ᠾᠧ ᠸᠧᠢ ᠬᠤᠸᠠ ᠦᠶᠤᠸᠠᠨ ᠰᠢᠶᠠᠨ ᠳᠤ ᠭᠦᠨᠵᠡᠭᠡᠶᠢᠷᠡᠨ ᠰᠢᠷ᠎ᠠ ᠲᠥᠪᠡᠳ ᠬᠠᠰᠢ ᠶᠢᠨ ᠠᠵᠤ ᠦᠢᠯᠡᠰ ᠤᠨ ᠬᠥᠭᠵᠢᠯᠲᠡ ᠶᠢ ᠪᠠᠶᠢᠴᠠᠭᠠᠨ ᠰᠤᠳᠤᠯᠵᠤ ᠵᠢᠭᠠᠨ ᠵᠢᠯᠣᠭᠤᠳᠪᠠ
ᠨᠡᠶᠢᠲᠡᠯᠡᠭᠰᠡᠨ ᠴᠠᠭ᠄
2024/4/22
      4 ᠰᠠᠷ᠎ᠠ ᠶᠢᠨ 17 ᠤ ᠡᠳᠦᠷ᠂ ᠬᠤᠲᠠ ᠶᠢᠨ ᠨᠠᠮ ᠤᠨ ᠬᠤᠷᠢᠶᠠᠨ ᠤ ᠱᠦᠵᠢ ᠾᠧ ᠸᠧᠢ ᠬᠤᠸᠠ ᠦᠶᠤᠸᠠᠨ ᠰᠢᠶᠠᠨ ᠳᠤ ᠭᠦᠨᠵᠡᠭᠡᠶᠢᠷᠡᠨ ᠰᠢᠷ᠎ᠠ ᠲᠥᠪᠡᠳ ᠬᠠᠰᠢ ᠶᠢᠨ ᠠᠵᠤ ᠦᠢᠯᠡᠰ ᠤᠨ ᠬᠥᠭᠵᠢᠯᠲᠡ ᠶᠢ ᠪᠠᠶᠢᠴᠠᠭᠠᠨ ᠰᠤᠳᠤᠯᠵᠤ ᠵᠢᠯᠣᠭᠤᠳᠪᠠ᠃ ᠲᠡᠷᠡ  ᠴᠢᠬᠤᠯᠠᠴᠢᠯᠠᠭᠰᠠᠨ ᠨᠢ᠂ ᠪᠦᠬᠦ ᠬᠡᠯᠬᠢᠶ᠎ᠡ ᠶᠢᠨ ᠬᠥᠭᠵᠢᠯᠲᠡ ᠳᠤ ᠠᠩᠬᠠᠷᠤᠯ ᠢᠶᠠᠨ ᠲᠥᠪᠯᠡᠷᠡᠭᠦᠯᠵᠦ᠂ ᠵᠠᠬ᠎ᠠ ᠳᠡᠯᠭᠡᠭᠦᠷ ᠤᠨ ᠪᠠᠶᠢᠷᠢ ᠲᠣᠭᠲᠠᠭᠠᠯᠲᠠ ᠶᠢ ᠣᠨᠣᠪᠴᠢᠲᠠᠢ ᠣᠯᠵᠤ᠂ ᠠᠵᠤ ᠦᠢᠯᠡᠰ ᠤᠨ ᠪᠠᠶᠢᠷᠢᠰᠢᠭᠤᠯᠤᠯᠲᠠ ᠶᠢ ᠰᠢᠯᠢᠳᠡᠭᠵᠢᠭᠦᠯᠵᠦ᠂ ᠨᠠᠷᠢᠯᠢᠭ ᠡᠳ᠋ᠰᠢᠭᠦᠯᠬᠦ ᠶᠢ ᠰᠠᠶᠢᠲᠤᠷ ᠠᠳᠬᠤᠵᠤ᠂ ᠲᠦᠷᠦᠯ ᠲᠡᠮᠳᠡᠭ ᠤᠨ ᠪᠠᠶᠢᠭᠤᠯᠤᠯᠲᠠ ᠶᠢ ᠴᠢᠩᠭᠠᠳᠬᠠᠵᠤ᠂ ᠪᠣᠷᠣᠳᠣᠬᠤᠢ ᠶᠢᠨ ᠣᠨᠴᠠᠯᠢᠭᠲᠤ ᠮᠠᠯ ᠤᠨ ᠠᠰᠢᠭ ᠰᠢᠮ᠎ᠡ ᠲᠠᠷᠢᠶᠠᠯᠠᠩ ᠤᠨ ᠪᠦᠲᠦᠭᠡᠭᠳᠡᠬᠦᠨ ᠢ ᠪᠦᠬᠦ ᠤᠯᠤᠰ ᠲᠤ ᠣᠷᠣᠭᠤᠯᠬᠤ ᠶᠢ ᠲᠦᠷᠭᠡᠳᠬᠡᠨ ᠠᠬᠢᠭᠤᠯᠵᠤ᠂  ᠰᠠᠶᠢᠨ ᠪᠦᠲᠦᠭᠡᠭᠳᠡᠬᠦᠨ ᠢ ᠰᠠᠶᠢᠨ ᠦᠨ᠎ᠡ ᠪᠠᠷ ᠬᠤᠳᠠᠯᠳᠤᠵᠤ᠂ ᠲᠠᠷᠢᠶᠠᠴᠢᠳ ᠤᠨ ᠣᠷᠣᠯᠭ᠎ᠠ ᠶᠢ ᠨᠡᠮᠡᠭᠳᠡᠭᠦᠯᠦᠨ ᠪᠠᠶᠠᠵᠢᠬᠤ ᠶᠢ ᠠᠬᠢᠭᠤᠯᠬᠤ ᠬᠡᠷᠡᠭᠲᠡᠢ ᠭᠡᠪᠡ᠃

