ᠣᠶᠢᠷ᠎ᠠ ᠶᠢᠨ ᠡᠳᠦᠷ᠂ ᠭᠦᠭᠡᠬᠤᠲᠠ ᠪᠣᠭᠤᠮᠲᠠ ᠶᠢᠨ ᠰᠢᠨ᠎ᠡ ᠬᠡᠪ ᠤᠨ ᠲᠦᠷᠭᠡᠨ ᠬᠦᠷᠭᠡᠯᠲᠡ ᠶᠢᠨ ᠵᠦᠢᠯᠡᠰ ᠤᠨ ᠪᠣᠭᠤᠮᠲᠠ ᠪᠠᠷ ᠥᠩᠭᠡᠷᠡᠬᠦ ᠬᠠᠮᠢᠶᠠᠷᠤᠯᠲᠠ | ᠶᠢᠨ ᠰᠢᠰᠲ᠋ᠧᠮ ᠠᠰᠢᠭᠯᠠᠯᠲᠠ ᠳᠤ ᠣᠷᠣᠵᠤ᠂ ᠭᠠᠳᠠᠭᠠᠳᠤ ᠤᠷᠤᠭᠤᠯᠤᠯᠳᠡ ᠶᠢᠨ ᠲᠦᠷᠭᠡᠨ ᠬᠦᠷᠭᠡᠯᠲᠡ ᠶᠢᠨ ᠵᠦᠢᠯᠡᠰ ᠤᠨ ᠳᠠᠭᠠᠯᠲᠠ ᠳᠠᠩᠰᠠ ᠪᠠᠷᠢᠮᠲᠠ ᠶᠢ ᠴᠠᠭᠠᠰᠤ | ᠬᠡᠷᠡᠭᠯᠡᠬᠦ ᠦᠭᠡᠢ ᠪᠠᠷ ᠬᠢᠨᠠᠨ ᠬᠠᠷᠭᠤᠭᠤᠯᠬᠤ ᠶᠢ ᠪᠡᠶᠡᠯᠡᠭᠦᠯᠵᠦ᠂ ᠳᠠᠩᠰᠠ ᠬᠢᠨᠠᠬᠤ ᠴᠠᠭ ᠢ 50% ᠪᠠᠷ ᠪᠠᠭᠠᠰᠬᠠᠵᠤ᠂ ᠲᠦᠷᠭᠡᠨ ᠬᠦᠷᠭᠡᠯᠲᠡ ᠶᠢᠨ ᠵᠦᠢᠯᠡᠰ ᠤᠨ | ᠪᠣᠭᠤᠮᠲᠠ ᠪᠠᠷ ᠥᠩᠭᠡᠷᠡᠬᠦ ᠦᠷ᠎ᠡ ᠪᠦᠲᠦᠮᠵᠢ ᠶᠢ ᠶᠡᠭᠡ ᠪᠠᠷ ᠳᠡᠭᠡᠭᠰᠢᠯᠡᠭᠦᠯᠪᠡ᠃ | ᠰᠢᠨ᠎ᠡ ᠬᠡᠪ ᠤᠨ ᠲᠦᠷᠭᠡᠨ ᠬᠦᠷᠭᠡᠯᠲᠡ ᠶᠢᠨ ᠵᠦᠢᠯᠡᠰ ᠤᠨ ᠪᠣᠭᠤᠮᠲᠠ ᠪᠠᠷ ᠥᠩᠭᠡᠷᠡᠬᠦ ᠬᠠᠮᠢᠶᠠᠷᠤᠯᠲᠠ ᠶᠢᠨ ᠰᠢᠰᠲ᠋ᠧᠮ ᠤᠨ ᠲᠦᠷᠦᠭᠦᠸ ᠪᠦᠯᠦᠭ ᠤᠨ | ᠲᠤᠷᠰᠢᠯᠲᠠ ᠶᠢᠨ ᠨᠢᠭᠡᠴᠢ ᠪᠣᠯᠤᠭᠰᠠᠨ ᠤ ᠬᠤᠪᠢ ᠳᠤ᠂ ᠭᠦᠭᠡᠬᠤᠲᠠ ᠶᠢᠨ ᠴᠠᠭᠠᠨ ᠰᠤᠪᠤᠷᠭ᠎ᠠ ᠨᠢᠰᠬᠡᠯ ᠤᠨ ᠪᠠᠭᠤᠳᠠᠯ ᠤᠨ ᠪᠣᠭᠤᠮᠲᠠ︽ᠲᠤᠭ᠎ᠠ ᠪᠠᠷᠢᠮᠲᠠ ᠪᠠᠷ | ᠤᠷᠢᠳᠴᠢᠯᠠᠨ ᠰᠡᠷᠡᠮᠵᠢᠯᠡᠭᠦᠯᠭᠦ + ᠣᠶᠤᠨᠴᠢ ᠪᠠᠷ ᠵᠢᠷᠤᠭ ᠬᠢᠨᠠᠬᠤ + ᠴᠠᠭ ᠲᠤᠬᠠᠢ ᠳᠤᠨᠢ ᠰᠣᠯᠢᠯᠴᠠᠬᠤ︾ ᠠᠵᠢᠯ ᠤᠨ ᠰᠢᠰᠲ᠋ᠧᠮ ᠢ ᠭᠦᠨᠵᠡᠭᠡᠶᠢᠷᠡᠭᠦᠯᠵᠦ᠂ ᠬᠢᠨᠠᠨ | ᠬᠠᠮᠢᠶᠠᠷᠬᠤ ᠲᠥᠬᠦᠭᠡᠷᠦᠮᠵᠢ ᠶᠢᠨ ᠣᠶᠤᠨᠴᠢᠯᠠᠯᠲᠠ ᠶᠢ ᠪᠦᠭᠦ ᠲᠠᠯ᠎ᠠ ᠪᠠᠷ ᠠᠬᠢᠭᠤᠯᠪᠠ᠃ ᠣᠳᠣᠬᠠᠨ ᠳᠤ᠂ ᠭᠦᠭᠡᠬᠤᠲᠠ ᠶᠢᠨ ᠴᠠᠭᠠᠨ ᠰᠤᠪᠤᠷᠭ᠎ᠠ ᠶᠢᠨ ᠨᠢᠰᠬᠡᠯ ᠤᠨ | ᠪᠠᠭᠤᠳᠠᠯ ᠤᠨ ᠪᠣᠭᠤᠮᠲᠠ ᠶᠢᠨ ᠲᠦᠷᠭᠡᠨ ᠬᠦᠷᠭᠡᠯᠲᠡ ᠶᠢᠨ ᠵᠦᠢᠯᠡᠰ ᠤᠨ ᠬᠢᠨᠠᠯᠲᠠ ᠬᠠᠮᠢᠶᠠᠷᠤᠯᠲᠠ ᠶᠢᠨ ᠲᠤᠬᠠᠢ ᠶᠢᠨ ᠲᠠᠯᠠᠪᠤᠷ ᠲᠤ ᠠᠦ᠋ᠲ᠋ᠣᠴᠢᠯᠠᠭᠰᠠᠨ ᠢᠯᠭᠠᠬᠤ | ᠱᠤᠭᠤᠮ᠂ CT ᠮᠠᠰᠢᠨ᠂ ᠴᠣᠩᠬᠤᠪᠴᠢ ᠮᠠᠶ᠋ᠢᠭ ᠤᠨ ᠪᠠᠶᠢᠴᠠᠭᠠᠨ ᠰᠢᠯᠭᠠᠬᠤ ᠪᠠ ᠨᠡᠭᠡᠭᠡᠵᠦ ᠵᠠᠳᠠᠯᠬᠤ ᠲᠠᠪᠴᠠᠩ ᠵᠡᠷᠭᠡ ᠲᠥᠬᠦᠭᠡᠷᠦᠮᠵᠢ ᠶᠢ ᠲᠣᠬᠢᠷᠠᠭᠤᠯᠵᠠᠢ᠃ | ᠲᠦᠷᠭᠡᠨ ᠬᠦᠷᠭᠡᠯᠲᠡ ᠶᠢᠨ ᠪᠣᠭᠤᠳᠠᠯ ᠪᠠᠭᠯᠠᠭ᠎ᠠ ᠶᠢ ᠴᠤᠪᠤᠷᠠᠯ ᠱᠤᠭᠤᠮ ᠳᠡᠭᠡᠷ᠎ᠡ ᠠᠦ᠋ᠲ᠋ᠣᠴᠢᠯᠠᠨ ᠢᠯᠭᠠᠨ ᠬᠤᠪᠢᠶᠠᠭᠰᠠᠨ ᠤ ᠳᠠᠷᠠᠭ᠎ᠠ᠂ ᠪᠠᠶᠢᠴᠠᠭᠠᠬᠤ ᠪᠠᠷ ᠪᠠᠶᠢᠭ᠎ᠠ | ᠪᠣᠭᠤᠳᠠᠯ ᠪᠠᠭᠯᠠᠭ᠎ᠠ ᠨᠢ ᠵᠠᠳᠠᠯᠬᠤ ᠲᠠᠶᠢᠰᠠᠨ ᠳᠤ ᠠᠶᠠᠨᠳᠠᠭᠠᠨ ᠰᠢᠯᠵᠢᠨ᠎ᠡ᠂ ᠪᠣᠭᠤᠮᠲᠠ ᠶᠢᠨ ᠠᠵᠢᠯᠲᠠᠨ ᠬᠥᠩᠭᠡᠬᠡᠨ ᠰᠢᠷᠪᠢᠬᠦ ᠳᠤ᠂ ᠡᠨᠡ ᠬᠦ ᠪᠣᠭᠤᠳᠠᠯ ᠤᠨ ᠪᠤᠶ | ᠪᠦᠬᠦᠢ ᠮᠡᠳᠡᠭᠡ ᠵᠠᠩᠭᠢ ᠨᠢ ᠲᠡᠷᠡ ᠳᠠᠷᠤᠢ ᠳᠤᠨᠢ ᠳᠡᠯᠭᠡᠴᠡ ᠳᠡᠭᠡᠷ᠎ᠡ ᠢᠯᠡᠷᠡᠨ᠎ᠡ᠃ ᠪᠣᠭᠤᠮᠲᠠ ᠶᠢᠨ ᠠᠵᠢᠯᠲᠠᠨ ᠳᠡᠯᠭᠡᠴᠡ ᠶᠢᠨ ᠰᠠᠨᠠᠭᠤᠯᠤᠮᠵᠢ ᠶᠢ ᠦᠨᠳᠦᠰᠦᠯᠡᠨ | ᠬᠠᠷᠠᠭᠠᠯᠵᠠᠭᠰᠠᠨ ᠠᠵᠢᠯ ᠬᠢᠵᠦ᠂ ᠪᠠᠶᠢᠴᠠᠭᠠᠨ ᠰᠢᠯᠭᠠᠭᠰᠠᠨ ᠦᠷ᠎ᠡ ᠳ᠋ᠦᠩ ᠨᠢ ᠠᠶᠠᠨᠳᠠᠭᠠᠨ ᠰᠢᠰᠲ᠋ᠧᠮ ᠳᠤ ᠬᠦᠷᠬᠦ ᠳᠤ᠂ ᠬᠡᠪ ᠤᠨ ᠪᠣᠭᠤᠳᠠᠯ ᠪᠠᠭᠯᠠᠭ᠎ᠠ ᠶᠢ ᠲᠦᠷᠭᠡᠨ | ᠶᠠᠪᠤᠭᠤᠯᠵᠤ᠂ ᠵᠠᠯᠭᠠᠭ᠎ᠠ ᠪᠠᠷ ᠤᠯᠤᠰ ᠤᠨ ᠳᠣᠲᠣᠭᠠᠳᠤ ᠳᠤ ᠬᠦᠷᠭᠡᠨ᠎ᠡ᠃ ᠰᠢᠨ᠎ᠡ ᠬᠡᠪ ᠤᠨ ᠲᠦᠷᠭᠡᠨ ᠬᠦᠷᠭᠡᠯᠲᠡ ᠶᠢᠨ ᠵᠦᠢᠯᠡᠰ ᠤᠨ ᠪᠣᠭᠤᠮᠲᠠ ᠪᠠᠷ ᠥᠩᠭᠡᠷᠡᠬᠦ | ᠬᠠᠮᠢᠶᠠᠷᠤᠯᠲᠠ ᠶᠢᠨ ᠰᠢᠰᠲ᠋ᠧᠮ ᠨᠢ ᠵᠥᠪᠭᠡᠨ ᠪᠣᠭᠤᠮᠲᠠ ᠶᠢᠨ ᠲᠠᠪᠴᠠᠩ ᠤᠨ ᠰᠣᠯᠢᠯᠲᠠ ᠳᠤ ᠬᠤᠯᠪᠣᠭᠳᠠᠬᠤ ᠠᠴᠠ ᠪᠢᠰᠢ᠂ ᠠᠵᠤ ᠠᠬᠤᠶᠢᠯᠠᠯ ᠤᠨ ᠲᠠᠪᠴᠠᠩ ᠤᠨ | ᠰᠣᠯᠢᠯᠲᠠ ᠳᠤ ᠬᠤᠯᠪᠣᠭᠳᠠᠬᠤ ᠦᠭᠡᠢ᠂ ᠠᠵᠤ ᠠᠬᠤᠶᠢᠯᠠᠯ ᠤᠨ ᠮᠡᠳᠡᠭᠦᠯᠦᠯᠲᠡ ᠳᠤ ᠬᠤᠪᠢᠷᠠᠯᠲᠠ ᠭᠠᠷᠬᠤ ᠦᠭᠡᠢ᠃ ᠬᠠᠭᠤᠴᠢᠨ ᠬᠡᠪ ᠲᠠᠢ ᠪᠠᠨ ᠬᠠᠷᠢᠴᠠᠭᠤᠯᠪᠠᠯ᠂ | ᠰᠢᠨ᠎ᠡ ᠰᠢᠰᠲ᠋ᠧᠮ ᠤᠨ ᠠᠵᠢᠯᠯᠠᠭᠠᠨ ᠨᠢ ᠨᠠᠩ ᠠᠮᠤᠷ ᠲᠦᠪᠰᠢᠨ᠂ ᠨᠠᠩ ᠳᠥᠭᠦᠮ ᠳᠥᠲᠡ ᠪᠣᠯᠵᠤ᠂ ᠠᠵᠤ ᠠᠬᠤᠶᠢᠯᠠᠯ ᠤᠨ ᠠᠮᠤᠷ ᠲᠦᠪᠰᠢᠨ ᠥᠨᠳᠥᠷ | ᠪᠦᠲᠦᠮᠵᠢᠲᠡᠶ ᠪᠠᠷ ᠪᠣᠭᠤᠮᠲᠠ ᠪᠠᠷ ᠥᠩᠭᠡᠷᠡᠬᠦ ᠳᠤ ᠨᠠᠩ ᠰᠠᠶᠢᠨ ᠬᠠᠪᠰᠤᠷᠤᠮᠵᠢ ᠪᠣᠯᠣᠨ᠎ᠠ᠃ | ᠲᠤᠬᠠᠶᠢᠯᠠᠭᠰᠠᠨ ᠠᠵᠢᠯ ᠤᠨ ᠪᠣᠳᠠᠲᠠᠢ ᠲᠠᠢ ᠪᠠᠨ ᠤᠶᠠᠯᠳᠤᠭᠤᠯᠤᠨ᠂ ᠭᠦᠭᠡᠬᠤᠲᠠ ᠶᠢᠨ ᠴᠠᠭᠠᠨ ᠰᠤᠪᠤᠷᠭ᠎ᠠ ᠨᠢᠰᠬᠡᠯ ᠤᠨ ᠪᠠᠭᠤᠳᠠᠯ ᠪᠣᠭᠤᠮᠲᠠ ᠶᠢᠨ ᠲᠠᠯᠠᠪᠤᠷ | ᠭᠠᠵᠠᠷ ᠤᠨ ᠡᠵᠡᠩᠨᠡᠯᠲᠡ ᠶᠢᠨ ᠠᠵᠤ ᠠᠬᠤᠶᠢᠯᠠᠯ᠂ ᠲᠦᠷᠭᠡᠨ ᠬᠦᠷᠭᠡᠯᠲᠡ ᠶᠢᠨ ᠵᠦᠢᠯᠡᠰ ᠤᠨ ᠠᠵᠤ ᠠᠬᠤᠶᠢᠯᠠᠯ ᠤᠳ ᠢ ᠵᠢᠯᠣᠭᠤᠳᠤᠨ᠂ ᠳᠠᠭᠠᠯᠲᠠ ᠳᠠᠩᠰᠠ | ᠪᠠᠷᠢᠮᠲᠠ ᠳᠤ ᠴᠠᠭᠠᠰᠤ ᠬᠡᠷᠡᠭᠯᠡᠬᠦ ᠦᠭᠡᠢ ᠪᠠᠷ ᠠᠵᠢᠯᠯᠠᠬᠤ ᠶᠢ ᠥᠷᠨᠢᠭᠦᠯᠵᠦ᠂ ᠠᠵᠤ ᠠᠬᠤᠶᠢᠯᠠᠯ ᠤᠨ ᠭᠠᠳᠠᠭᠠᠳᠤ ᠤᠷᠤᠭᠤᠯᠤᠯᠳᠡ ᠶᠢᠨ ᠲᠥᠯᠥᠪᠯᠡᠭᠡ ᠶᠢ ᠴᠠᠭ ᠲᠤᠬᠠᠢ | ᠳᠤᠨᠢ ᠣᠶᠢᠯᠠᠭᠠᠨ᠂ ︽7×24︾ ×24ᠴᠠᠭ ᠤᠨ ᠪᠣᠭᠤᠮᠲᠠ ᠪᠠᠷ ᠥᠩᠭᠡᠷᠡᠬᠦ ᠤᠷᠢᠳᠴᠢᠯᠠᠨ ᠪᠣᠯᠵᠣᠬᠤ ᠵᠠᠭᠪᠤᠷ ᠢ ᠬᠡᠷᠡᠭᠵᠢᠭᠦᠯᠵᠦ᠂ ᠠᠵᠤ ᠠᠬᠤᠶᠢᠯᠠᠯ ᠤᠨ | ᠲᠤᠬᠠᠶᠢᠯᠠᠭᠰᠠᠨ ᠠᠵᠢᠯ ᠢ ᠦᠨᠡᠨ ᠬᠦ ᠪᠠᠲᠤᠯᠠᠵᠤ ᠪᠤᠢ᠃ ᠣᠳᠣᠬᠠᠨ ᠪᠤᠯᠲᠠᠯ᠎ᠠ᠂ ᠭᠦᠭᠡᠬᠤᠲᠠ ᠶᠢᠨ ᠴᠠᠭᠠᠨ ᠰᠤᠪᠤᠷᠭ᠎ᠠ ᠨᠢᠰᠬᠡᠯ ᠤᠨ ᠪᠠᠭᠤᠳᠠᠯ ᠤᠨ ᠪᠣᠭᠤᠮᠲᠠ ᠶᠢᠨ | ᠬᠢᠨᠠᠨ ᠬᠠᠮᠢᠶᠠᠷᠴᠤ ᠭᠠᠳᠠᠭᠠᠳᠤ ᠠᠴᠠ ᠣᠷᠣᠭᠤᠯᠤᠭᠰᠠᠨ ᠲᠦᠷᠭᠡᠨ ᠬᠦᠷᠭᠡᠯᠲᠡ ᠶᠢᠨ ᠵᠦᠢᠯᠡᠰ ᠨᠢᠭᠡᠨᠲᠡ 50 ᠲᠦᠮᠡ ᠶᠢ ᠳᠠᠪᠠᠵᠤ᠂ ᠰᠢᠨ᠎ᠡ ᠲᠡᠮᠳᠡᠭᠯᠡᠯ ᠢ | ᠡᠭᠦᠳᠪᠡ᠃ | | |