ᠥᠪᠡᠷᠲᠡᠭᠡᠨ ᠵᠠᠰᠠᠬᠤ ᠣᠷᠣᠨ ᠤ ᠤᠯᠤᠰ ᠲᠥᠷᠥ ᠶᠢᠨ ᠵᠥᠪᠯᠡᠯᠭᠡᠨ ᠤ ᠪᠠᠶᠢᠴᠠᠭᠠᠨ ᠰᠤᠳᠤᠯᠬᠤ ᠳᠤᠭᠤᠶᠢᠯᠠᠩ ᠮᠠᠨ ᠤ ᠰᠢᠶᠠᠨ ᠳᠤ ᠬᠦᠷᠴᠦ ᠪᠠᠶᠢᠴᠠᠭᠠᠨ ᠰᠤᠳᠤᠯᠤᠯᠲᠠ ᠬᠢᠪᠡ
ᠨᠡᠶᠢᠲᠡᠯᠡᠭᠰᠡᠨ ᠴᠠᠭ᠄
2024/4/28
      4 ᠰᠠᠷ᠎ᠠ ᠶᠢᠨ 25 ᠤ ᠡᠳᠦᠷ ᠂ ᠥᠪᠡᠷᠲᠡᠭᠡᠨ ᠵᠠᠰᠠᠬᠤ ᠣᠷᠣᠨ ᠤ ᠤᠯᠤᠰ ᠲᠥᠷᠥ ᠶᠢᠨ ᠵᠥᠪᠯᠡᠯᠭᠡᠨ ᠤ ᠪᠠᠶᠢᠴᠠᠭᠠᠨ ᠰᠤᠳᠤᠯᠬᠤ ᠳᠤᠭᠤᠶᠢᠯᠠᠩ ᠮᠠᠨ ᠤ ᠰᠢᠶᠠᠨ ᠳᠤ ᠬᠦᠷᠴᠦ ᠬᠤᠵᠢᠷᠯᠢᠭ ᠭᠠᠵᠠᠷ ᠢ ᠨᠡᠭᠡᠭᠡᠨ ᠠᠰᠢᠭᠯᠠᠬᠤ ᠵᠡᠷᠭᠡ ᠪᠠᠶᠢᠳᠠᠯ ᠤᠨ ᠲᠤᠬᠠᠢ ᠪᠠᠶᠢᠴᠠᠭᠠᠨ ᠰᠤᠳᠤᠯᠤᠯᠲᠠ ᠬᠢᠪᠡ ᠃ ᠬᠤᠲᠠ ᠶᠢᠨ ᠤᠯᠤᠰ ᠲᠥᠷᠥ ᠶᠢᠨ ᠵᠥᠪᠯᠡᠯᠭᠡᠨ ᠤ ᠳᠡᠳ᠋ ᠲᠡᠷᠢᠭᠦᠯᠡᠭᠴᠢ ᠶᠠᠨ ᠵᠢᠶᠦ᠋ᠨ ᠂ ᠰᠢᠶᠠᠨ ᠤ ᠤᠯᠤᠰ ᠲᠥᠷᠥ ᠶᠢᠨ ᠵᠥᠪᠯᠡᠯᠭᠡᠨ ᠤ ᠲᠡᠷᠢᠭᠦᠯᠡᠭᠴᠢ ᠵᠠᠨ ᠮᠧᠶ ᠪᠠᠶᠢᠴᠠᠭᠠᠨ ᠰᠤᠳᠤᠯᠤᠯᠲᠠ ᠳᠤ ᠣᠷᠣᠯᠴᠠᠪᠠ᠃

微信截图_20240428155817.png

       ᠪᠠᠶᠢᠴᠠᠭᠠᠨ ᠰᠤᠳᠤᠯᠬᠤ ᠳᠤᠭᠤᠶᠢᠯᠠᠩ ᠤᠨ ᠬᠢᠨ ᠰᠢᠨ ᠬᠦᠩ ᠵᠦᠩ ᠰᠢᠨᠵᠢᠯᠡᠬᠦ ᠤᠬᠠᠭᠠᠨ ᠮᠡᠷᠭᠡᠵᠢᠯ ᠤᠨ ᠪᠠᠭ᠎ᠠ ᠬᠦᠷᠢᠶᠡᠯᠡᠩ ᠂ ᠥᠪᠥᠷ ᠮᠣᠩᠭᠤᠯ ᠤᠨ

ᠬᠤᠵᠢᠷᠯᠢᠭ ᠭᠠᠵᠠᠷ ᠢ ᠶᠡᠷᠦᠩᠬᠡᠶᠢᠯᠡᠨ ᠠᠰᠢᠭᠯᠠᠬᠤ ᠮᠡᠷᠭᠡᠵᠢᠯ ᠤᠨ ᠰᠤᠳᠤᠯᠭᠠᠨ ᠤ ᠬᠦᠷᠢᠶᠡᠯᠡᠩ ᠵᠡᠷᠭᠡ ᠭᠠᠵᠠᠷ ᠢᠶᠠᠷ ᠬᠦᠷᠴᠦ ᠂ ᠲᠤᠬᠠᠢ ᠶᠢᠨ ᠭᠠᠵᠠᠷ ᠲᠤᠨᠢ

ᠪᠠᠶᠢᠴᠠᠭᠠᠨ ᠦᠵᠡᠬᠦ ᠂ ᠲᠠᠨᠢᠯᠴᠠᠭᠤᠯᠭ᠎ᠠ ᠶᠢ ᠰᠣᠨᠣᠰᠬᠤ ᠵᠡᠷᠭᠡ ᠠᠷᠭ᠎ᠠ ᠬᠡᠯᠪᠡᠷᠢ ᠪᠠᠷ ᠮᠠᠨ ᠤ ᠰᠢᠶᠠᠨ ᠤ ᠬᠤᠵᠢᠷᠯᠢᠭ ᠭᠠᠵᠠᠷ ᠢ ᠨᠡᠭᠡᠭᠡᠨ ᠠᠰᠢᠭᠯᠠᠬᠤ ᠵᠡᠷᠭᠡ ᠡᠯ᠎ᠡ

ᠵᠦᠢᠯ ᠤᠨ ᠠᠵᠢᠯ ᠤᠨ ᠪᠠᠶᠢᠳᠠᠯ ᠢ ᠨᠠᠷᠢᠨ ᠣᠶᠢᠯᠠᠭᠠᠬᠤ ᠶᠢᠨ ᠬᠠᠮᠲᠤ ᠭᠦᠢᠴᠡᠳ ᠨᠤᠲᠠᠯᠠᠪᠠ᠃

       ᠪᠠᠶᠢᠴᠠᠭᠠᠨ ᠰᠤᠳᠤᠯᠬᠤ ᠳᠤᠭᠤᠶᠢᠯᠠᠩ ᠠᠴᠠ ᠵᠢᠭᠠᠵᠤ ᠭᠠᠷᠭᠠᠭᠰᠠᠨ ᠨᠢ ᠂ ᠲᠠᠷᠢᠶᠠᠨ ᠭᠠᠵᠠᠷ ᠤᠨ ᠬᠠᠮᠠᠭᠠᠯᠠᠯᠲᠠ ᠶᠢ ᠴᠢᠩᠭᠠᠳᠬᠠᠬᠤ ᠶᠢᠨ ᠴᠢᠬᠤᠯᠠ ᠴᠢᠨᠠᠷ

ᠪᠠ ᠲᠤᠯᠭᠠᠮ᠎ᠠ ᠴᠢᠨᠠᠷ ᠢ ᠭᠦᠢᠴᠡᠳ ᠲᠠᠨᠢᠵᠤ ᠂ ᠲᠠᠷᠢᠶᠠᠨ ᠭᠠᠵᠠᠷ ᠢ ᠬᠠᠮᠠᠭᠠᠯᠠᠬᠤ ᠬᠠᠷᠢᠭᠤᠴᠠᠯᠭ᠎ᠠ ᠶᠢ ᠪᠣᠳᠠᠲᠠᠶᠢᠵᠢᠭᠤᠯᠵᠤ ᠂ ᠭᠠᠵᠠᠷ ᠣᠷᠣᠨ ᠤ ᠪᠠᠶᠢᠳᠠᠯ ᠳᠠᠭᠠᠨ

ᠲᠣᠬᠢᠷᠠᠭᠤᠯᠤᠨ ᠂ ᠲᠥᠷᠥᠯ ᠬᠤᠪᠢᠶᠠᠨ ᠠᠬᠢᠭᠤᠯᠵᠤ ᠂ ᠭᠠᠵᠠᠷ ᠰᠢᠷᠣᠢ ᠶᠢ ᠶᠡᠷᠦᠩᠬᠡᠶᠢᠯᠡᠨ ᠠᠰᠢᠭᠯᠠᠬᠤ ᠳᠠᠯᠳᠠ ᠬᠦᠴᠦᠨ ᠢ ᠠᠭᠤᠳᠠᠯᠤᠨ ᠂ ᠨᠠᠩ ᠥᠨᠳᠥᠷ