微信截图_20240422162619.png

      4 ᠰᠠᠷ᠎ᠠ ᠶᠢᠨ 17 ᠤ ᠡᠳᠦᠷ᠂ ᠬᠤᠲᠠ ᠶᠢᠨ ᠨᠠᠮ ᠤᠨ ᠬᠤᠷᠢᠶᠠᠨ ᠤ ᠱᠦᠵᠢ ᠾᠧ ᠸᠧᠢ ᠬᠤᠸᠠ ᠯᠦᠩ ᠰᠢᠩ ᠴᠠᠩ ᠪᠠᠯᠭᠠᠰᠤᠨ ᠤ ᠰᠢᠷ᠎ᠠ ᠲᠥᠪᠡᠳ

ᠬᠠᠰᠢ ᠳᠠᠷᠢᠬᠤ ᠬᠦᠷᠢᠶᠡᠯᠡᠩ ᠲᠣᠭᠤᠷᠢᠭ ᠲᠤ ᠬᠦᠷᠴᠦ᠂ ᠰᠢᠷ᠎ᠠ ᠲᠥᠪᠡᠳ ᠬᠠᠰᠢ ᠶᠢᠨ ᠦᠷ᠎ᠡ ᠪᠣᠶᠢᠵᠢᠭᠤᠯᠬᠤ ᠴᠢᠬᠢ ᠪᠣᠶᠢᠵᠢᠭᠤᠯᠬᠤ᠂ ᠳᠠᠷᠢᠵᠤ ᠡᠳ᠋ᠰᠢᠭᠦᠯᠬᠦ᠂

ᠪᠣᠷᠣᠯᠠᠭᠤᠯᠬᠤ ᠶᠢ ᠰᠤᠳᠤᠯᠤᠨ ᠨᠡᠭᠡᠭᠡᠭᠰᠡᠨ ᠵᠡᠷᠭᠡ ᠪᠠᠶᠢᠳᠠᠯ ᠢ ᠨᠠᠷᠢᠨ ᠣᠶᠢᠯᠠᠭᠠᠪᠠ᠃

微信截图_20240422162640.png

      4 ᠰᠠᠷ᠎ᠠ ᠶᠢᠨ 17 ᠤ ᠡᠳᠦᠷ᠂ ᠬᠤᠲᠠ ᠶᠢᠨ ᠨᠠᠮ ᠤᠨ ᠬᠤᠷᠢᠶᠠᠨ ᠤ ᠱᠦᠵᠢ ᠾᠧ ᠸᠧᠢ ᠬᠤᠸᠠ ᠦᠶᠤᠸᠠᠨ ᠤ ᠰᠢᠷ᠎ᠠ ᠲᠥᠪᠡᠳ ᠬᠠᠰᠢ ᠶᠢᠨ ᠠᠵᠤ

ᠦᠢᠯᠡᠰ ᠤᠨ ᠬᠦᠷᠢᠶᠡᠯᠡᠩ ᠤᠨ ᠲᠥᠷᠥᠯ ᠵᠦᠢᠯ ᠤᠨ ᠲᠣᠭᠤᠷᠢᠭ ᠲᠤ ᠬᠦᠷᠴᠦ ᠬᠦᠷᠢᠶᠡᠯᠡᠩ ᠲᠣᠭᠤᠷᠢᠭ ᠤᠨ ᠪᠦᠲᠦᠭᠡᠨ ᠪᠠᠶᠢᠭᠤᠯᠤᠯᠲᠠ ᠶᠢᠨ ᠠᠵᠢᠯ ᠢ ᠪᠠᠶᠢᠴᠠᠭᠠᠨ

