ᠪᠦᠬᠦ ᠰᠢᠶᠠᠨ ᠤ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤ ᠪᠠᠬᠢ ᠪᠣᠶ ᠪᠣᠯᠭᠠᠵᠤ  ︽ᠵᠢᠱᠢᠶᠡᠴᠢ ᠥᠪᠡᠷᠲᠡᠭᠡᠨ ᠵᠠᠰᠠᠬᠤ ᠣᠷᠣᠨ︾  ᠤ ᠪᠦᠲᠦᠭᠡᠨ ᠪᠠᠶᠢᠭᠤᠯᠤᠯᠲᠠ ᠶᠢᠨ ᠲᠤᠰᠬᠠᠢ ᠰᠡᠳᠦᠪᠲᠦ ᠪᠣᠯᠪᠠᠰᠤᠷᠠᠯ ᠤᠨ ᠠᠩᠭᠢ ᠶᠢᠨ ᠰᠤᠷᠤᠯᠭ᠎ᠠ ᠡᠬᠢᠯᠡᠬᠦ ᠶᠢ ᠪᠥᠬᠦ ᠲᠠᠯ᠎ᠠ ᠪᠠᠷ ᠠᠬᠢᠭᠤᠯᠪᠠ
ᠨᠡᠶᠢᠲᠡᠯᠡᠭᠰᠡᠨ ᠴᠠᠭ᠄
2024/4/2
      ᠶᠡᠷᠦᠩᠬᠡᠢ ᠱᠦᠵᠢ ᠰᠢ ᠶᠢᠨ ᠫᠢᠩ ᠤᠨ ᠦᠨᠳᠦᠰᠦᠲᠡᠨ ᠤ ᠠᠵᠢᠯ ᠢ ᠴᠢᠩᠭᠠᠳᠬᠠᠨ ᠰᠠᠶᠢᠵᠢᠷᠠᠭᠤᠯᠬᠤ ᠲᠤᠬᠠᠢ ᠴᠢᠬᠤᠯᠠ ᠦᠵᠡᠯ ᠰᠠᠨᠠᠭ᠎ᠠ ᠶᠢ ᠭᠦᠨᠵᠡᠭᠡᠢ ᠰᠤᠷᠤᠯᠴᠠᠨ ᠲᠤᠭᠤᠰᠢᠯᠠᠭᠤᠯᠵᠤ ᠂ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤ ᠴᠣᠭᠴᠠᠯᠠᠬᠤ ᠪᠠᠷ ᠭᠤᠣᠯ ᠰᠢᠵᠢᠮ ᠪᠣᠯᠭᠠᠵᠤ ᠂ ᠪᠥᠬᠦ ᠰᠢᠶᠠᠨ ᠤ ᠺᠠᠳ᠋ᠷ ᠤᠨ ᠦᠨᠳᠦᠰᠦᠲᠡᠨ ᠤ ᠣᠨᠣᠯ ᠤᠨ ᠬᠡᠪ ᠪᠣᠯᠪᠠᠰᠤᠷᠠᠯ ᠂ ᠲᠥᠷᠥ ᠶᠢᠨ ᠪᠣᠳᠣᠯᠭ᠎ᠠ ᠶᠢ ᠬᠡᠷᠡᠭᠵᠢᠭᠦᠯᠬᠦ ᠴᠢᠳᠠᠪᠤᠷᠢ ᠶᠢ ᠦᠷᠭᠦᠯᠵᠢᠯᠡᠨ ᠳᠡᠭᠡᠭᠰᠢᠯᠡᠭᠦᠯᠵᠦ ᠂ ᠰᠢᠨ᠎ᠡ ᠴᠠᠭ ᠦᠶ᠎ᠡ ᠶᠢᠨ ᠦᠨᠳᠦᠰᠦᠲᠡᠨ ᠤ ᠠᠵᠢᠯ ᠤᠨ ᠴᠢᠨᠠᠷ ᠰᠠᠶᠢᠲᠠᠢ ᠬᠥᠭᠵᠢᠯᠲᠡ ᠶᠢ ᠲᠠᠰᠤᠷᠠᠯᠲᠠ ᠦᠭᠡᠢ ᠠᠬᠢᠭᠤᠯᠬᠤ ᠶᠢᠨ ᠲᠥᠯᠥᠭᠡ᠂ 4 ᠰᠠᠷ᠎ᠠ ᠶᠢᠨ 1 ᠤ ᠡᠳᠦᠷ ᠂ ᠦᠶᠤᠸᠠᠨ ᠰᠢᠶᠠᠨ ᠤ ᠨᠠᠮ ᠤᠨ ᠬᠤᠷᠢᠶᠠᠨ ᠤ ᠵᠣᠬᠢᠶᠠᠨ ᠪᠠᠶᠢᠭᠤᠯᠬᠤ ᠬᠡᠯᠲᠡᠰ ᠠᠴᠠ ᠡᠷᠭᠢᠯᠡᠵᠦ ᠂ ᠰᠢᠶᠠᠨ ᠤ ᠨᠠᠮ ᠤᠨ ᠬᠤᠷᠢᠶᠠᠨ ᠤ ᠨᠠᠮ ᠤᠨ ᠰᠤᠷᠭᠠᠭᠤᠯᠢ ᠳᠠᠭᠠᠭᠠᠴᠢᠯᠠᠨ ᠡᠷᠭᠢᠯᠡᠭᠰᠡᠨ ᠪᠥᠬᠦ ᠰᠢᠶᠠᠨ ᠤ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤ ᠪᠠᠬᠢ ᠪᠣᠶ ᠪᠣᠯᠭᠠᠵᠤ ︽ ᠵᠢᠱᠢᠶᠡᠴᠢ ᠥᠪᠡᠷᠲᠡᠭᠡᠨ ᠵᠠᠰᠠᠬᠤ ᠣᠷᠣᠨ ︾ ᠤ ᠪᠠᠶᠢᠭᠤᠯᠤᠯᠲᠠ ᠶᠢᠨ ᠲᠤᠰᠬᠠᠢ ᠰᠡᠳᠦᠪᠲᠦ ᠪᠣᠯᠪᠠᠰᠤᠷᠠᠯ ᠤᠨ ᠠᠩᠭᠢ ᠶᠢᠨ ᠰᠤᠷᠤᠯᠭ᠎ᠠ ᠡᠬᠢᠯᠡᠬᠦ ᠶᠢ ᠪᠥᠬᠦ ᠲᠠᠯ᠎ᠠ ᠪᠠᠷ ᠠᠬᠢᠭᠤᠯᠪᠠ᠃ ᠰᠢᠶᠠᠨ ᠤ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ ᠂ ᠵᠠᠰᠠᠭ ᠤᠨ ᠣᠷᠳᠣᠨ ᠤ ᠳᠡᠳ᠋ ᠳᠠᠷᠤᠭ᠎ᠠ ᠮᠥᠩᠬᠡᠴᠢᠯᠠᠭᠤ ᠠᠩᠭᠢ ᠡᠬᠢᠯᠡᠬᠦ ᠶᠣᠰᠣᠯᠠᠯ ᠳᠤ ᠣᠷᠣᠯᠴᠠᠵᠤ ᠶᠠᠷᠢᠶ᠎ᠠ ᠲᠠᠯᠪᠢᠪᠠ᠃ 

微信截图_20240402102600.png

      ᠮᠥᠩᠬᠡᠴᠢᠯᠠᠭᠤ ᠴᠢᠬᠤᠯᠠᠴᠢᠯᠠᠭᠰᠠᠨ ᠨᠢ᠂ ᠨᠠᠮᠴᠢ ᠴᠢᠨᠠᠷ ᠤᠨ ᠵᠠᠷᠴᠢᠮ ᠢ ᠪᠠᠷᠢᠮᠲᠠᠯᠠᠬᠤ ᠬᠡᠷᠡᠭᠲᠡᠢ ᠃ ᠨᠠᠮ ᠤᠨ ᠰᠢᠨᠵᠢ ᠴᠢᠨᠠᠷ ᠵᠣᠷᠢᠯᠲᠠ ᠠᠴᠠ ᠳᠤᠮᠳᠠᠳᠤ ᠶᠢᠨ

ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤ ᠴᠣᠭᠴᠠᠯᠠᠬᠤ ᠪᠣᠯ ᠦᠨᠳᠦᠰᠦᠲᠡᠨ ᠨᠦᠭᠦᠳ ᠤᠨ ᠦᠨᠳᠦᠰᠦᠨ ᠠᠰᠢᠭ ᠲᠤᠰᠠ ᠶᠢ ᠬᠠᠮᠠᠭᠠᠯᠠᠬᠤ

ᠵᠠᠶᠢᠯᠠᠰᠢ ᠦᠭᠡᠢ ᠱᠠᠭᠠᠷᠳᠠᠯᠭ᠎ᠠ ᠮᠥᠨ ᠭᠡᠳᠡᠭ ᠢ ᠭᠦᠨᠵᠡᠭᠡᠢ ᠲᠠᠨᠢᠬᠤ ᠬᠡᠷᠡᠭᠲᠡᠢ︔ ᠨᠠᠮ ᠤᠨ ᠤᠭ ᠰᠠᠨᠠᠭ᠎ᠠ ᠡᠭᠦᠷᠭᠡ ᠬᠠᠷᠢᠭᠤᠴᠠᠯᠭ᠎ᠠ ᠠᠴᠠ ᠳᠤᠮᠳᠠᠳᠤ ᠶᠢᠨ

ᠦᠨᠳᠦᠰᠦᠲᠡᠨ ᠤ ᠠᠭᠤᠤ ᠶᠡᠭᠡ ᠰᠡᠷᠭᠦᠨ ᠮᠠᠨᠳᠤᠯᠲᠠ ᠶᠢ ᠪᠡᠶᠡᠯᠡᠭᠦᠯᠬᠦ ᠶᠢᠨ ᠵᠠᠶᠢᠯᠠᠰᠢ ᠦᠭᠡᠢ ᠱᠠᠭᠠᠷᠳᠠᠯᠭ᠎ᠠ ᠮᠥᠨ ᠭᠡᠳᠡᠭ ᠢ ᠭᠦᠨᠵᠡᠭᠡᠢ ᠲᠠᠨᠢᠬᠤ ᠬᠡᠷᠡᠭᠲᠡᠢ ︔

ᠨᠡᠶᠢᠭᠡᠮ ᠵᠢᠷᠤᠮ ᠤᠨ ᠦᠨᠳᠦᠰᠦᠲᠡᠨ ᠤ ᠬᠠᠷᠢᠴᠠᠭ᠎ᠠ ᠶᠢᠨ ᠬᠥᠭᠵᠢᠯᠲᠡ ᠶᠢᠨ ᠳᠣᠲᠣᠭᠠᠳᠤ ᠱᠠᠭᠠᠷᠳᠠᠯᠭ᠎ᠠ ᠠᠴᠠ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ

ᠴᠣᠭᠴᠠ ᠶᠢᠨ ᠤᠬᠠᠮᠰᠠᠷ ᠢ ᠪᠠᠲᠤ ᠴᠣᠭᠴᠠᠯᠠᠬᠤ ᠪᠣᠯ ᠡᠷᠬᠡ ᠲᠡᠭᠰᠢ ᠪᠦᠯᠬᠦᠮᠳᠡᠯ ᠲᠠᠢ ᠬᠠᠷᠢᠯᠴᠠᠨ ᠬᠠᠪᠰᠤᠷᠤᠯᠴᠠᠭᠰᠠᠨ ᠡᠶ᠎ᠡ ᠵᠣᠬᠢᠴᠠᠩᠭᠤᠢ ᠨᠡᠶᠢᠭᠡᠮ ᠵᠢᠷᠤᠮ ᠤᠨ

ᠦᠨᠳᠦᠰᠦᠲᠡᠨ ᠤ ᠬᠠᠷᠢᠴᠠᠭ᠎ᠠ ᠶᠢ ᠪᠠᠬᠢᠵᠢᠭᠦᠯᠦᠨ ᠬᠥᠭᠵᠢᠭᠦᠯᠬᠦ ᠵᠠᠶᠢᠯᠠᠰᠢ ᠦᠭᠡᠢ ᠱᠠᠭᠠᠷᠳᠠᠯᠭ᠎ᠠ ᠮᠥᠨ ︔ ᠮᠠᠨ ᠤ ᠤᠯᠤᠰ ᠤᠨ ᠬᠥᠭᠵᠢᠯᠲᠡ ᠶᠢᠨ ᠰᠢᠨ᠎ᠡ ᠲᠡᠦᠬᠡᠨ

ᠣᠷᠣᠨ ᠪᠠᠶᠢᠷᠢ ᠪᠠ ᠰᠢᠨ᠎ᠡ ᠬᠥᠭᠵᠢᠯᠲᠡ ᠶᠢᠨ ᠱᠠᠲᠤ ᠦᠶ᠎ᠡ ᠠᠴᠠ ᠳᠤᠮᠳᠠᠳᠤ ᠶᠢᠨ ᠦᠨᠳᠦᠰᠦᠲᠡᠨ ᠤ ᠠᠵᠢᠯ ᠤᠨ ᠰᠢᠨ᠎ᠡ ᠪᠠᠶᠢᠳᠠᠯ ᠢ ᠡᠭᠦᠳᠬᠦ ᠵᠠᠶᠢᠯᠠᠰᠢ ᠦᠭᠡᠢ

ᠱᠠᠭᠠᠷᠳᠠᠯᠭ᠎ᠠ ᠮᠥᠨ ᠭᠡᠳᠡᠭ ᠢ ᠭᠦᠨᠵᠡᠭᠡᠢ ᠲᠠᠨᠢᠬᠤ ᠬᠡᠷᠡᠭᠲᠡᠢ ᠃ ᠤᠨᠤᠯ ᠢᠶᠠᠷ ᠵᠡᠪᠰᠡᠭᠯᠡᠬᠦ ᠶᠢ ᠪᠠᠷᠢᠮᠲᠠᠯᠠᠵᠤ᠂ ᠶᠡᠷᠦᠩᠬᠡᠢ ᠱᠦᠵᠢ ᠰᠢ ᠶᠢᠨ ᠫᠢᠩ ᠤᠨ ᠥᠪᠥᠷ

ᠮᠣᠩᠭᠤᠯ ᠳᠤ ᠰᠢᠨᠵᠢᠯᠡᠨ ᠪᠠᠶᠢᠴᠠᠭᠠᠬᠤ ᠂ ᠪᠠᠶᠠᠨᠨᠠᠭᠤᠷ ᠲᠤ ᠰᠢᠨᠵᠢᠯᠡᠨ ᠪᠠᠶᠢᠴᠠᠭᠠᠬᠤ ᠴᠢᠬᠤᠯᠠ ᠶᠠᠷᠢᠶ᠎ᠠ ᠴᠢᠬᠤᠯᠠ ᠵᠢᠭᠠᠪᠤᠷᠢ ᠶᠢᠨ ᠵᠣᠷᠢᠭ ᠰᠠᠨᠠᠭ᠎ᠠ ᠶᠢ

ᠲᠤᠤᠱᠯᠠᠭᠤᠯᠤᠨ ᠨᠠᠶᠢᠳᠠᠪᠤᠷᠢᠵᠢᠭᠤᠯᠵᠤ ᠂ ︽ ᠬᠤᠶᠠᠷ ᠶᠡᠭᠡ ᠶᠠᠪᠤᠳᠠᠯ ︾ ᠢ ᠭᠦᠨᠵᠡᠭᠡᠢ ᠠᠬᠢᠭᠤᠯᠬᠤ ᠠᠮᠢᠳᠤᠯᠢᠭ ᠦᠢᠯᠡᠳᠦᠯᠭᠡ ᠶᠢᠨ ᠳᠤᠮᠳᠠ᠂ ᠦᠨᠳᠦᠰᠦᠲᠡᠨ ᠤ

