ᠠᠴᠢᠲᠤ ᠠᠷᠪᠠᠨ ᠳᠥᠷᠪᠡᠳᠦᠭᠡᠷ ᠬᠤᠭᠤᠴᠠᠭᠠᠨ ᠤ ᠰᠢᠶᠠᠨ ᠤ ᠨᠠᠮ ᠤᠨ ᠬᠤᠷᠢᠶᠠᠨ ᠤ ᠪᠠᠶᠢᠩᠭᠤ ᠶᠢᠨ ᠬᠤᠷᠢᠶᠠᠨ ᠤ 66 ᠳ᠋ᠤᠭᠠᠷ ᠤᠳᠠᠭᠠᠨ ᠤ ᠬᠤᠷᠠᠯ ᠵᠢᠴᠢ ᠰᠢᠶᠠᠨ ᠤ ᠨᠠᠮ ᠤᠨ ᠬᠤᠷᠢᠶᠠᠨ ᠤ ᠥᠭᠡᠷᠡᠴᠢᠯᠡᠯᠲᠡ ᠶᠢ ᠪᠦᠬᠦ ᠲᠠᠯ᠎ᠠ ᠪᠠᠷ ᠭᠦᠨᠵᠡᠭᠡᠶᠢᠷᠡᠭᠦᠯᠬᠦ ᠵᠥᠪᠯᠡᠯ ᠤᠨ ᠵᠢᠷᠭᠤᠳᠤᠭᠠᠷ ᠤᠳᠠᠭᠠᠨ ᠤ ᠬᠤᠷᠠᠯ ᠢ ᠡᠷᠬᠢᠯᠡᠨ ᠬᠤᠷᠠᠯᠳᠤᠪᠠ
ᠨᠡᠶᠢᠲᠡᠯᠡᠭᠰᠡᠨ ᠴᠠᠭ᠄
2024/4/22
      4 ᠰᠠᠷ᠎ᠠ ᠶᠢᠨ 20 ᠤ ᠡᠳᠦᠷ ᠂ ᠠᠷᠪᠠᠨ ᠳᠥᠷᠪᠡᠳᠦᠭᠡᠷ ᠬᠤᠭᠤᠴᠠᠭᠠᠨ ᠤ ᠰᠢᠶᠠᠨ ᠤ ᠨᠠᠮ ᠤᠨ ᠬᠤᠷᠢᠶᠠᠨ ᠤ ᠪᠠᠶᠢᠩᠭᠤ ᠶᠢᠨ ᠬᠤᠷᠢᠶᠠᠨ ᠤ 66 ᠳ᠋ᠤᠭᠠᠷ ᠣᠳᠠᠭᠠᠨ ᠤ ᠬᠤᠷᠠᠯ ᠵᠢᠴᠢ ᠰᠢᠶᠠᠨ ᠤ ᠨᠠᠮ ᠤᠨ ᠬᠤᠷᠢᠶᠠᠨ ᠤ ᠥᠭᠡᠷᠡᠴᠢᠯᠡᠯᠲᠡ ᠶᠢ ᠪᠦᠬᠦ ᠲᠠᠯ᠎ᠠ ᠪᠠᠷ ᠭᠦᠨᠵᠡᠭᠡᠶᠢᠷᠡᠭᠦᠯᠬᠦ ᠵᠥᠪᠯᠡᠯ ᠤᠨ ᠵᠢᠷᠭᠤᠳᠤᠭᠠᠷ ᠤᠳᠠᠭᠠᠨ ᠤ ᠬᠤᠷᠠᠯ ᠬᠤᠷᠠᠯᠳᠤᠪᠠ ᠃ ᠬᠤᠲᠠ ᠶᠢᠨ ᠵᠠᠰᠠᠭ ᠤᠨ ᠣᠷᠳᠣᠨ ᠤ ᠳᠡᠳ᠋ ᠳᠠᠷᠤᠭ᠎ᠠ᠂ ᠰᠢᠶᠠᠨ ᠤ ᠨᠠᠮ ᠤᠨ ᠬᠤᠷᠢᠶᠠᠨ ᠤ ᠱᠦᠵᠢ ᠠᠴᠢᠲᠤ ᠬᠤᠷᠠᠯ ᠡᠷᠭᠢᠯᠡᠭᠰᠡᠨ ᠪᠥᠭᠡᠳ ᠶᠠᠷᠢᠶ᠎ᠠ ᠲᠠᠯᠪᠢᠵᠠᠢ ᠃ ᠰᠢᠶᠠᠨ ᠤ ᠨᠠᠮ ᠤᠨ ᠬᠤᠷᠢᠶᠠᠨ ᠤ ᠳᠡᠳ᠋ ᠱᠦᠵᠢ ᠂ ᠵᠠᠰᠠᠭ ᠤᠨ ᠣᠷᠳᠣᠨ ᠤ ᠰᠢᠶᠠᠨ ᠤ ᠳᠠᠷᠤᠭ᠎ᠠ ᠸᠠᠩ ᠶᠦᠩ ᠂ ᠰᠢᠶᠠᠨ ᠤ ᠤᠳᠤᠷᠢᠳᠤᠯᠭ᠎ᠠ ᠵᠠᠩ ᠷᠧᠨ ᠷᠠᠨ ᠂ ᠯᠢ ᠳ᠋ᠦᠩ ᠂ ᠣᠶᠤᠨᠳᠠᠯᠠᠢ ᠂ ᠬᠤᠤ ᠶᠣᠣ ᠹᠧᠨ ᠂ ᠭᠦᠸᠧ ᠯᠢᠶᠠᠨ ᠶᠤᠸᠠᠢ ᠂ ᠯᠢᠦ ᠬᠤᠩ ᠬᠤᠤ ᠨᠠᠷ ᠬᠤᠷᠠᠯ ᠳᠤ ᠣᠷᠣᠯᠴᠠᠪᠠ ᠃ ᠰᠢᠶᠠᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶᠠᠨ ᠤ ᠡᠷᠬᠢᠯᠡᠭᠴᠢ ᠸᠠᠩ ᠵᠢᠶᠧ ᠹᠧᠩ᠂ ᠰᠢᠶᠠᠨ ᠤ ᠤᠯᠤᠰ ᠲᠦᠷᠦ ᠶᠢᠨ ᠵᠥᠪᠯᠡᠯᠭᠡᠨ ᠤ ᠲᠡᠷᠢᠭᠦᠯᠡᠭᠴᠢ ᠵᠠᠨ ᠮᠧᠢ ᠬᠤᠷᠠᠯ ᠳᠤ ᠰᠤᠯᠠ ᠣᠷᠣᠯᠴᠠᠪᠠ᠃ 

微信截图_20240422163236.png

      ᠬᠤᠷᠠᠯ ᠠᠴᠠ ᠶᠡᠷᠦᠩᠬᠡᠢ ᠱᠦᠵᠢ ᠰᠢ ᠶᠢᠨ ᠫᠢᠩ ᠤᠨ ᠬᠤᠨᠠᠨ ᠳᠤ ᠰᠢᠨᠵᠢᠯᠡᠨ ᠪᠠᠶᠢᠴᠠᠭᠠᠭᠰᠠᠨ ᠪᠥᠭᠡᠳ ᠰᠢᠨ᠎ᠡ ᠴᠠᠭ ᠦᠶ᠎ᠡ ᠳᠤ ᠳᠤᠮᠳᠠ ᠬᠡᠰᠡᠭ ᠤᠨ ᠭᠠᠵᠠᠷ