ᠰᠤᠳᠤᠯᠵᠤ ᠵᠢᠯᠣᠭᠤᠳᠪᠠ᠃

微信截图_20240422162650.png

      4 ᠰᠠᠷ᠎ᠠ ᠶᠢᠨ 17 ᠤ ᠡᠳᠦᠷ᠂ ᠬᠤᠲᠠ ᠶᠢᠨ ᠨᠠᠮ ᠤᠨ ᠬᠤᠷᠢᠶᠠᠨ ᠤ ᠱᠦᠵᠢ ᠾᠧ ᠸᠧᠢ ᠬᠤᠸᠠ ᠬᠥ᠋ ᠵᠢᠶᠦ᠋ᠨ ᠲᠠᠷᠢᠶᠠᠯᠠᠩ ᠤᠨ ᠲᠠᠷᠢᠶᠠᠴᠢᠨ ᠤ ᠲᠤᠰᠬᠠᠢ

ᠬᠤᠷᠰᠢᠶ᠎ᠠ ᠳᠤ ᠬᠦᠷᠴᠦ᠂ ᠰᠢᠷ᠎ᠠ ᠲᠥᠪᠡᠳ ᠬᠠᠰᠢ ᠶᠢᠨ ᠨᠠᠷᠠᠲᠤ ᠲᠡᠮᠳᠡᠭᠲᠦ ᠶᠢᠨ ᠪᠠᠶᠢᠭᠤᠯᠤᠯᠲᠠ᠂ ᠨᠠᠷᠢᠯᠢᠭ ᠡᠳ᠋ᠰᠢᠭᠦᠯᠬᠦ᠂ ᠤᠬᠠᠭᠤᠯᠤᠨ ᠳᠡᠯᠭᠡᠷᠡᠭᠦᠯᠬᠦ ᠵᠡᠷᠭᠡ

ᠠᠵᠢᠯ ᠢ ᠪᠠᠶᠢᠴᠠᠭᠠᠨ ᠰᠤᠳᠤᠯᠵᠤ ᠵᠢᠯᠣᠭᠤᠳᠪᠠ᠃

      ᠾᠧ ᠸᠧᠢ ᠬᠤᠸᠠ ᠯᠦᠩ ᠰᠢᠩ ᠴᠠᠩ ᠪᠠᠯᠭᠠᠰᠤᠨ ᠤ ᠰᠢᠷ᠎ᠠ ᠲᠥᠪᠡᠳ ᠬᠠᠰᠢ ᠲᠠᠷᠢᠬᠤ ᠬᠦᠷᠢᠶᠡᠯᠡᠩ ᠲᠣᠭᠤᠷᠢᠭ᠂ ᠦᠶᠤᠸᠠᠨ ᠤ ᠰᠢᠷ᠎ᠠ ᠲᠥᠪᠡᠳ

ᠬᠠᠰᠢ ᠶᠢᠨ ᠠᠵᠤ ᠦᠢᠯᠡᠰ ᠤᠨ ᠬᠦᠷᠢᠶᠡᠯᠡᠩ ᠤᠨ ᠲᠦᠷᠦᠯ ᠵᠦᠢᠯ ᠤᠨ ᠲᠣᠭᠤᠷᠢᠭ᠂ ᠭᠦ᠋ ᠵᠢᠶᠦ᠋ᠨ ᠲᠠᠷᠢᠶᠠᠯᠠᠩ ᠤᠨ ᠬᠦᠷᠢᠶᠡᠯᠡᠩ ᠤᠨ ᠲᠠᠷᠢᠶᠠᠴᠢᠨ ᠤ ᠲᠤᠰᠬᠠᠢ

ᠬᠤᠷᠰᠢᠶ᠎ᠠ ᠳᠤ ᠬᠦᠷᠴᠦ᠂ ᠦᠷ᠎ᠡ ᠴᠢᠬᠢ ᠪᠣᠶᠢᠵᠢᠭᠤᠯᠬᠤ ᠴᠢᠬᠢ ᠪᠣᠶᠢᠵᠢᠭᠤᠯᠬᠤ᠂ ᠳᠠᠷᠢᠵᠤ ᠡᠳ᠋ᠰᠢᠭᠦᠯᠬᠦ᠂ ᠪᠣᠷᠣᠯᠠᠭᠤᠯᠵᠤ ᠰᠤᠳᠤᠯᠤᠨ ᠨᠡᠭᠡᠭᠡᠬᠦ ᠵᠢᠴᠢ ᠬᠦᠷᠢᠶᠡᠯᠡᠩ

ᠲᠣᠭᠤᠷᠢᠭ ᠤᠨ ᠪᠦᠲᠦᠭᠡᠨ ᠪᠠᠶᠢᠭᠤᠯᠤᠯᠲᠠ ᠶᠢᠨ ᠪᠠᠶᠢᠳᠠᠯ ᠢ ᠨᠠᠷᠢᠨ ᠠᠰᠠᠭᠤᠨ ᠯᠠᠪᠯᠠᠵᠤ᠂ ᠲᠠᠷᠢᠶᠠᠯᠠᠩ ᠤᠨ ᠮᠡᠷᠭᠡᠵᠢᠯ ᠤᠨ ᠠᠵᠢᠯᠲᠠᠨ ᠠᠴᠠ ᠪᠣᠬᠢᠷᠲᠤᠯ ᠦᠭᠡᠢ

ᠰᠡᠷᠭᠡᠶᠢᠯᠡᠨ ᠡᠵᠡᠮᠳᠡᠬᠦ᠂ ᠪᠠᠶᠢᠴᠠᠭᠠᠨ ᠰᠢᠯᠭᠠᠬᠤ ᠶᠠᠪᠤᠴᠠ ᠶᠢ ᠨᠠᠷᠢᠨ ᠣᠶᠢᠯᠠᠭᠠᠵᠤ᠂ ᠠᠵᠤ ᠠᠬᠤᠶᠢᠯᠠᠯ ᠤᠨ ᠬᠠᠷᠢᠭᠤᠴᠠᠯᠭᠠᠲᠠᠨ ᠲᠠᠢ ᠠᠵᠤ ᠠᠬᠤᠢ ᠶᠢᠨ ᠳᠠᠩᠰᠠ᠂

ᠠᠵᠤ ᠦᠢᠯᠡᠰ ᠤᠨ ᠳᠠᠩᠰᠠ᠂ ᠬᠥᠭᠵᠢᠯᠲᠡ ᠶᠢᠨ ᠳᠠᠩᠰᠠ ᠶᠢ ᠨᠠᠷᠢᠨ ᠪᠤᠳᠤᠵᠤ᠂ ᠪᠦᠬᠦ ᠠᠵᠤ ᠦᠢᠯᠡᠰ ᠤᠨ ᠬᠡᠯᠬᠢᠶ᠎ᠡ ᠶᠢᠨ ᠬᠥᠭᠵᠢᠯᠲᠡ ᠶᠢ ᠬᠠᠮᠲᠤᠪᠠᠷ ᠰᠤᠳᠤᠯᠤᠨ

ᠠᠬᠢᠭᠤᠯᠪᠠ᠃

      ᠳᠠᠷᠠᠭ᠎ᠠ ᠨᠢ᠂ ᠾᠧ ᠸᠧᠢ ᠬᠤᠸᠠ ᠶᠠᠷᠢᠯᠴᠠᠬᠤ ᠬᠤᠷᠠᠯ ᠢ ᠡᠷᠬᠢᠯᠡᠨ ᠬᠤᠷᠠᠯᠳᠤᠵᠦ᠂ ᠦᠶᠤᠸᠠᠨ ᠰᠢᠶᠠᠨ᠂ ᠬᠤᠳᠠ ᠶᠢᠨ ᠰᠢᠭᠤᠳ

ᠬᠠᠷᠢᠶ᠎ᠠ ᠬᠤᠯᠪᠣᠭᠳᠠᠯ ᠪᠦᠬᠦᠢ ᠰᠠᠯᠠᠭ᠎ᠠ ᠮᠥᠴᠢᠷ ᠵᠢᠴᠢ ᠬᠡᠰᠡᠭ ᠠᠵᠤ ᠠᠬᠤᠶᠢᠯᠠᠯ ᠤᠨ ᠪᠠᠶᠢᠳᠠᠯ ᠤᠨ ᠬᠠᠷᠢᠭᠤ ᠮᠡᠳᠡᠭᠦᠯᠦᠯᠲᠡ ᠶᠢ ᠰᠣᠨᠣᠰᠴᠠᠢ᠃ ᠲᠡᠷᠡ

ᠴᠢᠬᠤᠯᠠᠴᠢᠯᠠᠭᠰᠠᠨ ᠨᠢ᠂ ᠰᠢᠷ᠎ᠠ ᠲᠥᠪᠡᠳ ᠬᠠᠰᠢ ᠪᠣᠯ ᠦᠶᠤᠸᠠᠨ ᠰᠢᠶᠠᠨ ᠤ ᠣᠨᠴᠠᠯᠢᠭ ᠮᠥᠨ᠂ ᠴᠢᠨᠠᠷ ᠰᠠᠶᠢᠲᠠᠢ ᠬᠤᠪᠣᠷ

ᠴᠤᠬᠠᠭ ᠡᠬᠢ ᠪᠠᠶᠠᠯᠢᠭ ᠮᠥᠨ᠂ ᠡᠷᠬᠡᠪᠰᠢ ᠰᠠᠶᠢᠲᠤᠷ ᠬᠠᠮᠠᠭᠠᠯᠠᠵᠤ᠂ ᠰᠠᠶᠢᠲᠤᠷ ᠲᠡᠳᠬᠦᠵᠦ᠂ ᠰᠠᠶᠢᠲᠤᠷ ᠬᠥᠭᠵᠢᠭᠦᠯᠬᠦ ᠬᠡᠷᠡᠭᠲᠡᠢ᠃ ᠴᠢᠨᠠᠷ ᠰᠠᠶᠢᠲᠠᠢ ᠡᠭᠦᠯᠳᠡᠷ ᠢ

ᠲᠤᠪᠤᠶᠢᠯᠭᠠᠵᠦ᠂ ᠤᠯᠤᠰ ᠤᠨ ᠲᠠᠷᠢᠶᠠᠯᠠᠩ ᠤᠨ ᠳᠡᠭᠡᠳᠦ ᠰᠤᠷᠭᠠᠭᠤᠯᠢ᠂ ᠰᠢᠨᠵᠢᠯᠡᠬᠦ ᠤᠬᠠᠭᠠᠨ ᠮᠡᠷᠭᠡᠵᠢᠯ ᠤᠨ ᠪᠠᠭ᠎ᠠ ᠬᠦᠷᠢᠶᠡᠯᠡᠩ ᠵᠡᠷᠭᠡ ᠲᠠᠪᠴᠠᠩ ᠳᠤ ᠲᠦᠰᠢᠭᠯᠡᠨ

᠂ ᠰᠢᠨᠵᠢᠯᠡᠬᠦ ᠤᠬᠠᠭᠠᠨ ᠤ ᠰᠤᠳᠤᠯᠭᠠᠨ ᠤ ᠳᠡᠭᠡᠳᠦ ᠰᠤᠷᠭᠠᠭᠤᠯᠢ ᠯᠤᠭ᠎ᠠ ᠶᠢᠨ ᠬᠠᠮᠲᠤᠷᠠᠯᠴᠠᠭ᠎ᠠ ᠪᠠᠨ ᠴᠢᠩᠭᠠᠳᠬᠠᠵᠤ᠂ ᠴᠢᠨᠠᠷ ᠰᠠᠶᠢᠲᠠᠢ ᠦᠷ᠎ᠡ ᠶᠢᠨ ᠢᠷᠡᠯᠲᠡ ᠶᠢ

ᠴᠡᠪᠡᠷᠰᠢᠭᠦᠯᠵᠦ᠂ ᠰᠢᠨ᠎ᠡ ᠡᠭᠦᠯᠳᠡᠷ ᠢ ᠰᠤᠳᠤᠯᠤᠨ ᠨᠡᠭᠡᠭᠡᠵᠦ ᠳᠡᠯᠭᠡᠷᠡᠭᠦᠯᠬᠦ ᠶᠢ ᠲᠦᠷᠭᠡᠳᠬᠡᠵᠦ᠂ ᠠᠵᠤ ᠦᠢᠯᠡᠰ ᠤᠨ ᠬᠥᠭᠵᠢᠯᠲᠡ ᠶᠢᠨ ︽ᠴᠢᠫ︾ ᠢ ᠥᠪᠡᠷ ᠤᠨ

ᠭᠠᠷ ᠲᠠᠭᠠᠨ ᠪᠠᠲᠤ ᠡᠵᠡᠮᠳᠡᠬᠦ ᠬᠡᠷᠡᠭᠲᠡᠢ᠃ ᠪᠠᠷᠢᠮᠵᠢᠶᠠᠵᠢᠭᠤᠯᠬᠤ ᠶᠢ ᠲᠣᠪᠤᠶᠢᠯᠭᠠᠨ᠂ ︽ᠳᠠᠷᠢᠬᠤ᠂ ᠬᠠᠮᠢᠶᠠᠷᠬᠤ᠂ ᠬᠤᠷᠢᠶᠠᠬᠤ᠂ ᠨᠥᠭᠡᠴᠡᠯᠡᠬᠦ᠂ ᠲᠡᠭᠡᠭᠡᠪᠦᠷᠢᠯᠡᠬᠦ᠂

