ᠮᠠᠨ ᠤ ᠰᠢᠶᠠᠨ ︽ᠭᠠᠶᠢᠯᠢ ᠲᠠᠲᠠᠪᠤᠷᠢ ᠪᠠᠷ ᠬᠥᠭᠵᠢᠯᠲᠡ ᠶᠢ ᠳᠡᠮᠵᠢᠵᠦ ᠰᠢᠨ᠎ᠡ ᠲᠡᠰᠢ ᠠᠬᠢᠭᠤᠯᠬᠤ︾ 33 ᠳ᠋ᠤᠭᠠᠷ ᠪᠦᠬᠦ ᠤᠯᠤᠰ ᠤᠨ ᠭᠠᠶᠢᠯᠢ ᠲᠠᠲᠠᠪᠤᠷᠢ ᠶᠢᠨ ᠤᠬᠠᠭᠤᠯᠭ᠎ᠠ ᠶᠢᠨ ᠰᠠᠷ᠎ᠠ ᠶᠢᠨ ᠠᠵᠢᠯᠯᠠᠭ᠎ᠠ ᠶᠢ ᠡᠬᠢᠯᠡᠭᠦᠯᠪᠡ
ᠨᠡᠶᠢᠲᠡᠯᠡᠭᠰᠡᠨ ᠴᠠᠭ᠄
2024/4/2
      33 ᠳ᠋ᠤᠭᠠᠷ ᠪᠦᠬᠦ ᠤᠯᠤᠰ ᠤᠨ ᠭᠠᠶᠢᠯᠢ ᠲᠠᠲᠠᠪᠤᠷᠢ ᠶᠢᠨ ᠤᠬᠠᠭᠤᠯᠭ᠎ᠠ ᠶᠢᠨ ᠰᠠᠷ᠎ᠠ ᠶᠢᠨ ᠠᠵᠢᠯᠯᠠᠭ᠎ᠠ ᠶᠢ ᠭᠦᠨᠵᠡᠭᠡᠢ ᠥᠷᠨᠢᠭᠦᠯᠵᠦ᠂ ᠡᠯ᠎ᠡ ᠵᠦᠢᠯ ᠤᠨ ᠭᠠᠶᠢᠯᠢ ᠰᠦᠢᠳᠬᠡᠯ ᠤᠨ ᠲᠥᠷᠥ ᠶᠢᠨ ᠪᠣᠳᠣᠯᠭ᠎ᠠ ᠶᠢ ᠭᠠᠵᠠᠷ ᠬᠦᠷᠲᠡᠯ᠎ᠡ ᠣᠨᠣᠪᠴᠢᠲᠠᠶ ᠨᠠᠶᠢᠳᠠᠪᠤᠷᠢᠵᠢᠭᠤᠯᠬᠤ ᠶᠢᠨ ᠲᠥᠯᠥᠭᠡ᠂ 4 ᠰᠠᠷ᠎ᠠ ᠶᠢᠨ 1 ᠤ ᠡᠳᠦᠷ᠂ ᠰᠢᠶᠠᠨ ᠤ ᠭᠠᠶᠢᠯᠢ ᠶᠢᠨ ᠶᠠᠪᠤᠳᠠᠯ ᠤᠨ ᠲᠣᠪᠴᠢᠶ᠎ᠠ ︽ᠭᠠᠶᠢᠯᠢ ᠲᠠᠲᠠᠪᠤᠷᠢ ᠶᠢᠨ ᠬᠥᠭᠵᠢᠯᠲᠡ ᠶᠢ ᠰᠢᠨ᠎ᠡ ᠲᠡᠰᠢ ᠠᠬᠢᠭᠤᠯᠬᠤ︾ ᠭᠤᠣᠯ ᠰᠡᠳᠦᠪ ᠲᠠᠢ ᠨᠢᠭᠲᠠ ᠤᠶᠠᠯᠳᠤᠭᠤᠯᠤᠨ᠂ 33 ᠳ᠋ᠤᠭᠠᠷ ᠪᠥᠬᠦ ᠤᠯᠤᠰ ᠤᠨ ᠭᠠᠶᠢᠯᠢ ᠲᠠᠲᠠᠪᠤᠷᠢ ᠶᠢᠨ ᠤᠬᠠᠭᠤᠯᠭ᠎ᠠ ᠶᠢᠨ ᠰᠠᠷ᠎ᠠ ᠶᠢᠨ ᠠᠵᠢᠯᠯᠠᠭ᠎ᠠ ᠶᠢ ᠡᠷᠭᠢᠯᠡᠪᠡ᠃ ᠵᠠᠰᠠᠭ ᠤᠨ ᠣᠷᠳᠣᠨ ᠤ ᠰᠢᠶᠠᠨ ᠤ ᠳᠡᠳ᠋ ᠳᠠᠷᠤᠭ᠎ᠠ ᠰᠦᠨ ᠮᠧᠢ ᠶᠢᠩ ᠠᠵᠢᠯᠯᠠᠭ᠎ᠠ ᠳᠤ ᠣᠷᠣᠯᠴᠠᠪᠠ᠃

微信截图_20240402103109.png

    ᠰᠦᠨ ᠮᠧᠶ ᠶᠢᠩ ᠡᠬᠢᠯᠡᠯᠲᠡ ᠶᠢᠨ ᠶᠣᠰᠣᠯᠠᠯ ᠳᠡᠭᠡᠷ᠎ᠡ ᠴᠢᠬᠤᠯᠠᠴᠢᠯᠠᠭᠰᠠᠨ ᠨᠢ᠂ 2024  ᠤᠨ ᠪᠣᠯ ᠪᠥᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ

ᠪᠠᠶᠢᠭᠤᠯᠤᠭᠳᠠᠭᠰᠠᠨ 75 ᠵᠢᠯ ᠤᠨ ᠣᠶ ᠮᠥᠨ᠂ ᠨᠠᠮ ᠤᠨ ᠬᠤᠷᠢᠳᠤᠭᠠᠷ ᠶᠡᠭᠡ ᠬᠤᠷᠠᠯ ᠤᠨ ᠵᠣᠷᠢᠭ ᠰᠠᠨᠠᠭ᠎ᠠ ᠶᠢ ᠪᠥᠬᠦ ᠲᠠᠯ᠎ᠠ ᠪᠠᠷ ᠲᠤᠤᠱᠯᠠᠭᠤᠯᠬᠤ ᠵᠠᠩᠭᠢᠯᠠᠭ᠎ᠠ ᠶᠢᠨ

ᠵᠢᠯ ᠮᠥᠨ᠂ ᠪᠠᠰᠠ ᠴᠤ ︽ᠠᠷᠪᠠᠨ ᠳᠥᠷᠪᠡᠳᠦᠭᠡᠷ ᠲᠠᠪᠤᠨ︾ ᠵᠢᠯ ᠤᠨ ᠲᠥᠯᠦᠪᠵᠢᠭᠦᠯᠭᠡ ᠶᠢ ᠬᠡᠷᠡᠭᠵᠢᠭᠦᠯᠬᠦ ᠤᠷᠢᠳᠤᠬᠢ ᠶᠢ ᠵᠠᠯᠭᠠᠮᠵᠢᠯᠠᠨ ᠬᠤᠶᠢᠰᠢᠬᠢ ᠳᠤ ᠵᠠᠮ

ᠨᠡᠭᠡᠭᠡᠬᠦ ᠴᠢᠬᠤᠯᠠ ᠨᠢᠭᠡ ᠵᠢᠯ ᠮᠥᠨ᠃ ᠦᠶᠤᠸᠠᠨ ᠰᠢᠶᠠᠨ ᠤ ᠭᠠᠶᠢᠯᠢ ᠶᠢᠨ ᠶᠠᠪᠤᠳᠠᠯ ᠤᠨ ᠲᠣᠪᠴᠢᠶ᠎ᠠ ᠭᠤᠣᠯᠳᠠᠯᠭ᠎ᠠ ᠶᠢᠨ ᠲᠣᠭᠤᠷᠢᠨ ᠳᠤ ᠶᠡᠭᠡ ᠲᠠᠯ᠎ᠠ ᠳᠤ