ᠣᠷᠣᠨ ᠢ ᠬᠥᠭᠵᠢᠭᠦᠯᠦᠨ ᠮᠠᠨᠳᠤᠭᠤᠯᠬᠤ ᠶᠢ ᠠᠬᠢᠭᠤᠯᠬᠤ ᠶᠠᠷᠢᠯᠴᠠᠬᠤ ᠬᠤᠷᠠᠯ ᠳᠡᠭᠡᠷᠡᠬᠢ ᠴᠢᠬᠤᠯᠠ ᠶᠠᠷᠢᠶᠠᠨ ᠤ ᠵᠣᠷᠢᠭ ᠰᠠᠨᠠᠭ᠎ᠠ ᠶᠢ ᠤᠯᠠᠮᠵᠢᠯᠠᠨ ᠰᠤᠷᠤᠯᠴᠠᠪᠠ᠃

ᠬᠤᠷᠠᠯ ᠠᠴᠠ ᠱᠠᠭᠠᠷᠳᠠᠭᠰᠠᠨ ᠨᠢ᠂ ᠮᠠᠯ ᠤᠨ ᠠᠰᠢᠭ ᠰᠢᠮ᠎ᠡ ᠲᠠᠷᠢᠶᠠᠯᠠᠩ ᠤᠨ ᠪᠦᠲᠦᠭᠡᠭᠳᠡᠬᠦᠨ ᠢ ᠨᠠᠷᠢᠯᠢᠭ ᠡᠳ᠋ᠰᠢᠭᠦᠯᠬᠦ ᠪᠣᠬᠢᠷᠲᠤᠯ

ᠦᠭᠡᠢ ᠵᠠᠮ ᠢᠶᠠᠷ ᠰᠠᠶᠢᠲᠤᠷ ᠵᠠᠮᠨᠠᠵᠤ ᠂ ᠠᠵᠤ ᠦᠢᠯᠡᠰ ᠤᠨ ᠪᠦᠬᠦ ᠬᠡᠯᠬᠢᠶ᠎ᠡ ᠶᠢᠨ ᠪᠦᠲᠦᠭᠡᠨ ᠪᠠᠶᠢᠭᠤᠯᠤᠯᠲᠠ ᠶᠢ ᠲᠦᠷᠭᠡᠳᠬᠡᠬᠦ ᠬᠡᠷᠡᠭᠲᠡᠢ ᠃ ︽ ᠮᠢᠩᠭᠠᠨ ᠲᠦᠮᠡᠨ

ᠢᠨᠵᠧᠨᠧᠷᠢᠩ ︾ ᠤᠨ ᠲᠤᠷᠰᠢᠯᠭ᠎ᠠ ᠶᠢᠨ ᠣᠨᠣᠯᠵᠢᠬᠤᠨ ᠠᠷᠭ᠎ᠠ ᠶᠢ ᠣᠨᠣᠪᠴᠢᠲᠠᠢ ᠡᠵᠡᠮᠳᠡᠵᠦ᠂ ᠬᠥᠳᠡᠭᠡ ᠲᠣᠰᠬᠤᠨ ᠤ ᠬᠥᠭᠵᠢᠯᠲᠡ ᠂ ᠬᠥᠳᠡᠭᠡ ᠲᠣᠰᠬᠤᠨ ᠤ

ᠪᠦᠲᠦᠭᠡᠨ ᠪᠠᠶᠢᠭᠤᠯᠤᠯᠲᠠ ᠂ ᠬᠥᠳᠡᠭᠡ ᠲᠣᠰᠬᠤᠨ ᠤ ᠵᠠᠰᠠᠯᠲᠠ ᠶᠢᠨ ᠡᠯ᠎ᠡ ᠵᠦᠢᠯ ᠤᠨ ᠠᠵᠢᠯ ᠢ ᠠᠬᠢᠭᠤᠯᠬᠤ ᠬᠡᠷᠡᠭᠲᠡᠢ ᠃ ᠭᠤᠣᠯ ᠰᠡᠳᠦᠪᠲᠦ ᠬᠥᠮᠦᠵᠢᠯ ᠤᠨ ᠤᠷᠲᠤ

ᠬᠤᠭᠤᠴᠠᠭᠠᠨ ᠤ ᠪᠦᠲᠦᠮᠵᠢᠲᠡᠶ ᠲᠣᠭᠲᠠᠴᠠ ᠶᠢ ᠲᠡᠭᠦᠯᠳᠡᠷᠵᠢᠭᠦᠯᠦᠨ ᠨᠠᠶᠢᠳᠠᠪᠤᠷᠢᠵᠢᠭᠤᠯᠵᠤ ᠂ ᠴᠢᠨᠠᠷ ᠰᠠᠶᠢᠲᠠᠢ ᠨᠠᠮ ᠤᠨ ᠪᠠᠶᠢᠭᠤᠯᠤᠯᠲᠠ ᠪᠠᠷ ᠴᠢᠨᠠᠷ ᠰᠠᠶᠢᠲᠠᠢ

ᠬᠥᠭᠵᠢᠯᠲᠡ ᠶᠢ ᠠᠬᠢᠭᠤᠯᠬᠤ ᠬᠡᠷᠡᠭᠲᠡᠢ ᠭᠡᠪᠡ᠃

       ᠬᠤᠷᠠᠯ ᠠᠴᠠ ᠲᠥᠪ ᠬᠤᠷᠢᠶ᠎ᠠ᠂ ᠥᠪᠡᠷᠲᠡᠭᠡᠨ ᠵᠠᠰᠠᠬᠤ ᠣᠷᠣᠨ ᠤ ᠬᠡᠯᠪᠡᠷᠢᠴᠢ ᠦᠵᠡᠯ ᠢ ᠴᠡᠭᠴᠡᠯᠡᠨ ᠵᠠᠰᠠᠵᠤ ᠦᠨᠳᠦᠰᠦᠨ ᠱᠠᠲᠤᠨ ᠤ ᠳᠠᠷᠤᠭᠠᠰᠤ ᠶᠢ

ᠬᠥᠩᠭᠡᠷᠡᠭᠦᠯᠬᠦ ᠲᠤᠰᠬᠠᠢ ᠠᠵᠢᠯ ᠤᠨ ᠲᠣᠭᠲᠠᠴᠠ ᠶᠢᠨ ᠲᠤᠬᠠᠢ ᠬᠤᠯᠪᠣᠭᠳᠠᠯ ᠪᠦᠬᠦᠢ ᠬᠤᠷᠠᠯ᠂ ᠪᠢᠴᠢᠭ ᠮᠠᠲ᠋ᠧᠷᠢᠶᠠᠯ ᠤᠨ ᠵᠣᠷᠢᠭ ᠰᠠᠨᠠᠭ᠎ᠠ ᠶᠢ ᠤᠯᠠᠮᠵᠢᠯᠠᠨ