ᠪᠠᠷᠢᠮᠵᠢᠶ᠎ᠠ ᠂ ᠨᠠᠩ ᠪᠣᠳᠠᠲᠠᠢ ᠠᠷᠭ᠎ᠠ ᠬᠡᠮᠵᠢᠶ᠎ᠡ ᠪᠠᠷ ᠲᠠᠷᠢᠶᠠᠨ ᠭᠠᠵᠠᠷ ᠤᠨ ᠶᠠᠰᠤ ᠴᠢᠨᠠᠷ ᠢ ᠪᠥᠬᠦ ᠬᠦᠴᠦᠨ ᠢᠶᠠᠷ ᠢᠶᠠᠨ ᠳᠡᠭᠡᠭᠰᠢᠯᠡᠭᠦᠯᠬᠦ ᠬᠡᠷᠡᠭᠲᠡᠢ ᠃ ᠤᠯᠠᠨ

ᠵᠦᠢᠯ ᠤᠨ ᠠᠷᠭ᠎ᠠ ᠬᠡᠮᠵᠢᠶ᠎ᠡ ᠶᠢ ᠵᠡᠷᠭᠡᠪᠡᠷ ᠬᠡᠷᠡᠭᠵᠢᠭᠦᠯᠵᠦ ᠂ ᠪᠦᠬᠦ ᠠᠷᠠᠳ ᠤᠨ ᠲᠠᠷᠢᠶᠠᠨ ᠭᠠᠵᠠᠷ ᠢ ᠬᠠᠮᠠᠭᠠᠯᠠᠬᠤ ᠤᠬᠠᠮᠰᠠᠷ ᠢ ᠲᠠᠰᠤᠷᠠᠯᠲᠠ ᠦᠭᠡᠢ ᠴᠢᠩᠭᠠᠳᠬᠠᠵᠤ ᠂

ᠲᠠᠷᠢᠶᠠᠯᠠᠩ ᠤᠨ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠬᠤ ᠬᠡᠷᠡᠭᠲᠡᠢ ᠃ ᠭᠡᠰᠢᠭᠦᠳ ᠤᠨ ᠭᠤᠣᠯ ᠴᠣᠭᠴᠠ ᠶᠢᠨ ᠦᠢᠯᠡᠳᠦᠯ ᠢ ᠭᠦᠢᠴᠡᠳ ᠪᠠᠳᠠᠷᠠᠭᠤᠯᠵᠤ ᠂

ᠰᠣᠳᠣ ᠮᠡᠷᠭᠡᠨ ᠦᠭᠡ ᠶᠢ ᠶᠠᠷᠢᠵᠤ ᠂ ᠪᠣᠳᠠᠲᠠᠢ ᠶᠢ ᠡᠷᠬᠢᠮᠯᠡᠬᠦ ᠪᠣᠳᠣᠯᠭ᠎ᠠ ᠶᠢ ᠳᠡᠪᠰᠢᠭᠦᠯᠵᠦ ᠂ ᠬᠥᠭᠵᠢᠯᠲᠡ ᠶᠢᠨ ᠬᠦᠴᠦᠨ ᠢ ᠨᠢᠭᠲᠠᠷᠠᠭᠤᠯᠵᠤ ᠂ ᠲᠠᠷᠢᠶᠠᠯᠠᠩ ᠤᠨ

ᠰᠢᠨᠵᠢᠯᠡᠬᠦ ᠤᠬᠠᠭᠠᠨ ᠮᠡᠷᠭᠡᠵᠢᠯ ᠤᠨ ᠳᠡᠯᠭᠡᠷᠡᠭᠦᠯᠦᠯᠲᠡ ᠶᠢ ᠲᠦᠷᠭᠡᠳᠬᠡᠵᠦ ᠂ ᠲᠠᠷᠢᠶᠠᠴᠢᠳ ᠤᠨ ᠮᠡᠷᠭᠡᠵᠢᠯ ᠤᠨ ᠵᠢᠯᠣᠭᠤᠳᠤᠯᠭ᠎ᠠ ᠶᠢ ᠴᠢᠩᠭᠠᠳᠬᠠᠵᠤ ᠂ ᠬᠤᠵᠢᠷᠯᠢᠭ