ᠦᠢᠯᠡᠴᠢᠯᠡᠬᠦ ᠶᠢ ᠪᠠᠷᠢᠮᠲᠠᠯᠠᠵᠤ ᠂ ᠡᠭᠦᠷᠭᠡ ᠬᠠᠷᠢᠭᠤᠴᠠᠯᠭ᠎ᠠ ᠪᠠᠨ ᠨᠠᠷᠢᠨ ᠬᠢᠨᠠᠮᠠᠭᠠᠢ ᠭᠦᠢᠴᠡᠳᠬᠡᠵᠦ᠂ ᠬᠠᠤᠯᠢ ᠶᠣᠰᠣᠭᠠᠷ ᠰᠢᠨᠵᠢᠯᠡᠬᠦ ᠤᠬᠠᠭᠠᠨᠴᠢ ᠪᠠᠷ ᠬᠠᠮᠢᠶᠠᠷᠴᠤ᠂

ᠭᠠᠶᠢᠯᠢ ᠲᠠᠲᠠᠪᠤᠷᠢ ᠶᠢᠨ ᠤᠬᠠᠭᠤᠯᠭ᠎ᠠ ᠶᠢᠨ ᠠᠵᠢᠯᠯᠠᠭ᠎ᠠ ᠶᠢ ᠶᠡᠬᠡᠪᠡᠷ ᠥᠷᠨᠢᠭᠦᠯᠵᠦ᠂ ᠤᠬᠠᠭᠤᠯᠭ᠎ᠠ ᠶᠢᠨ ᠠᠴᠢᠶᠠᠯᠠᠪᠤᠷᠢ ᠪᠣᠯᠣᠨ ᠤᠬᠠᠭᠤᠯᠭ᠎ᠠ ᠶᠢᠨ ᠬᠡᠯᠪᠡᠷᠢ ᠶᠢ

ᠢᠳᠡᠪᠬᠢᠲᠡᠢ ᠰᠢᠨᠡᠴᠢᠯᠡᠵᠦ᠂ ᠭᠠᠶᠢᠯᠢ ᠲᠤᠰᠢᠶᠠᠬᠤ ᠦᠢᠯᠡᠴᠢᠯᠡᠭᠡᠨ ᠤ ᠵᠠᠭᠪᠤᠷ ᠢ ᠲᠠᠰᠤᠷᠠᠯᠲᠠ ᠦᠭᠡᠢ ᠰᠢᠯᠢᠳᠡᠭᠵᠢᠭᠦᠯᠦᠨ ᠰᠠᠶᠢᠵᠢᠷᠠᠭᠤᠯᠵᠤ᠂ ᠭᠠᠶᠢᠯᠢ ᠲᠠᠲᠠᠪᠤᠷᠢᠯᠠᠵᠤ

ᠬᠠᠮᠢᠶᠠᠷᠬᠤ ᠶᠠᠰᠤ ᠴᠢᠨᠠᠷ ᠪᠣᠯᠣᠨ ᠦᠷ᠎ᠡ ᠪᠦᠲᠦᠮᠵᠢ ᠶᠢ ᠪᠦᠲᠦᠮᠵᠢᠲᠡᠢ ᠳᠡᠭᠡᠭᠰᠢᠯᠡᠭᠦᠯᠬᠦ ᠶᠢ ᠬᠦᠰᠡᠵᠦ ᠪᠠᠶᠢᠨ᠎ᠠ ᠭᠡᠪᠡ᠃