ᠰᠤᠷᠤᠯᠴᠠᠪᠠ ᠃ ᠬᠤᠷᠠᠯ ᠠᠴᠠ ᠱᠠᠭᠠᠷᠳᠠᠭᠰᠠᠨ ᠨᠢ᠂ ᠡᠯ᠎ᠡ ᠱᠠᠲᠤ ᠡᠯ᠎ᠡ ᠰᠠᠯᠠᠭ᠎ᠠ ᠮᠥᠴᠢᠷ ᠤᠨ ᠬᠢᠨ ᠵᠥᠪ ᠣᠨᠣᠪᠴᠢᠲᠠᠢ ᠠᠵᠢᠯ ᠤᠨ

ᠪᠦᠲᠦᠮᠵᠢ ᠶᠢᠨ ᠦᠵᠡᠯᠲᠡ ᠶᠢ ᠪᠠᠲᠤ ᠪᠤᠢ ᠪᠣᠯᠭᠠᠨ ᠦᠢᠯᠡᠳᠦᠯᠭᠡᠵᠢᠭᠦᠯᠵᠦ ᠂ ︽ ᠠᠵᠢᠯ ᠤᠨ ᠪᠦᠲᠦᠮᠵᠢ ᠶᠢᠨ ᠢᠨᠵᠧᠨᠧᠷᠢᠩ ︾ ᠂ ︽ ᠰᠢᠨ᠎ᠡ ᠳᠦᠷᠢ ᠲᠥᠷᠬᠦ ᠶᠢᠨ

ᠢᠨᠵᠧᠨᠧᠷᠢᠩ ︾ ᠂ ︽ ᠨᠢᠭᠤᠷ ᠲᠠᠯ᠎ᠠ ᠶᠢᠨ ᠢᠨᠵᠧᠨᠧᠷᠢᠩ ︾ ᠢ ᠦᠷᠭᠦᠯᠵᠢᠯᠡᠨ ᠵᠠᠯᠠᠷᠠᠭᠤᠯᠤᠨ ᠵᠠᠰᠠᠵᠤ ᠂ ︽ ᠬᠤᠷᠤᠭᠤᠨ ᠦᠵᠦᠭᠦᠷ ᠤᠨ ᠬᠡᠯᠪᠡᠷᠢᠴᠢ ᠦᠵᠡᠯ ︾ ᠢ

ᠶᠡᠬᠡᠪᠡᠷ ᠴᠡᠭᠴᠡᠯᠡᠨ ᠵᠠᠰᠠᠵᠤ ᠂ ᠦᠨᠳᠦᠰᠦᠨ ᠱᠠᠲᠤᠨ ᠤ ᠬᠦᠯᠢᠶᠡᠰᠦ ᠶᠢ ᠰᠤᠯᠠᠯᠠᠵᠤ ᠳᠠᠷᠤᠭᠠᠰᠤ ᠶᠢ ᠦᠨᠡᠨᠬᠦ ᠬᠥᠩᠭᠡᠷᠡᠭᠦᠯᠬᠦ ᠬᠡᠷᠡᠭᠲᠡᠢ ᠃ ᠳᠠᠷᠤᠭᠠᠰᠤ ᠶᠢ

ᠬᠥᠩᠭᠡᠷᠡᠭᠦᠯᠬᠦ ᠳᠤ ᠡᠭᠦᠷᠭᠡ ᠶᠢ ᠬᠠᠰᠤᠬᠤ ᠦᠭᠡᠢ ᠂ ᠠᠵᠢᠯ ᠤᠨ ᠡᠷᠴᠢᠮ ᠢ ᠬᠠᠰᠤᠬᠤ ᠦᠭᠡᠢ ᠪᠠᠶᠢᠬᠤ ᠶᠢ ᠪᠠᠷᠢᠮᠲᠠᠯᠠᠵᠤ ᠂ ᠨᠡᠶᠢᠲᠡᠯᠢᠭ ᠬᠡᠷᠡᠭ ᠤᠨ ᠵᠢᠱᠢᠶ᠎ᠡ ᠶᠢ ᠬᠢᠨᠠᠨ

ᠪᠠᠶᠢᠴᠠᠭᠠᠵᠤ ᠵᠠᠷᠯᠠᠨ ᠮᠡᠳᠡᠭᠳᠡᠬᠦ ᠶᠢ ᠰᠠᠶᠢᠲᠤᠷ ᠠᠳᠬᠤᠵᠤ ᠂ ᠴᠡᠭᠴᠡᠯᠡᠨ ᠰᠠᠶᠢᠵᠢᠷᠠᠭᠤᠯᠵᠤ ᠴᠡᠭᠴᠡᠯᠡᠨ ᠵᠠᠰᠠᠬᠤ ᠶᠢ ᠱᠠᠯᠠᠪᠳᠠᠭᠤᠯᠬᠤ ᠬᠡᠷᠡᠭᠲᠡᠢ ᠭᠡᠪᠡ᠃

       ᠬᠤᠷᠠᠯ ᠠᠴᠠ ᠪᠦᠬᠦ ᠤᠯᠤᠰ ᠂ ᠪᠦᠬᠦ ᠣᠷᠣᠨ ᠂ ᠪᠦᠬᠦ ᠬᠤᠳᠠ ᠶᠢᠨ ᠵᠣᠬᠢᠶᠠᠨ ᠪᠠᠶᠢᠭᠤᠯᠬᠤ ᠬᠡᠯᠲᠡᠰ ᠤᠨ ᠳᠠᠷᠤᠭ᠎ᠠ ᠨᠠᠷ ᠤᠨ ᠬᠤᠷᠠᠯ ᠤᠨ ᠵᠣᠷᠢᠭ ᠰᠠᠨᠠᠭ᠎ᠠ᠂

ᠤᠬᠠᠭᠤᠯᠬᠤ ᠬᠡᠯᠲᠡᠰ ᠤᠨ ᠳᠠᠷᠤᠭ᠎ᠠ ᠨᠠᠷ ᠤᠨ ᠬᠤᠷᠠᠯ ᠤᠨ ᠵᠣᠷᠢᠭ ᠰᠠᠨᠠᠭ᠎ᠠ᠂ ᠨᠢᠭᠡᠳᠦᠮᠡᠯ ᠹᠷᠣᠨᠲ ᠤᠨ ᠬᠡᠯᠲᠡᠰ ᠤᠨ ᠳᠠᠷᠤᠭ᠎ᠠ ᠨᠠᠷ ᠤᠨ ᠬᠤᠷᠠᠯ ᠤᠨ ᠵᠣᠷᠢᠭ

ᠰᠠᠨᠠᠭ᠎ᠠ ᠶᠢ ᠤᠯᠠᠮᠵᠢᠯᠠᠨ ᠰᠤᠷᠤᠯᠴᠠᠪᠠ ᠃ ᠬᠤᠷᠠᠯ ᠠᠴᠠ ᠱᠠᠭᠠᠷᠳᠠᠭᠰᠠᠨ ᠨᠢ᠂ ᠨᠠᠮ ᠤᠨ ᠪᠠᠶᠢᠭᠤᠯᠤᠯᠲᠠ ᠶᠢᠨ ᠵᠠᠭᠪᠤᠷ ᠢ

