ᠬᠠᠯᠠᠭᠤᠨ ᠤ ᠴᠠᠭ ᠲᠤ ᠡᠳᠡᠭᠡᠷ ᠠᠴᠠ ᠬᠢᠴᠢᠶᠡᠭᠡᠷᠡᠢ
ᠨᠡᠶᠢᠲᠡᠯᠡᠭᠰᠡᠨ ᠴᠠᠭ᠄
2024/4/18
      ᠵᠤᠨ ᠤ ᠤᠯᠠᠷᠢᠯ ᠪᠣᠯ ᠵᠢᠷᠦᠬᠡ ᠲᠠᠷᠢᠬᠢᠨ ᠰᠤᠳᠠᠯ ᠤᠨ ᠥᠨᠳᠥᠷ ᠡᠪᠡᠳᠴᠢᠯᠡᠯ ᠲᠠᠢ ᠴᠠᠭ ᠪᠣᠯᠣᠨ᠎ᠠ᠂ ᠪᠦᠷᠢᠳᠬᠡᠯ ᠠᠴᠠ ᠦᠵᠡᠪᠡᠯ᠂ ᠠᠭᠠᠷ ᠤᠨ ᠳᠤᠯᠠᠭᠠᠨ 1 ᠭᠷᠡᠳᠦ᠋ᠰ ᠳᠡᠭᠡᠭᠰᠢᠯᠡᠬᠦ ᠲᠤᠰᠤᠮ ᠵᠢᠷᠦᠬᠡ ᠲᠠᠷᠢᠬᠢᠨ ᠤ ᠴᠢᠰᠤᠨ ᠰᠤᠳᠠᠯ ᠤᠨ ᠡᠪᠡᠳᠴᠢᠨ ᠢᠶᠠᠷ ᠡᠮᠨᠡᠬᠦᠯᠬᠦ ᠬᠥᠮᠥᠨ ᠤ ᠲᠤᠭ᠎ᠠ 17.3% ᠪᠠᠷ ᠨᠡᠮᠡᠭᠳᠡᠳᠡᠭ᠃ ᠡᠶᠢᠮᠦ ᠠᠴᠠ ᠬᠠᠯᠠᠭᠤᠨ ᠤ ᠴᠠᠭ ᠲᠤ ᠡᠳᠡᠭᠡᠷ ᠠᠴᠠ ᠬᠢᠴᠢᠶᠡᠭᠡᠷᠡᠢ ᠭᠡᠵᠦ ᠲᠠ ᠪᠦᠬᠦᠨ ᠳᠤ ᠰᠠᠨᠠᠭᠤᠯᠤᠶ᠎ᠠ︕       1᠂ ᠠᠭᠠᠷ ᠲᠣᠬᠢᠷᠠᠭᠤᠯᠤᠭᠴᠢ ᠶᠢ ᠪᠦᠲᠦᠨ ᠰᠥᠨᠢ ᠪᠠᠷ ᠨᠡᠭᠡᠭᠡᠬᠦ ᠠᠭᠠᠷ ᠲᠣᠬᠢᠷᠠᠭᠤᠯᠤᠭᠴᠢ ᠶᠢᠨ ᠳᠤᠯᠠᠭᠠᠨ ᠢ ᠬᠡᠲᠦᠷᠬᠡᠢ ᠳᠣᠣᠷ᠎ᠠ ᠪᠠᠶᠢᠯᠭᠠᠬᠤ ᠪᠤᠶᠤ ᠤᠳᠠᠭᠠᠨ ᠬᠤᠭᠤᠴᠠᠭ᠎ᠠ ᠪᠠᠷ ᠨᠡᠭᠡᠭᠡᠵᠦ ᠪᠤᠯᠬᠤ ᠦᠭᠡᠢ᠂ ᠭᠡᠷ ᠤᠨ ᠳᠣᠲᠣᠨ᠎ᠠ ᠭᠠᠳᠠᠨᠠᠬᠢ ᠳᠤᠯᠠᠭᠠᠨ ᠤ ᠵᠥᠷᠢᠶ᠎ᠡ ᠶᠢ 5 ᠭᠷᠡᠳᠦ᠋ᠰ ᠠᠴᠠ ᠪᠢᠲᠡᠭᠡᠢ ᠬᠡᠲᠦᠷᠡᠭᠦᠯᠦᠭᠡᠷᠡᠢ᠃        2᠂ ᠥᠷᠯᠥᠭᠡ ᠡᠷᠲᠡ ᠪᠡᠶ᠎ᠡ ᠪᠠᠨ ᠪᠤᠯᠪᠠᠰᠤᠷᠠᠭᠤᠯᠬᠤ ᠥᠷᠯᠥᠭᠡ ᠡᠷᠲᠡ ᠠᠭᠠᠷ ᠤᠨ ᠪᠣᠬᠢᠷᠳᠤᠯ ᠶᠡᠬᠡᠲᠡᠢ᠂ ᠬᠥᠮᠥᠨ ᠤ ᠪᠡᠶ᠎ᠡ ᠶᠢᠨ ᠰᠢᠨ᠎ᠡ ᠬᠠᠭᠤᠴᠢᠨ ᠤ ᠰᠣᠯᠢᠯᠴᠠᠭ᠎ᠠ ᠲᠦᠷᠭᠡᠰᠴᠦ᠂ ᠡᠨᠧᠷᠬᠢ᠂ ᠬᠦᠴᠢᠯᠲᠥ᠋ᠷᠥᠭᠴᠢ᠂ ᠰᠢᠮ᠎ᠡ ᠲᠡᠵᠢᠭᠡᠯ ᠤᠨ ᠬᠡᠷᠡᠭᠴᠡᠭᠡ ᠶᠡᠬᠡᠰᠬᠦ ᠠᠴᠠ ᠪᠣᠯᠵᠤ᠂ ᠵᠢᠷᠦᠬᠡ ᠲᠠᠷᠢᠬᠢᠨ ᠤ ᠴᠢᠰᠤᠨ ᠰᠤᠳᠠᠯ ᠤᠨ ᠡᠪᠡᠳᠴᠢᠨ ᠡᠭᠦᠰᠬᠡᠬᠦ ᠪᠣᠯᠣᠮᠵᠢ ᠥᠨᠳᠥᠷ ᠪᠠᠶᠢᠳᠠᠭ᠃ ᠥᠷᠯᠥᠭᠡᠨ ᠤ ᠳᠠᠰᠬᠠᠯ ᠢᠶᠠᠨ ᠦᠳᠡᠰᠢ ᠪᠣᠯᠭᠠᠪᠠᠯ ᠢᠯᠡᠭᠦᠦ ᠰᠠᠶᠢᠨ᠃       3᠂ ᠤᠮᠳᠠᠭᠠᠰᠬᠤ ᠪᠠᠷ ᠶᠡᠭᠡ ᠤᠰᠤ ᠤᠤᠭᠤᠬᠤ ᠵᠤᠨ ᠤ ᠴᠠᠭ ᠲᠤ ᠤᠰᠤ ᠶᠢ ᠬᠡᠲᠦᠷᠬᠡᠢ ᠬᠤᠷᠳᠤᠨ ᠤᠤᠭᠤᠵᠤ ᠪᠤᠯᠬᠤ ᠦᠭᠡᠢ᠂ ᠪᠠᠭ᠎ᠠ ᠬᠡᠮᠵᠢᠶ᠎ᠡ ᠪᠠᠷ ᠤᠯᠠᠨ ᠤᠳᠠᠭ᠎ᠠ ᠤᠤᠭᠤᠵᠤ᠂ ᠤᠳᠠᠭ᠎ᠠ ᠪᠦᠷᠢ 100 - 150ml ᠤᠤᠭᠤᠪᠠᠯ ᠲᠣᠬᠢᠷᠠᠮᠵᠢᠲᠠᠢ᠃       4᠂ ᠬᠥᠳᠡᠯᠭᠡᠭᠡᠨ ᠬᠢᠭᠰᠡᠨ ᠤ ᠳᠠᠷᠠᠭ᠎ᠠ ᠬᠦᠢᠲᠡᠨ ᠤᠮᠳᠠᠭᠠᠨ ᠤᠤᠭᠤᠬᠤ ᠰᠢᠷᠦᠭᠦᠨ ᠬᠥᠳᠡᠯᠭᠡᠭᠡᠨ ᠬᠢᠭᠰᠡᠨ ᠤ ᠳᠠᠷᠠᠭ᠎ᠠ᠂ ᠬᠦᠢᠲᠡᠨ ᠤᠮᠳᠠᠭᠠᠨ ᠶᠡᠭᠡ ᠤᠤᠭᠤᠪᠠᠯ ᠴᠢᠰᠤᠨ ᠰᠤᠳᠠᠯ ᠤᠨ ᠠᠭᠰᠢᠯᠲᠠ᠂ ᠵᠢᠷᠦᠬᠡ ᠲᠠᠷᠢᠬᠢ ᠪᠣᠯᠣᠨ ᠪᠤᠰᠤᠳ ᠡᠷᠬᠡᠲᠡᠨ ᠤ ᠬᠦᠴᠢᠯᠲᠥ᠋ᠷᠥᠭᠴᠢ ᠶᠢᠨ ᠬᠡᠷᠡᠭᠯᠡᠭᠡ ᠨᠡᠮᠡᠭᠳᠡᠵᠦ᠂ ᠴᠢᠰᠤᠨ ᠳᠠᠷᠤᠯᠲᠠ ᠬᠡᠯᠪᠡᠯᠵᠡᠳᠡᠭ ᠲᠤᠯᠠ ᠵᠢᠷᠦᠬᠡ ᠲᠠᠷᠢᠬᠢᠨ ᠤ ᠴᠢᠰᠤᠨ ᠰᠤᠳᠠᠯ ᠤᠨ ᠡᠪᠡᠳᠴᠢᠨ ᠡᠭᠦᠰᠬᠡᠬᠦ ᠡᠷᠡᠰᠳᠡᠯ ᠲᠠᠢ᠃       5᠂ ᠴᠠᠳᠲᠠᠯ᠎ᠠ ᠢᠳᠡᠭᠡᠳ ᠤᠨᠲᠠᠬᠤ ᠦᠳᠡ ᠳᠤ ᠬᠠᠭᠠᠰ ᠴᠠᠭ ᠣᠷᠴᠢᠮ ᠠᠮᠠᠷᠠᠬᠤ ᠨᠢ ᠵᠦᠢᠲᠡᠢ ᠪᠤᠯᠪᠠᠴᠤ ᠢᠳᠡᠵᠦ ᠪᠠᠷᠠᠩᠭᠤᠲᠠ ᠰᠢᠭᠤᠳ ᠤᠨᠲᠠᠵᠤ ᠪᠤᠯᠬᠤ ᠦᠭᠡᠢ᠃       6᠂ ᠬᠥᠯᠥᠷᠡᠭᠰᠡᠨ ᠤ ᠳᠠᠷᠠᠭ᠎ᠠ ᠬᠦᠢᠲᠡᠨ ᠤᠰᠤ ᠪᠠᠷ ᠪᠡᠶ᠎ᠡ ᠪᠠᠨ ᠤᠬᠢᠶᠠᠬᠤ ᠹᠦ᠋ ᠶᠢᠨ ᠬᠠᠯᠠᠭᠤᠨ ᠳᠤ ᠬᠦᠢᠲᠡᠨ ᠤᠰᠤ ᠪᠠᠷ ᠪᠡᠶ᠎ᠡ ᠪᠠᠨ ᠤᠬᠢᠶᠠᠬᠤ ᠨᠢ ᠬᠥᠮᠥᠨ ᠤ ᠪᠡᠶ᠎ᠡ ᠳᠤ ᠭᠡᠨᠡᠳᠲᠡ ᠶᠢᠨ ᠰᠡᠳᠦᠯᠲᠡ ᠥᠭᠴᠦ᠂ ᠴᠢᠰᠤᠨ ᠳᠠᠷᠤᠯᠲᠠ ᠶᠢ ᠨᠡᠮᠡᠭᠳᠡᠭᠦᠯᠦᠨ᠂ ᠰᠣᠴᠢᠮᠠᠭ ᠵᠢᠷᠦᠬᠡᠨ ᠪᠤᠯᠴᠢᠩ ᠤᠨ ᠲᠦᠭᠵᠢᠷᠡᠯ ᠡᠭᠦᠰᠬᠡᠵᠦ᠂ ᠠᠮᠢ ᠨᠠᠰᠤᠨ ᠤ ᠡᠷᠡᠰᠳᠡᠯ ᠳᠤ ᠬᠦᠷᠭᠡᠳᠡᠭ᠃       