微信截图_20240402103120.png

    ᠠᠵᠢᠯᠯᠠᠭ᠎ᠠ ᠶᠢᠨ ᠲᠤᠬᠠᠢ ᠶᠢᠨ ᠲᠠᠯᠠᠪᠠᠢ ᠳᠤ᠂ ᠭᠠᠶᠢᠯᠢ ᠶᠢᠨ ᠶᠠᠪᠤᠳᠠᠯ ᠤᠨ ᠺᠠᠳ᠋ᠷᠴᠤᠳ ᠭᠠᠶᠢᠯᠢ ᠲᠠᠲᠠᠪᠤᠷᠢ ᠶᠢᠨ ᠵᠥᠪᠯᠡᠯᠭᠡ ᠥᠭᠬᠦ ᠲᠠᠪᠴᠠᠩ ᠢ ᠨᠠᠷᠢᠨ ᠨᠢᠮᠪᠠᠢ

ᠪᠠᠶᠢᠷᠢᠯᠠᠭᠤᠯᠵᠤ᠂ ᠨᠠᠭᠠᠰᠢ ᠴᠠᠭᠠᠰᠢ ᠶᠠᠪᠤᠵᠤ ᠪᠠᠶᠢᠭ᠎ᠠ ᠭᠠᠶᠢᠯᠢ ᠲᠤᠰᠢᠶᠠᠭᠴᠢ ᠳᠤ ᠤᠬᠠᠭᠤᠯᠭ᠎ᠠ ᠶᠢᠨ ᠳᠡᠪᠲᠡᠷ ᠲᠠᠷᠬᠠᠭᠠᠵᠤ᠂ ᠲᠦᠷᠦ ᠶᠢᠨ ᠪᠣᠳᠣᠯᠭ᠎ᠠ ᠶᠢᠨ

ᠮᠠᠳᠠᠭ ᠲᠠᠢ ᠠᠰᠠᠭᠤᠯᠲᠠ ᠳᠤ ᠬᠠᠷᠢᠭᠤᠯᠲᠠ ᠥᠭᠴᠦ᠂ 33 ᠳ᠋ᠤᠭᠠᠷ ᠤᠳᠠᠭᠠᠨ ᠤ ᠭᠠᠶᠢᠯᠢ ᠲᠠᠲᠠᠪᠤᠷᠢ ᠶᠢᠨ ᠤᠬᠠᠭᠤᠯᠭ᠎ᠠ ᠶᠢᠨ ᠰᠠᠷ᠎ᠠ ᠶᠢᠨ ᠭᠤᠣᠯ ᠰᠡᠳᠦᠪ᠂ ᠡᠯ᠎ᠡ

ᠵᠦᠢᠯ ᠤᠨ ᠭᠠᠶᠢᠯᠢ ᠲᠠᠲᠠᠪᠤᠷᠢ ᠶᠢᠨ ᠬᠠᠷᠠᠭᠠᠯᠵᠠᠯ ᠤᠨ ᠲᠦᠷᠦ ᠶᠢᠨ ᠪᠣᠳᠣᠯᠭ᠎ᠠ ᠵᠢᠴᠢ ᠬᠠᠮᠢᠶ᠎ᠠ ᠪᠦᠬᠦᠢ ᠦᠢᠯᠡᠴᠢᠯᠡᠭᠡᠨ ᠤ ᠠᠷᠭ᠎ᠠ ᠬᠡᠮᠵᠢᠶ᠎ᠡ ᠶᠢ ᠨᠠᠷᠢᠨ

ᠲᠠᠨᠢᠯᠴᠠᠭᠤᠯᠵᠤ᠂ ᠭᠠᠶᠢᠯᠢ ᠲᠠᠲᠠᠪᠤᠷᠢ ᠶᠢᠨ ᠤᠬᠠᠭᠤᠯᠭ᠎ᠠ ᠶᠢᠨ ᠭᠦᠨ ᠵᠤᠵᠠᠭᠠᠨ ᠠᠭᠤᠷ ᠠᠮᠢᠰᠬᠤᠯ ᠢ ᠪᠤᠢ ᠪᠣᠯᠭᠠᠪᠠ᠃