ᠦᠷᠭᠦᠯᠵᠢᠯᠡᠨ ᠭᠦᠨᠵᠡᠭᠡᠶᠢᠷᠡᠭᠦᠯᠵᠦ ᠂ ︽  ᠭᠦ᠋ ᠵᠢᠶᠦ᠋ᠨ ᠤ ᠬᠤᠰᠢᠭᠤᠴᠢ ︾ ᠶᠢᠨ ᠨᠠᠮ ᠤᠨ ᠪᠠᠶᠢᠭᠤᠯᠤᠯᠲᠠ ᠶᠢᠨ ᠲᠦᠷᠦᠯ ᠲᠡᠮᠳᠡᠭ ᠢ ᠡᠭᠦᠳᠴᠦ ᠂

ᠴᠢᠳᠠᠪᠤᠷᠢᠲᠠᠨ ᠤ ᠬᠥᠳᠡᠯᠦᠩᠭᠦᠢ ᠬᠠᠮᠢᠶᠠᠷᠤᠯᠲᠠ ᠶᠢᠨ ᠳᠦᠷᠢᠮ ᠢ ᠰᠢᠯᠢᠳᠡᠭᠵᠢᠭᠦᠯᠵᠦ ᠂ ᠴᠢᠨᠠᠷ ᠰᠠᠶᠢᠲᠠᠢ ᠬᠥᠭᠵᠢᠯᠲᠡ ᠶᠢᠨ ᠬᠡᠷᠡᠭᠴᠡᠭᠡ ᠳᠤ ᠵᠣᠬᠢᠴᠠᠭᠰᠠᠨ ᠺᠠᠳ᠋ᠷ ᠤᠨ

ᠡᠩᠨᠡᠭᠡ ᠶᠢ ᠪᠠᠶᠢᠭᠤᠯᠬᠤ ᠬᠡᠷᠡᠭᠲᠡᠢ ᠃ ᠭᠤᠣᠯ ᠦᠵᠡᠯ ᠰᠠᠨᠠᠭ᠎ᠠ ᠶᠠᠷᠢᠶ᠎ᠠ ᠬᠡᠯᠡᠯᠴᠡᠭᠡ ᠶᠢ ᠪᠤᠵᠠᠭᠠᠶᠢᠷᠠᠭᠤᠯᠵᠤ ᠂ ᠦᠵᠡᠯ ᠤᠬᠠᠮᠰᠠᠷ ᠤᠨ ᠬᠡᠯᠪᠡᠷᠢ ᠶᠢᠨ ᠵᠢᠭᠰᠠᠭᠠᠯ ᠤᠨ

ᠭᠠᠵᠠᠷ ᠤᠨ ᠪᠠᠶᠢᠭᠤᠯᠤᠯᠲᠠ ᠬᠠᠮᠢᠶᠠᠷᠤᠯᠲᠠ ᠶᠢ ᠴᠢᠩᠭᠠᠳᠬᠠᠵᠤ ᠂ ᠡᠯ᠎ᠡ ᠲᠦᠷᠦᠯ ᠤᠨ ᠵᠠᠭᠤᠴᠢᠯᠠᠭᠤᠷ ᠢ ᠰᠠᠶᠢᠲᠤᠷ ᠬᠡᠷᠡᠭᠯᠡᠵᠦ ︽ ᠦᠶᠤᠸᠠᠨ ᠤ ᠦᠯᠢᠭᠡᠷ ︾ ᠢ

ᠰᠠᠶᠢᠲᠤᠷ ᠶᠠᠷᠢᠬᠤ ᠬᠡᠷᠡᠭᠲᠡᠢ ᠃ ᠪᠦᠬᠦ ᠤᠯᠤᠰ ᠤᠨ ᠦᠨᠳᠦᠰᠦᠲᠡᠨ ᠤ ᠪᠦᠯᠬᠦᠮᠳᠡᠯ ᠳᠠᠪᠰᠢᠯᠲᠠ ᠶᠢᠨ ᠵᠢᠱᠢᠶ᠎ᠡ ᠦᠵᠡᠭᠦᠯᠬᠦ ᠰᠢᠶᠠᠨ ᠢ ᠪᠦᠬᠦ ᠬᠦᠴᠦᠨ ᠢᠶᠠᠷ ᠡᠭᠦᠳᠦᠨ

ᠪᠠᠶᠢᠭᠤᠯᠵᠤ ᠂ ᠨᠠᠮ ᠤᠨ ᠬᠤᠷᠢᠶ᠎ᠠ ᠨᠢᠭᠡᠳᠦᠯᠲᠡᠢ ᠤᠳᠤᠷᠢᠳᠬᠤ ᠂ ᠨᠢᠭᠡᠳᠦᠮᠡᠯ ᠹᠷᠣᠨᠲ ᠤᠨ ᠰᠠᠯᠠᠭ᠎ᠠ ᠮᠥᠴᠢᠷ ᠲᠦᠷᠦᠭᠦᠯᠡᠨ ᠵᠣᠬᠢᠴᠠᠭᠤᠯᠬᠤ ᠂ ᠬᠤᠯᠪᠣᠭᠳᠠᠯ ᠪᠦᠬᠦᠢ

ᠲᠠᠯ᠎ᠠ ᠶᠢᠨ ᠬᠢᠨ ᠲᠤᠰ ᠲᠤᠰ ᠤᠨ ᠬᠠᠷᠢᠭᠤᠴᠠᠯᠭ᠎ᠠ ᠪᠠᠨ ᠭᠦᠢᠴᠡᠳᠬᠡᠬᠦ ᠶᠡᠭᠡ ᠨᠢᠭᠡᠳᠦᠮᠡᠯ ᠹᠷᠣᠨᠲ ᠤᠨ ᠠᠵᠢᠯ ᠤᠨ ᠪᠠᠶᠢᠷᠢᠰᠢᠯ ᠢ ᠪᠠᠬᠢᠵᠢᠭᠦᠯᠦᠨ ᠲᠡᠭᠦᠯᠳᠡᠷᠵᠢᠭᠦᠯᠬᠦ

ᠬᠡᠷᠡᠭᠲᠡᠢ ᠭᠡᠪᠡ᠃

       ᠬᠤᠷᠠᠯ ᠠᠴᠠ ᠪᠦᠬᠦ ᠣᠷᠣᠨ ᠂ ᠪᠦᠬᠦ ᠬᠤᠳᠠ ᠶᠢᠨ ᠦᠨᠳᠦᠰᠦᠨ ᠱᠠᠲᠤᠨ ᠤ ᠵᠠᠰᠠᠯᠲᠠ ᠶᠢᠨ ︽ ᠶᠠᠪᠠᠭᠠᠨ ᠲᠡᠷᠭᠡ ︾ ᠶᠢ ᠵᠠᠰᠠᠬᠤ ᠲᠣᠪᠣᠶᠢᠮ᠎ᠠ ᠠᠰᠠᠭᠤᠳᠠᠯ ᠢ

ᠲᠥᠪᠯᠡᠷᠡᠭᠦᠯᠦᠨ ᠴᠡᠭᠴᠡᠯᠡᠨ ᠵᠠᠰᠠᠬᠤ ᠪᠣᠭᠤᠮᠲᠠ ᠰᠢᠪᠲᠤᠯᠬᠤ ᠪᠠᠶᠢᠷᠢᠯᠠᠭᠤᠯᠤᠯᠲᠠ ᠶᠢᠨ ᠬᠤᠷᠠᠯ ᠤᠨ ᠵᠣᠷᠢᠭ ᠰᠠᠨᠠᠭ᠎ᠠ ᠶᠢ ᠤᠯᠠᠮᠵᠢᠯᠠᠨ ᠰᠤᠷᠤᠯᠴᠠᠪᠠ ᠃ ᠬᠤᠷᠠᠯ ᠠᠴᠠ

ᠱᠠᠭᠠᠷᠳᠠᠭᠰᠠᠨ ᠨᠢ ᠂ ᠡᠯ᠎ᠡ ᠱᠠᠲᠤᠨ ᠤ ᠰᠠᠯᠠᠭ᠎ᠠ ᠮᠥᠴᠢᠷ ᠡᠭᠦᠷᠭᠡ ᠶᠢᠨ ᠨᠠᠷᠢᠨ ᠬᠠᠭᠤᠳᠠᠰᠤ ᠲᠠᠢ ᠨᠢᠭᠡᠳ ᠨᠢᠭᠡ ᠪᠠᠷ ᠬᠠᠷᠭᠤᠭᠤᠯᠵᠤ ᠂ ︽ ᠪᠢᠴᠢᠬᠠᠨ ᠮᠣᠷᠢ ︾  ᠳᠤ

ᠡᠨᠧᠷᠭᠢ ᠣᠯᠭᠤᠵᠤ ᠂ ︽ ᠲᠣᠮᠣ ᠲᠡᠷᠭᠡ ︾ ᠶᠢᠨ ᠳᠠᠷᠤᠭᠠᠰᠤ ᠶᠢ ᠬᠥᠩᠭᠡᠷᠡᠭᠦᠯᠵᠦ ᠂ ᠨᠠᠩ ᠣᠯᠠᠨ ᠡᠬᠢ ᠪᠠᠶᠠᠯᠢᠭ ᠤᠨ ᠲᠥᠷᠥᠯ ᠵᠦᠢᠯ ᠢ ᠦᠨᠳᠦᠰᠦᠨ ᠱᠠᠲᠤ ᠳᠠᠰᠢ

ᠬᠡᠯᠪᠡᠶᠢᠯᠭᠡᠬᠦ ᠶᠢ ᠨᠢᠭᠡᠳᠦᠯᠲᠡᠢ ᠲᠥᠯᠥᠪᠵᠢᠭᠦᠯᠵᠦ ᠂ ᠱᠠᠲᠤ ᠳᠠᠷᠠᠭᠠᠯᠠᠨ ᠲᠣᠰᠬᠤᠨ ᠤ ᠱᠠᠲᠤᠨ ᠤ ᠵᠣᠬᠢᠶᠠᠨ ᠪᠠᠶᠢᠭᠤᠯᠤᠯᠲᠠ ᠶᠢᠨ ᠡᠭᠦᠷᠭᠡᠯᠡᠵᠦ ᠪᠠᠶᠢᠭ᠎ᠠ ᠵᠦᠢᠯᠡᠰ ᠢ

ᠬᠤᠯᠪᠣᠭᠳᠠᠯ ᠪᠦᠬᠦᠢ ᠡᠭᠦᠷᠭᠡ ᠴᠢᠳᠠᠪᠤᠷᠢᠲᠤ ᠰᠠᠯᠠᠭ᠎ᠠ ᠮᠥᠴᠢᠷ ᠲᠠᠢ ᠵᠥᠪᠳᠡᠯᠴᠡᠨ ᠢᠯᠭᠠᠨ ᠲᠣᠳᠣᠯᠠᠵᠤ ᠂ ᠵᠦᠢᠯ ᠳᠠᠷᠠᠭᠠᠯᠠᠨ ᠰᠢᠯᠢᠳᠡᠭᠵᠢᠭᠦᠯᠦᠨ ᠴᠣᠮᠬᠠᠳᠬᠠᠬᠤ

ᠬᠡᠷᠡᠭᠲᠡᠢ ᠃ ᠰᠢᠨ᠎ᠡ ᠴᠠᠭ ᠦᠶ᠎ᠡ ᠶᠢᠨ ᠤᠯᠠᠨ ᠲᠦᠮᠡᠨᠴᠢ ᠱᠤᠭᠤᠮ ᠢᠶᠠᠷ ᠰᠠᠶᠢᠲᠤᠷ ᠵᠠᠮᠨᠠᠵᠤ ᠂ ᠳᠡᠭᠡᠭᠰᠢ ᠳᠠᠮᠵᠢᠭᠤᠯᠵᠤ ᠳᠣᠷᠣᠭᠰᠢ ᠪᠠᠭᠤᠯᠭᠠᠬᠤ ᠂ ᠵᠥᠷᠢᠴᠡᠯ ᠢ

ᠠᠷᠢᠯᠭᠠᠬᠤ ᠂ ᠬᠥᠮᠥᠰ ᠤᠨ ᠰᠡᠳᠬᠢᠯ ᠢ ᠨᠢᠭᠲᠠᠷᠠᠭᠤᠯᠬᠤ ᠂ ᠤᠯᠠᠨ ᠲᠦᠮᠡᠨ ᠳᠤ ᠦᠢᠯᠡᠴᠢᠯᠡᠬᠦ ᠵᠡᠷᠭᠡ ᠲᠠᠯ᠎ᠠ ᠪᠠᠷ ᠦᠢᠯᠡᠳᠦᠯ ᠢᠶᠠᠨ ᠰᠠᠶᠢᠲᠤᠷ ᠪᠠᠳᠠᠷᠠᠭᠤᠯᠬᠤ ᠬᠡᠷᠡᠭᠲᠡᠢ 

ᠭᠡᠪᠡ᠃

      ᠬᠤᠷᠠᠯ ᠠᠴᠠ ᠲᠥᠪ ᠬᠤᠷᠢᠶ᠎ᠠ ᠂ ᠥᠪᠡᠷᠲᠡᠭᠡᠨ ᠵᠠᠰᠠᠬᠤ ᠣᠷᠣᠨ ᠤ ᠥᠭᠡᠷᠡᠴᠢᠯᠡᠯᠲᠡ ᠶᠢ ᠪᠦᠬᠦ ᠲᠠᠯ᠎ᠠ ᠪᠠᠷ ᠭᠦᠨᠵᠡᠭᠡᠶᠢᠷᠡᠭᠦᠯᠬᠦ ᠲᠤᠬᠠᠢ ᠬᠤᠯᠪᠣᠭᠳᠠᠯ ᠪᠦᠬᠦᠢ

ᠬᠤᠷᠠᠯ ᠤᠨ ᠵᠣᠷᠢᠭ ᠰᠠᠨᠠᠭ᠎ᠠ ᠶᠢ ᠤᠯᠠᠮᠵᠢᠯᠠᠨ ᠰᠤᠷᠤᠯᠴᠠᠪᠠ᠃ ᠬᠤᠷᠠᠯ ᠠᠴᠠ ᠰᠢᠶᠠᠨ ᠤ ᠨᠠᠮ ᠤᠨ ᠬᠤᠷᠢᠶᠠᠨ ᠤ ᠥᠭᠡᠷᠡᠴᠢᠯᠡᠯᠲᠡ ᠶᠢ ᠭᠦᠨᠵᠡᠭᠡᠶᠢᠷᠡᠭᠦᠯᠬᠦ