ᠨᠡᠮᠡᠬᠦ᠂ ᠪᠣᠷᠣᠯᠠᠭᠤᠯᠬᠤ︾ ᠳᠤ ᠠᠩᠬᠠᠷᠤᠯ ᠢᠶᠠᠨ ᠲᠥᠪᠯᠡᠷᠡᠭᠦᠯᠵᠦ᠂ ᠠᠵᠢᠯ ᠲᠥᠷᠥᠯ ᠤᠨ ᠪᠠᠷᠢᠮᠵᠢᠶ᠎ᠠ ᠶᠢ ᠲᠣᠭᠲᠠᠭᠠᠨ᠂ ᠲᠠᠸᠠᠷ ᠤᠨ ᠲᠡᠮᠳᠡᠭ ᠢ ᠳᠠᠩᠰᠠᠯᠠᠬᠤ ᠶᠢ

ᠲᠦᠷᠭᠡᠳᠬᠡᠵᠦ᠂ ᠬᠠᠮᠢᠶᠠᠷᠤᠯᠲᠠ ᠶᠢᠨ ᠶᠠᠪᠤᠴᠠ ᠶᠢ ᠵᠢᠷᠤᠮᠵᠢᠭᠤᠯᠤᠨ᠂ ᠪᠥᠬᠦ ᠶᠠᠪᠤᠴᠠ ᠶᠢ ᠮᠥᠷᠳᠡᠵᠦ ᠪᠣᠯᠬᠤ ᠶᠢ ᠪᠡᠶᠡᠯᠡᠭᠦᠯᠬᠦ ᠬᠡᠷᠡᠭᠲᠡᠢ᠃ ᠲᠦᠷᠦᠯ

ᠳᠡᠮᠳᠡᠭᠴᠢᠯᠡᠬᠦ ᠶᠢ ᠲᠤᠪᠤᠶᠢᠯᠭᠠᠵᠦ᠂ ᠤᠯᠤᠰ ᠤᠨ ᠲᠠᠷᠢᠶᠠᠯᠠᠩ ᠤᠨ ᠪᠦᠲᠦᠭᠡᠭᠳᠡᠬᠦᠨ ᠤ ᠭᠠᠵᠠᠷ ᠵᠦᠢ ᠶᠢᠨ ᠪᠡᠯᠭᠡ ᠲᠡᠮᠳᠡᠭ᠂ ᠪᠦᠬᠦ ᠤᠯᠤᠰ ᠤᠨ ᠨᠡᠷᠡᠳᠦ ᠰᠢᠯᠢᠳᠡᠭ

ᠣᠨᠴᠠ ᠰᠢᠨ᠎ᠡ ᠲᠠᠷᠢᠶᠠᠯᠠᠩ ᠤᠨ ᠪᠦᠲᠦᠭᠡᠭᠳᠡᠬᠦᠨ ᠢᠶᠠᠷ ᠬᠥᠲᠥᠯᠥᠮᠵᠢ ᠪᠣᠯᠭᠠᠵᠤ᠂ ᠲᠦᠷᠦᠯ ᠲᠡᠮᠳᠡᠭ ᠤᠨ ᠪᠠᠶᠢᠭᠤᠯᠤᠯᠲᠠ ᠶᠢ ᠴᠢᠩᠭᠠᠳᠬᠠᠵᠤ᠂ ᠬᠡᠷᠡᠭᠯᠡᠬᠦ

ᠬᠠᠮᠢᠶᠠᠷᠤᠯᠲᠠ ᠶᠢ ᠴᠢᠩᠳᠠᠯᠠᠵᠤ᠂ ᠤᠬᠠᠭᠤᠯᠤᠨ ᠲᠠᠨᠢᠯᠴᠠᠭᠤᠯᠬᠤ ᠶᠢ ᠴᠢᠩᠭᠠᠳᠬᠠᠵᠤ᠂ ᠪᠦᠲᠦᠭᠡᠭᠳᠡᠬᠦᠨ ᠤ ᠨᠥᠯᠥᠭᠡᠯᠡᠬᠦ ᠬᠦᠴᠦᠨ ᠢ ᠲᠠᠰᠤᠷᠠᠯᠲᠠ ᠦᠭᠡᠢ