    ᠠᠵᠢᠯᠯᠠᠭ᠎ᠠ ᠶᠢᠨ ᠳᠤᠮᠳᠠ ᠪᠠᠰᠠ ︽ᠦᠨᠳᠦᠰᠦᠲᠡᠨ ᠨᠦᠭᠦᠳ ᠪᠦᠯᠬᠦᠮᠳᠡᠨ ᠨᠢᠭᠡ ᠭᠡᠷ ᠤᠨ ᠬᠥᠮᠥᠨ ᠮᠡᠲᠦ ᠳᠣᠲᠣᠨᠣ᠂ ᠭᠠᠶᠢᠯᠢ ᠶᠢᠨ ᠶᠠᠪᠤᠳᠠᠯ ᠳᠤ ᠠᠰᠢᠭ

ᠬᠦᠷᠲᠡᠭᠡᠵᠦ ᠬᠥᠮᠥᠰ ᠤᠨ ᠰᠡᠳᠬᠢᠯ ᠢ ᠳᠤᠯᠠᠭᠠᠴᠠᠭᠤᠯᠤᠨ᠎ᠠ︾ ᠭᠡᠬᠦ ᠬᠤᠲᠠ ᠶᠢᠨ ᠰᠢᠭᠤᠳ ᠬᠠᠷᠢᠶ᠎ᠠ ᠤᠯᠠᠭᠠᠨᠮᠥ᠋ᠴᠢᠷ ᠤᠨ ᠭᠠᠶᠢᠯᠢ ᠶᠢᠨ ᠤᠬᠠᠭᠤᠯᠭ᠎ᠠ ᠤᠷᠠᠨ

ᠰᠠᠶᠢᠬᠠᠨ ᠤ ᠲᠣᠭᠯᠠᠯᠲᠠ᠂ ᠭᠠᠶᠢᠯᠢ ᠶᠢᠨ ᠶᠠᠪᠤᠳᠠᠯ ᠤᠨ ᠠᠵᠢᠯᠲᠠᠳ ᠤᠯᠠᠭᠠᠨᠮᠥ᠋ᠴᠢᠷ ᠤᠨ ᠲᠣᠭᠯᠠᠭᠴᠢᠳ ᠲᠠᠢ ᠭᠠᠷ ᠬᠤᠯᠪᠣᠯᠴᠠᠨ ︽ᠡᠬᠡ ᠤᠯᠤᠰ ᠮᠠᠷᠲᠠᠬᠤ ᠦᠭᠡᠢ︾

᠂ ᠱᠤᠭ ᠵᠦᠴᠦᠭᠡ ︽ᠡᠶᠡᠯᠳᠡᠭ ᠰᠠᠶᠢᠬᠠᠨ ᠬᠥᠳᠡᠭᠡ ᠲᠣᠰᠬᠤᠨ︾ ᠵᠡᠷᠭᠡ ᠭᠤᠶᠢᠳᠠ ᠰᠠᠶᠢᠬᠠᠨ ᠲᠣᠭᠯᠠᠯᠲᠠ ᠶᠢ ᠡᠷᠭᠢᠯᠡᠵᠦ᠂ ᠲᠤᠬᠠᠢ ᠶᠢᠨ ᠲᠠᠯᠠᠪᠠᠶ ᠶᠢᠨ ᠠᠭᠤᠷ

ᠠᠮᠢᠰᠬᠤᠯ ᠢ ᠳᠠᠶᠢᠴᠢᠯᠠᠭᠰᠠᠨ ᠮᠥᠷᠲᠡᠭᠡᠨ ᠪᠠᠰᠠ ᠦᠵᠡᠭᠴᠢᠳ ᠲᠤ ᠭᠠᠶᠢᠯᠢ ᠲᠠᠲᠠᠪᠤᠷᠢ ᠶᠢᠨ ᠠᠵᠢᠯ ᠤᠨ ᠲᠤᠬᠠᠢ ᠭᠦᠨᠵᠡᠭᠡᠢ ᠣᠶᠢᠯᠠᠭᠠᠯᠲᠠ ᠲᠠᠢ ᠪᠣᠯᠭᠠᠪᠠ᠃

