ᠦᠶᠤᠸᠠᠨ ᠰᠢᠶᠠᠨ 2024 ᠣᠨ ᠤ ᠰᠢᠶᠠᠨ ᠤ ᠨᠠᠮ ᠤᠨ ᠬᠤᠷᠢᠶᠠᠨ ᠤ ᠨᠠᠮ ᠤᠨ ᠪᠠᠶᠢᠭᠤᠯᠤᠯᠲᠠ ᠶᠢᠨ ᠠᠵᠢᠯ ᠤᠨ ᠤᠳᠤᠷᠢᠳᠬᠤ ᠳᠤᠭᠤᠶᠢᠯᠠᠩ ᠤᠨ ᠠᠩᠬᠠᠳᠤᠭᠠᠷ ᠤᠳᠠᠭᠠᠨ ᠤ ᠬᠤᠷᠠᠯ ᠬᠤᠷᠠᠯᠳᠤᠪᠠ
ᠨᠡᠶᠢᠲᠡᠯᠡᠭᠰᠡᠨ ᠴᠠᠭ᠄
2024/4/18
      4 ᠰᠠᠷ᠎ᠠ ᠶᠢᠨ 15 ᠤ ᠡᠳᠦᠷ ᠂ 2024 ᠣᠨ ᠤ ᠰᠢᠶᠠᠨ ᠤ ᠨᠠᠮ ᠤᠨ ᠬᠤᠷᠢᠶᠠᠨ ᠤ ᠨᠠᠮ ᠤᠨ ᠪᠠᠶᠢᠭᠤᠯᠤᠯᠲᠠ ᠶᠢᠨ ᠠᠵᠢᠯ ᠤᠨ ᠤᠳᠤᠷᠢᠳᠬᠤ ᠳᠤᠭᠤᠶᠢᠯᠠᠩ ᠤᠨ ᠠᠩᠬᠠᠳᠤᠭᠠᠷ ᠤᠳᠠᠭᠠᠨ ᠤ ᠬᠤᠷᠠᠯ ᠬᠤᠷᠠᠯᠳᠤᠪᠠ᠃ ᠬᠤᠲᠠ ᠶᠢᠨ ᠵᠠᠰᠠᠭ ᠤᠨ ᠣᠷᠳᠣᠨ ᠤ ᠳᠡᠳ᠋ ᠳᠠᠷᠤᠭ᠎ᠠ᠂ ᠰᠢᠶᠠᠨ ᠤ ᠨᠠᠮ ᠤᠨ ᠬᠤᠷᠢᠶᠠᠨ ᠤ ᠱᠦᠵᠢ ᠠᠴᠢᠲᠤ ᠬᠤᠷᠠᠯ ᠡᠷᠭᠢᠯᠡᠭᠰᠡᠨ ᠪᠥᠭᠡᠳ ᠶᠠᠷᠢᠶ᠎ᠠ ᠲᠠᠯᠪᠢᠵᠠᠢ ᠃ ᠰᠢᠶᠠᠨ ᠤ ᠨᠠᠮ ᠤᠨ ᠬᠤᠷᠢᠶᠠᠨ ᠤ ᠳᠡᠳ᠋ ᠱᠦᠵᠢ ᠂ ᠵᠠᠰᠠᠭ ᠤᠨ ᠣᠷᠳᠣᠨ ᠤ ᠰᠢᠶᠠᠨ ᠤ ᠳᠠᠷᠤᠭ᠎ᠠ ᠸᠠᠩ ᠶᠦᠩ᠂ ᠰᠢᠶᠠᠨ ᠤ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ ᠯᠢ ᠳ᠋ᠦᠩ ᠂ ᠣᠶᠤᠨᠳᠠᠯᠠᠢ ᠂ ᠬᠤᠤ ᠶᠣᠣ ᠹᠧᠨ ᠂ ᠭᠦᠸᠧ ᠯᠢᠶᠠᠨ ᠶᠤᠸᠠᠢ ᠂ ᠯᠢᠦ ᠬᠤᠩ ᠬᠤᠤ ᠬᠤᠷᠠᠯ ᠳᠤ ᠣᠷᠣᠯᠴᠠᠪᠠ᠃ 

微信截图_20240418161458.png

      ᠬᠤᠷᠠᠯ ᠠᠴᠠ ᠨᠠᠮ ᠤᠨ ᠲᠥᠪ ᠬᠤᠷᠢᠶ᠎ᠠ ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠶᠢᠨ ᠨᠠᠮ ᠤᠨ ᠰᠠᠬᠢᠯᠭ᠎ᠠ ᠪᠠᠲᠤ ᠶᠢᠨ ᠰᠤᠷᠤᠯᠴᠠᠯᠭ᠎ᠠ

ᠬᠥᠮᠦᠵᠢᠯ ᠤᠨ ᠲᠤᠬᠠᠢ ᠬᠤᠯᠪᠣᠭᠳᠠᠯ ᠪᠦᠬᠦᠢ ᠵᠣᠷᠢᠭ ᠰᠠᠨᠠᠭ᠎ᠠ ᠶᠢ ᠤᠯᠠᠮᠵᠢᠯᠠᠨ ᠰᠤᠷᠤᠯᠴᠠᠵᠤ ᠂ ︽ ᠪᠥᠬᠦ ᠰᠢᠶᠠᠨ ᠳᠤ ᠨᠠᠮ ᠤᠨ ᠰᠠᠬᠢᠯᠭ᠎ᠠ ᠪᠠᠲᠤ ᠶᠢᠨ ᠰᠤᠷᠤᠯᠴᠠᠯᠭ᠎ᠠ

ᠬᠥᠮᠦᠵᠢᠯ ᠢ ᠥᠷᠨᠢᠭᠦᠯᠬᠦ ᠲᠤᠬᠠᠢ ᠠᠵᠢᠯ ᠤᠨ ᠲᠥᠰᠥᠯ ︾ ᠢ ᠬᠢᠨᠠᠨ ᠵᠥᠪᠯᠡᠵᠦ ᠪᠠᠲᠤᠯᠠᠨ ᠂ ᠪᠥᠬᠦ ᠰᠢᠶᠠᠨ ᠤ ᠨᠠᠮ ᠤᠨ ᠰᠠᠬᠢᠯᠭ᠎ᠠ ᠪᠠᠲᠤ ᠶᠢᠨ ᠰᠤᠷᠤᠯᠴᠠᠯᠭ᠎ᠠ

ᠬᠥᠮᠦᠵᠢᠯ ᠤᠨ ᠬᠤᠯᠪᠣᠭᠳᠠᠯ ᠪᠦᠬᠦᠢ ᠠᠵᠢᠯ ᠢ ᠰᠤᠳᠤᠯᠤᠨ ᠪᠠᠶᠢᠷᠢᠯᠠᠭᠤᠯᠪᠠ᠃

       ᠬᠤᠷᠠᠯ ᠠᠴᠠ ᠵᠢᠭᠠᠵᠦ ᠭᠠᠷᠭᠠᠭᠰᠠᠨ ᠨᠢ᠂ ᠪᠦᠬᠦ ᠰᠢᠶᠠᠨ ᠢᠶᠠᠷ ᠢᠶᠠᠨ ᠤᠯᠤᠰ ᠲᠦᠷᠦ ᠶᠢᠨ ᠵᠣᠭᠰᠣᠴᠠ ᠪᠠᠨ

ᠳᠡᠭᠡᠭᠰᠢᠯᠡᠭᠦᠯᠵᠦ ᠂ ᠨᠠᠮ ᠤᠨ ᠰᠠᠬᠢᠯᠭ᠎ᠠ ᠪᠠᠲᠤ ᠶᠢᠨ ᠰᠤᠷᠤᠯᠴᠠᠯᠭ᠎ᠠ ᠬᠥᠮᠦᠵᠢᠯ ᠢ ᠥᠷᠨᠢᠭᠦᠯᠬᠦ ᠶᠢᠨ ᠴᠢᠬᠤᠯᠠ ᠶᠡᠭᠡ ᠠᠴᠢ ᠬᠤᠯᠪᠣᠭᠳᠠᠯ ᠢ ᠭᠦᠨᠵᠡᠭᠡᠢ ᠲᠠᠨᠢᠵᠤ ᠂

ᠬᠠᠮᠤᠭ ᠤᠨ ᠲᠦᠷᠦᠭᠦᠨ ᠤ ᠪᠠᠷᠢᠮᠵᠢᠶ᠎ᠠ ᠪᠠᠷ ᠨᠠᠮ ᠤᠨ ᠰᠠᠬᠢᠯᠭ᠎ᠠ ᠪᠠᠲᠤ ᠶᠢᠨ ᠰᠤᠷᠤᠯᠴᠠᠯᠭ᠎ᠠ ᠬᠥᠮᠦᠵᠢᠯ ᠢ ᠰᠠᠶᠢᠲᠤᠷ ᠥᠷᠨᠢᠭᠦᠯᠵᠦ ᠂ ᠡᠯ᠎ᠡ ᠱᠠᠲᠤᠨ ᠤ ᠨᠠᠮ ᠤᠨ

ᠵᠣᠬᠢᠶᠠᠨ ᠪᠠᠶᠢᠭᠤᠯᠤᠯᠲᠠ ᠪᠣᠯᠣᠨ ᠥᠷᠭᠡᠨ ᠤᠯᠠᠨ ᠨᠠᠮ ᠤᠨ ᠭᠡᠰᠢᠭᠦᠨ ᠺᠠᠳ᠋ᠷᠴᠤᠳ ᠤᠨ ᠨᠠᠮ ᠤᠨ ᠰᠠᠬᠢᠯᠭ᠎ᠠ ᠪᠠᠲᠤ ᠶᠢᠨ ᠪᠠᠶᠢᠭᠤᠯᠤᠯᠲᠠ ᠶᠢ ᠴᠢᠩᠭ᠎ᠠ ᠠᠳᠬᠤᠬᠤ ᠶᠢ

ᠠᠬᠢᠭᠤᠯᠬᠤ ᠬᠡᠷᠡᠭᠲᠡᠢ ᠃ ᠨᠠᠮ ᠤᠨ ᠰᠠᠬᠢᠯᠭ᠎ᠠ ᠪᠠᠲᠤ ᠶᠢᠨ ᠰᠤᠷᠤᠯᠴᠠᠯᠭ᠎ᠠ ᠬᠥᠮᠦᠵᠢᠯ ᠢ ᠥᠷᠨᠢᠭᠦᠯᠬᠦ ᠪᠣᠯ ᠵᠥᠪ ᠤᠯᠤᠰ ᠲᠦᠷᠦ ᠶᠢᠨ ᠴᠢᠭᠯᠡᠯ ᠢ ᠪᠠᠷᠢᠮᠲᠠᠯᠠᠬᠤ ᠂

ᠤᠯᠤᠰ ᠲᠦᠷᠦ ᠶᠢᠨ ᠵᠣᠭᠰᠣᠯᠲᠠ ᠪᠠᠨ ᠪᠠᠲᠤᠳᠬᠠᠬᠤ ᠶᠢᠨ ᠵᠠᠶᠢᠯᠠᠰᠢ ᠦᠭᠡᠢ ᠱᠠᠭᠠᠷᠳᠠᠯᠭ᠎ᠠ ᠮᠥᠨ ᠂ ᠡᠯ᠎ᠡ ᠱᠠᠲᠤᠨ ᠤ ᠨᠠᠮ ᠤᠨ ᠵᠣᠬᠢᠶᠠᠨ ᠪᠠᠶᠢᠭᠤᠯᠤᠯᠲᠠ ᠨᠠᠮ ᠤᠨ