ᠠᠵᠢᠯ ᠢ ᠰᠠᠶᠢᠲᠤᠷ ᠬᠢᠬᠦ ᠂ ᠦᠨᠳᠦᠰᠦᠲᠡᠨ ᠤ ᠪᠦᠯᠬᠦᠮᠳᠡᠯ ᠢ ᠠᠬᠢᠭᠤᠯᠬᠤ ᠬᠠᠷᠢᠭᠤᠴᠠᠯᠭ᠎ᠠ ᠶᠢ ᠤᠬᠠᠮᠰᠠᠷ ᠠᠴᠠ ᠪᠠᠨ ᠡᠭᠦᠷᠭᠡᠯᠡᠬᠦ ᠬᠡᠷᠡᠭᠲᠡᠢ ᠃ ᠪᠣᠳᠠᠲᠠᠢ ᠲᠠᠢ

ᠤᠶᠠᠯᠳᠤᠭᠤᠯᠬᠤ ᠶᠢ ᠪᠠᠷᠢᠮᠲᠠᠯᠠᠵᠤ ᠂ ᠲᠥᠷᠥ ᠶᠢᠨ ᠪᠣᠳᠣᠯᠭ᠎ᠠ ᠶᠢᠨ ᠤᠬᠠᠭᠤᠯᠭ᠎ᠠ ᠶᠢ ᠴᠢᠬᠤᠯᠠᠴᠢᠯᠠᠵᠤ ᠂ ᠨᠡᠶᠢᠭᠡᠮ ᠤᠨ ᠦᠢᠯᠡᠰ ᠢ ᠲᠠᠰᠤᠷᠠᠯᠲᠠ ᠦᠭᠡᠢ ᠬᠥᠭᠵᠢᠭᠦᠯᠵᠦ ᠂

ᠦᠨᠳᠦᠰᠦᠲᠡᠨ ᠤ ᠪᠦᠯᠬᠦᠮᠳᠡᠯ ᠳᠠᠪᠰᠢᠯᠲᠠ ᠶᠢᠨ ᠠᠵᠢᠯ ᠢ ᠪᠣᠳᠠᠲᠤ ᠪᠠᠶᠢᠳᠠᠯ ᠲᠠᠢ ᠨᠠᠩ ᠣᠶᠢᠷᠠᠲᠤᠭᠤᠯᠵᠤ ᠂ ᠠᠮᠢᠳᠤᠷᠠᠯ ᠳᠤ ᠨᠠᠩ ᠣᠶᠢᠷᠠᠲᠤᠭᠤᠯᠵᠤ ᠂ ᠣᠯᠠᠨ

ᠲᠦᠮᠡᠨ ᠤ ᠬᠦᠷᠲᠡᠮᠵᠢ ᠶᠢᠨ ᠲᠥᠷᠥᠭᠳᠡᠯ ᠂ ᠵᠣᠯ ᠵᠢᠷᠭᠠᠯᠲᠤ ᠲᠥᠷᠥᠭᠳᠡᠯ ᠢ ᠲᠠᠰᠤᠷᠠᠯᠲᠠ ᠦᠭᠡᠢ ᠳᠡᠭᠡᠭᠰᠢᠯᠡᠭᠦᠯᠬᠦ ᠬᠡᠷᠡᠭᠲᠡᠢ ᠃

      ᠳᠠᠷᠠᠭ᠎ᠠ ᠨᠢ᠂ ᠰᠢᠶᠠᠨ ᠤ ᠨᠠᠮ ᠤᠨ ᠬᠤᠷᠢᠶᠠᠨ ᠤ ᠨᠠᠮ ᠤᠨ ᠰᠤᠷᠭᠠᠭᠤᠯᠢ ᠶᠢᠨ ᠳᠡᠳ᠋ ᠫᠷᠤᠹᠧᠰᠰᠤᠷ ᠵᠢᠢ ᠰᠢᠤ ᠮᠢᠨ ᠪᠣᠯᠪᠠᠰᠤᠷᠠᠯ ᠳᠤ ᠣᠷᠣᠯᠴᠠᠭᠰᠠᠨ ᠪᠦᠬᠦ

ᠰᠤᠷᠤᠭᠴᠢᠳ ᠲᠤ ︽ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤᠳᠬᠠᠬᠤ ᠪᠠᠷ ᠭᠤᠣᠯ ᠰᠢᠵᠢᠮ ᠪᠣᠯᠭᠠᠵᠤ ᠂ ᠰᠢᠨ᠎ᠡ ᠴᠠᠭ