ᠭᠠᠵᠠᠷ ᠢ ᠶᠡᠷᠦᠩᠬᠡᠶᠢᠯᠡᠨ ᠠᠰᠢᠭᠯᠠᠵᠤ ᠥᠭᠡᠷᠡᠴᠢᠯᠡᠨ ᠰᠠᠶᠢᠵᠢᠷᠠᠭᠤᠯᠬᠤ ᠠᠵᠢᠯ ᠳᠤ ᠤᠯᠤᠰ ᠲᠦᠷᠦ ᠶᠢᠨ ᠵᠥᠪᠯᠡᠯᠭᠡᠨ ᠤ ᠤᠶᠤᠨ ᠤᠬᠠᠭᠠᠨ ᠪᠠ ᠬᠦᠴᠦᠨ

ᠴᠢᠳᠠᠯ ᠢᠶᠠᠨ ᠡᠷᠭᠦᠬᠦ ᠬᠡᠷᠡᠭᠲᠡᠢ ᠭᠡᠪᠡ᠃

       ᠵᠠᠨ ᠮᠧᠶ ᠢᠯᠡᠷᠬᠡᠶᠢᠯᠡᠭᠰᠡᠨ ᠨᠢ᠂ ᠮᠠᠨ ᠤ ᠰᠢᠶᠠᠨ ᠰᠢᠶᠠᠨ ᠤ ᠬᠡᠪᠴᠢᠶᠡᠨ ᠤ ᠪᠣᠳᠠᠲᠠᠢ ᠲᠠᠢ ᠪᠠᠨ ᠤᠶᠠᠯᠳᠤᠭᠤᠯᠤᠨ ᠂

ᠲᠡᠷᠢᠭᠦᠨ ᠤ ᠭᠠᠵᠠᠷ ᠣᠷᠣᠨ ᠤ ᠲᠤᠷᠰᠢᠯᠭ᠎ᠠ ᠠᠷᠭ᠎ᠠ ᠬᠢᠳᠡᠯ ᠢᠶᠠᠷ ᠥᠷᠭᠡᠨ ᠢᠶᠠᠷ ᠲᠣᠯᠢ ᠪᠣᠯᠭᠠᠵᠤ ᠂ ᠭᠠᠵᠠᠷ ᠣᠷᠣᠨ ᠤ ᠪᠠᠶᠢᠳᠠᠯ ᠳᠠᠭᠠᠨ ᠲᠣᠬᠢᠷᠠᠭᠤᠯᠤᠨ ᠳᠠᠯᠳᠠ

ᠬᠦᠴᠦᠨ ᠢ ᠠᠭᠤᠳᠠᠯᠤᠨ ᠂ ᠬᠤᠵᠢᠷᠯᠢᠭ ᠭᠠᠵᠠᠷ ᠢ ᠶᠡᠷᠦᠩᠬᠡᠶᠢᠯᠡᠨ ᠰᠠᠶᠢᠵᠢᠷᠠᠭᠤᠯᠤᠨ ᠠᠰᠢᠭᠯᠠᠬᠤ ᠶᠢ ᠦᠷᠭᠦᠯᠵᠢᠯᠡᠨ ᠰᠠᠶᠢᠲᠤᠷ ᠠᠳᠬᠤᠵᠤ ᠂ ᠲᠠᠷᠢᠶᠠᠯᠠᠩ ᠮᠠᠯ ᠠᠵᠤ

ᠠᠬᠤᠢ ᠶᠢᠨ ᠶᠡᠷᠦᠩᠬᠡᠶᠢᠯᠡᠭᠰᠡᠨ ᠦᠢᠯᠡᠳᠪᠦᠷᠢᠯᠡᠯ ᠤᠨ ᠴᠢᠳᠠᠪᠤᠷᠢ ᠶᠢ ᠦᠨᠡᠨ ᠬᠦ ᠳᠡᠭᠡᠭᠰᠢᠯᠡᠭᠦᠯᠦᠨ ᠂ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠳᠤ

ᠬᠦᠴᠦᠨ ᠨᠡᠮᠡᠷᠢᠯᠡᠬᠦ ᠳᠤ ᠪᠣᠳᠠᠲᠠᠢ ᠠᠷᠭ᠎ᠠ ᠭᠠᠷᠭᠠᠵᠤ ᠂ ᠰᠠᠶᠢᠨ ᠠᠷᠭ᠎ᠠ ᠰᠦᠪᠡᠭᠴᠢᠯᠡᠨ᠎ᠡ ᠭᠡᠪᠡ᠃

 

ᠢᠷᠡᠯᠲᠡ᠄ ᠦᠶᠤᠸᠠᠨ ᠰᠢᠶᠠᠨ ᠤ ᠵᠠᠰᠠᠭ ᠤᠨ ᠤᠷᠳᠣᠨ ᠤ ᠮᠤᠡᠭᠭᠤᠯ ᠰᠦᠯᠵᠢᠶ᠎ᠡ