ᠥᠷᠭᠡᠳᠬᠡᠵᠦ᠂ ᠵᠠᠬ᠎ᠠ ᠳᠡᠯᠭᠡᠭᠦᠷ ᠤᠨ ᠡᠵᠡᠯᠡᠬᠦ ᠨᠤᠷᠮ᠎ᠠ ᠶᠢ ᠳᠡᠭᠡᠭᠰᠢᠯᠡᠭᠦᠯᠬᠦ ᠬᠡᠷᠡᠭᠲᠡᠢ᠃ ᠠᠵᠤ ᠦᠢᠯᠡᠰᠵᠢᠯᠲᠡ ᠶᠢ ᠳᠤᠪᠤᠶᠢᠯᠭᠠᠵᠤ᠂ ︽ᠵᠠᠰᠠᠭ ᠤᠨ ᠣᠷᠳᠣᠨ ᠢᠶᠠᠷ

ᠭᠤᠣᠯᠯᠠᠭᠤᠯᠬᠤ᠂ ᠠᠵᠤ ᠠᠬᠤᠶᠢᠯᠠᠯ ᠢᠶᠠᠷ ᠭᠤᠣᠯ ᠴᠣᠭᠴᠠ ᠪᠣᠯᠭᠠᠬᠤ᠂ ᠤᠯᠠᠨ ᠲᠦᠮᠡᠨ ᠣᠷᠣᠯᠴᠠᠬᠤ︾ ᠶᠢ ᠪᠠᠷᠢᠮᠲᠠᠯᠠᠵᠤ᠂ ᠰᠢᠨᠵᠢᠯᠡᠬᠦ ᠤᠬᠠᠭᠠᠨᠴᠢ ᠪᠠᠷ

ᠲᠥᠯᠦᠪᠵᠢᠭᠦᠯᠭᠡ ᠶᠢ ᠨᠠᠶᠢᠷᠠᠭᠤᠯᠤᠨ ᠵᠣᠬᠢᠶᠠᠵᠤ᠂ ᠬᠡᠯᠬᠢᠶ᠎ᠡ ᠶᠢᠨ ᠳᠤᠲᠠᠭᠤᠳᠠᠯ ᠢᠶᠠᠨ ᠨᠥᠬᠦᠪᠦᠷᠢᠯᠡᠵᠦ᠂ ᠣᠷᠣᠭᠤᠯᠤᠯᠲᠠ ᠶᠢᠨ ᠪᠠᠲᠤᠯᠠᠭ᠎ᠠ ᠪᠠᠨ ᠴᠢᠩᠭᠠᠳᠬᠠᠵᠤ᠂

ᠦᠢᠯᠡᠳᠬᠦᠨ ᠢ ᠰᠤᠳᠤᠯᠤᠨ ᠨᠡᠭᠡᠭᠡᠬᠦ ᠶᠢ ᠰᠠᠶᠢᠲᠤᠷ ᠠᠳᠬᠤᠵᠤ᠂ ᠦᠢᠯᠡᠳᠪᠦᠷᠢᠯᠡᠯ ᠢᠶᠠᠨ ᠰᠠᠶᠢᠨ ᠪᠥᠭᠡᠳ ᠰᠠᠶᠢᠨ ᠪᠣᠯᠭᠠᠵᠤ᠂ ᠰᠠᠶᠢᠲᠤᠷ ᠪᠣᠷᠣᠯᠠᠭᠤᠯᠬᠤ ᠶᠢ

ᠠᠬᠢᠭᠤᠯᠬᠤ ᠬᠡᠷᠡᠭᠲᠡᠢ᠃ ᠵᠠᠬ᠎ᠠ ᠳᠡᠯᠭᠡᠭᠦᠷᠴᠢᠯᠡᠯᠲᠡ ᠶᠢ ᠳᠣᠪᠤᠶᠢᠯᠭᠠᠵᠤ᠂ ᠪᠡᠭᠡᠵᠢᠩ ᠥᠪᠥᠷ ᠮᠣᠩᠭᠤᠯ ᠤᠨ ᠬᠠᠮᠵᠢᠯᠴᠠᠭᠠᠨ ᠤ ᠲᠣᠭᠲᠠᠴᠠ ᠶᠢ ᠠᠰᠢᠭᠯᠠᠵᠤ᠂

ᠲᠦᠷᠦᠭᠦᠦ ᠠᠵᠤ ᠠᠬᠤᠶᠢᠯᠠᠯ ᠲᠠᠢ ᠵᠣᠯᠭᠠᠭᠤᠯᠬᠤ ᠬᠠᠮᠲᠤᠷᠠᠯᠴᠠᠭᠠᠨ ᠤ ᠡᠷᠴᠢᠮ ᠢᠶᠠᠨ ᠴᠢᠩᠭᠠᠷᠠᠭᠤᠯᠵᠤ᠂ ᠰᠦᠯᠵᠢᠶᠡᠨ ᠤ ᠲᠠᠪᠴᠠᠩ᠂ ᠲᠠᠷᠢᠶᠠᠯᠠᠩ ᠤᠨ ᠠᠬᠢᠭᠤᠯᠬᠤ

