ᠮᠠᠨ ᠤ ᠰᠢᠶᠠᠨ ᠤᠳᠬ᠎ᠠ ᠤᠷᠠᠯᠢᠭ ᠤᠨ ᠠᠵᠢᠯᠲᠠᠨ ᠤ ᠶᠠᠷᠢᠯᠴᠠᠬᠤ ᠬᠤᠷᠠᠯ ᠵᠢᠴᠢ ᠤᠮᠠᠷᠠᠲᠤ ᠬᠢᠯᠢ ᠶᠢᠨ ᠰᠣᠶᠣᠯ ᠤᠨ ᠪᠠᠶᠢᠭᠤᠯᠤᠯᠲᠠ ᠶᠢ ᠠᠬᠢᠭᠤᠯᠬᠤ ᠬᠤᠷᠠᠯ  ᠬᠤᠷᠠᠯᠳᠤᠪᠠ
ᠨᠡᠶᠢᠲᠡᠯᠡᠭᠰᠡᠨ ᠴᠠᠭ᠄
2024/4/22
      4 ᠰᠠᠷ᠎ᠠ ᠶᠢᠨ 18 ᠤ ᠡᠳᠦᠷ ᠂ ᠮᠠᠨ ᠤ ᠰᠢᠶᠠᠨ ᠤᠳᠬ᠎ᠠ ᠤᠷᠠᠯᠢᠭ ᠤᠨ ᠠᠵᠢᠯᠲᠠᠳ ᠤᠨ ᠶᠠᠷᠢᠯᠴᠠᠬᠤ ᠬᠤᠷᠠᠯ ᠵᠢᠴᠢ ᠤᠮᠠᠷᠠᠲᠤ ᠬᠢᠯᠢ ᠶᠢᠨ ᠰᠣᠶᠣᠯ ᠤᠨ ᠪᠠᠶᠢᠭᠤᠯᠤᠯᠲᠠ ᠶᠢ ᠠᠬᠢᠭᠤᠯᠬᠤ ᠬᠤᠷᠠᠯ ᠬᠤᠷᠠᠯᠳᠤᠵᠦ᠂ ᠰᠢᠶᠠᠨ ᠤ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ ᠂ ᠤᠬᠠᠭᠤᠯᠬᠤ ᠬᠡᠯᠲᠡᠰ ᠤᠨ ᠳᠠᠷᠤᠭ᠎ᠠ ᠬᠤᠤ ᠶᠣᠣ ᠹᠧᠨ ᠬᠤᠷᠠᠯ ᠳᠤ ᠣᠷᠣᠯᠴᠠᠪᠠ ᠃ ᠰᠢᠶᠠᠨ ᠤ ᠨᠠᠮ ᠤᠨ ᠬᠤᠷᠢᠶᠠᠨ ᠤ ᠤᠬᠠᠭᠤᠯᠬᠤ ᠬᠡᠯᠲᠡᠰ ᠂ ᠰᠣᠶᠣᠯ ᠵᠤᠭᠠᠴᠠᠯ ᠤᠨ ᠲᠣᠪᠴᠢᠶ᠎ᠠ ᠂ ᠤᠳᠬ᠎ᠠ ᠤᠷᠠᠯᠢᠭ ᠤᠨ ᠬᠢᠨ ᠤ ᠬᠤᠯᠪᠣᠭ᠎ᠠ ᠶᠢᠨ ᠬᠠᠷᠢᠭᠤᠴᠠᠯᠭᠠᠲᠠᠨ ᠵᠢᠴᠢ ᠡᠯ᠎ᠡ ᠤᠳᠬ᠎ᠠ ᠤᠷᠠᠯᠢᠭᠴᠢᠳ ᠤᠨ ᠨᠡᠶᠢᠭᠡᠮᠯᠢᠭ ᠤᠨ ᠲᠡᠷᠢᠭᠦᠯᠡᠭᠴᠢ ᠂ ᠤᠳᠬ᠎ᠠ ᠤᠷᠠᠯᠢᠭ ᠤᠨ ᠡᠲᠡᠭᠡᠳ ᠤᠨ ᠲᠥᠯᠥᠭᠡᠯᠡᠭᠴᠢ ᠬᠤᠷᠠᠯ ᠳᠤ ᠣᠷᠣᠯᠴᠠᠪᠠ᠃

