ᠥᠪᠡᠷᠲᠡᠭᠡᠨ ᠵᠠᠰᠠᠬᠤ ᠣᠷᠣᠨ ᠤ ᠵᠠᠮ ᠬᠠᠷᠢᠯᠴᠠᠭ᠎ᠠ ᠲᠡᠭᠡᠭᠡᠪᠦᠷᠢ ᠶᠢᠨ ᠲᠢᠩᠬᠢᠮ ᠠᠴᠠ ᠣᠶᠢᠯᠠᠭᠠᠭᠰᠠᠨ ᠢᠶᠠᠷ᠂ 2023 ᠣᠨ ᠳᠤ ᠮᠠᠨ ᠤ ᠣᠷᠣᠨ ᠮᠠᠰᠢᠨ | ᠲᠡᠷᠭᠡᠨ ᠤ ᠵᠢᠯᠣᠭᠤᠴᠢ ᠶᠢᠨ ᠪᠣᠯᠪᠠᠰᠤᠷᠠᠯ᠂ ᠤᠯᠤᠰ ᠤᠨ ᠵᠠᠰᠠᠮᠠᠯ ᠵᠠᠮ ᠤᠨ ᠠᠷᠠᠴᠢᠯᠠᠯᠲᠠ ᠬᠠᠮᠢᠶᠠᠷᠤᠯᠲᠠ ᠵᠡᠷᠭᠡ ᠣᠯᠠᠨ ᠲᠦᠮᠡᠨ ᠤ ᠲᠤᠰᠬᠠᠯ ᠲᠣᠪᠣᠶᠢᠮ᠎ᠠ | ᠠᠰᠠᠭᠤᠳᠠᠯ ᠢ ᠭᠤᠣᠯᠳᠠᠯᠭ᠎ᠠ ᠲᠠᠢ ᠰᠢᠢᠳᠪᠦᠷᠢᠯᠡᠵᠦ᠂ ᠮᠠᠰᠢᠨ ᠲᠡᠷᠭᠡᠨ ᠤ ᠵᠢᠯᠣᠭᠤᠴᠢ ᠶᠢᠨ ᠪᠣᠯᠪᠠᠰᠤᠷᠠᠯ ᠢ ᠰᠠᠶᠢᠵᠢᠷᠠᠭᠤᠯᠤᠨ᠂ ᠦᠢᠯᠡᠴᠢᠯᠡᠭᠡᠨ ᠤ ᠶᠠᠰᠤ ᠴᠢᠨᠠᠷ ᠢ | ᠳᠡᠭᠡᠭᠰᠢᠯᠡᠭᠦᠯᠵᠤ᠂ ᠪᠦᠭᠦ ᠣᠷᠣᠨ ᠤ ᠵᠠᠮ ᠬᠠᠷᠢᠯᠴᠠᠭᠠᠨ ᠤ ᠬᠤᠯᠪᠣᠭᠳᠠᠯ ᠪᠦᠬᠦᠢ ᠠᠵᠢᠯ ᠤᠨ ᠪᠢᠴᠢᠭ ᠪᠠᠷᠢᠮᠲᠠ ᠶᠢ ᠰᠢᠢᠳᠪᠦᠷᠢᠯᠡᠵᠦ ᠳᠠᠭᠤᠰᠬᠠᠭᠰᠠᠨ ᠨᠣᠷᠮ᠎ᠠ 67. | 66% ᠪᠠᠶᠢᠭᠰᠠᠨ ᠠᠴᠠ ᠪᠠᠨ 100% ᠪᠣᠯᠣᠨ ᠳᠡᠭᠡᠭᠰᠢᠯᠡᠪᠡ᠃ | 2023 ᠣᠨ ᠳᠤ ᠮᠠᠨ ᠤ ᠣᠷᠣᠨ ᠤ 12345 ᠬᠠᠯᠠᠮᠰᠢᠯ ᠤᠲᠠᠰᠤ ᠨᠡᠶᠢᠲᠡ 4575 ᠬᠤᠪᠢ ᠠᠵᠢᠯ ᠤᠨ ᠪᠢᠴᠢᠭ ᠪᠠᠷᠢᠮᠲᠠ ᠶᠢ ᠭᠥᠯᠢᠶᠡᠨ ᠠᠪᠴᠤ᠂ | ᠰᠢᠢᠳᠪᠦᠷᠢᠯᠡᠭᠰᠡᠨ ᠨᠣᠷᠮ᠎ᠠ 99% ᠬᠦᠷᠴᠦ᠂ ᠳᠡᠭᠡᠷ᠎ᠡ ᠵᠢᠯ ᠤᠨ ᠬᠢ ᠠᠴᠠ ᠵᠠᠭᠤᠨ ᠤ ᠬᠠᠷᠢᠴᠠᠯ ᠢᠶᠠᠷ 1.71 ᠬᠤᠪᠢ ᠲᠠᠭᠡᠭᠰᠢᠯᠡᠪᠡ; ᠬᠠᠨᠤᠮᠵᠢ ᠶᠢᠨ ᠨᠣᠷᠮ᠎ᠠ | 99.18% ᠳᠤ ᠬᠦᠷᠴᠦ᠂ ᠳᠡᠭᠡᠷ᠎ᠡ ᠵᠢᠯ ᠤᠨ ᠬᠢ ᠠᠴᠠ ᠵᠠᠭᠤᠨ ᠤ ᠬᠠᠷᠢᠴᠠᠯ ᠢᠶᠠᠷ 1.44 ᠬᠤᠪᠢ ᠨᠡᠮᠡᠭᠳᠡᠪᠡ᠃ 12328 ᠬᠠᠯᠠᠮᠰᠢᠯ ᠤᠲᠠᠰᠤᠨ ᠤ ᠠᠵᠢᠯ ᠤᠨ | ᠪᠢᠴᠢᠭ ᠪᠠᠷᠢᠮᠲᠠ ᠶᠢᠨ ᠲᠦᠷᠦᠯ ᠠᠩᠭᠢᠯᠠᠯ ᠤᠨ ᠵᠥᠪ ᠣᠨᠣᠪᠴᠢᠲᠤ ᠨᠤᠷᠮ᠎ᠠ᠂ ᠰᠢᠢᠳᠪᠦᠷᠢᠯᠡᠵᠦ ᠳᠠᠭᠤᠰᠬᠠᠭᠰᠠᠨ ᠨᠤᠷᠮ᠎ᠠ᠂ ᠴᠡᠭᠴᠡᠯᠡᠨ ᠰᠠᠶᠢᠵᠢᠷᠠᠭᠤᠯᠤᠭᠰᠠᠨ ᠨᠤᠷᠮ᠎ᠠ | ᠴᠥᠮ ᠢᠯᠡᠳᠲᠡ ᠳᠡᠭᠡᠭᠰᠢᠯᠡᠵᠡᠢ᠃ | ᠮᠠᠨ ᠤ ᠣᠷᠣᠨ 12345᠂ 12328 ᠬᠠᠯᠠᠮᠰᠢᠯ ᠤᠲᠠᠰᠤᠨ ᠤ ᠠᠵᠢᠯ ᠤᠨ ᠦᠷ᠎ᠡ ᠪᠦᠲᠦᠮᠵᠢ ᠶᠢ ᠳᠡᠭᠡᠭᠰᠢᠯᠡᠭᠦᠯᠭᠦ ᠶᠢᠨ ᠲᠥᠯᠥᠭᠡ ᠠᠵᠢᠯ ᠤᠨ ᠳᠦᠷᠢᠮ | ᠢ ᠪᠠᠶᠢᠭᠤᠯᠵᠤ᠂ ᠬᠠᠮᠢᠶᠠᠷᠤᠯᠲᠠ ᠶᠢᠨ ᠠᠷᠭ᠎ᠠ ᠭᠡᠯᠪᠡᠷᠢ ᠶᠢ ᠰᠠᠶᠢᠵᠢᠷᠠᠭᠤᠯᠤᠨ᠂ ᠠᠷᠠᠳ ᠲᠤ ᠲᠥᠭᠦᠮ ᠦᠵᠡᠭᠦᠯᠭᠦ ᠲᠤᠬᠠᠶᠢᠯᠠᠭᠰᠠᠨ ᠠᠵᠢᠯ ᠤᠨ ᠵᠢᠷᠤᠮᠵᠢᠯ᠂ ᠪᠣᠯᠵᠣᠨ | ᠶᠠᠷᠢᠯᠴᠠᠬᠤ ᠳᠦᠷᠢᠮ᠂ ᠬᠢᠨᠠᠯᠲᠠ ᠲᠠᠯᠪᠢᠵᠤ ᠵᠣᠬᠢᠴᠠᠭᠤᠯᠬᠤ ᠲᠣᠭᠲᠠᠴᠠ ᠵᠡᠷᠭᠡ ᠪᠢᠴᠢᠭ ᠮᠠᠲ᠋ᠧᠷᠢᠶᠠᠯ ᠢ ᠳᠠᠷᠤᠮᠠᠯᠯᠠᠨ ᠲᠠᠷᠬᠠᠭᠠᠵᠤ᠂ ᠬᠠᠯᠠᠮᠰᠢᠯ ᠤᠲᠠᠰᠤᠨ ᠤ | ᠲᠤᠬᠠᠶᠢᠯᠠᠭᠰᠠᠨ ᠠᠵᠢᠯ ᠤᠨ ᠦᠷ᠎ᠡ ᠪᠦᠲᠦᠮᠵᠢ ᠶᠢ ᠤᠯᠠᠮ ᠳᠡᠭᠡᠭᠰᠢᠯᠡᠭᠦᠯᠪᠡ; ᠰᠠᠨᠠᠭᠠᠴᠢᠯᠠᠭ᠎ᠠ ᠠᠴᠠ ᠪᠠᠨ ᠨᠡᠪᠲᠡᠷᠡᠯᠴᠡᠨ ᠰᠣᠯᠢᠯᠴᠠᠵᠤ᠂ ᠲᠤᠬᠠᠶᠢᠯᠠᠭᠰᠠᠨ ᠠᠵᠢᠯ ᠢ | ᠬᠤᠪᠢᠶᠠᠷᠢᠯᠠᠬᠤ᠂ ᠬᠠᠯᠠᠮᠰᠢᠯ ᠤᠲᠠᠰᠤ ᠶᠢᠨ ᠬᠠᠮᠢᠶᠠᠷᠤᠯᠲᠠ ᠵᠡᠷᠭᠡ ᠠᠵᠢᠯ ᠢ ᠰᠤᠳᠤᠯᠤᠨ ᠵᠣᠬᠢᠴᠠᠭᠤᠯᠪᠠ᠃ ᠪᠠᠰᠠ ᠣᠯᠠᠨ ᠲᠦᠮᠡᠨ ᠤ ᠲᠤᠰᠬᠠᠭᠰᠠᠨ ᠮᠠᠰᠢᠨ ᠲᠡᠷᠭᠡᠨ | ᠤ ᠵᠢᠯᠣᠭᠤᠴᠢ ᠶᠢᠨ ᠪᠣᠯᠪᠠᠰᠤᠷᠠᠯ ᠤᠨ ᠵᠠᠷᠤᠳᠠᠯ ᠤᠨ ᠵᠢᠭᠤᠷᠠᠭᠠᠨ᠂ ᠪᠣᠯᠪᠠᠰᠤᠷᠠᠯ ᠤᠨ ᠶᠠᠰᠤ ᠴᠢᠨᠠᠷ᠂ ᠦᠢᠯᠡᠴᠢᠯᠡᠭᠡᠨ ᠤ ᠣᠪᠣᠷ ᠵᠡᠷᠭᠡ ᠠᠰᠠᠭᠤᠳᠠᠯ ᠳᠤ ᠴᠢᠭᠯᠡᠭᠦᠯᠦᠨ | ᠪᠤᠭᠤᠲᠤ ᠬᠤᠲᠠ᠂ ᠣᠷᠳᠣᠰ ᠬᠤᠲᠠ ᠳᠤ ︽ᠤᠷᠢᠳ ᠢᠶᠠᠷ ᠰᠤᠷᠴᠤ ᠳᠠᠷᠠᠭ᠎ᠠ ᠨᠢ ᠲᠣᠭᠠᠴᠠᠭ᠎ᠠ ᠬᠢᠬᠦ︾ ᠪᠣᠯᠪᠠᠰᠤᠷᠠᠯ ᠤᠨ ᠵᠠᠭᠪᠤᠷ ᠢ ᠳᠡᠯᠭᠡᠷᠡᠭᠦᠯᠵᠦ᠂ ᠪᠣᠯᠪᠠᠰᠤᠨ | ᠢᠲᠡᠭᠡᠮᠵᠢᠲᠡᠢ ᠴᠢᠨᠠᠷ ᠰᠠᠶᠢᠲᠠᠢ ᠦᠢᠯᠡᠴᠢᠯᠡᠭᠡᠨ ᠤ ᠵᠢᠯᠤᠭᠤᠳᠬᠤ ᠪᠠᠶᠢᠭᠤᠯᠤᠮᠵᠢ ᠶᠢ ᠡᠭᠦᠳᠦᠨ ᠪᠠᠶᠢᠭᠤᠯᠵᠤ᠂ ᠠᠵᠢᠯ ᠲᠥᠷᠥᠯ ᠤᠨ ᠦᠢᠯᠡᠴᠢᠯᠡᠭᠡᠨ ᠤ ᠴᠢᠨᠠᠷ | ᠴᠢᠨᠰᠠᠭ᠎ᠠ ᠶᠢ ᠳᠡᠭᠡᠭᠰᠢᠯᠡᠭᠦᠯᠦᠭᠰᠡᠨ ᠪᠠᠶᠢᠨ᠎ᠠ᠃ | | |