠢᠶᠡᠲᠦ ᠡᠵᠡᠩᠨᠡᠯᠲᠡ ᠶᠢ ᠶᠡᠭᠡ ᠪᠠᠷ ᠬᠥᠭᠵᠢᠭᠦᠯᠵᠦ᠂ ᠠᠮᠤ ᠪᠤᠳᠠᠭ᠎ᠠ ᠲᠠᠷᠢᠵᠤ ᠪᠠᠶᠢᠭ᠎ᠠ ᠲᠠᠷᠢᠶᠠᠴᠢᠳ ᠤᠨ ᠠᠰᠢᠭ ᠣᠷᠣᠯᠭ᠎ᠠ ᠶᠢ ᠪᠠᠲᠤᠯᠠᠬᠤ ᠲᠣᠭᠲᠠᠴᠠ ᠪᠠ ᠭᠤᠣᠯ ᠭᠠᠷᠤᠯᠲᠠ ᠶᠢᠨ ᠣᠷᠣᠨ ᠤ ᠠᠰᠢᠭ ᠲᠤᠰᠠ ᠶᠢ ᠨᠥᠬᠦᠪᠦᠷᠢᠯᠡᠬᠦ ᠲᠣᠭᠲᠠᠴᠠ ᠶᠢ ᠪᠦᠷᠢᠨᠰᠢᠭᠦᠯᠵᠦ᠂ ᠰᠠᠭᠤᠷᠢ ᠲᠥᠬᠦᠭᠡᠷᠦᠮᠵᠢ ᠶᠢ ᠲᠡᠭᠦᠯᠳᠡᠷᠵᠢᠭᠦᠯᠬᠦ᠂ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠲᠤᠯᠭᠠᠭᠤᠷᠢᠯᠠᠯ ᠬᠦᠴᠦᠲᠡᠢ᠂ ᠡᠷᠴᠢᠮᠵᠢᠭᠦᠯᠦᠨ ᠠᠷᠪᠢᠯᠠᠬᠤ ᠪᠣᠬᠢᠷᠳᠤᠯ ᠦᠭᠡᠢ ᠠᠮᠤ ᠪᠤᠳᠠᠭ᠎ᠠ ᠶᠢ ᠨᠡᠮᠡᠭᠳᠡᠭᠦᠯᠬᠦ  ᠵᠠᠮ ᠢᠶᠠᠷ ᠵᠠᠮᠨᠠᠵᠤ᠂ ᠤᠯᠤᠰ ᠤᠨ ᠠᠮᠤ ᠪᠤᠳᠠᠭᠠᠨ ᠤ ᠠᠮᠤᠷ ᠲᠦᠪᠰᠢᠨ ᠤ ᠦᠨᠳᠦᠰᠦ ᠰᠠᠭᠤᠷᠢ ᠶᠢ ᠪᠦᠭᠦ ᠲᠠᠯ᠎ᠠ ᠪᠠᠷ ᠪᠠᠬᠢᠵᠢᠭᠦᠯᠬᠦ ᠬᠡᠷᠡᠭᠲᠡᠢ᠃      ᠤᠯᠤᠰ ᠤᠨ ᠳᠣᠲᠣᠭᠠᠳᠤ ᠳᠠᠭᠠᠨ ᠰᠠᠭᠤᠷᠢᠯᠠᠬᠤ᠂ ᠪᠤᠳᠠᠭᠠᠨ ᠠᠶᠠᠭ᠎ᠠ ᠪᠠᠨ ᠥᠪᠡᠷ ᠤᠨ ᠭᠠᠷ ᠲᠠᠭᠠᠨ ᠪᠠᠲᠤ ᠪᠠᠶᠢᠯᠭᠠᠬᠤ ᠶᠢ ᠪᠠᠷᠢᠮᠲᠠᠯᠠᠵᠤ᠂ ᠠᠷᠪᠠᠨ ᠬᠡᠳᠦᠨ ᠳ᠋ᠦᠩᠰᠢᠭᠤᠷ ᠬᠥᠮᠥᠨ ᠠᠮᠠ ᠶᠢᠨ ᠬᠤᠭᠤᠯᠠ ᠬᠦᠨᠡᠰᠦᠨ ᠤ ᠠᠰᠠᠭᠤᠳᠠᠯ ᠢ ᠰᠢᠢᠳᠪᠦᠷᠢᠯᠡᠬᠦ ᠶᠢ ᠬᠥᠳᠡᠭᠡ ᠠᠵᠤ ᠠᠬᠤᠢ ᠶᠢᠨ ᠣᠳᠣᠬᠢᠴᠢᠯᠠᠯᠲᠠ ᠶᠢᠨ ᠲᠡᠷᠢᠭᠦᠨ ᠴᠢᠬᠤᠯᠠ ᠡᠭᠦᠷᠭᠡ ᠪᠣᠯᠭᠠᠨ᠎ᠠ᠃ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠳᠤ ᠲᠦᠰᠢᠭᠯᠡᠬᠦ᠂ ᠲᠥᠪᠯᠡᠷᠡᠭᠦᠯᠦᠨ ᠢᠵᠢ ᠪᠦᠷᠢᠳᠦᠭᠦᠯᠬᠦ ᠶᠢ ᠪᠠᠷᠢᠮᠲᠠᠯᠠᠵᠤ᠂ ᠲᠠᠷᠢᠶᠠᠨ ᠭᠠᠵᠠᠷ ᠪᠠ ᠦᠷ᠎ᠡ ᠭᠡᠬᠦ ᠬᠤᠶᠠᠷ ᠴᠢᠬᠤᠯᠠ ᠲᠠᠯ᠎ᠠ ᠶᠢ ᠠᠳᠬᠤᠵᠤ᠂ ᠰᠠᠶᠢᠨ ᠲᠠᠷᠢᠶ᠎ᠠ ᠰᠠᠶᠢᠨ ᠳᠦᠷᠢᠮ ᠢ ᠵᠡᠷᠭᠡ ᠪᠠᠷ ᠠᠳᠬᠤᠬᠤ᠂ ᠰᠠᠶᠢᠨ ᠦᠷ᠎ᠡ ᠰᠠᠶᠢᠨ ᠠᠷᠭ᠎ᠠ ᠶᠢ ᠢᠵᠢ ᠪᠦᠷᠢᠳᠦᠭᠦᠯᠬᠦ᠂ ᠲᠠᠷᠢᠶᠠᠯᠠᠩ ᠤᠨ ᠮᠠᠰᠢᠨ ᠲᠠᠷᠢᠶᠠᠯᠠᠩ ᠤᠨ ᠮᠡᠷᠭᠡᠰᠢᠯ ᠢ ᠠᠭᠤᠰᠤᠯᠴᠠᠭᠤᠯᠬᠤ ᠶᠢ ᠠᠬᠢᠭᠤᠯᠤᠨ᠎ᠠ᠃ ᠪᠦᠲᠦᠴᠡ ᠶᠢ ᠰᠢᠯᠢᠳᠡᠭᠵᠢᠭᠦᠯᠬᠦ᠂ ᠠᠮᠤ ᠪᠤᠳᠠᠭᠠᠨ ᠤ ᠤᠨᠠᠯᠲᠠ ᠶᠢ ᠪᠣᠬᠢᠷᠳᠤᠯ ᠦᠭᠡᠢ ᠪᠠᠷ ᠨᠡᠮᠡᠭᠳᠡᠭᠦᠯᠬᠦ ᠶᠢ ᠪᠠᠷᠢᠮᠲᠠᠯᠠᠨ᠂ ᠠᠮᠤ ᠪᠤᠳᠠᠭᠠᠨ ᠤ ᠬᠠᠩᠭᠠᠯᠭ᠎ᠠ ᠶᠢᠨ ᠶᠠᠰᠤ ᠴᠢᠨᠠᠷ ᠢ ᠬᠦᠴᠦᠯᠡᠨ ᠳᠡᠭᠡᠭᠰᠢᠯᠡᠭᠦᠯᠦᠨ᠎ᠡ᠃ ᠵᠣᠬᠢᠬᠤ ᠬᠡᠪᠴᠢᠶ᠎ᠡ ᠲᠠᠢ᠂ ᠡᠷᠴᠢᠮᠯᠢᠭ ᠡᠵᠡᠩᠨᠡᠯᠲᠡ ᠶᠢ ᠪᠠᠷᠢᠮᠲᠠᠯᠠᠨ᠂ ᠭᠦᠳᠡᠯᠮᠦᠷᠢ ᠦᠢᠯᠡᠳᠪᠦᠷᠢᠯᠡᠯ ᠤᠨ ᠨᠣᠷᠮ᠎ᠠ᠂ ᠭᠠᠵᠠᠷ ᠰᠢᠷᠣᠢ ᠶᠢᠨ ᠭᠠᠷᠭᠠᠯᠲᠠ ᠶᠢᠨ ᠨᠣᠷᠮ᠎ᠠ ᠪᠣᠯᠣᠨ ᠡᠬᠢ ᠪᠠᠶᠠᠯᠢᠭ ᠤᠨ ᠠᠰᠢᠭᠯᠠᠯᠲᠠ ᠶᠢᠨ ᠨᠣᠷᠮ᠎ᠠ ᠶᠢ ᠲᠠᠰᠤᠷᠠᠯᠲᠠ ᠦᠭᠡᠢ ᠳᠡᠭᠡᠭᠰᠢᠯᠡᠭᠦᠯᠦᠨ᠎ᠡ᠃ ᠲᠥᠷᠥ ᠶᠢᠨ ᠪᠣᠳᠣᠯᠭ᠎ᠠ ᠶᠢ ᠲᠡᠭᠦᠯᠳᠡᠷᠵᠢᠭᠦᠯᠬᠦ᠂ ᠬᠠᠷᠢᠭᠤᠴᠠᠯᠭ᠎ᠠ ᠶᠢ ᠪᠣᠳᠠᠲᠠᠶᠢᠵᠢᠭᠤᠯᠬᠤ ᠶᠢ ᠪᠠᠷᠢᠮᠲᠠᠯᠠᠵᠤ᠂ ᠠᠮᠤ ᠪᠤᠳᠠᠭᠠᠨ ᠤ ᠦᠢᠯᠡᠳᠪᠦᠷᠢᠯᠡᠯ ᠤᠨ ᠴᠢᠳᠠᠪᠤᠷᠢ ᠶᠢ ᠳᠡᠭᠡᠭᠰᠢᠯᠡᠭᠦᠯᠭᠦ ᠶᠢ ᠳᠡᠮᠵᠢᠬᠦ ᠠᠵᠢᠯ ᠤᠨ ᠬᠠᠮᠲᠤᠷᠠᠯ ᠬᠦᠴᠦᠨ ᠢ ᠪᠦᠷᠢᠯᠳᠦᠭᠦᠯᠦᠨ᠎ᠡ᠃      ᠠᠰᠠᠭᠤᠯᠲᠠ᠄ ᠰᠢᠨ᠎ᠡ ᠨᠢᠭᠡ ᠡᠭᠡᠯᠵᠢ ᠶᠢᠨ ᠮᠢᠩᠭᠠᠨ ᠳ᠋ᠦᠩᠰᠢᠭᠤᠷ ᠵᠢᠩ ᠠᠮᠤ ᠪᠤᠳᠠᠭᠠᠨ ᠤ ᠦᠢᠯᠡᠳᠪᠦᠷᠢᠯᠡᠯ ᠤᠨ ᠴᠢᠳᠠᠪᠤᠷᠢ ᠶᠢ ᠳᠡᠭᠡᠭᠰᠢᠯᠡᠭᠦᠯᠭᠦ ᠠᠵᠢᠯᠯᠠᠭ᠎ᠠ  ᠶᠢ ᠬᠡᠷᠡᠭᠵᠢᠭᠦᠯᠬᠦ ᠳᠤ ᠶᠠᠮᠠᠷ ᠶᠠᠮᠠᠷ ᠭᠤᠣᠯ ᠬᠠᠷᠠᠯᠲᠠ ᠪᠠᠶᠢᠬᠤ ᠪᠤᠶ︖      ᠬᠠᠷᠢᠭᠤᠯᠲᠠ᠄ ᠠᠵᠢᠯᠯᠠᠭᠠᠨ ᠤ ᠲᠥᠰᠥᠯ ᠳᠤ᠂ 2030 ᠣᠨ ᠪᠤᠯᠬᠤ ᠳᠤ ᠠᠮᠤ ᠪᠤᠳᠠᠭᠠᠨ ᠤ ᠦᠢᠯᠡᠳᠪᠦᠷᠢᠯᠡᠯ ᠤᠨ ᠴᠢᠳᠠᠪᠤᠷᠢ ᠶᠢ ᠮᠢᠩᠭᠠᠨ ᠳ᠋ᠦᠩᠰᠢᠭᠤᠷ ᠵᠢᠩ ᠠᠴᠠ ᠳᠡᠭᠡᠭᠰᠢ ᠰᠢᠨ᠎ᠡ ᠪᠠᠷ ᠨᠡᠮᠡᠭᠳᠡᠭᠦᠯᠵᠦ᠂ ᠪᠦᠭᠦ ᠤᠯᠤᠰ ᠤᠨ ᠠᠮᠤ ᠪᠤᠳᠠᠭᠠᠨ ᠤ ᠶᠡᠷᠦᠩᠬᠡᠶᠢᠯᠡᠭᠰᠡᠨ ᠦᠢᠯᠡᠳᠪᠦᠷᠢᠯᠡᠯ ᠤᠨ ᠴᠢᠳᠠᠪᠤᠷᠢ ᠶᠢ ᠴᠢᠨᠠᠭᠰᠢᠳᠠ ᠴᠢᠩᠭᠠᠷᠠᠭᠤᠯᠤᠨ᠎ᠠ;ᠲᠠᠷᠢᠶᠠᠨ ᠭᠠᠵᠠᠷ ᠢ ᠴᠢᠩᠭ᠎ᠠ ᠬᠠᠮᠠᠭᠠᠯᠠᠭᠰᠠᠨ ᠰᠠᠭᠤᠷᠢᠨ ᠳᠡᠭᠡᠷ᠎ᠡ᠂ ᠠᠮᠤ ᠪᠤᠳᠠᠭ᠎ᠠ ᠳᠠᠷᠢᠬᠤ ᠲᠠᠯᠠᠪᠠᠶ ᠶᠢ 17.5 ᠳ᠋ᠦᠩᠰᠢᠭᠤᠷ ᠮᠦ ᠣᠷᠴᠢᠮ᠂ ᠠᠮᠤ ᠪᠤᠳᠠᠭᠠᠨ ᠤ ᠲᠠᠯᠠᠪᠠᠶ ᠶᠢ 14.5 ᠳ᠋ᠦᠩᠰᠢᠭᠤᠷ ᠮᠦ ᠣᠷᠴᠢᠮ ᠳᠤ ᠲᠣᠬᠲᠠᠪᠤᠷᠢᠵᠢᠭᠤᠯᠤᠨ᠎ᠠ;ᠠᠮᠤ ᠪᠤᠳᠠᠭᠠᠨ ᠤ ᠲᠠᠯᠠᠪᠠᠶ ᠨᠢᠭᠡᠴᠢ ᠶᠢᠨ ᠤᠨᠠᠯᠲᠠ ᠶᠢᠨ ᠲᠦᠪᠰᠢᠨ ᠢ ᠮᠦ ᠪᠦᠷᠢ ᠳᠤ 420 ᠺᠢᠯᠣᠭ᠍ᠷᠠᠮ ᠣᠷᠴᠢᠮ ᠳᠤ ᠬᠦᠷᠭᠡᠨ᠎ᠡ ᠭᠡᠵᠦ ᠲᠣᠳᠣᠷᠬᠠᠢ ᠳᠤᠷᠠᠳᠪᠠ᠃      ᠲᠥᠷᠥᠯ ᠵᠦᠢᠯ ᠤᠨ ᠪᠦᠲᠦᠴᠡ ᠶᠢᠨ ᠲᠠᠯ᠎ᠠ ᠪᠠᠷ᠂ ᠬᠤᠶᠢᠰᠢᠳᠠ ᠶᠢᠨ ᠨᠢᠭᠡ ᠬᠤᠭᠤᠴᠠᠭᠠᠨ ᠤ ᠠᠳᠠᠯᠢ ᠪᠤᠰᠤ ᠠᠮᠤ ᠪᠤᠳᠠᠭᠠᠨ ᠤ ᠲᠥᠷᠥᠯ ᠵᠦᠢᠯ ᠤᠨ ᠬᠡᠷᠡᠭᠯᠡᠭᠡᠨ ᠤ ᠬᠡᠷᠡᠭᠴᠡᠭᠡ ᠶᠢᠨ ᠬᠤᠪᠢᠷᠠᠯᠲᠠ ᠶᠢᠨ ᠬᠠᠨᠳᠤᠰᠢ ᠶᠢ ᠶᠡᠷᠦᠩᠬᠡᠶᠢᠯᠡᠨ ᠪᠣᠳᠣᠯᠬᠢᠯᠠᠵᠤ᠂ ᠠᠵᠢᠯᠯᠠᠭ᠎ᠠ ᠶᠢᠨ ᠲᠥᠰᠥᠯ ᠳᠤ ᠲᠥᠷᠥᠯ ᠵᠦᠢᠯ ᠬᠤᠪᠢᠶᠠᠨ ᠤᠨᠠᠯᠲᠠ ᠶᠢ ᠨᠡᠮᠡᠭᠳᠡᠭᠦᠯᠬᠦ ᠡᠭᠦᠷᠭᠡ ᠶᠢ ᠲᠣᠳᠣᠷᠬᠠᠶᠢᠯᠠᠵᠤ᠂ ᠦᠢᠯᠡᠳᠪᠦᠷᠢᠯᠡᠯ ᠤᠨ ᠴᠢᠳᠠᠪᠤᠷᠢ ᠶᠢ ᠳᠡᠭᠡᠭᠰᠢᠯᠡᠭᠦᠯᠭᠦ ᠭᠤᠣᠯᠳᠠᠯᠭ᠎ᠠ ᠶᠢ ᠡᠷᠳᠡᠨᠢ ᠰᠢᠰᠢ ᠪᠠ ᠰᠢᠷ᠎ᠠ ᠪᠤᠷᠴᠠᠭ ᠳᠡᠭᠡᠷ᠎ᠡ ᠲᠠᠯᠪᠢᠭᠰᠠᠨ ᠪᠠᠶᠢᠨ᠎ᠠ᠃  ︽ᠬᠦᠨᠡᠰᠦᠨ ᠠᠮᠤ ᠶᠢ ᠪᠠᠬᠢᠵᠢᠭᠦᠯᠦᠨ ᠳᠡᠭᠡᠭᠰᠢᠯᠡᠭᠦᠯᠵᠦ᠂ ᠡᠷᠳᠡᠨᠢ ᠰᠢᠰᠢ ᠰᠢᠷ᠎ᠠ ᠪᠤᠷᠴᠠᠭ ᠢᠶᠠᠷ ᠭᠤᠣᠯᠯᠠᠭᠤᠯᠵᠤ᠂ ᠲᠥᠮᠥᠰᠥ ᠶᠢᠨ ᠲᠥᠷᠥᠯ ᠤᠨ ᠡᠯᠳᠡᠪ ᠠᠮᠤ ᠶᠢ ᠬᠠᠮᠲᠤ ᠳᠤᠨᠢ ᠬᠠᠷᠠᠭᠠᠯᠵᠠᠬᠤ︾  ᠰᠡᠳᠬᠢᠮᠵᠢ ᠶᠣᠰᠣᠭᠠᠷ᠂ ᠤᠰᠤᠨ ᠲᠤᠲᠤᠷᠭ᠎ᠠ᠂ ᠪᠤᠭᠤᠳᠠᠢ ᠶᠢᠨ ᠭᠤᠣᠯᠳᠠᠯᠭ᠎ᠠ ᠨᠢ ᠶᠠᠰᠤ ᠴᠢᠨᠠᠷ ᠢ ᠳᠡᠭᠡᠭᠰᠢᠯᠡᠭᠦᠯᠭᠦ᠂ ᠪᠦᠲᠦᠴᠡ ᠶᠢ ᠰᠢᠯᠢᠳᠡᠭᠵᠢᠭᠦᠯᠬᠦ ᠳᠤ ᠪᠠᠶᠢᠵᠤ᠂ ᠡᠷᠳᠡᠨᠢ ᠰᠢᠰᠢ ᠶᠢᠨ ᠭᠤᠣᠯᠳᠠᠯᠭ᠎ᠠ ᠨᠢ ᠲᠥᠪᠯᠡᠷᠡᠭᠦᠯᠦᠨ ᠢᠵᠢ ᠪᠦᠷᠢᠳᠦᠭᠦᠯᠬᠦ᠂ ᠮᠦ ᠨᠢᠭᠡᠴᠢ ᠶᠢᠨ ᠤᠨᠠᠯᠲᠠ ᠶᠢ ᠴᠢᠬᠤᠯᠠᠴᠢᠯᠠᠬᠤ ᠳᠤ ᠪᠠᠶᠢᠵᠤ᠂ ᠰᠢᠷ᠎ᠠ ᠪᠤᠷᠴᠠᠭ ᠤᠨ ᠭᠤᠣᠯᠳᠠᠯᠭ᠎ᠠ ᠨᠢ ᠣᠯᠠᠨ ᠠᠷᠭ᠎ᠠ ᠬᠡᠮᠵᠢᠶ᠎ᠡ ᠶᠢ ᠵᠡᠷᠭᠡ ᠪᠠᠷ ᠬᠡᠷᠡᠭᠯᠡᠵᠦ᠂ ᠳᠠᠯᠳᠠ ᠬᠦᠴᠦᠨ ᠢ ᠠᠭᠤᠳᠠᠯᠬᠤ ᠳᠤ ᠪᠠᠶᠢᠵᠤ᠂ ᠲᠥᠮᠥᠰᠥ᠂ ᠡᠯᠳᠡᠪ ᠠᠮᠤ ᠡᠯᠳᠡᠪ ᠪᠤᠷᠴᠠᠭ ᠵᠡᠷᠭᠡ ᠲᠥᠷᠥᠯ ᠵᠦᠢᠯ ᠢ ᠭᠠᠵᠠᠷ ᠣᠷᠣᠨ ᠤ ᠪᠠᠶᠢᠳᠠᠯ ᠳᠤᠨᠢ ᠲᠣᠬᠢᠷᠠᠭᠤᠯᠤᠨ ᠬᠥᠭᠵᠢᠭᠦᠯᠵᠦ᠂ ᠵᠠᠬ᠎ᠠ ᠳᠡᠯᠭᠡᠭᠦᠷ ᠤᠨ ᠬᠡᠷᠡᠭᠴᠡᠭᠡ ᠱᠠᠭᠠᠷᠳᠠᠯᠭ᠎ᠠ ᠶᠢ ᠦᠨᠳᠦᠰᠦᠯᠡᠨ ᠤᠨᠠᠯᠲᠠ ᠶᠢ ᠰᠢᠯᠢᠳᠡᠭᠵᠢᠭᠦᠯᠦᠨ ᠬᠠᠩᠭᠠᠯᠭ᠎ᠠ ᠶᠢ ᠲᠣᠭᠲᠠᠭᠤᠨ ᠪᠠᠶᠢᠯᠭᠠᠨ᠎ᠠ᠃      ᠣᠷᠣᠨ ᠪᠦᠰᠡ ᠶᠢᠨ ᠪᠠᠶᠢᠷᠢᠰᠢᠯ ᠤᠨ ᠲᠠᠯ᠎ᠠ ᠪᠠᠷ᠂ ᠭᠤᠣᠯᠳᠠᠭᠤ ᠠᠮᠤ ᠪᠤᠳᠠᠭᠠᠨ ᠤ ᠦᠢᠯᠡᠳᠪᠦᠷᠢᠯᠡᠯ ᠤᠨ ᠣᠳᠣᠬᠢ ᠪᠠᠶᠢᠳᠠᠯ ᠪᠠ ᠢᠷᠡᠭᠡᠳᠦᠢ ᠶᠢᠨ ᠤᠨᠠᠯᠲᠠ  ᠶᠢ ᠨᠡᠮᠡᠭᠳᠡᠭᠦᠯᠬᠦ ᠲᠠᠯᠳᠠ ᠬᠦᠴᠦᠨ ᠢ ᠦᠨᠳᠦᠰᠦᠯᠡᠨ᠂ ᠳᠠᠪᠠᠭᠤᠯᠢᠭ ᠭᠠᠷᠤᠯᠲᠠ ᠶᠢᠨ ᠣᠷᠣᠨ ᠢ ᠪᠠᠬᠢᠵᠢᠭᠦᠯᠦᠨ ᠳᠡᠭᠡᠭᠰᠢᠯᠡᠭᠦᠯᠵᠦ᠂ ᠪᠤᠰᠤᠳ ᠭᠠᠵᠠᠷ ᠣᠷᠣᠨ ᠤ ᠲᠠᠯᠳᠠ ᠬᠦᠴᠦᠨ ᠢ ᠠᠭᠤᠳᠠᠯᠤᠨ᠂ ᠠᠮᠤ ᠪᠤᠳᠠᠭᠠᠨ ᠤ ᠦᠢᠯᠡᠳᠪᠦᠷᠢᠯᠡᠯ ᠤᠨ ᠪᠠᠶᠢᠷᠢᠰᠢᠯ ᠢ ᠲᠣᠬᠢᠷᠠᠭᠤᠯᠤᠨ ᠰᠢᠯᠢᠳᠡᠭᠵᠢᠭᠦᠯᠦᠨ᠎ᠡ᠃ ᠠᠵᠢᠯᠯᠠᠭᠠᠨ ᠤ ᠲᠥᠰᠥᠯ ᠳᠤ ᠵᠢᠷᠭᠤᠭᠠᠨ ᠶᠡᠭᠡ ᠣᠷᠣᠨ ᠲᠣᠭᠤᠷᠢᠭ᠂ ᠠᠳᠠᠯᠢ ᠪᠤᠰᠤ ᠮᠤᠵᠢ ᠶᠢᠨ ᠦᠢᠯᠡᠳᠪᠦᠷᠢᠯᠡᠯ ᠤᠨ ᠴᠢᠳᠠᠪᠤᠷᠢ ᠶᠢ ᠳᠡᠭᠡᠭᠰᠢᠯᠡᠭᠦᠯᠭᠦ ᠡᠭᠦᠷᠭᠡ ᠶᠢ ᠲᠣᠳᠣᠷᠬᠠᠶᠢᠯᠠᠭᠰᠠᠨ ᠪᠥᠭᠡᠳ ᠪᠦᠭᠦ ᠤᠯᠤᠰ ᠲᠤ ᠠᠮᠤ ᠪᠤᠳᠠᠭᠠᠨ ᠤ ᠦᠢᠯᠡᠳᠪᠦᠷᠢᠯᠡᠯ ᠤᠨ ᠴᠢᠳᠠᠪᠤᠷᠢ ᠶᠢ ᠳᠡᠭᠡᠭᠰᠢᠯᠡᠭᠦᠯᠭᠦ 720 ᠭᠤᠣᠯᠳᠠᠯᠭ᠎ᠠ ᠲᠠᠢ ᠰᠢᠶᠠᠨ ᠢ ᠪᠠᠶᠢᠷᠢᠯᠠᠭᠤᠯᠵᠤ᠂ ᠭᠤᠣᠯᠳᠠᠯᠭ᠎ᠠ ᠲᠠᠢ ᠠᠮᠤ ᠪᠤᠳᠠᠭᠠᠨ ᠤ ᠲᠥᠷᠥᠯ ᠵᠦᠢᠯ ᠪᠠ ᠦᠢᠯᠡᠳᠪᠦᠷᠢᠯᠡᠯ ᠤᠨ ᠴᠢᠳᠠᠪᠤᠷᠢ ᠶᠢ ᠳᠡᠭᠡᠭᠰᠢᠯᠡᠭᠦᠯᠭᠦ ᠡᠭᠦᠷᠭᠡ ᠶᠢ ᠪᠦᠲᠦᠮᠵᠢᠲᠡᠶ ᠨᠠᠶᠢᠳᠠᠪᠤᠷᠢᠵᠢᠭᠤᠯᠬᠤ ᠶᠢ ᠳᠠᠶᠢᠴᠢᠯᠠᠨ᠎ᠡ᠃      ᠠᠰᠠᠭᠤᠯᠲᠠ᠄ ᠮᠠᠨ ᠤ ᠤᠯᠤᠰ ᠤᠨ ᠠᠮᠤ ᠪᠤᠳᠠᠭᠠᠨ ᠤ ᠶᠡᠷᠦᠩᠬᠡᠶᠢᠯᠡᠭᠰᠡᠨ ᠦᠢᠯᠡᠳᠪᠦᠷᠢᠯᠡᠯ ᠤᠨ ᠴᠢᠳᠠᠪᠤᠷᠢ ᠶᠢ ᠳᠡᠭᠡᠭᠰᠢᠯᠡᠭᠦᠯᠭᠦ ᠶᠢᠨ ᠲᠣᠭᠤᠷᠢᠨ ᠳᠤ᠂ ᠲᠠᠷᠠᠭᠠᠴᠢ ᠶᠢᠨ ᠠᠯᠬᠤᠮ ᠤᠨ ᠠᠵᠢᠯ ᠤᠨ ᠲᠤᠬᠠᠢ ᠶᠠᠮᠠᠷ ᠶᠠᠮᠠᠷ ᠪᠣᠳᠣᠯᠬᠢᠯᠠᠯ ᠪᠠᠶᠢᠬᠤ ᠪᠤᠶ︖      ᠬᠠᠷᠢᠭᠤᠯᠲᠠ᠄ ᠠᠵᠢᠯᠯᠠᠭᠠᠨ ᠤ ᠲᠥᠰᠥᠯ ᠨᠢ ᠠᠮᠤ ᠪᠤᠳᠠᠭᠠᠨ ᠤ ᠦᠢᠯᠡᠳᠪᠦᠷᠢᠯᠡᠯ ᠤᠨ ᠵᠠᠩᠭᠢᠯᠠᠭ᠎ᠠ ᠶᠢᠨ ᠬᠦᠷᠢᠶ᠎ᠡ ᠪᠠ ᠪᠠᠭᠤᠷᠠᠢ ᠭᠤᠭᠴᠤᠭ᠎ᠠ ᠶᠢᠨ ᠲᠣᠭᠤᠷᠢᠨ ᠳᠤ᠂ ᠲᠠᠷᠢᠶᠠᠯᠠᠩ ᠤᠨ ᠤᠰᠤ ᠠᠷᠪᠢᠯᠠᠵᠤ ᠤᠰᠤ ᠬᠠᠩᠭᠠᠬᠤ᠂ ᠥᠨᠳᠥᠷ ᠪᠠᠷᠢᠮᠵᠢᠶᠠᠲᠤ ᠲᠠᠷᠢᠶᠠᠨ ᠭᠠᠵᠠᠷ ᠤᠨ ᠪᠦᠲᠦᠭᠡᠨ ᠪᠠᠶᠢᠭᠤᠯᠤᠯᠲᠠ᠂ ᠦᠷ᠎ᠡ ᠶᠢᠨ ᠦᠢᠯᠡᠰ ᠢ ᠬᠥᠭᠵᠢᠭᠦᠯᠦᠨ ᠮᠠᠨᠳᠤᠭᠤᠯᠬᠤ᠂ ᠠᠮᠤ ᠪᠤᠳᠠᠭᠠᠨ ᠤ ᠮᠦ ᠨᠢᠭᠡᠴᠢ ᠶᠢᠨ ᠤᠨᠠᠯᠲᠠ ᠶᠢ ᠳᠡᠭᠡᠭᠰᠢᠯᠡᠭᠦᠯᠭᠦ᠂ ᠠᠮᠤ ᠪᠤᠳᠠᠭᠠᠨ ᠤ ᠪᠣᠬᠢᠷᠳᠤᠯ ᠦᠭᠡᠢ ᠦᠢᠯᠡᠳᠪᠦᠷᠢᠯᠡᠯ᠂ ᠲᠠᠷᠢᠶᠠᠯᠠᠩ ᠤᠨ ᠮᠠᠰᠢᠨᠴᠢᠯᠠᠯᠲᠠ ᠶᠢᠨ ᠬᠡᠮᠵᠢᠶ᠎ᠡ ᠶᠢ ᠳᠡᠭᠡᠭᠰᠢᠯᠡᠭᠦᠯᠭᠦ᠂ ᠲᠠᠷᠢᠶᠠᠯᠠᠩ ᠤᠨ ᠭᠠᠮᠰᠢᠭ ᠢ ᠰᠡᠷᠭᠡᠶᠢᠯᠡᠵᠦ ᠭᠠᠮᠰᠢᠭ ᠢ ᠪᠠᠭᠠᠰᠬᠠᠬᠤ᠂ ᠬᠤᠵᠢᠷᠯᠢᠭ ᠭᠠᠵᠠᠷ ᠢ ᠶᠡᠷᠦᠩᠬᠡᠶᠢᠯᠡᠨ ᠠᠰᠢᠭᠯᠠᠬᠤ᠂ ᠠᠮᠤ ᠪᠤᠳᠠᠭ᠎ᠠ ᠡᠳ᠋ᠰᠢᠭᠦᠯᠬᠦ ᠬᠥᠮᠥᠷᠭᠡᠯᠡᠨ ᠨᠥᠭᠡᠴᠡᠯᠡᠬᠦ ᠪᠠᠷᠠᠭᠠᠨ ᠤ ᠭᠦᠢᠯᠭᠡᠭᠡᠨ ᠤ ᠴᠢᠳᠠᠪᠤᠷᠢ ᠶᠢᠨ ᠪᠠᠶᠢᠭᠤᠯᠤᠯᠲᠠ ᠵᠡᠷᠭᠡ 9 ᠵᠦᠢᠯ ᠤᠨ ᠲᠤᠯᠭᠠᠭᠤᠷᠢᠯᠠᠬᠤ ᠴᠢᠨᠠᠷᠲᠠᠢ ᠴᠢᠬᠤᠯᠠ ᠶᠡᠭᠡ ᠢᠨᠵᠧᠨᠧᠷᠢᠩ ᠢ ᠲᠥᠰᠥᠪᠯᠡᠨ ᠪᠠᠶᠢᠷᠢᠯᠠᠭᠤᠯᠪᠠ᠃ ᠪᠣᠳᠠᠲᠠᠢ ᠬᠡᠷᠡᠭᠵᠢᠭᠦᠯᠬᠦ ᠶᠠᠪᠤᠴᠠ ᠳᠤ᠂ ᠲᠥᠪ ᠪᠠ ᠣᠷᠣᠨ ᠨᠤᠲᠤᠭ᠂ ᠵᠠᠰᠠᠭ ᠤᠨ ᠣᠷᠳᠣᠨ ᠪᠠ ᠨᠡᠶᠢᠭᠡᠮ ᠵᠡᠷᠭᠡ ᠡᠯ᠎ᠡ ᠲᠠᠯ᠎ᠠ ᠶᠢᠨ ᠬᠦᠴᠦᠨ ᠢ ᠳᠠᠶᠢᠴᠢᠯᠠᠵᠤ᠂ ᠣᠯᠠᠨ ᠠᠷᠭ᠎ᠠ ᠵᠠᠮ ᠢᠶᠠᠷ ᠪᠡᠯᠡ ᠮᠥᠩᠭᠦ ᠴᠤᠭᠯᠠᠭᠤᠯᠤᠨ᠂ ᠪᠦᠲᠦᠭᠡᠨ ᠪᠠᠶᠢᠭᠤᠯᠬᠤ ᠴᠠᠭ ᠤᠨ ᠳᠠᠷᠠᠭᠠᠯᠠᠯ ᠢ ᠵᠦᠢ ᠵᠣᠬᠢᠰᠲᠠᠢ ᠲᠣᠬᠢᠷᠠᠭᠤᠯᠵᠤ᠂ ᠪᠠᠷᠢᠯᠭ᠎ᠠ ᠶᠢᠨ ᠪᠦᠲᠦᠭᠡᠨ ᠪᠠᠶᠢᠭᠤᠯᠤᠯᠲᠠ ᠶᠢ ᠯᠠᠪᠳᠠᠭᠤᠨ ᠪᠠᠲᠤᠲᠠᠢ ᠠᠬᠢᠭᠤᠯᠤᠨ᠂ ᠲᠠᠷᠢᠶᠠᠨ ᠭᠠᠵᠠᠷ ᠤᠨ ᠤᠰᠤᠨ ᠠᠰᠢᠭᠯᠠᠯᠲᠠ ᠵᠡᠷᠭᠡ ᠰᠠᠭᠤᠷᠢ ᠲᠥᠬᠦᠭᠡᠷᠦᠮᠵᠢ ᠶᠢᠨ ᠨᠥᠬᠦᠴᠡᠯ ᠢ ᠪᠦᠲᠦᠮᠵᠢᠲᠡᠶ ᠰᠠᠶᠢᠵᠢᠷᠠᠭᠤᠯᠵᠤ᠂ ᠦᠷ᠎ᠡ ᠶᠢᠨ ᠦᠢᠯᠡᠰ ᠤᠨ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠰᠢᠨ᠎ᠡ ᠶᠢ ᠡᠭᠦᠳᠬᠦ ᠵᠡᠷᠭᠡ ᠳᠤᠲᠠᠭᠤᠳᠠᠯ ᠪᠠ ᠪᠠᠭᠤᠷᠠᠢ ᠲᠠᠯ᠎ᠠ ᠶᠢ ᠲᠦᠷᠭᠡᠳᠬᠡᠨ ᠨᠥᠬᠦᠪᠦᠷᠢᠯᠡᠵᠦ᠂ ᠠᠮᠤ ᠪᠤᠳᠠᠭᠠᠨ ᠤ ᠶᠡᠷᠦᠩᠬᠡᠶᠢᠯᠡᠭᠰᠡᠨ ᠦᠢᠯᠡᠳᠪᠦᠷᠢᠯᠡᠯ ᠤᠨ ᠴᠢᠳᠠᠪᠤᠷᠢ ᠶᠢ ᠦᠨᠡᠨ ᠬᠦ ᠳᠡᠭᠡᠭᠰᠢᠯᠡᠭᠦᠯᠦᠨ᠎ᠡ᠃      ᠠᠰᠠᠭᠤᠯᠲᠠ᠄ ᠮᠢᠩᠭᠠᠨ ᠳ᠋ᠦᠩᠰᠢᠭᠤᠷ ᠵᠢᠩ ᠠᠮᠤ ᠪᠤᠳᠠᠭᠠᠨ ᠤ ᠦᠢᠯᠡᠳᠪᠦᠷᠢᠯᠡᠯ ᠤᠨ ᠴᠢᠳᠠᠪᠤᠷᠢ ᠶᠢ ᠰᠢᠨ᠎ᠡ ᠪᠠᠷ ᠨᠡᠮᠡᠭᠳᠡᠭᠦᠯᠬᠦ ᠬᠠᠷᠠᠯᠲᠠ ᠶᠢ ᠪᠡᠶᠡᠯᠡᠭᠦᠯᠬᠦ ᠶᠢ ᠦᠨᠡᠨ ᠬᠦ ᠪᠠᠲᠤᠯᠠᠬᠤ ᠶᠢᠨ ᠲᠥᠯᠥᠭᠡ᠂ ᠠᠵᠢᠯᠯᠠᠭᠠᠨ ᠤ ᠲᠥᠰᠥᠯ ᠳᠤ ᠶᠠᠮᠠᠷ ᠶᠠᠮᠠᠷ ᠪᠠᠲᠤᠯᠠᠭ᠎ᠠ ᠶᠢᠨ ᠠᠷᠭ᠎ᠠ ᠬᠡᠮᠵᠢᠶ᠎ᠡ ᠶᠢ ᠲᠣᠳᠣᠷᠬᠠᠶᠢᠯᠠᠭᠰᠠᠨ ᠪᠤᠶ︖      ᠬᠠᠷᠢᠭᠤᠯᠲᠠ᠄ ᠠᠵᠢᠯᠯᠠᠭᠠᠨ ᠤ ᠲᠥᠰᠥᠯ ᠳᠤ 6 ᠲᠠᠯ᠎ᠠ ᠶᠢᠨ ᠪᠠᠲᠤᠯᠠᠭ᠎ᠠ ᠶᠢᠨ ᠠᠷᠭ᠎ᠠ ᠬᠡᠮᠵᠢᠶ᠎ᠡ ᠪᠠ ᠳᠡᠮᠵᠢᠯᠭᠡ ᠶᠢᠨ ᠲᠥᠷᠥ ᠶᠢᠨ ᠪᠣᠳᠣᠯᠭ᠎ᠠ ᠶᠢ ᠪᠠᠶᠢᠷᠢᠯᠠᠭᠤᠯᠪᠠ᠄ ᠨᠢᠭᠡ ᠳᠤ ᠨᠠᠮ ᠤᠨ ᠪᠦᠭᠦ ᠲᠠᠯ᠎ᠠ ᠶᠢᠨ ᠤᠳᠤᠷᠢᠳᠤᠯᠭ᠎ᠠ ᠪᠠ ᠨᠠᠮ ᠤᠨ ᠲᠥᠪ ᠬᠤᠷᠢᠶ᠎ᠠ ᠶᠢᠨ ᠲᠥᠪᠯᠡᠷᠡᠩᠭᠦᠢ ᠨᠢᠭᠡᠳᠦᠯᠲᠡᠢ ᠤᠳᠤᠷᠢᠳᠤᠯᠭ᠎ᠠ ᠶᠢ ᠴᠢᠩᠭᠠᠳᠬᠠᠬᠤ ᠶᠢ ᠪᠠᠷᠢᠮᠲᠠᠯᠠᠵᠤ᠂ ᠣᠷᠣᠨ ᠨᠤᠲᠤᠭ ᠤᠨ ᠡᠯ᠎ᠡ ᠱᠠᠲᠤᠨ ᠤ ᠨᠠᠮ ᠤᠨ ᠬᠤᠷᠢᠶ᠎ᠠ ᠪᠠ ᠵᠠᠰᠠᠭ ᠤᠨ ᠣᠷᠳᠣᠨ ᠤ ᠬᠠᠷᠢᠭᠤᠴᠠᠯᠭ᠎ᠠ ᠶᠢ ᠪᠣᠳᠠᠲᠠᠶᠢᠵᠢᠭᠤᠯᠵᠤ᠂ ᠲᠠᠷᠢᠶᠠᠨ ᠭᠠᠵᠠᠷ ᠤᠨ ᠬᠠᠮᠠᠭᠠᠯᠠᠯᠲᠠ ᠪᠠ ᠠᠮᠤ ᠪᠤᠳᠠᠭᠠᠨ ᠤ ᠠᠮᠤᠷ ᠲᠦᠪᠰᠢᠨ ᠳᠤ ᠨᠠᠮ ᠵᠠᠰᠠᠭ ᠠᠳᠠᠯᠢ ᠬᠠᠷᠢᠭᠤᠴᠠᠯᠭ᠎ᠠ ᠡᠭᠦᠷᠭᠡᠯᠡᠬᠦ ᠶᠢ ᠨᠠᠶᠢᠳᠠᠪᠤᠷᠢᠵᠢᠭᠤᠯᠤᠨ᠎ᠠ᠃ ᠬᠤᠶᠠᠷ ᠲᠤ ᠤᠯᠠᠨ ᠠᠷᠭ᠎ᠠ ᠵᠠᠮ ᠢᠶᠠᠷ ᠪᠡᠯᠡ ᠮᠥᠩᠭᠦ ᠴᠤᠭᠯᠠᠭᠤᠯᠵᠤ᠂ ᠠᠮᠤ ᠪᠤᠳᠠᠭᠠᠨ ᠤ ᠦᠢᠯᠡᠳᠪᠦᠷᠢᠯᠡᠯ ᠤᠨ ᠣᠷᠣᠭᠤᠯᠤᠯᠲᠠ ᠶᠢᠨ ᠪᠠᠲᠤᠯᠠᠭ᠎ᠠ ᠶᠢ ᠴᠢᠩᠭᠠᠳᠬᠠᠵᠤ᠂ ᠡᠯ᠎ᠡ ᠲᠠᠯ᠎ᠠ ᠶᠢᠨ ᠬᠦᠴᠦᠨ ᠢ ᠪᠦᠲᠦᠮᠵᠢᠲᠡᠢ ᠲᠠᠶᠢᠴᠢᠯᠠᠵᠥ᠂ ᠠᠮᠤ ᠪᠤᠳᠠᠭᠠᠨ ᠤ ᠦᠢᠯᠡᠳᠪᠦᠷᠢᠯᠡᠯ ᠤᠨ ᠴᠢᠳᠠᠪᠤᠷᠢ ᠶᠢᠨ ᠳᠡᠭᠡᠭᠰᠢᠯᠡᠯᠲᠡ ᠶᠢ ᠲᠤᠯᠭᠠᠭᠤᠷᠢᠯᠠᠬᠤ ᠲᠥᠪᠯᠡᠷᠡᠩᠭᠦᠢ ᠦᠢᠯᠡᠳᠦᠯ ᠢ ᠪᠦᠷᠢᠯᠳᠦᠭᠦᠯᠦᠨ᠎ᠡ᠃ ᠭᠤᠷᠪᠠ ᠳᠤ ᠠᠮᠤ ᠪᠤᠳᠠᠭ᠎ᠠ ᠲᠠᠷᠢᠵᠤ ᠪᠠᠶᠢᠭ᠎ᠠ ᠲᠠᠷᠢᠶᠠᠴᠢᠳ ᠤᠨ ᠠᠰᠢᠭ ᠣᠷᠣᠯᠭ᠎ᠠ ᠶᠢ ᠪᠠᠲᠤᠯᠠᠬᠤ ᠲᠣᠭᠲᠠᠴᠠ ᠶᠢ ᠲᠡᠭᠦᠯᠳᠡᠷᠵᠢᠭᠦᠯᠵᠦ᠂ ᠠᠮᠤ ᠪᠤᠳᠠᠭᠠᠨ ᠤ ᠭᠤᠣᠯ ᠭᠠᠷᠤᠯᠲᠠ ᠶᠢᠨ ᠣᠷᠣᠨ ᠤ ᠠᠰᠢᠭ ᠲᠤᠰᠠ ᠶᠢ ᠨᠥᠬᠦᠪᠦᠷᠢᠯᠡᠬᠦ ᠲᠣᠭᠲᠠᠴᠠ ᠶᠢ ᠪᠦᠷᠢᠨᠰᠢᠭᠦᠯᠵᠦ᠂ ᠲᠠᠷᠢᠶᠠᠴᠢᠳ ᠤᠨ ᠠᠮᠤ ᠪᠤᠳᠠᠭ᠎ᠠ ᠲᠠᠷᠢᠬᠤ ᠪᠠ ᠭᠤᠣᠯ ᠭᠠᠷᠤᠯᠲᠠ ᠶᠢᠨ ᠣᠷᠣᠨ ᠤ ᠠᠮᠤ ᠪᠤᠳᠠᠭ᠎ᠠ ᠶᠢ ᠠᠳᠬᠤᠬᠤ ᠢᠳᠡᠪᠬᠢᠵᠢᠯ ᠢ ᠳᠡᠭᠡᠭᠰᠢᠯᠡᠭᠦᠯᠦᠨ᠎ᠡ᠃ ᠳᠥᠷᠪᠡ ᠳᠤ ᠮᠥᠩᠭᠦᠨ ᠭᠦᠢᠯᠭᠡᠭᠡᠨ ᠤ ᠳᠡᠮᠵᠢᠯᠭᠡ ᠶᠢᠨ ᠲᠥᠷᠥ ᠶᠢᠨ ᠪᠣᠳᠣᠯᠭ᠎ᠠ ᠶᠢᠨ ᠰᠢᠨ᠎ᠡ ᠶᠢ ᠡᠭᠦᠳᠴᠦ᠂ ᠮᠥᠩᠭᠦᠨ ᠭᠦᠢᠯᠭᠡᠭᠡᠨ ᠤ ᠪᠠᠶᠢᠭᠤᠯᠤᠮᠵᠢ ᠶᠢᠨ ᠠᠮᠤ ᠪᠤᠳᠠᠭᠠᠨ ᠤ ᠦᠢᠯᠡᠳᠪᠦᠷᠢᠯᠡᠯ ᠤᠨ ᠬᠠᠮᠢᠶ᠎ᠠ ᠪᠦᠬᠦᠢ ᠢᠲᠡᠭᠡᠮᠵᠢᠲᠦ ᠵᠢᠭᠡᠯᠡᠯᠭᠡ ᠲᠠᠯᠪᠢᠬᠤ ᠶᠢ ᠵᠣᠷᠢᠭᠵᠢᠭᠤᠯᠤᠨ᠎ᠠ᠃ ᠲᠠᠪᠤ ᠳᠤ ᠠᠮᠤ ᠪᠤᠳᠠᠭᠠᠨ ᠤ ᠦᠢᠯᠡᠳᠪᠦᠷᠢᠯᠡᠯ ᠤᠨ ᠵᠣᠬᠢᠬᠤ ᠬᠡᠪᠴᠢᠶᠡᠲᠦ ᠡᠵᠡᠩᠨᠡᠯᠲᠡ ᠶᠢ ᠠᠬᠢᠭᠤᠯᠵᠤ᠂ ᠰᠢᠨ᠎ᠡ ᠭᠡᠯᠪᠡᠷᠢ ᠶᠢᠨ ᠬᠥᠳᠡᠭᠡ ᠠᠵᠤ ᠠᠬᠤᠢ ᠶᠢᠨ ᠡᠵᠡᠩᠨᠡᠯᠲᠡ ᠶᠢᠨ ᠭᠤᠣᠯ ᠴᠣᠭᠴᠠ ᠶᠢ ᠶᠡᠭᠡ ᠪᠠᠷ ᠪᠣᠶᠢᠵᠢᠭᠤᠯᠵᠤ᠂ ᠬᠥᠳᠡᠭᠡ ᠠᠵᠤ ᠠᠬᠤᠢ ᠶᠢᠨ ᠨᠡᠶᠢᠭᠡᠮᠴᠢᠯᠡᠭᠰᠡᠨ ᠦᠢᠯᠡᠴᠢᠯᠡᠭᠡᠨ ᠤ ᠴᠢᠳᠠᠪᠤᠷᠢ ᠶᠢ ᠳᠡᠭᠡᠭᠰᠢᠯᠡᠭᠦᠯᠦᠨ᠎ᠡ᠃ ᠵᠢᠷᠭᠤᠭ᠎ᠠ ᠳᠤ ᠤᠳᠤ ᠦᠶ᠎ᠡ ᠶᠢᠨ ᠠᠮᠤ ᠪᠤᠳᠠᠭᠠᠨ ᠤ ᠭᠦᠢᠯᠭᠡᠭᠡᠨ ᠤ ᠰᠢᠰᠲ᠋ᠧᠮ ᠢ ᠲᠡᠭᠦᠯᠳᠡᠷᠵᠢᠭᠦᠯᠵᠦ᠂ ᠠᠮᠤ ᠪᠤᠳᠠᠭᠠᠨ ᠤ ᠨᠥᠭᠡᠴᠡᠯᠡᠯᠲᠡ ᠶᠢ ᠲᠣᠬᠢᠷᠠᠭᠤᠯᠤᠨ ᠡᠵᠡᠮᠳᠡᠬᠦ ᠴᠢᠳᠠᠪᠤᠷᠢ ᠶᠢ ᠳᠡᠭᠡᠭᠰᠢᠯᠡᠭᠦᠯᠵᠦ᠂ ᠠᠮᠤ ᠪᠤᠳᠠᠭᠠᠨ ᠤ ᠵᠠᠬ᠎ᠠ ᠳᠡᠯᠭᠡᠭᠦᠷ ᠤᠨ ᠲᠣᠬᠢᠷᠠᠭᠤᠯᠤᠨ ᠡᠵᠡᠮᠳᠡᠬᠦ ᠰᠢᠰᠲ᠋ᠧᠮ ᠢ ᠲᠡᠭᠦᠯᠳᠡᠷᠵᠢᠭᠦᠯᠵᠦ᠂ ᠠᠮᠤ ᠪᠤᠳᠠᠭᠠᠨ ᠤ ᠦᠨ᠎ᠡ ᠬᠠᠩᠰᠢ ᠶᠢᠨ ᠵᠦᠢ ᠵᠣᠬᠢᠰᠲᠠᠢ ᠲᠦᠪᠰᠢᠨ ᠢ ᠪᠠᠲᠤᠯᠠᠨ᠎ᠠ᠃ 
ᠢᠷᠡᠯᠲᠡ᠄ ᠲᠤᠮᠳᠠᠳᠤ ᠤᠯᠤᠰ ᠤᠨ ᠮᠣᠩᠭᠤᠯ ᠬᠡᠯᠡᠨ ᠤ ᠰᠣᠨᠢᠨ ᠮᠡᠳᠡᠭᠡ ᠶᠢᠨ ᠰᠦᠯᠵᠢᠶ᠎ᠡ