    ︽ᠣᠶᠢᠷ᠎ᠠ ᠶᠢᠨ ᠵᠢᠯ ᠠᠴᠠ᠂ ᠦᠶᠤᠸᠠᠨ ᠰᠢᠶᠠᠨ ᠤ ᠭᠠᠶᠢᠯᠢ ᠶᠢᠨ ᠶᠠᠪᠤᠳᠠᠯ ᠤᠨ ᠲᠣᠪᠴᠢᠶ᠎ᠠ ᠰᠢᠶᠠᠨ ᠤ ᠨᠠᠮ ᠤᠨ ᠬᠤᠷᠢᠶ᠎ᠠ᠂ ᠵᠠᠰᠠᠭ ᠤᠨ ᠣᠷᠳᠣᠨ ᠤ

ᠬᠥᠭᠵᠢᠯᠲᠡ ᠶᠢᠨ ᠶᠡᠭᠡ ᠲᠠᠯ᠎ᠠ ᠲᠠᠢ ᠨᠢᠭᠲᠠ ᠤᠶᠠᠯᠳᠤᠭᠤᠯᠵᠤ᠂ ᠡᠭᠦᠷᠭᠡ ᠬᠠᠷᠢᠭᠤᠴᠠᠯᠭ᠎ᠠ ᠪᠠᠨ ᠭᠦᠢᠴᠡᠳᠬᠡᠵᠦ᠂ ᠦᠨᠡᠨᠬᠦ ᠠᠳᠬᠤᠨ ᠪᠣᠳᠠᠲᠠᠢ ᠠᠵᠢᠯᠯᠠᠵᠤ᠂

ᠠᠯᠪᠠᠳᠠᠯᠭ᠎ᠠ ᠪᠠᠷ ᠲᠠᠲᠠᠪᠤᠷᠢᠯᠠᠨ ᠬᠠᠮᠢᠶᠠᠷᠬᠤ᠂ ᠦᠢᠯᠡᠴᠢᠯᠡᠭᠡ ᠶᠢ ᠰᠢᠯᠢᠳᠡᠭᠵᠢᠭᠦᠯᠬᠦ᠂ ᠥᠭᠡᠷᠡᠴᠢᠯᠡᠯᠲᠡ ᠶᠢ ᠠᠬᠢᠭᠤᠯᠬᠤ᠂ ᠬᠡᠪ ᠴᠢᠨᠠᠷ ᠢ ᠳᠡᠭᠡᠭᠰᠢᠯᠡᠭᠦᠯᠬᠦ ᠵᠡᠷᠭᠡ ᠠᠯᠢ

ᠤᠯᠠᠨ ᠠᠷᠭ᠎ᠠ ᠬᠡᠮᠵᠢᠶ᠎ᠡ ᠪᠠᠷ ᠳᠠᠮᠵᠢᠭᠤᠯᠵᠤ᠂ ᠭᠠᠶᠢᠯᠢ ᠲᠠᠲᠠᠪᠤᠷᠢ ᠪᠣᠯᠣᠨ ᠠᠵᠤ ᠠᠬᠤᠢ ᠶᠢᠨ ᠵᠣᠬᠢᠴᠠᠩᠭᠤᠢ ᠬᠥᠭᠵᠢᠯᠲᠡ ᠶᠢ ᠪᠡᠶᠡᠯᠡᠭᠦᠯᠪᠡ︾᠃ ᠤᠯᠤᠰ ᠤᠨ

ᠭᠠᠶᠢᠯᠢ ᠶᠢᠨ ᠶᠠᠪᠤᠳᠠᠯ ᠤᠨ ᠶᠡᠷᠦᠩᠬᠡᠢ ᠲᠣᠪᠴᠢᠶᠠᠨ ᠤ ᠦᠶᠤᠸᠠᠨ ᠰᠢᠶᠠᠨ ᠤ ᠭᠠᠶᠢᠯᠢ ᠶᠢᠨ ᠶᠠᠪᠤᠳᠠᠯ ᠤᠨ ᠲᠣᠪᠴᠢᠶᠠᠨ ᠤ ᠨᠠᠮ ᠤᠨ ᠬᠤᠷᠢᠶᠠᠨ ᠤ ᠱᠦᠵᠢ᠂

