ᠦᠶᠤᠸᠠᠨ ᠰᠢᠶᠠᠨ ᠬᠥᠳᠡᠭᠡ ᠲᠣᠰᠬᠤᠨ ᠤ ᠪᠠᠭᠠᠴᠤᠳ ᠤᠨ ᠣᠷᠳᠣᠨ ᠤ ᠪᠦᠲᠦᠭᠡᠨ ᠪᠠᠶᠢᠭᠤᠯᠤᠯᠲᠠ ᠶᠢ ᠴᠢᠩᠭᠠᠳᠬᠠᠵᠤ ᠪᠠᠭᠠᠴᠤᠳ ᠬᠡᠤᠬᠡᠳ ᠤᠨ ᠦᠰᠦᠨ ᠪᠤᠶᠢᠵᠢᠬᠤ ᠳᠤ ᠡᠨᠧᠷᠭᠢ ᠣᠯᠭᠤᠨ᠎ᠠ
ᠨᠡᠶᠢᠲᠡᠯᠡᠭᠰᠡᠨ ᠴᠠᠭ᠄
2024/4/22
      ᠬᠥᠳᠡᠭᠡ ᠲᠣᠰᠬᠤᠨ ᠤ ᠬᠡᠦᠬᠡᠳ ᠤᠨ ᠬᠢᠴᠢᠶᠡᠯ ᠤᠨ ᠭᠠᠳᠠᠨᠠᠬᠢ ᠰᠤᠷᠭᠠᠨ ᠬᠥᠮᠦᠵᠢᠯ ᠤᠨ ᠬᠠᠮᠢᠶᠠᠷᠤᠯᠲᠠ ᠶᠢᠨ ᠳᠤᠲᠠᠭᠤᠳᠠᠯ ᠢ ᠪᠦᠲᠦᠮᠵᠢᠲᠡᠢ ᠨᠥᠬᠦᠪᠦᠷᠢᠯᠡᠬᠦ ᠶᠢᠨ ᠲᠥᠯᠥᠭᠡ ᠂ ᠮᠠᠨ ᠤ ᠰᠢᠶᠠᠨ ︽ ᠬᠥᠳᠡᠭᠡ ᠲᠣᠰᠬᠤᠨ ᠤ ᠪᠠᠭᠠᠴᠤᠳ ᠤᠨ ᠣᠷᠳᠣᠨ ︾ ᠤ ᠪᠦᠲᠦᠭᠡᠨ ᠪᠠᠶᠢᠭᠤᠯᠤᠯᠲᠠ ᠶᠢ ᠴᠢᠩᠭᠠᠳᠬᠠᠬᠤ ᠪᠠᠷ ᠭᠠᠷᠳᠠᠴᠠ ᠪᠣᠯᠭᠠᠵᠤ ᠂ ᠵᠠᠯᠠᠭᠤᠴᠤᠳ ᠪᠠᠭᠠᠴᠤᠳ ᠤᠨ ᠦᠰᠦᠨ ᠪᠤᠶᠢᠵᠢᠯᠲᠠ ᠶᠢᠨ ᠬᠡᠷᠡᠭᠴᠡᠭᠡ ᠱᠠᠭᠠᠷᠳᠠᠯᠭ᠎ᠠ ᠲᠠᠢ ᠨᠢᠭᠲᠠ ᠤᠶᠠᠯᠳᠤᠭᠤᠯᠵᠤ ᠂ ᠴᠠᠭ ᠦᠶ᠎ᠡ ᠶᠢᠨ ᠰᠢᠨ᠎ᠡ ᠬᠥᠮᠥᠨ ᠢ ᠬᠥᠮᠥᠵᠢᠭᠦᠯᠬᠦ ᠪᠠᠲᠤ ᠴᠢᠩᠭ᠎ᠠ ᠵᠢᠭᠰᠠᠭᠠᠯ ᠤᠨ ᠭᠠᠵᠠᠷ ᠢ ᠴᠢᠷᠮᠠᠶᠢᠨ ᠪᠠᠶᠢᠭᠤᠯᠵᠤ ᠂ ᠬᠤᠳᠠ ᠬᠥᠳᠡᠭᠡ ᠶᠢᠨ ᠰᠤᠷᠭᠠᠨ ᠬᠥᠮᠦᠵᠢᠯ ᠤᠨ ᠲᠡᠩᠴᠡᠭᠦᠷᠢᠲᠡᠢ ᠬᠥᠭᠵᠢᠯᠲᠡ ᠶᠢ ᠠᠬᠢᠭᠤᠯᠬᠤ ᠶᠢᠨ ᠬᠠᠮᠲᠤ ᠂ ᠥᠷᠭᠡᠨ ᠤᠯᠠᠨ ᠬᠥᠳᠡᠭᠡ ᠲᠣᠰᠬᠤᠨ ᠤ ᠰᠤᠷᠤᠭᠴᠢᠳ ᠤᠨ ᠬᠦᠰᠡᠯ ᠡᠷᠡᠮᠡᠯᠵᠡᠯ ᠳᠤ ᠳᠠᠯᠠᠪᠴᠢ ᠤᠷᠭᠤᠭᠤᠯᠪᠠ᠃       ᠦᠶᠤᠸᠠᠨ ᠰᠢᠶᠠᠨ ᠤ ᠲᠠᠷᠬᠤ ᠪᠠᠭ᠎ᠠ ᠰᠤᠷᠭᠠᠭᠤᠯᠢ ᠳᠤ ᠣᠷᠣᠬᠤ ᠳᠤ ᠂ ᠰᠤᠷᠤᠭᠴᠢᠳ ᠶᠠᠭ ᠠᠳᠠᠯᠢ ᠪᠤᠰᠤ ᠬᠢᠴᠢᠶᠡᠯ ᠤᠨ ᠭᠡᠷ ᠲᠤ ᠥᠪᠡᠷ ᠤᠨ ᠳᠤᠷᠠᠲᠠᠢ ᠨᠡᠶᠢᠭᠡᠮ ᠤᠨ ᠪᠦᠯᠬᠦᠮ ᠤᠨ ᠠᠵᠢᠯᠯᠠᠭ᠎ᠠ ᠳᠤ ᠣᠷᠣᠯᠴᠠᠵᠤ ᠪᠠᠶᠢᠨ᠎ᠠ᠂ ᠲᠡᠳᠡᠨ ᠤ ᠵᠠᠷᠢᠮ ᠨᠢ ᠪᠠᠭᠰᠢ ᠶᠢᠨ ᠲᠠᠶᠢᠯᠤᠮᠵᠢ ᠶᠢ ᠨᠠᠷᠢᠨ ᠬᠢᠨᠠᠮᠠᠭᠠᠢ ᠰᠣᠨᠣᠰᠴᠤ ᠂ ᠵᠠᠷᠢᠮ ᠨᠢ ᠪᠠᠭᠰᠢ ᠶᠢᠨ ᠵᠢᠯᠣᠭᠤᠳᠤᠯᠭ᠎ᠠ ᠳᠣᠣᠷ᠎ᠠ ᠨᠠᠷᠢᠨ ᠬᠢᠨᠠᠮᠠᠭᠠᠢ ᠠᠵᠢᠯᠯᠠᠵᠤ ᠂ ᠬᠡᠦᠬᠡᠳ ᠨᠢᠭᠡᠪᠦᠷᠢ ᠶᠢᠨ ᠴᠢᠷᠠᠢ ᠳᠤ ᠮᠡᠳᠡᠯᠭᠡ ᠰᠤᠷᠬᠤ ᠬᠦᠰᠡᠯ ᠡᠷᠡᠮᠡᠯᠵᠡᠯ ᠪᠣᠯᠣᠨ ᠵᠣᠯ ᠵᠢᠷᠭᠠᠯ ᠤᠨ ᠢᠨᠢᠶᠡᠮᠰᠦᠭᠯᠡᠯ ᠪᠢᠯᠬᠠᠵᠤ ᠪᠠᠶᠢᠯ᠎ᠠ᠃       ᠣᠶᠢᠯᠠᠭᠠᠭᠰᠠᠨ ᠢᠶᠠᠷ ᠂ ᠦᠶᠤᠸᠠᠨ ᠰᠢᠶᠠᠨ ᠤ ᠲᠠᠷᠬᠤ ᠪᠠᠭ᠎ᠠ ᠰᠤᠷᠭᠠᠭᠤᠯᠢ ᠪᠠᠭᠠᠴᠤᠳ ᠬᠡᠦᠬᠡᠳ ᠤᠨ ᠶᠣᠰᠣ ᠮᠣᠷᠠᠯ ᠣᠶᠤᠨ ᠤᠬᠠᠭᠠᠨ ᠪᠡᠶ᠎ᠡ ᠮᠠᠬᠠᠪᠤᠳ ᠭᠤᠸ᠎ᠠ ᠰᠠᠶᠢᠬᠠᠨ ᠬᠥᠳᠡᠯᠮᠦᠷᠢ ᠪᠥᠬᠦ ᠲᠠᠯ᠎ᠠ ᠪᠠᠷ ᠬᠥᠭᠵᠢᠭᠰᠡᠨ ᠦᠰᠦᠨ ᠪᠣᠶᠢᠵᠢᠬᠤ ᠲᠠᠪᠴᠠᠩ ᠢ ᠤᠯᠠᠮ ᠨᠢᠭᠡ ᠠᠯᠬᠤᠮ ᠪᠠᠶᠢᠭᠤᠯᠬᠤ ᠶᠢᠨ ᠲᠥᠯᠥᠭᠡ᠂ 2017 ᠣᠨ ᠠᠴᠠ ᠡᠬᠢᠯᠡᠨ᠂ ᠰᠤᠷᠭᠠᠭᠤᠯᠢ ᠳᠤ ᠤᠷᠠᠨ ᠵᠢᠷᠤᠭ ᠤᠨ ᠬᠢᠴᠢᠶᠡᠯ ᠤᠨ ᠭᠡᠷ ᠂ ᠳᠠᠭᠤᠤ ᠬᠥᠭᠵᠢᠮ ᠤᠨ ᠬᠢᠴᠢᠶᠡᠯ ᠤᠨ ᠭᠡᠷ ᠂ ᠤᠷᠠᠨ ᠪᠢᠴᠢᠯᠭᠡ ᠶᠢᠨ ᠬᠢᠴᠢᠶᠡᠯ ᠤᠨ ᠭᠡᠷ ᠂ ᠰᠢᠨᠵᠢᠯᠡᠬᠦ ᠤᠬᠠᠭᠠᠨ ᠮᠡᠷᠭᠡᠵᠢᠯ ᠤᠨ ᠬᠢᠴᠢᠶᠡᠯ ᠤᠨ ᠭᠡᠷ ᠵᠡᠷᠭᠡ ᠣᠨᠴᠠᠯᠢᠭᠲᠤ ᠠᠵᠢᠯᠯᠠᠭᠠᠨ ᠤ ᠲᠠᠯᠠᠪᠤᠷ ᠪᠠᠶᠢᠭᠤᠯᠤᠭᠰᠠᠨ ᠪᠥᠭᠡᠳ ᠵᠣᠬᠢᠶᠠᠨ ᠪᠠᠶᠢᠭᠤᠯᠤᠯᠲᠠ ᠶᠢᠨ ᠲᠣᠭᠲᠠᠴᠠ ᠶᠢ ᠲᠠᠰᠤᠷᠠᠯᠲᠠ ᠦᠭᠡᠢ ᠴᠢᠩᠭᠠᠳᠬᠠᠬᠤ ᠂ ᠦᠢᠯᠡᠴᠢᠯᠡᠭᠡᠨ ᠤ ᠬᠦᠴᠦᠨ ᠢ ᠥᠷᠭᠡᠳᠬᠡᠬᠦ ᠂ ᠣᠨᠴᠠᠯᠢᠭᠲᠤ ᠬᠢᠴᠢᠶᠡᠯ ᠢ ᠨᠡᠭᠡᠭᠡᠨ ᠬᠥᠭᠵᠢᠭᠦᠯᠬᠦ ᠪᠠᠷ ᠳᠠᠮᠵᠢᠭᠤᠯᠤᠨ ᠂ ᠨᠡᠶᠢᠭᠡᠮ ᠤᠨ ᠪᠦᠯᠬᠦᠮ ᠤᠨ ᠠᠵᠢᠯᠯᠠᠭ᠎ᠠ ᠶᠢᠨ ᠠᠭᠤᠯᠭ᠎ᠠ ᠶᠢ ᠦᠷᠭᠦᠯᠵᠢᠯᠡᠨ ᠪᠠᠶᠠᠯᠢᠭᠵᠢᠭᠤᠯᠵᠤ ᠂ ᠬᠡᠦᠬᠡᠳ ᠤᠳ ᠢ ᠰᠣᠨᠢᠷᠬᠠᠯᠲᠠᠢ ᠂ ᠪᠦᠲᠦᠮᠵᠢᠲᠡᠶ ᠂ ᠣᠯᠠᠨ ᠥᠩᠭᠡᠲᠦ ᠪᠠᠭᠠᠴᠤᠳ ᠤᠨ ᠣᠷᠳᠣᠨ ᠤ ᠠᠵᠢᠯᠯᠠᠭ᠎ᠠ ᠶᠢᠨ ᠳᠤᠮᠳᠠ ᠡᠷᠡᠭᠦᠯ ᠢᠶᠠᠷ ᠦᠰᠦᠨ ᠪᠣᠶᠢᠵᠢᠭᠤᠯᠪᠠ᠃       ᠲᠠᠷᠬᠣ ᠪᠠᠭ᠎ᠠ ᠰᠤᠷᠭᠠᠭᠤᠯᠢ ᠶᠢᠨ ᠰᠤᠷᠤᠭᠴᠢ ᠴᠧᠩ ᠢᠦᠢ ᠯᠢᠩ ᠪᠠᠶᠠᠷᠲᠠᠢ ᠪᠠᠷ ᠬᠡᠯᠡᠭᠰᠡᠨ ᠨᠢ᠄ ︽ ᠰᠤᠷᠭᠠᠭᠤᠯᠢ ᠶᠢᠨ ᠨᠡᠶᠢᠭᠡᠮ ᠤᠨ ᠪᠦᠯᠬᠦᠮ ᠤᠨ ᠠᠵᠢᠯᠯᠠᠭ᠎ᠠ ᠮᠠᠰᠢ ᠪᠠᠶᠠᠯᠢᠭ ᠠᠭᠤᠯᠭ᠎ᠠ ᠲᠠᠢ ᠂ ᠪᠢ ᠣᠷᠣᠯᠴᠠᠵᠤ ᠪᠠᠶᠢᠭ᠎ᠠ ᠨᠢ ᠠᠷᠠᠳ ᠤᠨ ᠬᠥᠭᠵᠢᠮ ᠤᠨ ᠨᠡᠶᠢᠭᠡᠮ ᠤᠨ ᠪᠦᠯᠬᠦᠮ ᠣᠷᠣᠯᠴᠠᠵᠤ ᠂ ᠨᠡᠶᠢᠭᠡᠮ ᠤᠨ ᠪᠦᠯᠬᠦᠮ ᠤᠨ ᠰᠤᠷᠤᠯᠴᠠᠯᠭ᠎ᠠ ᠪᠠᠷ ᠳᠡᠮᠵᠢᠨ ᠂ ᠳᠠᠭᠤᠤ ᠬᠥᠭᠵᠢᠮ ᠤᠨ ᠲᠤᠬᠠᠢ ᠮᠠᠰᠢ ᠣᠯᠠᠨ ᠮᠡᠳᠡᠯᠭᠡ ᠶᠢ ᠣᠶᠢᠯᠠᠭᠠᠵᠤ ᠂ ᠨᠠᠳᠠ ᠶᠢ ᠤᠯᠠᠮ ᠠᠴᠠ ᠤᠯᠠᠮ ᠢᠲᠡᠭᠡᠯ ᠲᠠᠢ ᠪᠣᠯᠭᠠᠨ᠎ᠠ︾ ᠭᠡᠵᠡᠢ ᠃      ᠦᠶᠤᠸᠠᠨ ᠰᠢᠶᠠᠨ ᠤ ᠬᠤᠶᠠᠳᠤᠭᠠᠷ ᠳᠤᠮᠳᠠᠳᠤ ᠰᠤᠷᠭᠠᠭᠤᠯᠢ ᠰᠤᠷᠤᠭᠴᠢᠳ ᠤᠨ ᠬᠡᠷᠡᠭᠴᠡᠭᠡ ᠱᠠᠭᠠᠷᠳᠠᠯᠭ᠎ᠠ ᠲᠠᠢ ᠤᠶᠠᠯᠳᠤᠭᠤᠯᠤᠨ ᠤᠳᠬ᠎ᠠ ᠵᠣᠬᠢᠶᠠᠯ ᠤᠨ ᠨᠡᠶᠢᠭᠡᠮᠯᠢᠭ᠂ ᠥᠳᠥᠨ ᠪᠥᠮᠪᠦᠭᠡ ᠶᠢᠨ ᠨᠡᠶᠢᠭᠡᠮᠯᠢᠭ᠂ ᠪᠥᠵᠢᠭ ᠤᠨ ᠪᠦᠯᠬᠦᠮ ᠂ ᠰᠢᠨᠵᠢᠯᠡᠬᠦ ᠤᠬᠠᠭᠠᠨ ᠮᠡᠷᠭᠡᠵᠢᠯ ᠤᠨ ᠨᠡᠶᠢᠭᠡᠮᠯᠢᠭ ᠵᠡᠷᠭᠡ ᠶᠢ ᠪᠠᠶᠢᠭᠤᠯᠪᠠ ᠃ ᠭᠠᠷᠠᠭ ᠤᠨ ᠬᠤᠶᠠᠷ᠂ ᠭᠠᠷᠠᠭ ᠤᠨ ᠭᠤᠷᠪᠠᠨ ᠪᠣᠯᠣᠨ ᠭᠠᠷᠠᠭ ᠤᠨ ᠳᠥᠷᠪᠡᠨ ᠤ ᠦᠳᠡ ᠶᠢᠨ ᠬᠤᠢᠨᠠᠬᠢ ᠬᠥᠳᠡᠯᠭᠡᠭᠡᠨ ᠤ ᠬᠢᠴᠢᠶᠡᠯ ᠤᠨ ᠴᠠᠭ ᠪᠣᠯᠬᠤ ᠪᠦᠷᠢ ᠳᠤ ᠰᠤᠷᠤᠭᠴᠢᠳ ᠥᠪᠡᠷ ᠤᠨ ᠳᠤᠷᠠᠲᠠᠢ ᠳᠤᠷ᠎ᠠ ᠰᠣᠨᠢᠷᠬᠠᠯ ᠲᠠᠢ ᠪᠥᠯᠬᠦᠮ ᠤᠨ ᠢᠶᠠᠨ ᠵᠦᠭ ᠳᠠᠪᠰᠢᠵᠤ᠂ ᠪᠥᠯᠬᠦᠮ ᠤᠨ ᠬᠥᠳᠡᠯᠭᠡᠭᠡᠨ ᠳᠤ ᠣᠷᠣᠯᠴᠠᠨ᠎ᠠ᠃      ︽ ᠰᠤᠷᠭᠠᠭᠤᠯᠢ ᠶᠢᠨ ᠥᠷᠨᠢᠭᠦᠯᠦᠭᠰᠡᠨ ᠨᠡᠶᠢᠭᠡᠮ ᠤᠨ ᠪᠦᠯᠬᠦᠮ ᠤᠨ ᠠᠵᠢᠯᠯᠠᠭ᠎ᠠ ᠳᠤ ᠣᠷᠣᠯᠴᠠᠬᠤ ᠪᠠᠷ ᠳᠠᠮᠵᠢᠨ ᠂ ᠪᠢ ᠮᠠᠰᠢ ᠣᠯᠠᠨ ᠨᠣᠮ ᠪᠢᠴᠢᠭ ᠳᠡᠭᠡᠷ᠎ᠡ ᠰᠤᠷᠤᠭᠰᠠᠨ ᠮᠡᠳᠡᠯᠭᠡ ᠦᠭᠡᠢ ᠪᠣᠯᠵᠠᠢ ᠂ ᠪᠠᠰᠠ ᠥᠪᠡᠷ ᠢᠶᠠᠨ ᠶᠠᠭᠤ ᠳᠤᠷᠠᠲᠠᠢ ᠂ ᠶᠠᠭᠤ ᠳᠤ ᠲᠣᠬᠢᠷᠠᠬᠤ ᠶᠢ ᠨᠠᠳᠠ ᠳᠤ ᠮᠡᠳᠡᠭᠳᠡᠪᠡ᠂ ᠡᠭᠦᠨ ᠤ ᠬᠠᠮᠲᠤ ᠪᠠᠰᠠ ᠮᠠᠰᠢ ᠣᠯᠠᠨ ᠰᠠᠶᠢᠨ ᠨᠠᠶᠢᠵᠠ ᠲᠠᠢ ᠪᠣᠯᠵᠤ ᠂ ᠮᠢᠨᠤ ᠵᠠᠩ ᠴᠢᠨᠠᠷ ᠴᠤ ᠤᠯᠠᠮ ᠠᠴᠠ ᠤᠯᠠᠮ ᠰᠠᠷᠠᠭᠤᠯ ᠪᠣᠯᠵᠠᠢ ︾ ᠭᠡᠪᠡ᠃ ᠬᠤᠶᠠᠳᠤᠭᠠᠷ ᠳᠤᠮᠳᠠᠳᠤ ᠰᠤᠷᠭᠠᠭᠤᠯᠢ ᠶᠢᠨ ᠰᠤᠷᠤᠭᠴᠢ ᠹᠠᠨ ᠹᠧᠩ ᠴᠢ ᠬᠡᠯᠡᠪᠡ᠃      ᠬᠥᠳᠡᠭᠡ ᠲᠣᠰᠬᠤᠨ ᠤ ᠪᠠᠭᠠᠴᠤᠳ ᠤᠨ ᠣᠷᠳᠣᠨ ᠪᠣᠯ ᠵᠠᠯᠠᠭᠤᠴᠤᠳ ᠪᠠᠭᠠᠴᠤᠳ ᠤᠨ ᠴᠢᠬᠤᠯᠠ ᠠᠵᠢᠯᠯᠠᠭᠠᠨ ᠤ ᠲᠠᠯᠠᠪᠤᠷ ᠮᠥᠨ ᠂ ᠪᠠᠰᠠ ᠴᠤ ᠬᠡᠪ ᠴᠢᠨᠠᠷ ᠤᠨ ᠰᠤᠷᠭᠠᠨ ᠬᠥᠮᠦᠵᠢᠯ ᠢ ᠲᠦᠯᠬᠢᠨ ᠠᠬᠢᠭᠤᠯᠬᠤ ᠠᠴᠢᠶᠠᠯᠠᠪᠤᠷᠢ ᠪᠠ ᠵᠢᠭᠰᠠᠭᠠᠯ ᠤᠨ ᠭᠠᠵᠠᠷ ᠮᠥᠨ ᠃ ᠣᠶᠢᠷ᠎ᠠ ᠶᠢᠨ ᠵᠢᠯ ᠤᠳ ᠲᠤ᠂ ᠮᠠᠨ ᠤ ᠰᠢᠶᠠᠨ ᠤ ᠡᠯ᠎ᠡ ᠬᠥᠳᠡᠭᠡ ᠲᠣᠰᠬᠤᠨ ᠤ ᠰᠤᠷᠭᠠᠭᠤᠯᠢ ᠶᠢᠨ ᠪᠠᠭᠠᠴᠤᠳ ᠤᠨ ᠣᠷᠳᠣᠨ ᠲᠣᠰ ᠲᠣᠰ ᠤᠨ ᠪᠣᠳᠠᠲᠤ ᠪᠠᠶᠢᠳᠠᠯ ᠲᠠᠢ ᠪᠠᠨ ᠤᠶᠠᠯᠳᠤᠭᠤᠯᠤᠨ᠂ ᠪᠥᠮᠪᠥᠭᠡᠨ ᠲᠥᠷᠥᠯ ᠂ ᠪᠥᠵᠢᠭ᠂ ᠵᠢᠷᠤᠭ ᠂ ᠰᠢᠨᠵᠢᠯᠡᠬᠦ ᠤᠬᠠᠭᠠᠨ ᠮᠡᠷᠭᠡᠵᠢᠯ ᠂ ᠤᠷᠠᠨ ᠤᠩᠰᠢᠯᠭ᠎ᠠ ᠵᠡᠷᠭᠡ ᠣᠨᠴᠠᠯᠢᠭᠲᠤ ᠬᠢᠴᠢᠶᠡᠯ ᠢ 20 ᠭᠠᠷᠤᠢ ᠵᠦᠢᠯ ᠨᠡᠭᠡᠭᠡᠵᠦ ᠂ ᠥᠷᠭᠡᠨ ᠣᠯᠠᠨ ᠬᠥᠳᠡᠭᠡ ᠲᠣᠰᠬᠤᠨ ᠤ ᠬᠡᠦᠬᠡᠳ ᠢ ᠡᠷᠡᠭᠦᠯ ᠮᠡᠨᠳᠦ ᠂ ᠪᠠᠶᠠᠷ ᠬᠥᠷ ᠲᠠᠢ ᠬᠢᠴᠢᠶᠡᠯ ᠤᠨ ᠭᠠᠳᠠᠨᠠᠬᠢ ᠠᠵᠢᠯᠯᠠᠭ᠎ᠠ ᠳᠤ ᠣᠷᠣᠯᠴᠠᠬᠤ ᠶᠠᠪᠤᠴᠠ ᠳᠤ ᠪᠠᠶᠠᠷ ᠪᠠᠭ᠋ᠠᠳᠤᠯ ᠢᠶᠠᠷ ᠣᠶᠤᠨ ᠤᠬᠠᠭᠠᠨ ᠢ ᠠᠬᠢᠭᠤᠯᠵᠤ ᠂ ᠡᠷᠳᠡᠮ ᠮᠡᠳᠡᠯᠭᠡ ᠲᠠᠢ ᠪᠣᠯᠭᠠᠪᠠ᠃ ᠡᠭᠦᠨ ᠤ ᠬᠠᠮᠲᠤ ᠪᠠᠰᠠ ᠬᠤᠲᠠ ᠬᠦᠢᠲᠡᠭᠡ ᠶᠢᠨ ᠰᠤᠷᠭᠠᠨ ᠬᠦᠢᠮᠣᠵᠢᠯ ᠤᠨ ᠲᠡᠩᠴᠡᠭᠦᠦ ᠬᠦᠢᠭᠵᠢᠯᠲᠠ ᠶᠢ ᠠᠬᠢᠭᠤᠯᠵᠤ᠂ ᠬᠡᠪ ᠴᠢᠨᠠᠷ ᠪᠤᠶᠢᠭᠦᠢ ᠰᠤᠷᠭᠠᠨ ᠬᠦᠢᠮᠣᠵᠢᠯ ᠤᠨ ᠣᠶᠢᠷ᠎ᠠ ᠪᠤᠶᠢᠲᠣᠭᠡᠯ ᠢ ᠪᠠᠬᠢᠵᠢᠭᠦᠯᠦᠨ ᠲᠠᠭᠡᠭᠰᠢᠯᠠᠭᠦᠯᠣᠭᠰᠠᠨ ᠪᠠᠶᠢᠨ᠎ᠠ᠃      ᠬᠥᠳᠡᠭᠡ ᠲᠣᠰᠬᠤᠨ ᠤ ᠪᠠᠭᠠᠴᠤᠳ ᠤᠨ ᠣᠷᠳᠣᠨ ᠢ ᠬᠡᠷᠡᠭᠵᠢᠭᠦᠯᠦᠭᠰᠡᠨ ᠠᠴᠠ ᠨᠠᠰᠢ ᠂ ᠰᠤᠷᠭᠠᠭᠤᠯᠢ ᠶᠢᠨ ᠠᠵᠢᠯᠯᠠᠭᠠᠨ ᠤ ᠵᠢᠭᠰᠠᠭᠠᠯ ᠤᠨ ᠭᠠᠵᠠᠷ ᠪᠣᠯᠣᠨ ᠬᠢᠴᠢᠶᠡᠯ ᠤᠨ ᠭᠠᠳᠠᠨᠠᠬᠢ ᠠᠮᠢᠳᠤᠷᠠᠯ ᠢ ᠪᠠᠶᠠᠯᠢᠭᠵᠢᠭᠤᠯᠵᠤ ᠂ ᠬᠡᠦᠬᠡᠳ ᠤᠳ ᠢ ︽ ᠨᠠᠭᠠᠳᠬᠤ ︾ ᠶᠠᠪᠤᠴᠠ ᠳᠤ ᠰᠡᠳᠬᠢᠴᠡ ᠪᠠᠨ ᠥᠷᠭᠡᠳᠬᠡᠵᠦ ᠂ ᠦᠵᠡᠯ ᠰᠠᠨᠠᠭ᠎ᠠ ᠪᠠᠨ ᠪᠣᠯᠪᠠᠰᠤᠷᠠᠭᠤᠯᠵᠤ ᠂ ᠦᠵᠡᠯ ᠰᠠᠨᠠᠭ᠎ᠠ ᠬᠡᠪ ᠴᠢᠨᠠᠷ ᠢᠶᠠᠨ ᠳᠡᠭᠡᠭᠰᠢᠯᠡᠭᠦᠯᠬᠦ ᠶᠢᠨ ᠬᠠᠮᠲᠤ ᠂ ︽ ᠬᠤᠶᠠᠷ ᠢ ᠪᠠᠭᠠᠰᠬᠠᠬᠤ ︾ ᠲᠦᠷᠦ ᠶᠢᠨ ᠪᠣᠳᠣᠯᠭ᠎ᠠ ᠶᠢ ᠨᠠᠶᠢᠳᠠᠪᠤᠷᠢᠵᠢᠭᠤᠯᠬᠤ ᠶᠢ ᠬᠦᠴᠦᠲᠡᠢ ᠠᠬᠢᠭᠤᠯᠵᠤ ᠂ ᠰᠤᠷᠤᠭᠴᠢᠳ ᠤᠨ ᠥᠷᠭᠡᠨ ᠳᠡᠯᠭᠡᠷ ᠳᠤᠷ᠎ᠠ ᠰᠣᠨᠢᠷᠬᠠᠯ ᠢ ᠬᠥᠮᠥᠵᠢᠭᠦᠯᠬᠦ ᠪᠠ ᠪᠦᠬᠦ ᠲᠠᠯ᠎ᠠ ᠪᠠᠷ ᠡᠷᠡᠭᠦᠯ ᠢᠶᠠᠷ ᠬᠥᠭᠵᠢᠬᠦ ᠳᠤ ᠰᠢᠨ᠎ᠡ ᠬᠥᠳᠡᠯᠭᠡᠬᠦ ᠬᠦᠴᠦᠨ ᠨᠡᠮᠡᠷᠢᠯᠡᠭᠰᠡᠨ ᠪᠠᠶᠢᠨ᠎ᠠ᠃                                                                                                                                                                                 
ᠢᠷᠡᠯᠲᠡ᠄ ᠦᠶᠤᠸᠠᠨ ᠰᠢᠶᠠᠨ ᠤ ᠠᠷᠠᠳ ᠤᠨ ᠵᠠᠰᠠᠭ ᠤᠨ ᠣᠷᠳᠤᠨ ᠤ ᠮᠣᠡᠭᠭᠤᠯ ᠰᠦᠯᠵᠢᠶ᠎ᠡ