微信截图_20240422162935.png

       ᠬᠤᠷᠠᠯ ᠠᠴᠠ ᠪᠦᠬᠦ ᠬᠤᠳᠠ ᠶᠢᠨ ᠤᠳᠬ᠎ᠠ ᠤᠷᠠᠯᠢᠭ ᠤᠨ ᠠᠵᠢᠯ ᠤᠨ ᠶᠠᠷᠢᠯᠴᠠᠬᠤ ᠬᠤᠷᠠᠯ ᠤᠨ ᠵᠣᠷᠢᠭ ᠰᠠᠨᠠᠭ᠎ᠠ ᠶᠢ ᠤᠯᠠᠮᠵᠢᠯᠠᠵᠤ᠂ ᠰᠢᠶᠠᠨ ᠤ ᠤᠳᠬ᠎ᠠ

ᠤᠷᠠᠯᠢᠭ ᠤᠨ ᠬᠤᠯᠪᠣᠭ᠎ᠠ᠂ ᠰᠣᠶᠣᠯ ᠵᠤᠭᠠᠴᠠᠯ ᠤᠨ ᠲᠣᠪᠴᠢᠶ᠎ᠠ᠂ ᠤᠯᠠᠭᠠᠨᠮᠥ᠋ᠴᠢᠷ ᠤᠨ ᠬᠠᠷᠢᠭᠤᠴᠠᠯᠭᠠᠲᠠᠨ ᠪᠣᠯᠣᠨ ᠰᠢᠶᠠᠨ ᠤ ᠤᠳᠬ᠎ᠠ ᠤᠷᠠᠯᠢᠭ ᠤᠨ ᠡᠲᠡᠭᠡᠳ ᠤᠨ

ᠲᠥᠯᠥᠭᠡᠯᠡᠭᠴᠢ ᠲᠡᠰ ᠳᠠᠷᠠᠭᠠᠯᠠᠨ ᠶᠠᠷᠢᠶ᠎ᠠ ᠲᠠᠯᠪᠢᠵᠠᠢ ᠃

       ᠬᠤᠤ ᠶᠣᠣ ᠹᠧᠨ ᠮᠠᠨ ᠤ ᠰᠢᠶᠠᠨ ᠤ ᠤᠳᠬ᠎ᠠ ᠤᠷᠠᠯᠢᠭ ᠤᠨ ᠠᠵᠢᠯ ᠤᠨ ᠣᠯᠣᠭᠰᠠᠨ ᠠᠮᠵᠢᠯᠲᠠ ᠶᠢ ᠭᠦᠢᠴᠡᠳ ᠨᠤᠲᠠᠯᠠᠪᠠ ᠃ ᠲᠡᠷᠡ 

ᠬᠡᠯᠡᠭᠰᠡᠨ ᠨᠢ᠂ ᠦᠶᠤᠸᠠᠨ ᠤ ᠲᠡᠦᠬᠡᠨ ᠲᠡᠮᠳᠡᠭᠯᠡᠯ ᠳᠤ 2400 ᠭᠠᠷᠤᠢ ᠵᠢᠯ ᠤᠨ ᠲᠡᠦᠬᠡ ᠲᠠᠢ ᠂ ᠬᠠᠳᠤᠨ ᠭᠤᠣᠯ ᠤᠨ ᠰᠣᠶᠣᠯ ᠂ ᠮᠤᠨᠢ

ᠠᠭᠤᠯᠠ ᠶᠢᠨ ᠰᠣᠶᠣᠯ ᠂ ᠤᠰᠤᠨ ᠠᠰᠢᠭᠯᠠᠯᠲᠠ ᠶᠢᠨ ᠰᠣᠶᠣᠯ ᠂ ᠲᠠᠯ᠎ᠠ ᠨᠤᠲᠤᠭ ᠤᠨ ᠰᠣᠶᠣᠯ ᠂ ᠲᠠᠷᠢᠶᠠᠯᠠᠬᠤ ᠰᠣᠶᠣᠯ ᠂ ᠨᠡᠭᠦᠳᠡᠯ ᠰᠣᠶᠣᠯ ᠤᠨ ᠲᠠᠯ᠎ᠠ ᠪᠠᠷ

ᠠᠭᠤᠰᠤᠯᠴᠠᠵᠤ ᠂ ᠶᠡᠭᠡ ᠬᠡᠮᠵᠢᠶᠡᠨ ᠤ ᠲᠡᠦᠬᠡ ᠪᠣᠷᠣᠳᠣᠬᠤᠢ ᠶᠢᠨ ᠰᠣᠶᠣᠯ ᠴᠢᠨᠠᠭᠰᠢᠯᠠᠪᠠᠯ ᠤᠮᠠᠷᠠᠲᠤ ᠬᠢᠯᠢ ᠶᠢᠨ ᠰᠣᠶᠣᠯ ᠢ ᠰᠤᠳᠤᠯᠬᠤ ᠶᠠᠪᠤᠳᠠᠯ ᠳᠤ ᠡᠯᠪᠡᠭ

ᠪᠠᠶᠠᠯᠢᠭ ᠪᠣᠷᠣ ᠮᠠᠲ᠋ᠧᠷᠢᠶᠠᠯ ᠪᠠ ᠡᠬᠢ ᠪᠠᠶᠠᠯᠢᠭ ᠢ ᠪᠡᠯᠡᠳᠬᠡᠪᠡ ᠃ ᠥᠷᠭᠡᠨ ᠤᠯᠠᠨ ᠤᠳᠭ᠎ᠠ ᠤᠷᠠᠯᠢᠭ ᠤᠨ ᠠᠵᠢᠯᠲᠠᠨ ︽ ᠲᠤᠭ ᠢ ᠮᠠᠨᠳᠤᠭᠤᠯᠬᠤ ᠂ ᠠᠷᠠᠳ ᠤᠨ

ᠰᠡᠳᠬᠢᠯ ᠢ ᠨᠢᠭᠲᠠᠷᠠᠭᠤᠯᠬᠤ ᠂ ᠰᠢᠨ᠎ᠡ ᠬᠥᠮᠥᠨ ᠢ ᠬᠥᠮᠥᠵᠢᠭᠦᠯᠬᠦ ᠂ ᠰᠣᠶᠣᠯ ᠢ ᠮᠠᠨᠳᠤᠭᠤᠯᠬᠤ ᠂ ᠳᠦᠷᠢ ᠲᠥᠷᠬᠦ ᠶᠢ ᠢᠯᠡᠷᠡᠭᠦᠯᠬᠦ ︾ ᠡᠭᠦᠷᠭᠡ ᠬᠠᠷᠢᠭᠤᠴᠠᠯᠭ᠎ᠠ ᠶᠢ

ᠢᠮᠠᠭᠲᠠ ᠪᠠᠲᠤ ᠴᠡᠭᠡᠵᠢᠯᠡᠵᠦ ᠂ ᠨᠠᠮ ᠤᠨ ᠦᠭᠡ ᠶᠢ ᠰᠣᠨᠣᠰᠬᠤ ᠂ ᠨᠠᠮ ᠢᠶᠠᠨ ᠲᠠᠭᠠᠬᠤ ᠂ ᠶᠡᠭᠡ ᠮᠣᠷᠠᠯ ᠢ ᠮᠡᠳᠡᠬᠦ ᠂ ᠲᠥᠪ ᠰᠤᠷᠲᠠᠯ ᠢ ᠪᠤᠢ ᠪᠣᠯᠭᠠᠬᠤ ᠂ ᠨᠠᠮ ᠤᠨ

ᠤᠳᠭ᠎ᠠ ᠤᠷᠠᠯᠢᠭ ᠤᠨ ᠬᠥᠭᠵᠢᠯᠲᠡ ᠶᠢ ᠤᠳᠤᠷᠢᠳᠬᠤ ᠡᠷᠡᠰ ᠪᠠᠲᠤ ᠵᠣᠷᠢᠭ ᠰᠠᠨᠠᠭ᠎ᠠ ᠶᠢ ᠨᠢᠭᠲᠠᠷᠠᠭᠤᠯᠬᠤ ᠬᠡᠷᠡᠭᠲᠡᠢ ᠃ ᠠᠷᠠᠳ ᠤᠯᠠᠨ ᠤ ᠠᠮᠢᠳᠤᠷᠠᠯ ᠲᠠᠢ

ᠣᠶᠢᠷᠠᠲᠤᠨ ᠂ ᠤᠯᠠᠨ ᠲᠦᠮᠡᠨ ᠤ ᠰᠠᠶᠢᠨ ᠰᠠᠶᠢᠬᠠᠨ ᠠᠮᠢᠳᠤᠷᠠᠯ ᠢ ᠲᠡᠮᠳᠡᠭᠯᠡᠵᠦ ᠂ ᠪᠢᠷ ᠤᠨ ᠦᠵᠦᠭᠦᠷ ᠲᠤ ᠬᠠᠳᠠᠩᠰᠢᠭᠤᠯᠵᠤ ᠂ ᠠᠷᠠᠳ ᠤᠯᠠᠨ ᠤ ᠠᠵᠢᠯ ᠬᠢᠵᠦ

ᠦᠢᠯᠡᠰ ᠪᠣᠰᠬᠠᠬᠤ ᠤᠳᠬ᠎ᠠ ᠤᠷᠠᠯᠢᠭ ᠤᠨ ᠬᠠᠭᠤᠳᠠᠰᠤ ᠶᠢ ᠨᠠᠷᠢᠨ ᠨᠢᠮᠪᠠᠢ ᠵᠢᠷᠤᠭᠯᠠᠵᠤ ᠂ ᠤᠷᠠᠯᠢᠭ ᠤᠨ ᠰᠠᠶᠢᠬᠠᠨ ᠢᠶᠠᠷ ᠦᠶᠤᠸᠠᠨ ᠤ ᠠᠷᠠᠳ ᠲᠦᠮᠡᠨ ᠤ

ᠬᠠᠶᠢᠷᠠᠯᠠᠭᠤᠰᠢᠲᠠᠢ ᠳᠦᠷᠢ ᠲᠥᠷᠬᠦ ᠶᠢ ᠢᠯᠡᠷᠡᠭᠦᠯᠵᠦ ᠂ ᠦᠶᠤᠸᠠᠨ ᠤ ᠠᠷᠠᠳ ᠲᠦᠮᠡᠨ ᠤ ᠨᠠᠮ ᠤᠨ ᠠᠴᠢ ᠳᠤ ᠲᠠᠯᠠᠷᠬᠠᠬᠤ᠂ ᠨᠠᠮ ᠤᠨ ᠦᠭᠡ ᠶᠢ ᠰᠣᠨᠣᠰᠬᠤ ᠂

ᠨᠠᠮ ᠢᠶᠠᠨ ᠳᠠᠭᠠᠬᠤ ᠴᠠᠭ ᠦᠶ᠎ᠡ ᠶᠢᠨ ᠮᠠᠭᠲᠠᠭᠠᠯ ᠳᠠᠭᠤᠤ ᠶᠢ ᠰᠠᠶᠢᠲᠤᠷ ᠪᠢᠴᠢᠭᠯᠡᠬᠦ ᠬᠡᠷᠡᠭᠲᠡᠢ ᠃ ᠣᠲᠣ ᠶᠢᠨ ᠪᠠᠶᠢᠭ᠎ᠠ ᠰᠣᠶᠣᠯ ᠤᠨ ᠡᠬᠢ ᠪᠠᠶᠠᠯᠢᠭ ᠢ ᠰᠤᠳᠤᠯᠤᠨ

ᠲᠠᠶᠢᠯᠪᠤᠷᠢᠯᠠᠬᠤ ᠶᠢ ᠴᠢᠩᠭᠠᠳᠬᠠᠵᠤ ᠂ ᠲᠠᠷᠢᠶᠠᠯᠠᠩ ᠤᠨ ᠰᠣᠶᠣᠯ ᠂ ᠬᠤᠪᠢᠰᠬᠠᠯ ᠤᠨ ᠰᠣᠶᠣᠯ ᠂ ᠰᠢᠯᠦᠭ ᠳᠠᠭᠤᠯᠠᠯ ᠤᠨ ᠰᠣᠶᠣᠯ ᠵᠡᠷᠭᠡ ᠢᠯᠡ ᠲᠣᠳᠣ ᠣᠷᠣᠨ

ᠨᠤᠲᠤᠭ ᠤᠨ ᠣᠨᠴᠠᠯᠢᠭ ᠲᠠᠢ ᠰᠣᠶᠣᠯ ᠤᠨ ᠡᠬᠢ ᠪᠠᠶᠠᠯᠢᠭ ᠢ ᠭᠦᠨᠵᠡᠭᠡᠢ ᠠᠭᠤᠳᠠᠯᠵᠤ ᠂ ᠣᠨᠣᠯ ᠤᠨ ᠦᠷ᠎ᠡ ᠪᠦᠲᠦᠭᠡᠯ ᠢ ᠪᠦᠷᠢᠯᠳᠦᠭᠦᠯᠬᠦ ᠬᠡᠷᠡᠭᠲᠡᠢ ᠃ ᠡᠯ᠎ᠡ

ᠲᠠᠯ᠎ᠠ ᠶᠢᠨ ᠴᠢᠳᠠᠪᠤᠷᠢᠲᠠᠨ ᠢ ᠴᠤᠭᠯᠠᠷᠠᠭᠤᠯᠵᠤ ᠂ ᠰᠢᠯᠢᠳᠡᠭ ᠴᠢᠳᠠᠪᠤᠷᠢᠲᠠᠨ ᠢ ᠬᠥᠮᠥᠵᠢᠭᠦᠯᠵᠦ ᠂ ᠥᠩᠭᠡ ᠪᠦᠷᠢ ᠶᠢᠨ ᠴᠡᠴᠡᠭ ᠢ ᠵᠡᠷᠭᠡᠪᠡᠷ ᠳᠡᠯᠭᠡᠷᠡᠭᠦᠯᠦᠭᠰᠡᠨ

ᠠᠮᠢᠳᠤᠯᠢᠭ ᠪᠠᠶᠢᠷᠢᠰᠢᠯ ᠢ ᠪᠦᠷᠢᠯᠳᠦᠭᠦᠯᠬᠦ ᠪᠥᠭᠡᠳ ᠨᠣᠶᠠᠨ ᠣᠷᠭᠢᠯ ᠰᠡᠬᠦᠶᠢᠨ ᠰᠦᠨᠳᠡᠷᠯᠡᠭᠰᠡᠨ ᠢᠯᠡ ᠲᠣᠳᠣ ᠣᠨᠴᠠᠯᠢᠭ ᠲᠠᠢ ᠪᠠᠶᠢᠬᠤ ᠬᠡᠷᠡᠭᠲᠡᠢ ᠃ ᠨᠠᠮ ᠤᠨ

ᠤᠳᠤᠷᠢᠳᠤᠯᠭ᠎ᠠ ᠶᠢ ᠪᠠᠷᠢᠮᠲᠠᠯᠠᠵᠤ ᠂ ᠤᠷᠠᠯᠢᠭ ᠢ ᠪᠢᠰᠢᠷᠡᠨ ᠵᠢᠷᠦᠬᠡᠰᠢᠶᠡᠬᠦ ᠰᠡᠳᠬᠢᠯᠭᠡ᠂ ᠲᠤᠰᠬᠠᠢ ᠮᠡᠷᠭᠡᠵᠢᠯ ᠳᠡᠭᠡᠨ ᠦᠨᠡᠨᠴᠢ ᠰᠡᠳᠬᠢᠯ ᠢ ᠢᠮᠠᠭᠲᠠ ᠪᠠᠷᠢᠮᠲᠠᠯᠠᠵᠤ ᠂

ᠤᠯᠤᠰ ᠢᠶᠠᠨ ᠬᠠᠶᠢᠷᠠᠯᠠᠬᠤ᠂ ᠠᠷᠠᠳ ᠤᠨ ᠲᠥᠯᠥᠭᠡ ᠂ ᠶᠣᠰᠣ ᠰᠤᠷᠲᠠᠬᠤᠨ ᠢ ᠡᠷᠬᠢᠮᠯᠡᠬᠦ ᠂ ᠤᠷᠠᠯᠢᠭ ᠢ ᠡᠷᠬᠢᠮᠯᠡᠬᠦ ᠶᠢ ᠨᠠᠰᠤᠨ ᠲᠤᠷᠰᠢᠲᠠ ᠶᠢᠨ ᠬᠢᠴᠢᠶᠡᠯ ᠢᠶᠠᠨ

ᠪᠣᠯᠭᠠᠵᠤ ᠂ ᠰᠣᠶᠣᠯ ᠤᠷᠠᠯᠢᠭ ᠤᠨ ᠡᠲᠡᠭᠡᠳ ᠤᠨ ᠬᠢᠨ ᠤ ᠶᠣᠰᠣ ᠮᠣᠷᠠᠯ ᠢ ᠬᠤᠣᠰᠯᠠᠭᠤᠯᠤᠭᠰᠠᠨ ᠰᠠᠶᠢᠨ ᠰᠠᠶᠢᠬᠠᠨ ᠨᠡᠶᠢᠭᠡᠮ ᠤᠨ ᠳᠦᠷᠢ ᠲᠥᠷᠬᠦ ᠶᠢ ᠪᠤᠢ ᠪᠣᠯᠭᠠᠬᠤ