ᠲᠣᠪᠴᠢᠶᠠᠨ ᠳᠠᠷᠤᠭ᠎ᠠ ᠦ᠋ ᠶᠣᠣ ᠢᠯᠡᠳᠬᠡᠪᠡ᠃

    ᠲᠠᠷᠠᠭᠠᠴᠢ ᠶᠢᠨ ᠠᠯᠬᠤᠮ ᠳᠤ᠂ ᠤᠯᠤᠰ ᠤᠨ ᠭᠠᠶᠢᠯᠢ ᠶᠢᠨ ᠶᠠᠪᠤᠳᠠᠯ ᠤᠨ ᠶᠡᠷᠦᠩᠬᠡᠢ ᠲᠣᠪᠴᠢᠶ᠎ᠠ ᠶᠢᠨ ᠦᠶᠤᠸᠠᠨ ᠰᠢᠶᠠᠨ ᠤ ᠭᠠᠶᠢᠯᠢ ᠶᠢᠨ ᠶᠠᠪᠤᠳᠠᠯ ᠤᠨ

ᠲᠣᠪᠴᠢᠶ᠎ᠠ ᠭᠠᠶᠢᠯᠢ ᠲᠠᠲᠠᠪᠤᠷᠢ ᠶᠢᠨ ᠤᠬᠠᠭᠤᠯᠭ᠎ᠠ ᠶᠢᠨ ᠰᠠᠷ᠎ᠠ ᠪᠠᠷ ᠠᠵᠠ ᠲᠣᠬᠢᠶᠠᠯ ᠪᠣᠯᠭᠠᠵᠤ᠂ ᠨᠠᠮ ᠤᠨ ᠲᠥᠪ ᠬᠤᠷᠢᠶ᠎ᠠ᠂ ᠲᠥᠷᠥ ᠶᠢᠨ ᠶᠠᠪᠤᠳᠠᠯ ᠤᠨ

ᠬᠤᠷᠢᠶ᠎ᠠ ᠶᠢᠨ ᠴᠢᠬᠤᠯᠠ ᠶᠡᠭᠡ ᠰᠢᠢᠳᠪᠦᠷᠢᠲᠦ ᠪᠣᠳᠣᠯᠭ᠎ᠠ ᠶᠢᠨ ᠪᠠᠶᠢᠷᠢᠯᠠᠭᠤᠯᠤᠯᠲᠠ ᠶᠢ ᠪᠥᠬᠦ ᠲᠠᠯ᠎ᠠ ᠪᠠᠷ ᠲᠤᠤᠱᠯᠠᠭᠤᠯᠤᠨ ᠨᠠᠶᠢᠳᠠᠪᠤᠷᠢᠵᠢᠭᠤᠯᠵᠤ᠂ ᠡᠯ᠎ᠡ ᠵᠦᠢᠯ ᠤᠨ

ᠭᠠᠶᠢᠯᠢ ᠰᠦᠢᠳᠬᠡᠯ ᠤᠨ ᠲᠥᠷᠥ ᠶᠢᠨ ᠪᠣᠳᠣᠯᠭ᠎ᠠ ᠶᠢ ᠨᠠᠷᠢᠯᠢᠭ ᠣᠨᠣᠴᠠᠲᠠᠢ ᠪᠠᠷ ᠨᠠᠶᠢᠳᠠᠪᠤᠷᠢᠵᠢᠭᠤᠯᠤᠨ᠂ ᠭᠠᠶᠢᠯᠢ ᠲᠠᠲᠠᠪᠤᠷᠢᠯᠠᠵᠤ ᠬᠠᠮᠢᠶᠠᠷᠬᠤ ᠥᠭᠡᠷᠡᠴᠢᠯᠡᠯᠲᠡ ᠶᠢ

