ᠦᠶᠤᠸᠠᠨ ᠰᠢᠶᠠᠨ ᠤ ᠨᠠᠮ ᠤᠨ ᠬᠤᠷᠢᠶᠠᠨ ᠤ ᠵᠣᠬᠢᠶᠠᠨ ᠪᠠᠶᠢᠭᠤᠯᠬᠤ ᠬᠡᠯᠲᠡᠰ ᠨᠢᠭᠤᠴᠠ ᠶᠢ ᠬᠠᠮᠠᠭᠠᠯᠠᠬᠤ ᠠᠵᠢᠯ ᠤᠨ ᠰᠡᠷᠡᠮᠵᠢᠯᠡᠭᠦᠯᠬᠦ ᠬᠥᠮᠦᠵᠢᠯ ᠵᠢᠴᠢ ᠨᠢᠭᠤᠴᠠ ᠶᠢ ᠬᠠᠮᠠᠭᠠᠯᠠᠬᠤ ᠮᠡᠳᠡᠯᠭᠡ ᠶᠢᠨ ᠲᠤᠰᠬᠠᠢ ᠰᠡᠳᠦᠪᠲᠦ ᠪᠣᠯᠪᠠᠰᠤᠷᠠᠯ ᠤᠨ ᠬᠤᠷᠠᠯ ᠬᠤᠷᠠᠯᠳᠤᠪᠠ
ᠨᠡᠶᠢᠲᠡᠯᠡᠭᠰᠡᠨ ᠴᠠᠭ᠄
2024/4/22
      ᠶᠡᠷᠦᠩᠬᠡᠢ ᠱᠦᠵᠢ ᠰᠢ ᠶᠢᠨ ᠫᠢᠩ ᠤᠨ ᠨᠢᠭᠤᠴᠠ ᠶᠢ ᠬᠠᠮᠠᠭᠠᠯᠠᠬᠤ ᠠᠵᠢᠯ ᠢ ᠰᠠᠶᠢᠲᠤᠷ ᠬᠢᠬᠦ ᠲᠤᠬᠠᠢ ᠴᠢᠬᠤᠯᠠ ᠵᠢᠭᠠᠪᠤᠷᠢ ᠶᠢᠨ ᠵᠣᠷᠢᠭ ᠰᠠᠨᠠᠭ᠎ᠠ ᠶᠢ ᠭᠦᠨᠵᠡᠭᠡᠢ ᠰᠤᠷᠤᠯᠴᠠᠨ ᠲᠤᠤᠱᠯᠠᠭᠤᠯᠵᠤ ᠂ ᠨᠢᠭᠤᠴᠠ ᠶᠢ ᠬᠠᠮᠠᠭᠠᠯᠠᠬᠤ ᠠᠵᠢᠯ ᠢ ᠤᠯᠠᠮ ᠨᠢᠭᠡ ᠠᠯᠬᠤᠮ ᠵᠢᠷᠤᠮᠵᠢᠭᠤᠯᠤᠨ᠂ ᠪᠥᠬᠦ ᠠᠵᠢᠯᠲᠠᠨ ᠤ ᠨᠢᠭᠤᠴᠠ ᠶᠢ ᠬᠠᠮᠠᠭᠠᠯᠠᠬᠤ ᠦᠵᠡᠯ ᠤᠬᠠᠮᠰᠠᠷ ᠢ ᠴᠢᠩᠭᠠᠷᠠᠭᠤᠯᠵᠤ ᠂ ᠨᠢᠭᠤᠴᠠ ᠶᠢ ᠬᠠᠮᠠᠭᠠᠯᠠᠬᠤ ᠠᠵᠢᠯ ᠤᠨ ᠬᠢᠷᠢ ᠲᠦᠪᠰᠢᠨ ᠢ ᠳᠡᠭᠡᠭᠰᠢᠯᠡᠭᠦᠯᠬᠦ ᠶᠢᠨ ᠲᠥᠯᠥᠭᠡ᠃ 2024 ᠣᠨ ᠤ 4 ᠰᠠᠷ᠎ᠠ ᠶᠢᠨ 19 ᠤ ᠡᠳᠦᠷ ᠂ ᠦᠶᠤᠸᠠᠨ ᠰᠢᠶᠠᠨ ᠤ ᠨᠠᠮ ᠤᠨ ᠬᠤᠷᠢᠶᠠᠨ ᠤ ᠵᠣᠬᠢᠶᠠᠨ ᠪᠠᠶᠢᠭᠤᠯᠬᠤ ᠬᠡᠯᠲᠡᠰ ᠨᠢᠭᠤᠴᠠ ᠶᠢ ᠬᠠᠮᠠᠭᠠᠯᠠᠬᠤ ᠠᠵᠢᠯ ᠤᠨ ᠲᠤᠰᠬᠠᠢ ᠰᠡᠳᠦᠪᠲᠦ ᠪᠣᠯᠪᠠᠰᠤᠷᠠᠯ ᠤᠨ ᠬᠤᠷᠠᠯ ᠢ ᠵᠣᠬᠢᠶᠠᠨ ᠪᠠᠶᠢᠭᠤᠯᠤᠨ ᠥᠷᠨᠢᠭᠦᠯᠵᠦ ᠂ ᠶᠠᠮᠤᠨ ᠤ ᠪᠠᠶᠢᠭᠤᠯᠭ᠎ᠠ ᠶᠢᠨ ᠪᠦᠬᠦ ᠺᠠᠳ᠋ᠷ ᠪᠣᠯᠪᠠᠰᠤᠷᠠᠯ ᠳᠤ ᠣᠷᠣᠯᠴᠠᠪᠠ᠃       ᠬᠤᠷᠠᠯ ᠠᠴᠠ ︽ ᠪᠥᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠤᠯᠤᠰ ᠤᠨ ᠨᠢᠭᠤᠴᠠ ᠶᠢ ᠬᠠᠮᠠᠭᠠᠯᠠᠬᠤ ᠬᠠᠤᠯᠢ ︾ ᠂ ︽ ᠪᠥᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠨᠢᠭᠤᠴᠠ ᠲᠡᠮᠳᠡᠭ ᠤᠨ ᠬᠠᠤᠯᠢ ︾ ᠂ ︽ ᠤᠯᠤᠰ ᠤᠨ ᠶᠡᠷᠦᠩᠬᠡᠢ ᠠᠮᠤᠷ ᠲᠦᠪᠰᠢᠨ ᠤ ᠦᠵᠡᠯᠲᠡ ᠶᠢ ᠰᠤᠷᠤᠯᠴᠠᠬᠤ ᠬᠥᠲᠥᠯᠪᠦᠷᠢ ︾ ᠂ ︽ ᠤᠯᠤᠰ ᠤᠨ ᠠᠮᠤᠷ ᠲᠦᠪᠰᠢᠨ ᠤ ᠮᠡᠳᠡᠯᠭᠡ ᠶᠢᠨ ᠵᠠᠭᠤᠨ ᠠᠰᠠᠭᠤᠯᠲᠠ ︾ ᠵᠡᠷᠭᠡ ᠠᠭᠤᠯᠭ᠎ᠠ ᠶᠢ ᠰᠤᠷᠤᠯᠴᠠᠵᠤ ᠂ ᠨᠢᠭᠤᠴᠠ ᠶᠢ ᠵᠠᠳᠠᠷᠠᠭᠤᠯᠤᠭᠰᠠᠨ ᠬᠡᠷᠡᠭ ᠤᠨ ᠵᠢᠱᠢᠶ᠎ᠡ ᠶᠢᠨ ᠮᠡᠳᠡᠭᠡᠯᠡᠯ ᠵᠢᠴᠢ ᠡᠳᠦᠷ ᠲᠤᠲᠤᠮ ᠤᠨ ᠨᠢᠭᠤᠴᠠ ᠶᠢ ᠬᠠᠮᠠᠭᠠᠯᠠᠬᠤ ᠳᠤ ᠠᠩᠬᠠᠷᠬᠤ ᠵᠦᠢᠯ ᠵᠡᠷᠭᠡ ᠠᠭᠤᠯᠭ᠎ᠠ ᠶᠢ ᠤᠯᠠᠮᠵᠢᠯᠠᠵᠤ᠂ ᠨᠢᠭᠤᠴᠠ ᠶᠢ ᠬᠠᠮᠠᠭᠠᠯᠠᠬᠤ ᠰᠡᠷᠡᠮᠵᠢᠯᠡᠭᠦᠯᠬᠦ ᠬᠥᠮᠦᠵᠢᠯ ᠤᠨ ᠹᠢᠯᠢᠮ ᠢ ᠦᠵᠡᠪᠡ᠃       ᠶᠠᠮᠤᠨ ᠤ ᠪᠠᠶᠢᠭᠤᠯᠭ᠎ᠠ ᠶᠢᠨ ᠨᠠᠮ ᠤᠨ ᠡᠭᠦᠷ ᠤᠨ ᠳᠡᠳ᠋ ᠱᠦᠵᠢ ᠬᠤ᠋ ᠷᠦᠢ ᠫᠧᠩ ᠨᠥᠬᠦᠷ ︽ ᠨᠢᠭᠤᠴᠠ ᠶᠢ ᠬᠠᠮᠠᠭᠠᠯᠠᠬᠤ ᠬᠠᠤᠯᠢ ᠶᠢ ᠨᠠᠷᠢᠨ ᠬᠢᠨᠠᠮᠠᠭᠠᠢ ᠰᠤᠷᠤᠯᠴᠠᠨ ᠲᠤᠭᠤᠰᠢᠯᠠᠭᠤᠯᠵᠤ ᠂ ᠰᠢᠨ᠎ᠡ ᠴᠠᠭ ᠦᠶ᠎ᠡ ᠶᠢᠨ ᠨᠢᠭᠤᠴᠠ ᠶᠢ ᠬᠠᠮᠠᠭᠠᠯᠠᠬᠤ ᠠᠵᠢᠯ ᠢ ᠰᠠᠶᠢᠲᠤᠷ ᠬᠢᠬᠦ ︾ ᠭᠡᠬᠦ ᠭᠤᠣᠯ ᠰᠡᠳᠦᠪ ᠤᠨ ᠲᠣᠭᠤᠷᠢᠨ ᠳᠤ ᠪᠦᠬᠦ ᠵᠣᠬᠢᠶᠠᠨ ᠪᠠᠶᠢᠭᠤᠯᠬᠤ ᠠᠵᠢᠯ ᠤᠨ ᠺᠠᠳ᠋ᠷᠴᠤᠳ ᠲᠤ ᠨᠢᠭᠤᠴᠠ ᠶᠢ ᠬᠠᠮᠠᠭᠠᠯᠠᠬᠤ ᠲᠤᠰᠬᠠᠢ ᠰᠡᠳᠦᠪᠲᠦ ᠬᠢᠴᠢᠶᠡᠯ ᠣᠷᠣᠵᠤ ᠂ ᠣᠳᠣᠬᠠᠨ ᠤ ᠨᠢᠭᠤᠴᠠ ᠶᠢ ᠬᠠᠮᠠᠭᠠᠯᠠᠬᠤ ᠠᠵᠢᠯ ᠳᠤ ᠲᠤᠯᠭᠠᠷᠠᠵᠤ ᠪᠠᠶᠢᠭ᠎ᠠ ᠪᠠᠶᠢᠳᠠᠯ᠂ ᠨᠢᠭᠤᠴᠠ ᠶᠢ ᠬᠠᠮᠠᠭᠠᠯᠠᠬᠤ ᠦᠨᠳᠦᠰᠦᠨ ᠮᠡᠳᠡᠯᠭᠡ ᠂ ᠨᠢᠭᠤᠴᠠ ᠶᠢ ᠵᠠᠳᠠᠷᠠᠭᠤᠯᠬᠤ ᠬᠡᠷᠡᠭ ᠡᠭᠦᠰᠬᠦ ᠶᠢ ᠬᠡᠷᠬᠢᠨ ᠰᠡᠷᠭᠡᠶᠢᠯᠡᠬᠦ ᠵᠡᠷᠭᠡ ᠲᠠᠯ᠎ᠠ ᠠᠴᠠ ᠡᠳᠦᠷ ᠲᠤᠳᠤᠮ ᠤᠨ ᠪᠣᠳᠠᠲᠠᠢ ᠠᠵᠢᠯ ᠲᠠᠢ ᠪᠠᠨ ᠤᠶᠠᠯᠳᠤᠭᠤᠯᠵᠤ ᠂ ᠨᠢᠭᠤᠴᠠ ᠶᠢ ᠲᠣᠭᠲᠠᠭᠠᠬᠤ ᠠᠵᠢᠯ ᠪᠣᠯᠣᠨ ᠶᠠᠮᠤᠨ ᠤ ᠪᠠᠶᠢᠭᠤᠯᠭ᠎ᠠ ᠶᠢᠨ ᠨᠢᠭᠤᠴᠠ ᠶᠢ ᠬᠠᠮᠠᠭᠠᠯᠠᠬᠤ ᠠᠵᠢᠯ ᠤᠨ ᠶᠠᠪᠤᠴᠠ ᠶᠢᠨ ᠭᠠᠷ ᠭᠦᠢᠴᠡᠳᠬᠡᠯ ᠤᠨ ᠲᠤᠬᠠᠢ ᠪᠦᠬᠦ ᠲᠠᠯ᠎ᠠ ᠶᠢᠨ ᠲᠠᠶᠢᠯᠤᠮᠵᠢ ᠬᠢᠵᠦ ᠂ ᠪᠦᠬᠦ ᠵᠣᠬᠢᠶᠠᠨ ᠪᠠᠶᠢᠭᠤᠯᠬᠤ ᠠᠵᠢᠯ ᠤᠨ ᠺᠠᠳ᠋ᠷᠴᠤᠳ ᠲᠤ ᠨᠢᠭᠤᠴᠠ ᠶᠢ ᠬᠠᠮᠠᠭᠠᠯᠠᠬᠤ ᠮᠡᠳᠡᠯᠭᠡ ᠶᠢ ᠲᠦᠭᠡᠮᠡᠯᠵᠢᠭᠦᠯᠵᠦ ᠂ ᠰᠡᠷᠭᠡᠶᠢᠯᠡᠬᠦ ᠰᠡᠷᠡᠮᠵᠢ ᠶᠢᠨ ᠬᠤᠩᠬᠤ ᠶᠢ ᠳᠤᠤᠭᠠᠷᠭᠠᠪᠠ ᠃       ᠬᠤᠷᠠᠯ ᠠᠴᠠ ᠴᠢᠬᠤᠯᠠᠴᠢᠯᠠᠭᠰᠠᠨ ᠨᠢ᠂ ᠨᠢᠭᠤᠴᠠ ᠶᠢ ᠬᠠᠮᠠᠭᠠᠯᠠᠬᠤ ᠠᠵᠢᠯ ᠴᠢᠬᠤᠯᠠ ᠶᠡᠭᠡ ᠠᠴᠢ ᠬᠤᠯᠪᠣᠭᠳᠠᠯ ᠲᠠᠢ ᠂ ᠤᠯᠤᠰ ᠤᠨ ᠠᠰᠢᠭ ᠲᠤᠰᠠ ᠲᠠᠢ ᠬᠤᠯᠪᠣᠭᠳᠠᠨ᠎ᠠ ᠂ ᠨᠢᠭᠤᠴᠠ ᠶᠢ ᠵᠠᠳᠠᠷᠠᠭᠤᠯᠤᠭᠰᠠᠨ ᠬᠡᠷᠡᠭ ᠤᠨ ᠰᠤᠷᠭᠠᠮᠵᠢ ᠶᠢ ᠭᠦᠨᠵᠡᠭᠡᠢ ᠠᠷᠪᠢᠯᠠᠵᠤ ᠂ ᠵᠣᠬᠢᠶᠠᠨ ᠪᠠᠶᠢᠭᠤᠯᠬᠤ ᠠᠵᠢᠯ ᠤᠨ ᠪᠦᠬᠦ ᠺᠠᠳ᠋ᠷ ᠲᠤᠰ ᠤᠳᠠᠭᠠᠨ ᠤ ᠪᠣᠯᠪᠠᠰᠤᠷᠠᠯ ᠢᠶᠠᠷ ᠠᠵᠠ ᠲᠣᠬᠢᠶᠠᠯ ᠪᠣᠯᠭᠠᠵᠤ ᠂ ᠤᠯᠤᠰ ᠲᠦᠷᠦ ᠶᠢᠨ ᠵᠣᠭᠰᠣᠴᠠ ᠪᠠᠨ ᠴᠢᠨᠠᠭᠰᠢᠳᠠ ᠳᠡᠭᠡᠭᠰᠢᠯᠡᠭᠦᠯᠵᠦ ᠂ ᠨᠢᠭᠤᠴᠠ ᠶᠢ ᠬᠠᠮᠠᠭᠠᠯᠠᠬᠤ ᠤᠬᠠᠮᠰᠠᠷ ᠢ ᠪᠠᠲᠤ ᠪᠤᠢ ᠪᠣᠯᠭᠠᠬᠤ ᠬᠡᠷᠡᠭᠲᠡᠢ ᠃ ᠰᠡᠷᠡᠮᠵᠢᠯᠡᠭᠦᠯᠬᠦ ᠬᠥᠮᠦᠵᠢᠯ ᠢ ᠴᠢᠩᠭᠠᠳᠬᠠᠵᠤ ᠂ ᠳᠦᠷᠢᠮᠵᠢᠭᠦᠯᠦᠨ ᠪᠠᠶᠢᠩᠭᠤᠵᠢᠭᠤᠯᠬᠤ ᠪᠠᠷ ᠨᠢᠭᠤᠴᠠ ᠶᠢ ᠬᠠᠮᠠᠭᠠᠯᠠᠬᠤ ᠮᠡᠳᠡᠯᠭᠡ ᠶᠢᠨ ᠰᠤᠷᠤᠯᠴᠠᠯᠭ᠎ᠠ ᠶᠢ ᠠᠬᠢᠭᠤᠯᠵᠤ ᠂ ᠰᠡᠷᠭᠡᠶᠢᠯᠡᠬᠦ ᠤᠬᠠᠮᠰᠠᠷ ᠢᠶᠠᠨ ᠴᠢᠩᠭᠠᠳᠬᠠᠵᠤ ᠂ ︽ ᠨᠢᠭᠤᠴᠠ ᠶᠢ ᠬᠠᠮᠠᠭᠠᠯᠠᠬᠤ ᠠᠵᠢᠯ ᠳᠤ ᠪᠠᠭ᠎ᠠ ᠶᠠᠪᠤᠳᠠᠯ ᠦᠭᠡᠢ ︾ ᠭᠡᠬᠦ ᠣᠶᠢᠯᠠᠭᠠᠭᠳᠠᠬᠤᠨ ᠢ ᠪᠠᠲᠤ ᠪᠤᠢ ᠪᠣᠯᠭᠠᠵᠤ ᠂ ᠵᠣᠬᠢᠶᠠᠨ ᠪᠠᠶᠢᠭᠤᠯᠬᠤ ᠰᠠᠯᠠᠭ᠎ᠠ ᠮᠥᠴᠢᠷ ᠤᠨ ᠤᠯᠤᠰ ᠤᠨ ᠨᠢᠭᠤᠴᠠ ᠶᠢ ᠬᠠᠤᠯᠢ ᠶᠣᠰᠣᠭᠠᠷ ᠵᠢᠷᠤᠮᠵᠢᠭᠤᠯᠤᠨ ᠬᠠᠮᠢᠶᠠᠷᠬᠤ ᠴᠢᠳᠠᠪᠤᠷᠢ ᠪᠣᠯᠣᠨ ᠲᠦᠪᠰᠢᠨ ᠢ ᠦᠨᠡᠨᠬᠦ ᠳᠡᠭᠡᠭᠰᠢᠯᠡᠭᠦᠯᠬᠦ ᠬᠡᠷᠡᠭᠲᠡᠢ ᠭᠡᠪᠡ᠃       ᠬᠤᠷᠠᠯ ᠠᠴᠠ ᠱᠠᠭᠠᠷᠳᠠᠭᠰᠠᠨ ᠨᠢ ᠂ ᠠᠵᠢᠯ ᠤᠨ ᠰᠠᠬᠢᠯᠭ᠎ᠠ ᠪᠠᠲᠤ ᠶᠢ ᠴᠢᠩᠳᠠᠯᠠᠵᠤ ᠂ ᠨᠢᠭᠤᠴᠠ ᠶᠢ ᠬᠠᠮᠠᠭᠠᠯᠠᠬᠤ ᠠᠵᠢᠯ ᠢ ᠵᠣᠬᠢᠶᠠᠨ ᠪᠠᠶᠢᠭᠤᠯᠤᠯᠲᠠ ᠶᠢᠨ ᠠᠵᠢᠯ ᠤᠨ ᠡᠯ᠎ᠡ ᠲᠠᠯ᠎ᠠ ᠶᠢᠨ ᠪᠦᠬᠦ ᠶᠠᠪᠤᠴᠠ ᠳᠤ ᠲᠤᠤᠱᠯᠠᠭᠤᠯᠵᠤ ᠂ ᠶᠠᠮᠤᠨ ᠤ ᠪᠠᠶᠢᠭᠤᠯᠭ᠎ᠠ ᠶᠢᠨ ᠨᠢᠭᠤᠴᠠ ᠶᠢ ᠬᠠᠮᠠᠭᠠᠯᠠᠬᠤ ᠳᠦᠷᠢᠮ ᠢ ᠲᠡᠭᠦᠯᠳᠡᠷᠵᠢᠭᠦᠯᠵᠦ ᠂ ᠨᠢᠭᠤᠴᠠ ᠶᠢ ᠬᠠᠮᠠᠭᠠᠯᠠᠬᠤ ᠠᠵᠢᠯ ᠤᠨ ᠡᠭᠦᠷᠭᠡ ᠬᠠᠷᠢᠭᠤᠴᠠᠯᠭ᠎ᠠ ᠶᠢ ᠲᠣᠳᠣᠷᠬᠠᠶᠢᠯᠠᠵᠤ ᠂ ᠠᠵᠢᠯ ᠤᠨ ᠪᠠᠶᠢᠷᠢ ᠶᠢᠨ ᠨᠢᠭᠤᠴᠠ ᠶᠢ ᠬᠠᠮᠠᠭᠠᠯᠠᠬᠤ ᠠᠶᠤᠯ ᠲᠦᠭᠰᠢᠭᠦᠷᠢ ᠶᠢᠨ ᠴᠡᠭ ᠢ ᠣᠨᠣᠪᠴᠢᠲᠠᠢ ᠣᠯᠵᠤ ᠂ ᠨᠢᠭᠤᠴᠠ ᠶᠢ ᠬᠠᠮᠠᠭᠠᠯᠠᠬᠤ ︽ ᠬᠠᠷᠢᠭᠤᠴᠠᠯᠭ᠎ᠠ ᠶᠢᠨ ᠲᠠᠷᠢᠶ᠎ᠠ ︾ ᠶᠢ ᠰᠠᠶᠢᠲᠤᠷ ᠰᠠᠬᠢᠬᠤ ᠬᠡᠷᠡᠭᠲᠡᠢ ᠃ ᠨᠢᠭᠤᠴᠠ ᠶᠢ ᠬᠠᠮᠠᠭᠠᠯᠠᠬᠤ ᠳᠦᠷᠢᠮ ᠂ ᠢᠯᠠᠩᠭᠤᠶ᠎ᠠ ᠨᠢᠭᠤᠴᠠ ᠶᠢ ᠬᠠᠮᠠᠭᠠᠯᠠᠬᠤ ᠠᠵᠢᠯ ᠤᠨ ᠭᠤᠣᠯ ᠠᠮᠢᠨ ᠭᠠᠵᠠᠷ ᠢ ᠴᠢᠩᠭ᠎ᠠ ᠵᠢᠷᠤᠮᠯᠠᠵᠤ ᠂ ᠭᠤᠣᠯᠳᠠᠯᠭ᠎ᠠ ᠲᠠᠢ ᠣᠷᠣᠨ ᠪᠠᠶᠢᠷᠢ ᠂ ᠭᠤᠣᠯᠳᠠᠯᠭ᠎ᠠ ᠲᠠᠢ ᠠᠵᠢᠯ ᠂ ᠭᠤᠣᠯᠳᠠᠯᠭ᠎ᠠ ᠲᠠᠢ ᠬᠥᠮᠥᠰ ᠢ ᠲᠣᠪᠤᠶᠢᠯᠭᠠᠨ ᠂ ᠨᠢᠭᠤᠴᠠ ᠳᠤ ᠬᠤᠯᠪᠣᠭᠳᠠᠬᠤ ᠪᠢᠴᠢᠭ ᠮᠠᠲ᠋ᠧᠷᠢᠶᠠᠯ ᠢ ᠡᠷᠭᠢᠯᠲᠡ ᠳᠤ ᠣᠷᠣᠭᠤᠯᠬᠤ ᠳᠡᠰ ᠳᠠᠷᠠᠭᠠᠯᠠᠯ ᠢ ᠴᠢᠩᠭ᠎ᠠ ᠠᠳᠬᠤᠵᠤ ᠂ ᠰᠢᠤᠳᠠᠨ ᠬᠠᠶᠢᠷᠴᠠᠭ  ᠂ ᠸᠢᠴᠠᠲ ᠵᠡᠷᠭᠡ ᠲᠠᠪᠴᠠᠩ ᠢ ᠬᠡᠷᠡᠭᠯᠡᠨ ᠰᠢᠢᠳᠪᠦᠷᠢᠯᠡᠬᠦ ᠠᠵᠢᠯ ᠢ ᠪᠣᠯᠭᠤᠮᠵᠢᠲᠠᠢ ᠰᠠᠶᠢᠲᠤᠷ ᠠᠳᠬᠤᠵᠤ ᠂ ᠺᠣᠮᠫᠢᠦ᠋ᠲ᠋ᠧᠷ ᠵᠡᠷᠭᠡ ᠲᠥᠬᠦᠭᠡᠷᠦᠮᠵᠢ ᠶᠢᠨ ᠬᠡᠷᠡᠭᠯᠡᠯᠲᠡ ᠪᠠ ᠬᠠᠮᠢᠶᠠᠷᠤᠯᠲᠠ ᠶᠢ ᠴᠢᠩᠭ᠎ᠠ ᠠᠳᠬᠤᠵᠤ ᠂ ᠨᠢᠭᠤᠴᠠ ᠳᠤ ᠬᠤᠯᠪᠣᠭᠳᠠᠬᠤ ᠬᠡᠷᠡᠭ ᠡᠭᠦᠰᠬᠦ ᠶᠢ ᠡᠷᠡᠰ ᠬᠤᠷᠢᠭᠯᠠᠬᠤ ᠬᠡᠷᠡᠭᠲᠡᠢ ᠭᠡᠪᠡ᠃                                                                                                     
ᠢᠷᠡᠯᠲᠡ᠄ ᠦᠶᠤᠸᠠᠨ ᠰᠢᠶᠠᠨ ᠤ ᠠᠷᠠᠳ ᠤᠨ ᠵᠠᠰᠠᠭ ᠤᠨ ᠣᠷᠳᠤᠨ ᠤ ᠮᠣᠡᠭᠭᠤᠯ ᠰᠦᠯᠵᠢᠶ᠎ᠡ