ᠬᠡᠷᠡᠭᠲᠡᠢ ᠃ ᠡᠯ᠎ᠡ ᠤᠬᠠᠭᠤᠯᠭ᠎ᠠ ᠶᠢᠨ ᠹᠷᠣᠨᠲ ᠤᠨ ᠺᠠᠳ᠋ᠷ ᠡᠭᠦᠷᠭᠡ ᠬᠠᠷᠢᠭᠤᠴᠠᠯᠭ᠎ᠠ ᠪᠠᠨ ᠭᠦᠢᠴᠡᠳᠬᠡᠵᠦ ᠂ ᠬᠠᠷᠢᠭᠤᠴᠠᠯᠭ᠎ᠠ ᠡᠭᠦᠷᠭᠡᠯᠡᠨ ᠵᠢᠳᠬᠦᠯ ᠴᠢᠷᠮᠠᠶᠢᠯᠭ᠎ᠠ

ᠭᠠᠷᠭᠠᠵᠤ ᠂ ᠤᠳᠬ᠎ᠠ ᠤᠷᠠᠯᠢᠭ ᠤᠨ ᠵᠣᠬᠢᠶᠠᠨ ᠪᠦᠲᠦᠭᠡᠯᠭᠡ ᠶᠢ ᠠᠬᠢᠭᠤᠯᠬᠤ ᠶᠢ ᠠᠵᠢᠯ ᠤᠨ ᠡᠭᠦᠷᠭᠡ ᠪᠠ ᠵᠠᠪᠠᠯ ᠭᠦᠢᠴᠡᠳᠬᠡᠬᠦ ᠬᠠᠷᠢᠭᠤᠴᠠᠯᠭ᠎ᠠ ᠪᠠᠨ ᠪᠣᠯᠭᠠᠵᠤ ᠂

ᠠᠵᠢᠯ ᠲᠦᠷᠦᠯ ᠤᠨ ᠦᠢᠯᠡᠴᠢᠯᠡᠭᠡ᠂ ᠠᠵᠢᠯ ᠲᠦᠷᠦᠯ ᠤᠨ ᠬᠠᠮᠢᠶᠠᠷᠤᠯᠲᠠ ᠂ ᠠᠵᠢᠯ ᠲᠦᠷᠦᠯ ᠤᠨ ᠥᠪᠡᠷ ᠢ ᠪᠠᠨ ᠱᠠᠭᠠᠷᠳᠠᠬᠤ ᠶᠢ ᠴᠢᠩᠭᠠᠳᠬᠠᠵᠤ ᠂ ᠪᠦᠲᠦᠭᠡᠯ ᠶᠡᠭᠡ

ᠬᠡᠮᠵᠢᠶ᠎ᠡ ᠪᠠᠷ ᠴᠣᠯᠭᠤᠷᠠᠨ ᠭᠠᠷᠬᠤ ᠂ ᠰᠣᠳᠣᠨ ᠪᠦᠲᠦᠭᠡᠯ ᠤᠯᠠᠨ ᠭᠠᠷᠬᠤ ᠰᠠᠶᠢᠨ ᠰᠠᠶᠢᠬᠠᠨ ᠪᠠᠶᠢᠳᠠᠯ ᠢ ᠪᠤᠢ ᠪᠣᠯᠭᠠᠬᠤ ᠶᠢ ᠠᠬᠢᠭᠤᠯᠬᠤ ᠬᠡᠷᠡᠭᠲᠡᠢ ᠭᠡᠪᠡ᠃

                                         

ᠢᠷᠡᠯᠲᠡ᠄ ᠦᠶᠤᠸᠠᠨ ᠰᠢᠶᠠᠨ ᠤ ᠠᠷᠠᠳ ᠤᠨ ᠵᠠᠰᠠᠭ ᠤᠨ ᠣᠷᠳᠤᠨ ᠤ ᠮᠣᠡᠭᠭᠤᠯ ᠰᠦᠯᠵᠢᠶ᠎ᠡ