ᠦᠶ᠎ᠡ ᠶᠢᠨ ᠦᠨᠳᠦᠰᠦᠲᠡᠨ ᠤ ᠠᠵᠢᠯ ᠢ ᠴᠢᠩᠭᠠᠳᠬᠠᠨ ᠰᠠᠶᠢᠵᠢᠷᠠᠭᠤᠯᠬᠤ ︾ ᠭᠡᠬᠦ ᠰᠡᠳᠦᠪ ᠢᠶᠠᠷ ᠲᠤᠰᠬᠠᠢ ᠰᠡᠳᠦᠪᠲᠦ ᠨᠠᠮ ᠤᠨ ᠬᠢᠴᠢᠶᠡᠯ ᠣᠷᠣᠪᠠ᠃

      ᠲᠠᠨᠢᠯᠴᠠᠭᠤᠯᠤᠭᠰᠠᠨ ᠢᠶᠠᠷ ᠂ ᠲᠣᠰ ᠤᠳᠠᠭᠠᠨ ᠤ ᠪᠣᠯᠪᠠᠰᠤᠷᠠᠯ ᠤᠨ ᠠᠩᠭᠢ ᠭᠤᠷᠪᠠᠨ ᠡᠳᠦᠷ ᠤᠨ ᠬᠤᠭᠤᠴᠠᠭ᠎ᠠ ᠲᠠᠢ ᠶᠠᠪᠤᠭᠳᠠᠵᠤ ᠂ ᠣᠨᠣᠯ ᠤᠨ ᠵᠢᠭᠠᠨ

ᠰᠤᠷᠭᠠᠯᠲᠠ ᠪᠠ ᠬᠡᠷᠡᠭ ᠤᠨ ᠵᠢᠱᠢᠶ᠎ᠡ ᠶᠢᠨ ᠵᠢᠭᠠᠨ ᠰᠤᠷᠭᠠᠯᠲᠠ ᠶᠢ ᠤᠶᠠᠯᠳᠤᠭᠤᠯᠬᠤ ᠠᠷᠭ᠎ᠠ ᠮᠠᠶ᠋ᠢᠭ ᠢ ᠶᠡᠷᠦᠩᠬᠡᠶᠢᠯᠡᠨ ᠬᠡᠷᠡᠭᠯᠡᠵᠦ ᠲᠤᠰᠬᠠᠢ ᠰᠡᠳᠦᠪᠲᠦ ᠪᠣᠯᠪᠠᠰᠤᠷᠠᠯ

ᠬᠢᠨ᠎ᠡ᠃ ᠪᠦᠬᠦ ᠰᠢᠶᠠᠨ ᠤ ᠡᠯ᠎ᠡ ᠰᠢᠶᠠᠩ ᠪᠠᠯᠭᠠᠰᠤ᠂ ᠰᠢᠶᠠᠨ ᠤ ᠰᠢᠭᠤᠳ ᠬᠠᠷᠢᠶ᠎ᠠ ᠡᠯ᠎ᠡ ᠰᠠᠯᠠᠭ᠎ᠠ ᠮᠥᠴᠢᠷ ᠤᠨ 114 ᠬᠤᠪᠢᠳᠠᠨ ᠬᠠᠮᠢᠶᠠᠷᠴᠤ ᠪᠠᠶᠢᠭ᠎ᠠ

ᠤᠳᠤᠷᠢᠳᠤᠯᠭ᠎ᠠ ᠪᠣᠯᠪᠠᠰᠤᠷᠠᠯ ᠳᠤ ᠣᠷᠣᠯᠴᠠᠪᠠ᠃

 

ᠢᠷᠡᠯᠲᠡ᠄ ᠦᠶᠤᠸᠠᠨ ᠰᠢᠶᠠᠨ ᠤ ᠠᠷᠠᠳ ᠤᠨ ᠵᠠᠰᠠᠭ ᠤᠨ ᠣᠷᠳᠤᠨ ᠤ ᠮᠣᠡᠭᠭᠤᠯ ᠰᠦᠯᠵᠢᠶ᠎ᠡ