ᠤᠯᠠᠮ ᠨᠢᠭᠡ ᠠᠯᠬᠤᠮ ᠭᠦᠨᠵᠡᠭᠡᠶᠢᠷᠡᠭᠦᠯᠵᠦ᠂ ᠭᠠᠶᠢᠯᠢ ᠰᠦᠢᠳᠬᠡᠯ ᠲᠤᠰᠢᠶᠠᠬᠤ ᠶᠢ ᠣᠶᠤᠨᠴᠢᠯᠠᠨ ᠳᠥᠭᠦᠮᠴᠢᠯᠡᠬᠦ ᠶᠢ ᠲᠠᠰᠤᠷᠠᠯᠲᠠ ᠦᠭᠡᠢ ᠲᠦᠯᠬᠢᠨ ᠠᠬᠢᠭᠤᠯᠵᠤ᠂

ᠭᠠᠶᠢᠯᠢ ᠰᠦᠢᠳᠬᠡᠯ ᠲᠤᠰᠢᠶᠠᠭᠴᠢ ᠶᠢᠨ ᠬᠦᠷᠲᠡᠮᠵᠢ ᠶᠢᠨ ᠲᠥᠷᠥᠭᠳᠡᠯ ᠬᠠᠨᠤᠮᠵᠢ ᠶᠢᠨ ᠬᠡᠮᠵᠢᠶ᠎ᠡ ᠶᠢ ᠦᠷᠭᠦᠯᠵᠢᠯᠡᠨ ᠳᠡᠭᠡᠭᠰᠢᠯᠡᠭᠦᠯᠵᠦ᠂ ᠠᠵᠤ ᠠᠬᠤᠢ ᠶᠢᠨ

ᠠᠵᠢᠯᠯᠠᠭᠠᠨ ᠢ ᠪᠦᠬᠦᠯᠢ ᠴᠣᠭᠴᠠ ᠪᠠᠷ ᠨᠢ ᠰᠠᠶᠢᠵᠢᠷᠠᠭᠤᠯᠬᠤ᠂ ᠶᠠᠰᠤ ᠴᠢᠨᠠᠷ ᠢ ᠪᠦᠲᠦᠮᠵᠢᠲᠡᠶ ᠳᠡᠭᠡᠭᠰᠢᠯᠡᠭᠦᠯᠬᠦ ᠪᠠ ᠲᠤᠭ᠎ᠠ ᠬᠡᠮᠵᠢᠶ᠎ᠡ ᠶᠢ ᠵᠦᠢ ᠵᠣᠬᠢᠰᠲᠠᠢ

ᠨᠡᠮᠡᠭᠳᠡᠭᠦᠯᠬᠦ ᠳᠤ ᠬᠦᠴᠦᠨ ᠨᠡᠮᠡᠷᠢᠯᠡᠵᠦ᠂ ᠳᠤᠮᠳᠠᠳᠤ ᠤᠯᠤᠰ ᠤᠨ ᠮᠠᠶ᠋ᠢᠭ ᠤᠨ ᠣᠳᠣᠬᠢᠴᠢᠯᠠᠯᠲᠠ ᠶᠢ ᠪᠥᠬᠦ ᠲᠠᠯ᠎ᠠ ᠪᠠᠷ ᠲᠦᠯᠬᠢᠨ ᠠᠬᠢᠭᠤᠯᠬᠤ ᠳᠤ ᠭᠠᠶᠢᠯᠢ ᠶᠢᠨ

ᠶᠠᠪᠤᠳᠠᠯ ᠤᠨ ᠬᠦᠴᠦᠨ ᠴᠢᠳᠠᠯ ᠢᠶᠠᠨ ᠡᠷᠭᠦᠨ᠎ᠡ ᠭᠡᠪᠡ᠃

 

ᠢᠷᠡᠯᠲᠡ᠄ ᠦᠶᠤᠸᠠᠨ ᠰᠢᠶᠠᠨ ᠤ ᠠᠷᠠᠳ ᠤᠨ ᠵᠠᠰᠠᠭ ᠤᠨ ᠣᠷᠳᠤᠨ ᠤ ᠮᠣᠡᠭᠭᠤᠯ ᠰᠦᠯᠵᠢᠶ᠎ᠡ