ᠮᠠᠨ ᠤ ᠤᠯᠤᠰ ᠲᠤ ᠴᠡᠴᠡᠭ ᠤᠨ ᠲᠣᠭᠤᠰᠣᠨ ᠳᠤ ᠬᠠᠷᠰᠢᠬᠤ ᠬᠥᠮᠥᠰ ᠶᠠᠪᠤᠬᠤ ᠲᠤᠰᠤᠮ ᠣᠯᠠᠰᠢᠷᠠᠵᠤ᠂ 4 ᠰᠠᠷ᠎ᠠ ᠲᠠᠢ ᠨᠢᠯᠬ᠎ᠠ ᠬᠡᠦᠬᠡᠳ ᠠᠴᠠ ᠠᠪᠤᠭᠠᠳ | 60 ᠨᠠᠰᠤᠨ ᠠᠴᠠ ᠳᠡᠭᠡᠭᠰᠢᠬᠢ ᠨᠠᠰᠤᠲᠠᠨ ᠬᠦᠷᠲᠡᠯ᠎ᠡ ᠪᠦᠷ ᠴᠡᠴᠡᠭ ᠤᠨ ᠲᠣᠭᠤᠰᠣᠨ ᠳᠤ ᠬᠠᠷᠰᠢᠬᠤ ᠪᠠᠶᠢᠳᠠᠯ ᠢᠯᠡᠷᠡᠵᠦ ᠪᠠᠶᠢᠨ᠎ᠠ᠃ ᠲᠡᠭᠡᠪᠡᠯ ᠴᠡᠴᠡᠭ ᠤᠨ | ᠲᠣᠭᠤᠰᠣ ᠶᠢ ᠬᠡᠷᠬᠢᠨ ᠰᠡᠷᠭᠡᠶᠢᠯᠡᠪᠡᠯ ᠵᠣᠬᠢᠬᠤ ᠪᠣᠢ︖ ᠡᠨᠡ ᠲᠤᠬᠠᠢ ᠪᠡᠭᠡᠵᠢᠩ ᠬᠤᠲᠠ ᠶᠢᠨ ᠡᠪᠡᠳᠴᠢᠨ ᠬᠢᠵᠢᠭ ᠢ ᠰᠡᠷᠭᠡᠶᠢᠯᠡᠨ ᠳᠠᠷᠤᠬᠤ ᠲᠥᠪ ᠤᠨ ᠬᠢᠨ | ᠬᠠᠮᠢᠶᠠᠲᠠᠢ ᠮᠡᠳᠡᠭᠡ ᠨᠡᠶᠢᠲᠡᠯᠡᠵᠦ ᠣᠯᠠᠨ ᠳᠤ ᠰᠠᠨᠠᠭᠤᠯᠤᠭᠰᠠᠨ ᠪᠠᠶᠢᠨ᠎ᠠ᠃ ᠲᠤᠬᠠᠶᠢᠯᠠᠪᠠᠯ᠂ | ᠨᠢᠭᠡ ᠳᠤ᠂ ᠬᠤᠸᠠᠷ ᠴᠡᠴᠡᠭ ᠲᠠᠢ ᠰᠢᠭᠤᠳ ᠣᠶᠢᠷᠠᠲᠤᠬᠤ ᠦᠭᠡᠢ᠃ ᠭᠠᠳᠠᠭᠰᠢ ᠭᠠᠷᠬᠤ ᠪᠠᠨ ᠴᠥᠭᠡᠳᠬᠡᠵᠦ᠂ ᠣᠨᠴᠠᠭᠠᠶᠢᠯᠠᠨ ᠴᠡᠴᠡᠭ ᠤᠨ ᠲᠣᠭᠤᠰᠣ ᠶᠡᠬᠡᠲᠡᠢ | ᠦᠶᠡᠰ᠂ ᠡᠭᠦᠳᠡ ᠴᠣᠩᠬᠤ ᠪᠠᠨ ᠪᠢᠲᠡᠭᠦᠮᠵᠢᠯᠡᠵᠦ᠂ ᠴᠢᠳᠠᠪᠠᠯ ᠭᠡᠷ ᠳᠣᠲᠣᠷ᠎ᠠ ᠪᠠᠨ ᠠᠭᠠᠷ ᠴᠡᠪᠡᠷᠰᠢᠭᠦᠯᠬᠦ ᠮᠠᠰᠢᠨ ᠢ ᠬᠡᠷᠡᠭᠯᠡᠬᠦ ᠬᠡᠷᠡᠭᠲᠡᠢ᠃ | ᠬᠤᠶᠠᠷ ᠲᠤ᠂ ᠭᠠᠳᠠᠭᠰᠢ ᠭᠠᠷᠪᠠᠯ ᠰᠡᠷᠭᠡᠶᠢᠯᠡᠯᠲᠡ ᠪᠠᠨ ᠰᠠᠶᠢᠨ ᠬᠢᠬᠦ ᠬᠡᠷᠡᠭᠲᠡᠢ᠃ ᠭᠠᠳᠠᠭᠰᠢ ᠭᠠᠷᠬᠤ ᠳᠠᠭᠠᠨ ᠤᠷᠲᠤ ᠬᠠᠨᠴᠤᠢ ᠲᠠᠢ ᠬᠤᠪᠴᠠᠰᠤ ᠡᠮᠦᠰᠴᠦ᠂ | ᠠᠮᠠᠪᠴᠢ᠂ ᠨᠢᠳᠦᠨ ᠰᠢᠯ ᠵᠡᠭᠦᠵᠦ᠂ ᠮᠠᠰᠢᠨ ᠵᠢᠯᠤᠭᠤᠳᠬᠤ ᠳᠠᠭᠠᠨ ᠴᠣᠩᠬᠤ ᠶᠢ ᠨᠢ ᠴᠢᠩᠭ᠎ᠠ ᠬᠠᠭᠠᠬᠤ ᠬᠡᠷᠡᠭᠲᠡᠢ᠃ ᠭᠡᠷ ᠲᠡᠭᠡᠨ ᠬᠠᠷᠢᠭᠰᠠᠨ ᠤ ᠳᠠᠷᠠᠭ᠎ᠠ ᠭᠠᠳᠠᠷ | ᠬᠤᠪᠴᠠᠰᠤ ᠪᠠᠨ ᠳᠠᠷᠤᠶᠢᠬᠠᠨ ᠰᠣᠯᠢᠵᠤ᠂ ᠨᠢᠭᠤᠷ ᠢᠶᠠᠨ ᠤᠬᠢᠶᠠᠵᠤ᠂ ᠠᠮᠠ ᠬᠠᠮᠠᠷ ᠢᠶᠠᠨ ᠵᠠᠶᠢᠯᠬᠤ ᠬᠡᠷᠡᠭᠲᠡᠢ᠃ | ᠭᠤᠷᠪᠠ ᠳᠤ᠂ ᠳᠠᠷᠬᠠᠯᠠᠭ᠎ᠠ ᠪᠠᠨ ᠰᠠᠶᠢᠵᠢᠷᠠᠭᠤᠯᠬᠤ ᠬᠡᠷᠡᠭᠲᠡᠢ᠃ ᠡᠭᠦᠨ ᠳᠤ ᠰᠠᠶᠢᠨ ᠤᠨᠲᠠᠵᠤ ᠠᠮᠠᠷᠠᠨ᠂ ᠢᠳᠡᠭᠡᠨ ᠤᠮᠳᠠᠭᠠᠨ ᠢᠶᠠᠨ ᠵᠣᠬᠢᠴᠠᠭᠤᠯᠵᠤ᠂ ᠰᠢᠨ᠎ᠡ | ᠰᠣᠷᠭᠤᠭ ᠨᠣᠭᠤᠭ᠎ᠠ ᠵᠢᠮᠢᠰ ᠢᠯᠡᠭᠦᠬᠡᠨ ᠢᠳᠡᠵᠦ᠂ ᠲᠣᠭᠲᠠᠭᠰᠠᠨ ᠬᠤᠭᠤᠴᠠᠭᠠᠨ ᠳᠤ ᠪᠡᠶ᠎ᠡ ᠪᠠᠨ ᠪᠣᠯᠪᠠᠰᠤᠷᠠᠭᠤᠯᠬᠤ ᠬᠡᠷᠡᠭᠲᠡᠢ᠃ | ᠳᠥᠷᠪᠡ ᠳᠤ᠂ ᠬᠠᠷᠰᠢᠬᠤ ᠪᠠᠶᠢᠳᠠᠯ ᠬᠦᠨᠳᠦᠷᠡᠪᠡᠯ ᠳᠠᠷᠤᠶᠢᠬᠠᠨ ᠡᠮᠴᠢᠯᠡᠭᠦᠯᠬᠦ ᠬᠡᠷᠡᠭᠲᠡᠢ᠃ ᠠᠮᠠᠷᠬᠠᠨ ᠬᠠᠷᠰᠢᠳᠠᠭ ᠪᠠ ᠠᠭᠰᠠᠭ᠎ᠠ ᠡᠪᠡᠳᠴᠢᠨ ᠲᠠᠢ ᠬᠥᠮᠥᠰ | ᠬᠤᠪᠴᠠᠰᠤ ᠬᠤᠨᠠᠷ ᠢᠶᠠᠨ ᠲᠣᠬᠢᠷᠠᠭᠤᠯᠵᠤ᠂ ᠵᠢᠩᠭᠢᠨᠡᠵᠦ ᠳᠠᠭᠠᠷᠠᠭᠠᠳ ᠬᠢᠮᠤᠷᠠᠭ᠎ᠠ ᠲᠠᠭᠰᠢᠭᠤᠷ ᠣᠯᠬᠤ ᠠᠴᠠ ᠪᠣᠯᠭᠤᠮᠵᠢᠯᠠᠬᠤ ᠬᠡᠷᠡᠭᠲᠡᠢ᠃ ᠬᠠᠷᠰᠢᠬᠤ ᠪᠠᠶᠢᠳᠠᠯ | ᠬᠦᠨᠳᠦᠷᠡᠪᠡᠯ ᠳᠠᠷᠤᠶᠢᠬᠠᠨ ᠡᠮᠴᠢᠯᠡᠭᠦᠯᠬᠦ ᠬᠡᠷᠡᠭᠲᠡᠢ᠃ | | |