ᠰᠠᠬᠢᠯᠭ᠎ᠠ ᠪᠠᠲᠤ ᠶᠢᠨ ᠰᠤᠷᠤᠯᠴᠠᠯᠭ᠎ᠠ ᠬᠥᠮᠦᠵᠢᠯ ᠢᠶᠠᠷ ᠳᠠᠮᠵᠢᠭᠤᠯᠤᠨ ᠂ ᠨᠠᠮ ᠤᠨ ᠭᠡᠰᠢᠭᠦᠨ ᠺᠠᠳ᠋ᠷᠴᠤᠳ ᠢ ᠴᠠᠭ ᠢᠮᠠᠭᠲᠠ ᠤᠯᠤᠰ ᠲᠦᠷᠦ ᠶᠢᠨ ᠲᠠᠷᠢᠬᠢ

ᠲᠣᠯᠣᠭᠠᠢ ᠪᠠᠨ ᠰᠡᠷᠭᠡᠭ ᠪᠠᠶᠢᠯᠭᠠᠬᠤ ᠬᠡᠷᠡᠭᠲᠡᠢ ᠃ ᠨᠠᠮ ᠤᠨ ᠰᠠᠬᠢᠯᠭ᠎ᠠ ᠪᠠᠲᠤ ᠶᠢᠨ ᠰᠤᠷᠤᠯᠴᠠᠯᠭ᠎ᠠ ᠬᠥᠮᠦᠵᠢᠯ ᠢ ᠥᠷᠨᠢᠭᠦᠯᠬᠦ ᠪᠣᠯ ᠨᠠᠮᠴᠢ ᠴᠢᠨᠠᠷ ᠤᠨ ᠪᠣᠯᠪᠠᠰᠤᠷᠠᠯ ᠢ

ᠳᠡᠭᠡᠭᠰᠢᠯᠡᠭᠦᠯᠬᠦ ᠂ ᠤᠯᠤᠰ ᠲᠥᠷᠥ ᠶᠢᠨ ᠬᠡᠪ ᠴᠢᠨᠠᠷ ᠢ ᠬᠠᠲᠠᠭᠤᠵᠢᠭᠤᠯᠬᠤ ᠶᠢᠨ ᠵᠠᠶᠢᠯᠠᠰᠢ ᠦᠭᠡᠢ ᠱᠠᠭᠠᠷᠳᠠᠯᠭ᠎ᠠ ᠮᠥᠨ ᠂ ᠲᠣᠰ ᠤᠳᠠᠭᠠᠨ ᠤ ᠨᠠᠮ ᠤᠨ ᠰᠠᠬᠢᠯᠭ᠎ᠠ

ᠪᠠᠲᠤ ᠶᠢᠨ ᠰᠤᠷᠤᠯᠴᠠᠯᠭ᠎ᠠ ᠬᠥᠮᠦᠵᠢᠯ ᠢᠶᠠᠷ ᠳᠠᠮᠵᠢᠭᠤᠯᠤᠨ ᠂ ᠪᠥᠬᠦ ᠰᠢᠶᠠᠨ ᠤ ᠥᠷᠭᠡᠨ ᠣᠯᠠᠨ ᠨᠠᠮ ᠤᠨ ᠭᠡᠰᠢᠭᠦᠨ ᠺᠠᠳ᠋ᠷᠴᠤᠳ ᠤᠨ ᠤᠬᠠᠮᠰᠠᠷ ᠠᠴᠠ ᠪᠠᠨ ᠨᠠᠮᠴᠢ

ᠴᠢᠨᠠᠷ ᠤᠨ ᠳᠠᠪᠲᠠᠯᠲᠠ ᠶᠢ ᠴᠢᠩᠭᠠᠳᠬᠠᠬᠤ ᠶᠢ ᠬᠥᠲᠥᠯᠥᠨ ᠵᠢᠯᠤᠭᠤᠳᠴᠤ ᠂ ᠠᠷᠢᠭᠤᠨ ᠴᠢᠬᠡᠴᠢ ᠪᠠᠷ ᠪᠡᠶ᠎ᠡ ᠪᠠᠨ ᠪᠠᠷᠢᠬᠤ ᠂ ᠥᠪᠡᠷ ᠢ ᠪᠠᠨ ᠬᠢᠵᠠᠭᠠᠷᠯᠠᠬᠤ ᠶᠢ

ᠦᠨᠳᠦᠰᠦᠨ ᠪᠠᠷᠢᠮᠵᠢᠶ᠎ᠠ ᠪᠠ ᠠᠵᠢᠯ ᠤᠨ ᠬᠡᠪ ᠤᠨ ᠪᠠᠶᠢᠳᠠᠯ ᠪᠣᠯᠭᠠᠬᠤ ᠬᠡᠷᠡᠭᠲᠡᠢ ᠃ ᠨᠠᠮ ᠤᠨ ᠰᠠᠬᠢᠯᠭ᠎ᠠ ᠪᠠᠲᠤ ᠶᠢᠨ ᠰᠤᠷᠤᠯᠴᠠᠯᠭ᠎ᠠ ᠬᠥᠮᠦᠵᠢᠯ ᠢ ᠥᠷᠨᠢᠭᠦᠯᠬᠦ ᠪᠣᠯ

ᠰᠠᠨᠠᠭᠠᠴᠢᠯᠠᠭ᠎ᠠ ᠠᠴᠠ ᠪᠠᠨ ᠬᠠᠷᠢᠭᠤᠴᠠᠯᠭ᠎ᠠ ᠡᠭᠦᠷᠭᠡᠯᠡᠨ ᠠᠵᠢᠯ ᠦᠢᠯᠡᠰ ᠤᠨ ᠬᠥᠭᠵᠢᠯᠲᠡ ᠶᠢ ᠠᠬᠢᠭᠤᠯᠬᠤ ᠵᠠᠶᠢᠯᠠᠰᠢ ᠦᠭᠡᠢ ᠱᠠᠭᠠᠷᠳᠠᠯᠭ᠎ᠠ ᠮᠥᠨ ᠂ ᠰᠠᠬᠢᠯᠭ᠎ᠠ

ᠪᠠᠲᠤ ᠶᠢᠨ ᠪᠠᠶᠢᠭᠤᠯᠤᠯᠲᠠ ᠳᠤ ᠣᠷᠣᠰᠢᠵᠤ ᠪᠠᠶᠢᠭ᠎ᠠ ᠲᠣᠪᠣᠶᠢᠮ᠎ᠠ ᠠᠰᠠᠭᠤᠳᠠᠯ ᠢ ᠬᠦᠴᠦᠯᠡᠨ ᠰᠢᠢᠳᠪᠦᠷᠢᠯᠡᠵᠦ ᠂ ᠰᠤᠷᠤᠯᠴᠠᠯᠭ᠎ᠠ ᠬᠥᠮᠦᠵᠢᠯ ᠤᠨ ᠦᠷ᠎ᠡ ᠪᠦᠲᠦᠮᠵᠢ ᠶᠢ

ᠦᠨᠡᠨᠬᠦ ᠪᠦᠬᠦ ᠲᠠᠯ᠎ᠠ ᠪᠠᠷ ᠨᠠᠮ ᠢ ᠴᠢᠩᠭ᠎ᠠ ᠵᠠᠰᠠᠬᠤ ᠶᠢ ᠠᠬᠢᠭᠤᠯᠬᠤ ᠪᠣᠳᠠᠲᠤ ᠠᠵᠢᠯᠯᠠᠭ᠎ᠠ ᠪᠣᠯᠭᠠᠨ ᠬᠤᠪᠢᠷᠠᠭᠤᠯᠬᠤ ᠬᠡᠷᠡᠭᠲᠡᠢ ᠭᠡᠪᠡ᠃