ᠵᠥᠪᠯᠡᠯ ᠤᠨ ︽ ᠬᠤᠶᠠᠷ ᠳᠦᠷᠢᠮ ᠨᠢᠭᠡ ᠨᠠᠷᠢᠨ ᠳᠦᠷᠢᠮ ︾ ᠂ ᠲᠤᠰᠬᠠᠢ ᠳᠤᠭᠤᠶᠢᠯᠠᠩ ᠤᠨ ᠪᠦᠷᠢᠯᠳᠦᠭᠦᠨ ᠤ ᠰᠠᠨᠠᠭᠤᠯᠭ᠎ᠠ ᠶᠢᠨ ᠨᠡᠷᠡᠰ ᠵᠢᠴᠢ ︽ 2024 ᠣᠨ ᠤ

ᠠᠵᠢᠯ ᠤᠨ ᠭᠤᠣᠯᠳᠠᠯᠭ᠎ᠠ ︾ ᠶᠢ ᠶᠠᠷᠢᠯᠴᠠᠨ ᠪᠠᠲᠤᠯᠠᠪᠠ ᠃ ᠬᠤᠷᠠᠯ ᠠᠴᠠ ᠱᠠᠭᠠᠷᠳᠠᠭᠰᠠᠨ ᠨᠢ᠂ ᠲᠥᠪ ᠭᠤᠣᠯᠴᠢ ᠪᠠᠷ ᠰᠢᠨ᠎ᠡ ᠶᠢ

ᠡᠭᠦᠳᠴᠦ ᠂ ᠪᠣᠳᠠᠲᠠᠢ ᠳᠤ ᠰᠠᠭᠤᠷᠢᠯᠠᠵᠤ ᠂ ᠰᠦᠪᠡᠭᠴᠢᠯᠡᠬᠦ ᠶᠢᠨ ᠳᠠᠭᠠᠤ ᠦᠢᠯᠡᠳᠦᠯᠭᠡᠵᠢᠭᠦᠯᠵᠦ ᠂ ᠨᠢᠭᠡ ᠲᠠᠯ᠎ᠠ ᠪᠠᠷ ᠳ᠋ᠦᠩᠨᠡᠵᠦ ᠂ ᠳᠠᠭᠤᠷᠢᠶᠠᠵᠤ ᠪᠣᠯᠬᠤ

ᠳᠡᠯᠭᠡᠷᠡᠭᠦᠯᠵᠦ ᠪᠣᠯᠬᠤ ᠲᠤᠷᠰᠢᠯᠭ᠎ᠠ ᠶᠢᠨ ᠦᠷ᠎ᠡ ᠪᠦᠲᠦᠭᠡᠯ ᠢ ᠪᠦᠷᠢᠯᠳᠦᠭᠦᠯᠬᠦ ᠬᠡᠷᠡᠭᠲᠡᠢ ᠃ ᠥᠭᠡᠷᠡᠴᠢᠯᠡᠯᠲᠡ ᠶᠢ ᠬᠢᠨᠠᠨ ᠵᠢᠯᠤᠭᠤᠳᠬᠤ ᠶᠢ ᠰᠠᠶᠢᠲᠤᠷ ᠠᠳᠬᠤᠵᠤ ᠂

ᠵᠣᠬᠢᠴᠠᠭᠤᠯᠤᠨ ᠬᠠᠮᠲᠤᠷᠠᠯᠴᠠᠬᠤ ᠶᠢ ᠴᠢᠩᠭᠠᠳᠬᠠᠵᠤ ᠂ ᠬᠢᠨᠠᠨ ᠰᠢᠯᠭᠠᠵᠤ ᠤᠷᠮᠠᠰᠢᠭᠤᠯᠬᠤ ᠦᠢᠯᠡᠳᠦᠯ ᠢ ᠴᠢᠩᠭᠠᠳᠬᠠᠵᠤ ᠂ ᠵᠣᠷᠢᠭᠲᠠᠢ ᠪᠠᠷ ᠰᠢᠨ᠎ᠡ ᠶᠢ ᠡᠭᠦᠳᠬᠦ ᠂

ᠦᠨᠡᠨ ᠬᠦ ᠠᠳᠬᠤᠨ ᠪᠣᠳᠠᠲᠠᠢ ᠠᠵᠢᠯᠯᠠᠵᠤ ᠂ ᠵᠠᠮ ᠨᠡᠭᠡᠭᠡᠨ ᠡᠷᠡᠯᠬᠡᠭᠯᠡᠨ ᠤᠷᠤᠭᠰᠢᠯᠠᠬᠤ ᠭᠦᠨ ᠵᠤᠵᠠᠭᠠᠨ ᠥᠭᠡᠷᠡᠴᠢᠯᠡᠯᠲᠡ ᠶᠢᠨ ᠠᠭᠤᠷ ᠠᠮᠢᠰᠬᠤᠯ ᠢ ᠪᠣᠶ ᠪᠣᠯᠭᠠᠬᠤ

ᠬᠡᠷᠡᠭᠲᠡᠢ ᠭᠡᠪᠡ᠃

       ᠬᠤᠷᠠᠯ ᠠᠴᠠ ᠤᠯᠠᠨ ᠲᠦᠮᠡᠨ ᠤ ᠳᠡᠷᠭᠡᠳᠡᠬᠢ ᠲᠥᠪ ᠪᠤᠰᠤ ᠰᠤᠷᠲᠠᠯ ᠪᠣᠯᠣᠨ ᠢᠯᠵᠠᠷᠠᠯ ᠤᠨ ᠠᠰᠠᠭᠤᠳᠠᠯ ᠢ ᠲᠥᠪᠯᠡᠷᠡᠭᠦᠯᠦᠨ ᠴᠡᠭᠴᠡᠯᠡᠨ ᠵᠠᠰᠠᠬᠤ

ᠠᠵᠢᠯ ᠤᠨ ᠬᠤᠯᠪᠣᠭᠳᠠᠯ ᠪᠦᠬᠦᠢ ᠬᠤᠷᠠᠯ ᠪᠣᠯᠣᠨ ᠪᠢᠴᠢᠭ ᠮᠠᠲ᠋ᠧᠷᠢᠶᠠᠯ ᠤᠨ ᠵᠣᠷᠢᠭ ᠰᠠᠨᠠᠭ᠎ᠠ ᠶᠢ ᠤᠯᠠᠮᠵᠢᠯᠠᠨ ᠰᠤᠷᠤᠯᠴᠠᠪᠠ ᠃ ᠬᠤᠷᠠᠯ ᠠᠴᠠ 

ᠱᠠᠭᠠᠷᠳᠠᠭᠰᠠᠨ ᠨᠢ᠂ ᠡᠯ᠎ᠡ ᠱᠠᠲᠤᠨ ᠤ ᠨᠠᠮ ᠤᠨ ᠬᠤᠷᠢᠶ᠎ᠠ ︵ ᠨᠠᠮ ᠤᠨ ᠤᠳᠤᠷᠢᠳᠬᠤ ᠳᠤᠭᠤᠶᠢᠯᠠᠩ ︶ ᠲᠥᠪᠯᠡᠷᠡᠭᠦᠯᠦᠨ ᠴᠡᠭᠴᠡᠯᠡᠨ

ᠵᠠᠰᠠᠬᠤ ᠶᠢ ᠨᠠᠮ ᠤᠨ ᠰᠠᠬᠢᠯᠭ᠎ᠠ ᠪᠠᠲᠤ ᠶᠢᠨ ᠰᠤᠷᠤᠯᠴᠠᠯᠭ᠎ᠠ ᠬᠥᠮᠦᠵᠢᠯ᠂ ᠬᠡᠯᠪᠡᠷᠢᠴᠢ ᠦᠵᠡᠯ ᠢ ᠴᠡᠭᠴᠡᠯᠡᠨ ᠵᠠᠰᠠᠵᠤ ᠦᠨᠳᠦᠰᠦᠨ ᠱᠠᠲᠤᠨ ᠤ ᠳᠠᠷᠤᠭᠠᠰᠤ ᠶᠢ

ᠬᠥᠩᠭᠡᠷᠡᠭᠦᠯᠬᠦ ᠵᠡᠷᠭᠡ ᠭᠤᠣᠯᠳᠠᠯᠭ᠎ᠠ ᠲᠠᠢ ᠠᠵᠢᠯ ᠲᠠᠢ ᠣᠷᠭᠠᠨᠢᠭ ᠢᠶᠠᠷ ᠤᠶᠠᠯᠳᠤᠭᠤᠯᠵᠤ ᠂ ᠨᠢᠭᠡ ᠪᠦᠯᠦᠭ ᠵᠠᠬᠢᠳᠠᠯ ᠰᠤᠷᠪᠤᠯᠵᠢᠯᠠᠯ ᠤᠨ ᠲᠤᠰᠬᠠᠯ ᠲᠥᠪᠯᠡᠷᠡᠭᠰᠡᠨ᠂

ᠤᠯᠠᠨ ᠲᠦᠮᠡᠨ ᠤ ᠲᠤᠰᠬᠠᠯ ᠴᠢᠩᠭ᠎ᠠ ᠲᠣᠪᠣᠶᠢᠮ᠎ᠠ ᠠᠰᠠᠭᠤᠳᠠᠯ ᠢ ᠬᠦᠴᠦᠯᠡᠨ ᠰᠢᠢᠳᠪᠦᠷᠢᠯᠡᠬᠦ ᠬᠡᠷᠡᠭᠲᠡᠢ ᠃ ᠲᠥᠪᠯᠡᠷᠡᠭᠦᠯᠦᠨ ᠴᠡᠭᠴᠡᠯᠡᠨ ᠵᠠᠰᠠᠬᠤ ᠡᠴᠦᠰ ᠤᠨ ᠦᠷ᠎ᠡ

ᠪᠦᠲᠦᠮᠵᠢ ᠶᠢ ᠤᠯᠠᠨ ᠲᠦᠮᠡᠨ ᠤ ᠬᠠᠨᠤᠮᠵᠢ ᠶᠢᠨ ᠬᠡᠮᠵᠢᠶ᠎ᠡ ᠳᠡᠭᠡᠷ᠎ᠡ ᠢᠯᠡᠷᠡᠭᠦᠯᠵᠦ ᠂ ᠦᠨᠳᠦᠰᠦᠨ ᠱᠠᠲᠤᠨ ᠤ ᠺᠠᠳ᠋ᠷ ᠤᠨ ᠰᠤᠷᠲᠠᠯ ᠢ ᠳᠡᠭᠡᠭᠰᠢᠯᠡᠭᠦᠯᠬᠦ ᠲᠠᠯ᠎ᠠ ᠪᠠᠷ ᠂

ᠣᠷᠣᠨ ᠨᠤᠲᠤᠭ ᠤᠨ ᠤᠯᠤᠰ ᠲᠦᠷᠦ ᠶᠢᠨ ᠠᠮᠢ ᠠᠬᠤᠢ ᠶᠢ ᠰᠢᠯᠢᠳᠡᠭᠵᠢᠭᠦᠯᠬᠦ ᠲᠠᠯ᠎ᠠ ᠪᠠᠷ ᠂ ᠣᠷᠣᠨ ᠪᠦᠰᠡ ᠶᠢᠨ ᠬᠥᠭᠵᠢᠯᠲᠡ ᠶᠢᠨ ᠬᠤᠷᠳᠤᠴᠠ ᠶᠢ ᠲᠦᠷᠭᠡᠳᠬᠡᠵᠦ

ᠴᠢᠨᠠᠷ ᠢ ᠳᠡᠭᠡᠭᠰᠢᠯᠡᠭᠦᠯᠬᠦ ᠲᠠᠯ᠎ᠠ ᠪᠠᠷ ᠂ ᠣᠷᠣᠨ ᠨᠤᠲᠤᠭ ᠤᠨ ᠤᠯᠤᠰ ᠲᠦᠷᠦ ᠶᠢᠨ ᠠᠮᠢ ᠠᠬᠤᠢ ᠶᠢ ᠰᠢᠯᠢᠳᠡᠭᠵᠢᠭᠦᠯᠬᠦ ᠲᠠᠯ᠎ᠠ ᠪᠠᠷ ᠂ ᠣᠷᠣᠨ ᠪᠦᠰᠡ ᠶᠢᠨ

ᠬᠥᠭᠵᠢᠯᠲᠡ ᠶᠢᠨ ᠬᠤᠷᠳᠤᠴᠠ ᠶᠢ ᠲᠦᠷᠭᠡᠳᠬᠡᠵᠦ ᠶᠠᠰᠤ ᠴᠢᠨᠠᠷ ᠢ ᠳᠡᠭᠡᠭᠰᠢᠯᠡᠭᠦᠯᠬᠦ ᠳᠡᠭᠡᠷ᠎ᠡ ᠢᠯᠡᠷᠡᠭᠦᠯᠬᠦ ᠬᠡᠷᠡᠭᠲᠡᠢ ᠃ ᠰᠠᠯᠠᠭ᠎ᠠ ᠮᠥᠴᠢᠷ ᠤᠨ ᠬᠠᠮᠵᠢᠯᠴᠠᠭ᠎ᠠ ᠶᠢ

ᠨᠢᠭᠲᠠᠷᠠᠭᠤᠯᠵᠤ ᠂ ᠬᠢᠨᠠᠯᠲᠠ ᠲᠠᠯᠪᠢᠬᠤ ᠶᠢ ᠴᠢᠨᠠᠷ ᠰᠠᠶᠢᠲᠠᠢ ᠪᠦᠲᠦᠮᠵᠢᠲᠡᠢ ᠪᠣᠯᠭᠠᠬᠤ ᠬᠡᠷᠡᠭᠲᠡᠢ ᠭᠡᠪᠡ᠃

       ᠬᠤᠷᠠᠯ ᠠᠴᠠ ᠾᠧ ᠸᠧᠢ ᠬᠤᠸᠠ ᠱᠦᠵᠢ ᠦᠶᠤᠸᠠᠨ ᠤ ᠰᠢᠷ᠎ᠠ ᠲᠥᠪᠡᠳ ᠬᠠᠰᠢ ᠶᠢᠨ ᠠᠵᠤ ᠦᠢᠯᠡᠰ ᠤᠨ ᠬᠥᠭᠵᠢᠯᠲᠡ ᠳᠤ ᠪᠠᠶᠢᠴᠠᠭᠠᠨ ᠰᠤᠳᠤᠯᠤᠯᠲᠠ