ᠳᠠᠷᠤᠭ᠎ᠠ ᠶᠢᠨ ᠦᠢᠯᠡᠳᠦᠯ ᠢ ᠰᠠᠶᠢᠲᠤᠷ ᠪᠠᠳᠠᠷᠠᠭᠤᠯᠵᠤ᠂ ᠨᠡᠩ ᠤᠯᠠᠨ ᠪᠣᠬᠢᠷᠲᠤᠯ ᠦᠭᠡᠢ ᠴᠢᠨᠠᠷ ᠰᠠᠶᠢᠲᠠᠢ ᠲᠠᠷᠢᠶᠠᠯᠠᠩ ᠤᠨ ᠭᠠᠷᠤᠯᠲᠠ ᠶᠢ ᠪᠡᠭᠡᠵᠢᠩ ᠤᠨ ᠵᠠᠬ᠎ᠠ

ᠳᠡᠯᠭᠡᠭᠦᠷ ᠲᠤ ᠣᠷᠣᠭᠤᠯᠬᠤ ᠶᠢ ᠠᠬᠢᠭᠤᠯᠬᠤ ᠬᠡᠷᠡᠭᠲᠡᠢ᠃ ᠵᠣᠬᠢᠶᠠᠨ ᠪᠠᠶᠢᠭᠤᠯᠤᠯᠲᠠ ᠲᠠᠢ ᠪᠠᠶᠢᠬᠤ ᠶᠢ ᠲᠤᠪᠤᠶᠢᠯᠭᠠᠵᠦ᠂ ᠬᠤᠲᠠ ᠰᠢᠶᠠᠨ ᠬᠤᠶᠠᠷ ᠱᠠᠲᠤ ᠨᠢᠭᠲᠠ

ᠬᠠᠮᠵᠢᠯᠴᠠᠵᠤ᠂ ᠬᠦᠴᠦ ᠪᠠᠨ ᠬᠠᠮᠲᠤᠳᠬᠠᠨ ᠬᠠᠮᠵᠢᠯᠴᠠᠵᠤ᠂ ᠡᠬᠢ ᠪᠠᠶᠠᠯᠢᠭ ᠤᠨ ᠬᠦᠴᠦᠨ ᠢ ᠨᠡᠶᠢᠳᠬᠡᠵᠦ᠂ ᠲᠦᠭᠵᠢᠷᠡᠯ ᠤᠨ ᠴᠡᠭ ᠢ ᠰᠢᠢᠳᠪᠦᠷᠢᠯᠡᠵᠦ᠂ ᠲᠥᠪᠡᠳ

ᠬᠠᠰᠢ ᠶᠢᠨ ᠠᠵᠤ ᠦᠢᠯᠡᠰ ᠤᠨ ᠰᠠᠶᠢᠨ ᠪᠥᠭᠡᠳ ᠲᠦᠷᠭᠡᠨ ᠬᠥᠭᠵᠢᠯᠲᠡ ᠶᠢ ᠬᠦᠴᠦ ᠪᠠᠨ ᠬᠠᠮᠲᠤᠳᠬᠠᠨ ᠠᠬᠢᠭᠤᠯᠬᠤ ᠬᠡᠷᠡᠭᠲᠡᠢ ᠭᠡᠪᠡ᠃

      ᠬᠤᠳᠠ ᠶᠢᠨ ᠤᠳᠤᠷᠢᠳᠤᠯᠭ᠎ᠠ ᠷᠧᠨ ᠢ ᠴᠢᠶᠦ᠋ᠨ᠂ ᠠᠴᠢᠲᠤ᠂ ᠵᠠᠩ ᠷᠦ ᠬᠤᠩ ᠣᠷᠣᠯᠴᠠᠪᠠ᠃

                                                     

ᠢᠷᠡᠯᠲᠡ᠄ ᠦᠶᠤᠸᠠᠨ ᠰᠢᠶᠠᠨ ᠤ ᠠᠷᠠᠳ ᠤᠨ ᠵᠠᠰᠠᠭ ᠤᠨ ᠣᠷᠳᠤᠨ ᠤ ᠮᠣᠡᠭᠭᠤᠯ ᠰᠦᠯᠵᠢᠶ᠎ᠡ