ᠶᠤᠸᠠᠨ ᠤ ᠳᠡᠭᠡᠳᠦ ᠨᠡᠶᠢᠰᠯᠡᠯ ᠤᠨ ᠪᠠᠭᠤᠷᠢ ᠶᠢᠨ ᠮᠦᠽᠧᠢ -- ᠮᠣᠩᠭᠤᠯ ᠶᠤᠸᠠᠨ ᠤ ᠰᠣᠶᠣᠯ ᠢ ᠠᠯᠳᠠᠷᠰᠢᠭᠤᠯᠬᠤ ᠶᠢᠨ ᠭᠡᠭᠡᠪᠴᠢ
ᠨᠡᠶᠢᠲᠡᠯᠡᠭᠰᠡᠨ ᠴᠠᠭ᠄
2024/4/2
      ᠶᠤᠸᠠᠨ ᠤ ᠳᠡᠭᠡᠳᠦ ᠨᠡᠶᠢᠰᠯᠡᠯ ᠭᠡᠵᠦ ᠶᠠᠷᠢᠬᠤ ᠪᠠᠷ ᠬᠥᠮᠥᠰ ᠶᠠᠭᠤᠨ ᠠᠨᠳᠠᠬᠤ ᠪᠢᠯᠡ᠃ ᠰᠢᠯᠤᠭᠤᠨ ᠬᠥᠬᠡ ᠬᠤᠰᠢᠭᠤ ᠶᠤᠸᠠᠨ ᠤ ᠳᠡᠭᠡᠳᠦ ᠨᠡᠶᠢᠰᠯᠡᠯ ᠤᠨ ᠪᠠᠭᠤᠷᠢ ᠪᠠᠷ ᠵᠤᠭᠠᠴᠠᠯ ᠤᠨ ᠦᠢᠯᠡᠰ ᠤᠨ ᠲᠣᠯᠣᠭᠠᠶᠢᠯᠠᠭᠴᠢ ᠪᠣᠯᠭᠠᠨ ᠬᠥᠭᠵᠢᠭᠦᠯᠵᠦ ᠪᠠᠶᠢᠬᠤ ᠶᠢᠨ ᠳᠠᠭᠠᠤ ᠮᠣᠩᠭᠤᠯ ᠶᠤᠸᠠᠨ ᠤ ᠰᠣᠶᠣᠯ᠂ ᠶᠤᠸᠠᠨ ᠤ ᠳᠡᠭᠡᠳᠦ ᠨᠡᠶᠢᠰᠯᠡᠯ ᠤᠨ ᠪᠠᠭᠤᠷᠢ  ᠶᠢᠨ ᠨᠥᠯᠥᠭᠡ ᠲᠤᠰᠬᠠᠯ ᠳᠤ ᠬᠠᠨᠳᠤᠭᠤᠯᠤᠨ ᠪᠠᠰᠠ ︽ᠶᠤᠸᠠᠨ ᠤ ᠳᠡᠭᠡᠳᠦ ᠨᠡᠶᠢᠰᠯᠡᠯ ᠤᠨ ᠪᠠᠭᠤᠷᠢ ᠶᠢᠨ ᠮᠦᠽᠧᠢ︾  ᠶᠢ ᠪᠠᠶᠢᠭᠤᠯᠵᠤ᠂ ᠡᠭᠦᠨ ᠢᠶᠠᠷ ᠢᠶᠠᠨ ᠪᠠᠰᠠ ᠨᠢᠭᠡᠨ ᠵᠤᠭᠠᠴᠠᠯ ᠤᠨ ᠬᠢᠯᠠᠰ ᠴᠢᠭ ᠪᠤᠯᠭᠠᠵᠦ᠂ ᠶᠤᠸᠠᠨ ᠤ ᠳᠡᠭᠡᠳᠦ ᠨᠡᠶᠢᠰᠯᠡᠯ ᠤᠨ ᠪᠠᠭᠤᠷᠢ᠂ ᠰᠢᠯᠤᠭᠤᠨ ᠬᠥᠬᠡ ᠨᠤᠲᠤᠭ ᠶᠢ ᠵᠣᠷᠢᠵᠤ ᠢᠷᠡᠭᠰᠡᠨ ᠵᠤᠭᠠᠴᠠᠭᠰᠠᠳ ᠤᠨ ᠵᠠᠪᠠᠯ ᠣᠴᠢᠬᠤ ᠭᠠᠵᠠᠷ ᠤᠨ ᠨᠢᠭᠡᠨ ᠪᠣᠯᠵᠠᠢ᠃        ᠶᠤᠸᠠᠨ ᠤ ᠳᠡᠭᠡᠳᠦ ᠨᠡᠶᠢᠰᠯᠡᠯ ᠤᠨ ᠪᠠᠭᠤᠷᠢ ᠶᠢᠨ ᠮᠦᠽᠧᠢ ᠨᠢ ᠶᠤᠸᠠᠨ ᠤ ᠳᠡᠭᠡᠳᠦ ᠨᠡᠶᠢᠰᠯᠡᠯ ᠤᠨ ᠪᠠᠭᠤᠷᠢ  ᠠᠴᠠ ᠡᠮᠦᠨ᠎ᠡ 5 ᠺᠢᠯᠣᠮᠧᠲᠷ ᠤᠨ ᠵᠠᠢ ᠳᠤ ᠪᠠᠶᠢᠭ᠎ᠠ ᠤᠯᠠᠭᠠᠨᠳᠠᠢ ᠣᠪᠣᠭᠠᠨ ᠤ ᠵᠡᠭᠦᠨ ᠡᠩᠭᠡᠷ ᠲᠤ ᠪᠠᠶᠢᠷᠢᠯᠠᠵᠤ᠂ ᠪᠦᠬᠦ᠋ᠢᠯᠠ ᠪᠠᠷᠢᠯᠭ᠎ᠠ ᠨᠢ ᠠᠭᠤᠯᠠ ᠶᠢ ᠨᠦᠬᠡᠯᠡᠨ ᠪᠦᠲᠦᠭᠡᠭᠰᠡᠨ ᠪᠣᠯᠬᠤᠷ ᠡᠬᠡ ᠪᠠᠶᠢᠭᠠᠯᠢ ᠪᠣᠯᠣᠨ ᠣᠳᠣᠬᠢ ᠪᠠᠷᠢᠯᠭ᠎ᠠ  ᠶᠢ ᠠᠪᠤᠴᠠᠯᠳᠤᠭᠤᠯᠤᠭᠰᠠᠨ ᠢᠶᠠᠷ ᠢᠶᠠᠨ ᠣᠨᠴᠠᠯᠢᠭᠳᠠᠨ᠎ᠠ᠃        ᠮᠦᠽᠧᠢ ᠶᠢᠨ ᠪᠠᠷᠢᠯᠭ᠎ᠠ ᠶᠢᠨ ᠶᠡᠷᠦᠩᠬᠡᠢ ᠲᠠᠯᠠᠪᠠᠢ ᠨᠢ 6991 ᠲᠡᠭᠰᠢ ᠳᠥᠷᠪᠡᠯᠵᠢᠨ ᠮᠧᠲᠷ ᠪᠠᠶᠢᠵᠤ᠂ ᠭᠤᠣᠯ ᠪᠠᠷᠢᠯᠭ᠎ᠠ ᠶᠢᠨ ᠲᠠᠯᠠᠪᠠᠢ ᠨᠢ 5701 ᠲᠡᠭᠰᠢ ᠳᠥᠷᠪᠡᠯᠵᠢᠨ ᠮᠧᠲᠷ᠂ ᠠᠭᠤᠯᠠ ᠶᠢ ᠨᠦᠬᠡᠯᠡᠭᠰᠡᠨ ᠭᠠᠵᠠᠷ ᠳᠣᠣᠷᠠᠬᠢ ᠪᠠ ᠭᠠᠵᠠᠷ ᠳᠡᠭᠡᠷᠡᠬᠢ ᠬᠤᠶᠠᠷ ᠳᠠᠪᠬᠤᠷᠯᠢᠭ ᠢᠶᠠᠷ ᠪᠠᠶᠢᠷᠢᠯᠠᠨ᠂ ᠦᠵᠡᠭᠦᠯᠦᠯᠭᠡ ᠶᠢᠨ ᠲᠣᠭᠤᠷᠢᠭ᠂ ᠲᠡᠦᠬᠡ  ᠶᠢᠨ ᠳᠤᠷᠠᠰᠬᠠᠯᠲᠤ ᠵᠦᠢᠯᠡᠰ ᠤᠨ ᠬᠥᠮᠥᠷᠭᠡ᠂ ᠲᠤᠨᠤᠭ ᠲᠥᠬᠦᠭᠡᠷᠦᠮᠵᠢ ᠶᠢ ᠡᠵᠡᠮᠳᠡᠬᠦ ᠲᠣᠭᠤᠷᠢᠭ᠂ ᠲᠠᠩᠰᠠ ᠡᠪᠬᠡᠮᠡᠯ ᠢ ᠬᠠᠮᠢᠶᠠᠷᠬᠤ ᠪᠣᠯᠣᠨ ᠰᠤᠳᠤᠯᠬᠤ ᠲᠣᠭᠤᠷᠢᠭ ᠵᠡᠷᠭᠡ ᠬᠡᠳᠦᠨ ᠬᠡᠰᠡᠭ ᠢᠶᠠᠷ ᠪᠦᠷᠢᠯᠳᠦᠵᠡᠢ᠃ ᠦᠵᠡᠭᠦᠯᠦᠯᠭᠡ  ᠶᠢᠨ ᠲᠣᠭᠤᠷᠢᠭ ᠢᠶᠠᠨ︽ᠠᠯᠳᠠᠷ ᠲᠡᠦᠬᠡ ᠶᠢ ᠮᠡᠳᠡᠷᠡᠬᠦᠢ︾᠂ ︽ᠰᠣᠶᠣᠯ ᠰᠢᠨᠵᠢᠯᠡᠭᠡ ᠶᠢ ᠪᠠᠭ᠋ᠠᠷᠬᠠᠬᠤᠢ︾᠂ ︽ᠰᠢᠨ᠎ᠡ ᠴᠠᠭ ᠢ ᠤᠬᠠᠮᠰᠠᠷᠯᠠᠬᠤᠢ︾ ᠵᠡᠷᠭᠡ ᠬᠡᠳᠦᠨ ᠬᠡᠰᠡᠭ ᠲᠤ ᠬᠤᠪᠢᠶᠠᠵᠤ᠂ ᠱᠠᠩᠳᠤ ᠨᠡᠶᠢᠰᠯᠡᠯ ᠤᠨ ᠡᠰᠨᠢᠯ ᠬᠥᠭᠵᠢᠯ᠂ ᠣᠷᠳᠣᠨ ᠬᠠᠷᠰᠢ ᠶᠢᠨ ᠪᠠᠷᠢᠯᠭ᠎ᠠ ᠶᠢᠨ ᠰᠢᠵᠢᠷ ᠭᠢᠯᠪᠠᠭ᠎ᠠ᠂ ᠨᠡᠭᠦᠳᠡᠯ ᠰᠣᠶᠣᠯ ᠤᠨ ᠪᠣᠯᠪᠠᠰᠤᠨ ᠢ ᠬᠠᠷᠠᠭᠤᠯᠤᠭᠰᠠᠨ ᠪᠠᠷᠢᠯᠭ᠎ᠠ᠂ ᠠᠮᠢᠳᠤᠷᠠᠯ ᠤᠨ ᠪᠠᠶᠢᠳᠠᠯ ᠢ ᠬᠠᠷᠠᠭᠤᠯᠤᠭᠰᠠᠨ ᠵᠢᠷᠤᠭ᠂ ᠮᠠᠯᠵᠢᠬᠤ ᠰᠣᠶᠣᠯ ᠪᠠ ᠲᠠᠷᠢᠶᠠᠯᠠᠬᠤ ᠰᠣᠶᠣᠯ ᠢ ᠳᠡᠭᠡᠳᠦ ᠬᠡᠮᠵᠢᠶ᠎ᠡ ᠪᠠᠷ ᠤᠶᠠᠯᠳᠤᠭᠤᠯᠤᠭᠰᠠᠨ ᠪᠦᠬᠦ ᠵᠦᠢᠯ ᠢ ᠬᠠᠷᠠᠭᠤᠯᠵᠤ ᠴᠢᠳᠠᠬᠤ ᠲᠡᠦᠬᠡ  ᠶᠢᠨ ᠳᠤᠷᠠᠰᠬᠠᠯᠲᠤ ᠵᠦᠢᠯᠡᠰ ᠢ ᠳᠡᠯᠭᠡᠨ ᠦᠵᠡᠭᠦᠯᠵᠦ᠂ ᠡᠳᠡᠬᠡᠷ ᠲᠡᠦᠬᠡ ᠶᠢᠨ ᠳᠤᠷᠠᠰᠬᠠᠯᠲᠤ ᠵᠦᠢᠯᠡᠰ ᠢ ᠳᠡᠯᠭᠡᠨ ᠦᠵᠡᠬᠦᠯᠬᠦ ᠪᠠᠷ ᠳᠠᠮᠵᠢᠭᠤᠯᠵᠤ ᠶᠤᠸᠠᠨ ᠬᠦᠷᠦᠨ ᠤ ᠮᠠᠨᠳᠤᠨ ᠬᠥᠭᠵᠢᠭᠰᠡᠨ ᠲᠡᠦᠬᠡᠨ ᠰᠢᠵᠢᠷ ᠭᠢᠯᠪᠠᠭ᠎ᠠ ᠶᠢ ᠲᠠᠬᠢᠨ ᠢᠯᠡᠷᠡᠭᠦᠯᠵᠦ᠂ ᠶᠤᠸᠠᠨ ᠬᠦᠷᠦᠨ ᠤ ᠤᠯᠤᠰ ᠲᠦᠷᠦ᠂ ᠴᠡᠷᠢᠭ ᠲᠠᠶᠢᠨ᠂ ᠠᠵᠤ ᠠᠬᠤᠢ᠂ ᠤᠯᠠᠨ ᠲᠦᠷᠦᠯ ᠤᠨ ᠰᠣᠶᠣᠯ ᠤᠨ ᠠᠭᠤᠰᠤᠯᠴᠠᠯ᠂ ᠲᠤᠮᠳᠠᠳᠤ ᠣᠷᠣᠨ ᠪᠠ ᠥᠷᠥᠨᠡᠳᠠᠬᠢᠨ ᠤ ᠰᠣᠶᠣᠯ ᠤᠨ ᠰᠣᠯᠢᠯᠴᠠᠭ᠎ᠠ᠂ ᠤᠯᠠᠨ ᠦᠨᠳᠦᠰᠦᠲᠡᠨ ᠲᠠᠢ ᠤᠯᠤᠰ ᠤᠨ ᠨᠢᠭᠡᠳᠦᠯ ᠢ ᠪᠠᠶᠢᠭᠤᠯᠤᠭᠰᠠᠨ ᠵᠡᠷᠭᠡ ᠪᠣᠳᠠᠲᠤ ᠲᠡᠦᠬᠡᠨ ᠭᠡᠷᠡᠴᠢ ᠶᠢ ᠵᠤᠭᠠᠴᠠᠭᠴᠢ᠂ ᠰᠤᠳᠤᠯᠤᠭᠴᠢ ᠳᠤ ᠬᠠᠷᠠᠭᠤᠯᠤᠭᠰᠠᠨ ᠤ ᠬᠠᠮᠲᠤ ᠶᠤᠸᠠᠨ ᠬᠦᠷᠦᠨ ᠤ ᠳᠡᠯᠡᠬᠡᠢ ᠳ᠋ᠠᠬᠢᠨ ᠳᠤ ᠠᠪᠴᠢᠷᠠᠵᠤ ᠥᠭᠭᠦᠭᠰᠡᠨ ᠦᠷ᠎ᠡ ᠨᠥᠯᠥᠭᠡ ᠶᠢ ᠣᠳᠣᠬᠢ ᠬᠥᠮᠥᠰ ᠲᠤ ᠬᠠᠷᠠᠭᠤᠯᠵᠤ ᠪᠠᠶᠢᠨ᠎ᠠ᠃        ᠰᠢᠯᠤᠭᠤᠨ ᠬᠥᠬᠡ ᠬᠤᠰᠢᠭᠤᠨ ᠶᠤᠸᠠᠨ ᠤ ᠳᠡᠭᠡᠳᠦ ᠨᠡᠶᠢᠰᠯᠡᠯ ᠤᠨ ᠪᠠᠭᠤᠷᠢ ᠶᠢᠨ ᠮᠦᠽᠧᠢ ᠨᠢ ᠶᠤᠸᠠᠨ ᠤ ᠳᠡᠭᠡᠳᠦ ᠨᠡᠶᠢᠰᠯᠡᠯ ᠵᠢᠴᠢ ᠰᠢᠯᠤᠭᠤᠨ ᠬᠥᠬᠡ ᠬᠤᠰᠢᠭᠤᠨ ᠤ ᠪᠠᠨ ᠪᠠᠶᠢᠭᠠᠯᠢ ᠶᠢᠨ ᠥᠩᠭᠡ ᠦᠵᠡᠮᠵᠢ ᠲᠠᠢ ᠡᠩ ᠵᠡᠷᠭᠡᠴᠡᠨ᠂ ᠲᠤᠰ ᠬᠤᠰᠢᠭᠤᠨ ᠤ ᠪᠠᠨ ᠲᠦᠷᠪᠡᠨ ᠤᠯᠠᠷᠢᠯ ᠤᠨ ᠵᠤᠭᠠᠴᠠᠯ ᠤᠨ ᠦᠢᠯᠡᠰ ᠵᠢᠴᠢ ᠨᠡᠷ᠎ᠡ ᠠᠯᠳᠠᠷᠰᠢᠯ  ᠳᠤ ᠨᠢᠭᠡᠨ ᠬᠤᠪᠢ ᠶᠢᠨ ᠬᠦᠴᠦᠨ ᠢᠶᠠᠨ ᠡᠷᠭᠦᠵᠦ ᠪᠠᠶᠢᠨ᠎ᠠ᠃       

2024-01-29-4582b9169a-424a-4b96-b8ff-1bc51fcf3469.jpg

 

ᠢᠷᠡᠯᠲᠡ᠄ ᠰᠢᠯᠢ ᠶᠢᠨ ᠭᠤᠣᠯ ᠠᠶᠢᠮᠠᠭ ᠤᠨ ᠵᠠᠬᠢᠷᠭ᠎ᠠ ᠶᠢᠨ ᠮᠣᠩᠭᠤᠯ ᠰᠦᠯᠵᠢᠶ᠎ᠡ