       ᠬᠤᠷᠠᠯ ᠠᠴᠠ ᠴᠢᠬᠤᠯᠠᠴᠢᠯᠠᠭᠰᠠᠨ ᠨᠢ᠂ ᠵᠠᠩᠭᠢᠯᠠᠭ᠎ᠠ ᠶᠢᠨ ᠭᠤᠣᠯᠳᠠᠯᠭ᠎ᠠ ᠶᠢ ᠡᠵᠡᠮᠳᠡᠵᠦ ᠂ ᠡᠯ᠎ᠡ ᠵᠦᠢᠯ ᠤᠨ

ᠠᠵᠢᠯ ᠤᠨ ᠡᠭᠦᠷᠭᠡ ᠶᠢ ᠪᠣᠳᠠᠲᠠᠢ ᠳᠤ ᠨᠠᠶᠢᠳᠠᠪᠤᠷᠢᠵᠢᠭᠤᠯᠬᠤ ᠶᠢ ᠪᠦᠬᠦ ᠲᠠᠯ᠎ᠠ ᠪᠠᠷ ᠠᠬᠢᠭᠤᠯᠬᠤ ᠬᠡᠷᠡᠭᠲᠡᠢ ᠃ ᠣᠨᠣᠯ ᠢ ᠪᠣᠳᠠᠲᠠᠢ ᠲᠠᠢ ᠤᠶᠠᠯᠳᠤᠭᠤᠯᠬᠤ ᠂

ᠠᠭᠤᠰᠤᠯᠴᠠᠭᠤᠯᠤᠨ ᠨᠡᠪᠲᠡᠷᠡᠯᠴᠡᠭᠦᠯᠬᠦ ᠂ ︽ ᠳᠤᠮᠳᠠᠳᠤ ᠤᠯᠤᠰ ᠤᠨ ᠡᠪ ᠬᠠᠮᠲᠤ ᠨᠠᠮ ᠤᠨ ᠰᠠᠬᠢᠯᠭ᠎ᠠ ᠪᠠᠲᠤ ᠶᠢᠨ ᠰᠢᠳᠬᠡᠯ ᠥᠭᠬᠦ ᠳᠦᠷᠢᠮ ︾ ᠤᠨ ᠲᠤᠰᠬᠠᠢ

ᠰᠡᠳᠦᠪᠲᠦ ᠰᠤᠷᠤᠯᠴᠠᠯᠭ᠎ᠠ ᠶᠢ ᠭᠦᠨᠵᠡᠭᠡᠢ ᠰᠢᠰᠲ᠋ᠧᠮ ᠲᠠᠢ ᠰᠠᠶᠢᠲᠤᠷ ᠠᠳᠬᠤᠬᠤ ᠪᠠᠷ ᠳᠠᠮᠵᠢᠭᠤᠯᠤᠨ ᠂ ︽ ᠳᠦᠷᠢᠮ ︾ ᠳᠤ ᠲᠠᠶᠢᠯᠤᠮᠵᠢ ᠬᠢᠵᠦ ᠪᠣᠯᠪᠠᠰᠤᠷᠠᠭᠤᠯᠬᠤ

ᠠᠵᠢᠯ ᠢ ᠰᠠᠶᠢᠲᠤᠷ ᠬᠢᠬᠦ ᠬᠡᠷᠡᠭᠲᠡᠢ᠃ ᠰᠡᠷᠡᠮᠵᠢᠯᠡᠭᠦᠯᠬᠦ ᠬᠥᠮᠦᠵᠢᠯ ᠢ ᠰᠠᠶᠢᠲᠤᠷ ᠥᠷᠨᠢᠭᠦᠯᠵᠦ ᠂ ᠬᠠᠨᠳᠤᠯᠭᠠᠲᠤ ᠴᠢᠨᠠᠷᠲᠠᠢ ᠰᠢᠨ᠎ᠡ ᠶᠢ ᠡᠭᠦᠳᠬᠦ ᠠᠷᠭ᠎ᠠ ᠬᠡᠯᠪᠡᠷᠢ ᠶᠢ

