ᠬᠤᠲᠠ ᠶᠢᠨ ᠣᠨᠣᠯ ᠤᠨ ᠰᠤᠷᠤᠯᠴᠠᠯᠭ᠎ᠠ ᠶᠢᠨ ᠬᠥᠩᠭᠡᠨ ᠮᠣᠷᠢᠲᠤ ᠴᠡᠷᠢᠭ ᠤᠨ ᠵᠢᠱᠢᠶ᠎ᠡ ᠦᠵᠡᠭᠦᠯᠬᠦ ᠤᠬᠠᠭᠤᠯᠤᠨ ᠲᠠᠶᠢᠯᠪᠤᠷᠢᠯᠠᠬᠤ ᠪᠦᠯᠬᠦᠮ ᠮᠠᠨ ᠤ ᠰᠢᠶᠠᠨ ᠳᠤ ᠬᠦᠷᠴᠦ ︽ᠨᠠᠮ ᠤᠨ ᠠᠴᠢ ᠶᠢ ᠮᠡᠳᠡᠷᠡᠵᠦ᠂ ᠨᠠᠮ ᠤᠨ ᠦᠭᠡ ᠶᠢ ᠰᠣᠨᠣᠰᠴᠤ᠂ ᠨᠠᠮ ᠢᠶᠠᠨ ᠳᠠᠭᠠᠬᠤ︾ ᠤᠬᠠᠭᠤᠯᠤᠨ ᠲᠠᠶᠢᠯᠪᠤᠷᠢᠯᠠᠬᠤ ᠠᠵᠢᠯᠯᠠᠭ᠎ᠠ ᠥᠷᠨᠢᠭᠦᠯᠪᠡ
ᠨᠡᠶᠢᠲᠡᠯᠡᠭᠰᠡᠨ ᠴᠠᠭ᠄
2024/4/2
      3 ᠰᠠᠷ᠎ᠠ ᠶᠢᠨ 29 ᠤ ᠡᠳᠦᠷ ᠂ ᠬᠤᠲᠠ ᠶᠢᠨ ᠣᠨᠣᠯ ᠤᠨ ᠰᠤᠷᠤᠯᠴᠠᠯᠭ᠎ᠠ ᠶᠢᠨ ᠬᠥᠩᠭᠡᠨ ᠮᠣᠷᠢᠲᠤ ᠴᠡᠷᠢᠭ ᠤᠨ ᠵᠢᠱᠢᠶ᠎ᠡ ᠦᠵᠡᠭᠦᠯᠬᠦ ᠤᠬᠠᠭᠤᠯᠤᠨ ᠲᠠᠶᠢᠯᠪᠤᠷᠢᠯᠠᠬᠤ ᠪᠦᠯᠬᠦᠮ ᠮᠠᠨ ᠤ ᠰᠢᠶᠠᠨ ᠤ ᠠᠵᠤ ᠦᠢᠯᠡᠳᠪᠦᠷᠢ ᠶᠢᠨ ᠬᠦᠷᠢᠶᠡᠯᠡᠩ ᠲᠣᠭᠤᠷᠢᠭ ᠂ ᠹᠦ᠋ ᠰᠢᠩ ᠪᠠᠯᠭᠠᠰᠤᠨ ᠳᠤ ᠬᠦᠷᠴᠦ ︽ ᠨᠠᠮ ᠤᠨ ᠠᠴᠢ ᠶᠢ ᠮᠡᠳᠡᠷᠡᠵᠦ ᠂ ᠨᠠᠮ ᠤᠨ ᠦᠭᠡ ᠶᠢ ᠰᠣᠨᠣᠰᠴᠤ᠂ ᠨᠠᠮ ᠢᠶᠠᠨ ᠳᠠᠭᠠᠬᠤ ︾  ᠤᠬᠠᠭᠤᠯᠤᠨ ᠲᠠᠶᠢᠯᠪᠤᠷᠢᠯᠠᠬᠤ ᠠᠵᠢᠯᠯᠠᠭ᠎ᠠ ᠥᠷᠨᠢᠭᠦᠯᠪᠡ᠃      ᠬᠤᠲᠠ ᠶᠢᠨ ᠣᠨᠣᠯ ᠤᠨ ᠰᠤᠷᠤᠯᠴᠠᠯᠭ᠎ᠠ ᠶᠢᠨ ᠬᠥᠩᠭᠡᠨ ᠮᠣᠷᠢᠲᠤ ᠴᠡᠷᠢᠭ ᠤᠨ ᠵᠢᠱᠢᠶ᠎ᠡ ᠦᠵᠡᠭᠦᠯᠬᠦ ᠤᠬᠠᠭᠤᠯᠤᠨ ᠲᠠᠶᠢᠯᠪᠤᠷᠢᠯᠠᠬᠤ ᠪᠦᠯᠬᠦᠮ ᠤᠨ ᠪᠦᠷᠢᠯᠳᠦᠭᠦᠨ ᠤᠬᠠᠭᠤᠯᠤᠨ ᠲᠠᠶᠢᠯᠪᠤᠷᠢᠯᠠᠬᠤ ᠭᠤᠣᠯ ᠰᠡᠳᠦᠪ ᠲᠠᠢ ᠨᠢᠭᠲᠠ ᠤᠶᠠᠯᠳᠤᠭᠤᠯᠤᠨ ᠂ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤ ᠴᠣᠭᠴᠠᠯᠠᠬᠤ ᠂ ︽ ᠵᠢᠱᠢᠶᠡᠴᠢ ᠥᠪᠡᠷᠲᠡᠭᠡᠨ ᠵᠠᠰᠠᠬᠤ ᠣᠷᠣᠨ ︾ ᠤ ᠢᠷᠠᠭᠤ ᠠᠯᠳᠠᠷ ᠢ ᠬᠠᠮᠠᠭᠠᠯᠠᠬᠤ ᠂ ︽ ᠵᠢᠷᠭᠤᠭᠠᠨ ᠦᠭᠡ ︾ ᠶᠢᠨ ᠪᠣᠳᠠᠲᠤ ᠶᠠᠪᠤᠳᠠᠯ ᠪᠠ ᠶᠣᠰᠣ ᠤᠴᠢᠷ ᠢ ᠭᠦᠨᠵᠡᠭᠡᠢ ᠣᠶᠢᠯᠠᠭᠠᠬᠤ ᠂ ᠢᠲᠡᠭᠡᠯ ᠪᠢᠰᠢᠷᠡᠯ ᠤᠨ ᠬᠦᠴᠦᠨ ᠢ ᠣᠶᠢᠯᠠᠭᠠᠬᠤ ᠂ ᠬᠥᠬᠡ ᠣᠭᠲᠠᠷᠭᠤᠢ ᠬᠥᠬᠡᠮᠳᠦᠭ ᠤᠰᠤ ᠴᠡᠪᠡᠷ ᠬᠥᠷᠥᠰᠥ ᠶᠢ ᠬᠠᠮᠠᠭᠠᠯᠠᠬᠤ ᠳᠠᠶᠢᠯᠠᠯᠳᠤᠭᠠᠨ ᠢ ᠰᠠᠶᠢᠲᠤᠷ ᠬᠢᠬᠦ ᠶᠢᠨ ᠲᠣᠭᠤᠷᠢᠨ ᠳᠤ ᠮᠠᠨ ᠤ ᠤᠯᠤᠰ ᠤᠨ ᠤᠮᠠᠷᠠᠲᠤ ᠶᠢᠨ ᠴᠢᠬᠤᠯᠠ ᠠᠮᠢ ᠠᠬᠤᠢ ᠶᠢᠨ ᠠᠮᠤᠷ ᠲᠦᠪᠰᠢᠨ ᠤ ᠬᠠᠯᠬᠠᠪᠴᠢ ᠶᠢ ᠪᠠᠲᠤ ᠴᠣᠭᠴᠠᠯᠠᠬᠤ ᠳᠤ ᠬᠦᠴᠦᠨ ᠴᠢᠳᠠᠯ ᠬᠠᠩᠭᠠᠬᠤ ᠵᠡᠷᠭᠡ ᠠᠭᠤᠯᠭ᠎ᠠ ᠶᠢᠨ ᠲᠣᠭᠤᠷᠢᠨ ᠳᠤ ᠭᠦᠨᠵᠡᠭᠡᠢ ᠪᠥᠭᠡᠳ ᠣᠶᠢᠯᠠᠭᠠᠮᠵᠢᠲᠠᠢ ᠲᠠᠶᠢᠯᠤᠮᠵᠢ ᠬᠢᠪᠡ᠃      ᠤᠬᠠᠭᠤᠯᠤᠨ ᠲᠠᠶᠢᠯᠪᠤᠷᠢᠯᠠᠬᠤ ᠶᠢ ᠰᠣᠨᠣᠰᠤᠭᠰᠠᠨ ᠤ ᠲᠠᠷᠠᠭ᠎ᠠ᠂ ᠬᠤᠷᠠᠯ ᠳᠤ ᠣᠷᠣᠯᠴᠠᠭᠰᠠᠳ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠶᠢ ᠰᠤᠷᠤᠯᠴᠠᠨ ᠲᠤᠭᠤᠰᠢᠯᠠᠭᠤᠯᠬᠤ ᠠᠵᠢᠯ ᠢ ᠭᠦᠨᠵᠡᠭᠡᠶᠢᠷᠡᠭᠦᠯᠬᠦ ᠂ ᠳᠣᠲᠣᠭᠠᠳᠤᠴᠢᠯᠠᠬᠤ ᠂ ᠣᠨᠳᠣᠣᠰᠢᠭᠤᠯᠬᠤ ᠲᠠᠯ᠎ᠠ ᠪᠠᠷ ᠪᠣᠳᠠᠲᠤ ᠦᠷ᠎ᠡ ᠪᠦᠲᠦᠮᠵᠢ ᠣᠯᠵᠤ ᠂ ᠪᠣᠳᠠᠲᠠᠢ ᠬᠢᠵᠦ᠂ ᠡᠮᠦᠨ᠎ᠡ ᠡᠩᠨᠡᠭᠡᠨ ᠳᠤ ᠶᠠᠪᠤᠵᠤ ᠂ ᠲᠡᠷᠢᠭᠦᠨ ᠤ ᠬᠢ ᠶᠢ ᠡᠭᠦᠳᠴᠦ ᠰᠢᠯᠢᠳᠡᠭ ᠪᠣᠯᠬᠤ ᠪᠠᠷ ᠴᠢᠷᠮᠠᠶᠢᠵᠤ ᠂ ᠤᠯᠠᠨ ᠲᠦᠮᠡᠨ ᠲᠠᠢ ᠬᠠᠷᠢᠯᠴᠠᠵᠤ ᠦᠢᠯᠡᠴᠢᠯᠡᠬᠦ ᠂ ᠴᠢᠬᠤᠯᠠ ᠶᠡᠭᠡ ᠡᠭᠦᠷᠭᠡ ᠶᠢ ᠪᠡᠶᠡᠯᠡᠭᠦᠯᠬᠦ ᠳᠤᠮᠳᠠ ᠵᠣᠷᠢᠭᠲᠠᠢ ᠪᠠᠷ ᠡᠭᠦᠷᠭᠡᠯᠡᠨ ᠠᠵᠢᠯᠯᠠᠵᠤ ᠂ ᠡᠭᠡᠯ ᠵᠢᠷ ᠤᠨ ᠠᠵᠢᠯ ᠤᠨ ᠪᠠᠶᠢᠷᠢ ᠳᠡᠭᠡᠷ᠎ᠡ ᠨᠠᠮ ᠤᠨ ᠭᠡᠰᠢᠭᠦᠨ ᠤ ᠬᠤᠰᠢᠭᠤᠴᠢ ᠵᠢᠱᠢᠶᠡᠴᠢ ᠦᠢᠯᠡᠳᠦᠯ ᠢ ᠭᠦᠢᠴᠡᠳ ᠪᠠᠳᠠᠷᠠᠭᠤᠯᠤᠨ᠎ᠠ ᠭᠡᠪᠡ᠃       ᠦᠶᠤᠸᠠᠨ ᠰᠢᠶᠠᠨ ᠤ ᠷᠦᠨ ᠬᠠᠢ ᠶᠤᠸᠠᠨ ᠠᠵᠤ ᠦᠢᠯᠡᠰ ᠤᠨ ᠬᠢᠵᠠᠭᠠᠷᠲᠤ ᠺᠣᠮᠫᠠᠨᠢ ᠶᠢᠨ ᠨᠠᠮ ᠤᠨ ᠡᠭᠦᠷ ᠤᠨ ᠱᠦᠵᠢ ᠵᠢᠢ ᠢᠦᠢ ᠯᠢᠨ ᠤᠬᠠᠭᠤᠯᠤᠨ ᠲᠠᠶᠢᠯᠪᠤᠷᠢᠯᠠᠬᠤ ᠶᠢ ᠰᠣᠨᠣᠰᠤᠭᠰᠠᠨ ᠤ ᠳᠠᠷᠠᠭ᠎ᠠ᠄ ︽ ᠬᠠᠷᠢᠭᠰᠠᠨ ᠤ ᠳᠠᠷᠠᠭ᠎ᠠ᠂ ᠪᠢᠳᠡ ᠰᠤᠷᠤᠯᠴᠠᠯᠭ᠎ᠠ ᠪᠠᠨ ᠤᠯᠠᠮ ᠨᠢᠭᠡ ᠠᠯᠬᠤᠮ ᠭᠦᠨᠵᠡᠭᠡᠶᠢᠷᠡᠭᠦᠯᠵᠦ ᠂ ᠡᠮᠬᠢᠯᠡᠵᠦ ᠂ ᠳ᠋ᠦᠩᠨᠡᠵᠦ ᠂ ᠰᠢᠩᠭᠡᠭᠡᠵᠦ ᠂ ᠥᠨᠥᠳᠥᠷ ᠤᠨ ᠤᠨᠤᠯ ᠤᠨ ᠰᠤᠷᠤᠯᠴᠠᠯᠭ᠎ᠠ ᠶᠢᠨ ᠦᠷ᠎ᠡ ᠪᠦᠲᠦᠭᠡᠯ ᠢ ᠳᠠᠷᠠᠭᠠᠴᠢ ᠶᠢᠨ ᠠᠯᠬᠤᠮ ᠳᠤ ᠨᠡᠶᠢᠲᠡ ᠶᠢᠨ ᠥᠮᠴᠢᠯᠡᠯ ᠤᠨ ᠪᠤᠰᠤ ᠠᠵᠤ ᠠᠬᠤᠶᠢᠯᠠᠯ ᠤᠨ ᠨᠠᠮ ᠤᠨ ᠪᠠᠶᠢᠭᠤᠯᠤᠯᠲᠠ ᠶᠢᠨ ᠠᠵᠢᠯ ᠢ ᠰᠠᠶᠢᠲᠤᠷ ᠬᠢᠬᠦ ᠠᠮᠢᠳᠤᠯᠢᠭ ᠦᠢᠯᠡᠳᠦᠯᠭᠡ ᠪᠣᠯᠭᠠᠨ ᠬᠤᠪᠢᠷᠠᠭᠤᠯᠵᠤ ᠂ ᠨᠠᠮ ᠤᠨ ᠤᠨᠤᠯ ᠤᠨ ᠮᠡᠳᠡᠯᠭᠡ ᠶᠢ ᠨᠠᠮ ᠤᠨ ᠲᠥᠪ ᠬᠤᠷᠢᠶ᠎ᠠ ᠠᠴᠠ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠢ ᠬᠠᠯᠠᠮᠵᠢᠯᠠᠨ ᠬᠠᠶᠢᠷᠠᠯᠠᠵᠤ ᠂ ᠠᠳᠬᠤᠬᠤ ᠬᠡᠷᠡᠭᠲᠡᠢ︾ ᠭᠡᠪᠡ᠃ 
ᠢᠷᠡᠯᠲᠡ᠄ ᠦᠶᠤᠸᠠᠨ ᠰᠢᠶᠠᠨ ᠤ ᠠᠷᠠᠳ ᠤᠨ ᠵᠠᠰᠠᠭ ᠤᠨ ᠣᠷᠳᠤᠨ ᠤ ᠮᠣᠡᠭᠭᠤᠯ ᠰᠦᠯᠵᠢᠶ᠎ᠡ