7᠂ ᠬᠠᠯᠠᠭᠤᠨ ᠨᠠᠷᠠᠨ ᠳᠤ ᠳᠠᠯᠤ ᠮᠥᠷᠥ ᠪᠠᠨ ᠨᠢᠴᠦᠭᠦᠯᠡᠨ ᠶᠠᠪᠤᠬᠤ ᠵᠤᠨ ᠤ ᠬᠠᠯᠠᠭᠤᠨ ᠳᠤ ᠪᠡᠶ᠎ᠡ ᠬᠥᠯᠥᠷᠡᠵᠦ᠂ ᠰᠢᠷ᠎ᠠ ᠦᠰᠤᠨ ᠤ ᠰᠦᠪᠡ ᠨᠡᠭᠡᠭᠡᠭᠳᠡᠭᠰᠡᠨ ᠤ ᠳᠠᠷᠠᠭ᠎ᠠ ᠬᠦᠷᠢᠨ ᠤ ᠭᠠᠳᠠᠨᠠᠬᠢ ᠲᠤᠶᠠᠭᠠᠨ ᠳᠤ ᠤᠷᠳᠤ ᠬᠤᠭᠤᠴᠠᠭ᠎ᠠ ᠰᠢᠷᠠᠪᠠᠯ᠂ ᠤᠰᠤᠨ ᠬᠠᠪᠤᠩ᠂ ᠲᠡᠷᠡᠴᠢᠯᠡᠨ ᠪᠥᠭᠡᠷᠡᠨ ᠤ ᠡᠪᠡᠳᠴᠢᠨ ᠡᠭᠦᠰᠬᠡᠬᠦ ᠪᠣᠯᠣᠮᠵᠢ ᠲᠠᠢ᠃       8᠂ ᠭᠠᠭᠴᠠ ᠨᠣᠭᠤᠭ᠎ᠠ ᠵᠢᠮᠢᠰ ᠢᠶᠠᠷ ᠬᠤᠭᠤᠯᠠᠯᠠᠬᠤ ᠬᠤᠭᠤᠯᠠᠨ ᠤ ᠳᠤᠷᠠᠰᠢᠯ ᠦᠭᠡᠢ ᠠᠴᠠ ᠪᠣᠯᠵᠤ᠂ ᠭᠠᠭᠴᠠ ᠨᠣᠭᠤᠭ᠎ᠠ ᠵᠢᠮᠢᠰ ᠢᠶᠠᠷ ᠭᠤᠷᠪᠠᠨ ᠡᠷᠢᠨ ᠤ ᠬᠤᠭᠤᠯᠠ ᠶᠢ ᠣᠷᠣᠯᠠᠭᠤᠯᠵᠤ ᠪᠤᠯᠬᠤ ᠦᠭᠡᠢ᠃ ᠳᠠᠬᠢᠶ᠎ᠠ᠂ ᠨᠤᠭᠤᠰᠤ᠂ ᠵᠢᠭᠠᠰᠤ᠂ ᠥᠨᠳᠡᠭᠡ᠂ ᠬᠠᠷ᠎ᠠ ᠮᠢᠬ᠎ᠠ ᠵᠡᠷᠭᠡ ᠰᠢᠮ᠎ᠡ ᠲᠡᠵᠢᠭᠡᠯᠲᠦ ᠢᠳᠡᠬᠡᠨ ᠢ ᠵᠣᠬᠢᠰᠲᠠᠢ ᠢᠳᠡᠵᠦ᠂ ᠲᠠᠷᠪᠤᠰ᠂ ᠭᠠᠰᠢᠭᠤᠨ ᠬᠡᠮᠬᠡ ᠵᠡᠷᠭᠡ ᠵᠢᠮᠢᠰ ᠢ ᠢᠯᠡᠭᠦᠬᠡᠨ ᠢᠳᠡᠵᠦ᠂ ᠤᠰᠤ ᠳᠠᠪᠤᠰᠤ ᠨᠥᠬᠦᠪᠦᠷᠢᠯᠡᠬᠦ ᠬᠡᠷᠡᠭᠲᠡᠢ᠃ 
ᠢᠷᠡᠯᠲᠡ᠄ ᠰᠢᠯᠢ ᠶᠢᠨ ᠭᠤᠣᠯ ᠤᠨ ᠡᠳᠦᠷ ᠤᠨ ᠰᠣᠨᠢᠨ