ᠬᠢᠵᠦ ᠵᠢᠭᠠᠨ ᠵᠢᠯᠤᠭᠤᠳᠬᠤ ᠬᠤᠯᠪᠣᠭᠳᠠᠯ ᠪᠦᠬᠦᠢ ᠵᠣᠷᠢᠭ ᠰᠠᠨᠠᠭ᠎ᠠ ᠶᠢ ᠤᠯᠠᠮᠵᠢᠯᠠᠨ ᠰᠤᠷᠤᠯᠴᠠᠪᠠ᠃ ᠬᠤᠷᠠᠯ ᠠᠴᠠ ᠪᠦᠬᠦ ᠰᠢᠶᠠᠨ ᠤ ᠰᠢᠷ᠎ᠠ ᠲᠥᠪᠡᠳ ᠬᠠᠰᠢ ᠂

ᠨᠡᠷᠡᠨ ᠬᠤᠸᠠᠷ ᠤᠨ ᠪᠦᠬᠦ ᠠᠵᠤ ᠦᠢᠯᠡᠰ ᠤᠨ ᠬᠡᠯᠬᠢᠶ᠎ᠡ ᠶᠢᠨ ᠬᠥᠭᠵᠢᠯᠲᠡ ᠶᠢᠨ ᠪᠠᠶᠢᠳᠠᠯ ᠢ ᠰᠣᠨᠣᠰᠪᠠ᠃ ᠬᠤᠷᠠᠯ ᠠᠴᠠ ᠱᠠᠭᠠᠷᠳᠠᠭᠰᠠᠨ

ᠨᠢ᠂ ᠦᠷ᠎ᠡ ᠪᠣᠶᠢᠵᠢᠭᠤᠯᠬᠤ ᠴᠢᠬᠢ ᠪᠣᠶᠢᠵᠢᠭᠤᠯᠬᠤ᠂ ᠨᠠᠷᠢᠯᠢᠭ ᠡᠳ᠋ᠰᠢᠭᠦᠯᠬᠦ ᠂ ᠲᠦᠷᠦᠯ ᠲᠡᠮᠳᠡᠭ ᠢ ᠡᠭᠦᠳᠦᠨ ᠪᠠᠶᠢᠭᠤᠯᠬᠤ ᠂ ᠵᠠᠬ᠎ᠠ ᠳᠡᠯᠭᠡᠭᠦᠷ ᠤᠨ ᠡᠵᠡᠩᠨᠡᠯᠲᠡ

ᠪᠣᠷᠤᠯᠠᠭᠤᠯᠭ᠎ᠠ ᠵᠡᠷᠭᠡ ᠪᠦᠬᠦ ᠬᠡᠯᠬᠢᠶ᠎ᠡ ᠶᠢᠨ ᠬᠥᠭᠵᠢᠯᠲᠡ ᠶᠢᠨ ᠲᠣᠭᠤᠷᠢᠨ ᠳᠤ ᠂ ᠠᠵᠤ ᠦᠢᠯᠡᠰ ᠤᠨ ᠬᠡᠪᠴᠢᠶᠡᠵᠢᠯᠲᠡ ᠂ ᠪᠠᠷᠢᠮᠵᠢᠶᠠᠵᠢᠭᠰᠠᠨ ᠬᠥᠭᠵᠢᠯᠲᠡ ᠶᠢ

ᠠᠬᠢᠭᠤᠯᠬᠤ ᠬᠡᠷᠡᠭᠲᠡᠢ ᠃ ᠠᠵᠢᠯ ᠤᠨ ᠲᠤᠰᠬᠠᠢ ᠠᠩᠭᠢ ᠶᠢ ᠵᠣᠬᠢᠶᠠᠨ ᠪᠠᠶᠢᠭᠤᠯᠵᠤ ᠂ ᠲᠤᠰᠬᠠᠢ ᠲᠥᠰᠥᠯ ᠢ ᠲᠣᠭᠲᠠᠭᠠᠨ ᠂ ᠵᠠᠬ᠎ᠠ ᠳᠡᠯᠭᠡᠭᠦᠷ ᠤᠨ ᠬᠥᠭᠵᠢᠯᠲᠡ ᠶᠢ

ᠰᠠᠯᠤᠯ ᠦᠭᠡᠢ ᠳᠠᠭᠠᠵᠤ ᠂ ᠦᠶᠤᠸᠠᠨ ᠤ ᠣᠨᠴᠠᠯᠢᠭᠲᠤ ᠠᠵᠤ ᠦᠢᠯᠡᠰ ᠤᠨ ᠬᠥᠭᠵᠢᠯᠲᠡ ᠶᠢᠨ ᠠᠵᠤ ᠦᠢᠯᠡᠰ ᠢ ᠪᠥᠬᠦ ᠬᠦᠴᠦᠨ ᠢᠶᠠᠷ ᠢᠶᠠᠨ ᠠᠬᠢᠭᠤᠯᠬᠤ ᠬᠡᠷᠡᠭᠲᠡᠢ ᠃

ᠦᠨᠡᠨ ᠠᠴᠠ ᠵᠥᠪ ᠢ ᠡᠷᠢᠵᠦ ᠂ ᠭᠠᠵᠠᠷ ᠣᠷᠣᠨ ᠤ ᠪᠠᠶᠢᠳᠠᠯ ᠳᠠᠭᠠᠨ ᠲᠣᠬᠢᠷᠠᠭᠤᠯᠵᠤ ᠂ ᠲᠠᠷᠢᠮᠠᠯ ᠤᠨ ᠬᠡᠪᠴᠢᠶ᠎ᠡ ᠶᠢ ᠵᠣᠬᠢᠰᠲᠠᠢ ᠥᠷᠭᠡᠳᠬᠡᠵᠦ ᠂ ᠠᠵᠢᠯ ᠤᠨ ᠦᠷ᠎ᠡ

ᠪᠦᠲᠦᠮᠵᠢ ᠶᠢ ᠳᠡᠭᠡᠭᠰᠢᠯᠡᠭᠦᠯᠵᠦ ᠂ ᠠᠵᠢᠯ ᠤᠨ ᠶᠠᠰᠤ ᠴᠢᠨᠠᠷ ᠢ ᠴᠢᠩᠭ᠎ᠠ ᠡᠵᠡᠮᠳᠡᠬᠦ ᠬᠡᠷᠡᠭᠲᠡᠢ ᠭᠡᠪᠡ᠃

       ᠬᠤᠷᠠᠯ ᠠᠴᠠ ᠪᠠᠰᠠ ᠪᠤᠰᠤᠳ ᠵᠦᠢᠯ ᠢ ᠰᠤᠳᠤᠯᠤᠨ ᠶᠠᠷᠢᠯᠴᠠᠪᠠ ᠃

                                               

ᠢᠷᠡᠯᠲᠡ᠄ ᠦᠶᠤᠸᠠᠨ ᠰᠢᠶᠠᠨ ᠤ ᠠᠷᠠᠳ ᠤᠨ ᠵᠠᠰᠠᠭ ᠤᠨ ᠣᠷᠳᠤᠨ ᠤ ᠮᠣᠡᠭᠭᠤᠯ ᠰᠦᠯᠵᠢᠶ᠎ᠡ