ᠬᠡᠷᠡᠭᠯᠡᠵᠦ ᠂ ᠡᠰᠡᠷᠭᠦ ᠲᠠᠯ᠎ᠠ ᠶᠢᠨ ᠨᠡᠶᠢᠲᠡᠯᠢᠭ ︽ ᠠᠮᠢᠳᠤ ᠵᠢᠭᠠᠬᠤ ᠮᠠᠲ᠋ᠧᠷᠢᠶᠠᠯ ︾  ᠢ ᠭᠦᠢᠴᠡᠳ ᠰᠠᠶᠢᠲᠤᠷ ᠬᠡᠷᠡᠭᠯᠡᠬᠦ ᠬᠡᠷᠡᠭᠲᠡᠢ ᠃ ᠵᠣᠬᠢᠶᠠᠨ ᠪᠠᠶᠢᠭᠤᠯᠤᠯᠲᠠ ᠶᠢᠨ

ᠤᠳᠤᠷᠢᠳᠤᠯᠭ᠎ᠠ ᠪᠠᠨ ᠴᠢᠩᠭᠠᠳᠬᠠᠬᠤ᠂ ᠬᠢᠨᠠᠨ ᠵᠢᠯᠤᠭᠤᠳᠴᠤ ᠠᠬᠢᠭᠤᠯᠬᠤ ᠂ ᠨᠢᠭᠡᠳᠦᠯᠲᠡᠢ ᠲᠥᠯᠥᠪᠯᠡᠨ ᠨᠡᠶᠢᠲᠡ ᠳᠤᠨᠢ ᠬᠠᠷᠠᠭᠠᠯᠵᠠᠬᠤ ᠪᠠᠷ ᠳᠠᠮᠵᠢᠭᠤᠯᠤᠨ ᠵᠣᠬᠢᠶᠠᠨ

ᠪᠠᠶᠢᠭᠤᠯᠤᠯᠲᠠ ᠶᠢᠨ ᠠᠬᠢᠭᠤᠯᠤᠯᠲᠠ ᠶᠢ ᠰᠠᠶᠢᠲᠤᠷ ᠠᠳᠬᠤᠵᠤ ᠂ ᠨᠠᠮ ᠤᠨ ᠰᠠᠬᠢᠯᠭ᠎ᠠ ᠪᠠᠲᠤ ᠶᠢᠨ ᠰᠤᠷᠤᠯᠴᠠᠯᠭ᠎ᠠ ᠬᠥᠮᠦᠵᠢᠯ ᠤᠨ ᠯᠠᠪᠳᠠᠭᠤᠨ ᠪᠠᠲᠤᠲᠠᠢ ᠦᠷ᠎ᠡ

ᠪᠦᠲᠦᠮᠵᠢ ᠣᠯᠬᠤ ᠶᠢ ᠦᠨᠡᠨ ᠬᠦ ᠪᠠᠲᠤᠯᠠᠬᠤ ᠬᠡᠷᠡᠭᠲᠡᠢ ᠭᠡᠪᠡ᠃

 

ᠢᠷᠡᠯᠲᠡ᠄ ᠦᠶᠤᠸᠠᠨ ᠰᠢᠶᠠᠨ ᠤ ᠠᠷᠠᠳ ᠤᠨ ᠵᠠᠰᠠᠭ ᠤᠨ ᠣᠷᠳᠤᠨ ᠤ ᠮᠣᠡᠭᠭᠤᠯ ᠰᠦᠯᠵᠢᠶ᠎ᠡ