ᠰᠢᠶᠠᠨ ᠤ ᠨᠠᠮ ᠤᠨ ᠬᠤᠷᠢᠶᠠᠨ ᠤ ᠤᠨᠤᠯ ᠰᠤᠷᠤᠯᠴᠠᠬᠤ ᠭᠤᠣᠯ ᠳᠤᠭᠤᠶᠢᠯᠠᠩ ︵ᠥᠷᠭᠡᠳᠬᠡᠭᠰᠡᠨ︶ ᠤᠨ ᠬᠤᠷᠠᠯ  ᠬᠤᠷᠠᠯᠳᠤᠪᠠ
ᠨᠡᠶᠢᠲᠡᠯᠡᠭᠰᠡᠨ ᠴᠠᠭ᠄
2024/4/28
      4 ᠰᠠᠷ᠎ᠠ ᠶᠢᠨ 26 ᠤ ᠡᠳᠦᠷ ᠂ ᠰᠢᠶᠠᠨ ᠤ ᠨᠠᠮ ᠤᠨ ᠬᠤᠷᠢᠶᠠᠨ ᠤ ᠤᠨᠤᠯ ᠰᠤᠷᠤᠯᠴᠠᠬᠤ ᠭᠤᠣᠯ ᠳᠤᠭᠤᠶᠢᠯᠠᠩ ︵ ᠥᠷᠭᠡᠳᠬᠡᠭᠰᠡᠨ ︶ ᠤᠨ ᠬᠤᠷᠠᠯ ᠬᠤᠷᠠᠯᠳᠤᠪᠠ᠃ ᠰᠢᠶᠠᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶᠠᠨ ᠤ ᠡᠷᠬᠢᠯᠡᠭᠴᠢ ᠸᠠᠩ ᠵᠢᠶᠧ ᠹᠧᠩ ᠂ ᠰᠢᠶᠠᠨ ᠤ ᠤᠯᠤᠰ ᠲᠦᠷᠦ ᠶᠢᠨ ᠵᠥᠪᠯᠡᠯᠭᠡᠨ ᠤ ᠲᠡᠷᠢᠭᠦᠯᠡᠭᠴᠢ ᠵᠠᠨ ᠮᠧᠢ ᠂ ᠰᠢᠶᠠᠨ ᠤ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ ᠂ ᠠᠷᠠᠳ ᠤᠨ ᠵᠡᠪᠰᠡᠭᠲᠦ ᠬᠦᠴᠦᠨ ᠤ ᠬᠡᠯᠲᠡᠰ ᠤᠨ ᠳᠠᠷᠤᠭ᠎ᠠ ᠵᠠᠩ ᠷᠧᠨ ᠷᠠᠨ ᠂ ᠰᠢᠶᠠᠨ ᠤ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ ᠂ ᠤᠬᠠᠭᠤᠯᠬᠤ ᠬᠡᠯᠲᠡᠰ ᠤᠨ ᠳᠠᠷᠤᠭ᠎ᠠ ᠬᠤᠤ ᠶᠣᠣ ᠹᠧᠨ ᠂ ᠰᠢᠶᠠᠨ ᠤ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ ᠂ ᠰᠢᠶᠠᠨ ᠤ ᠨᠠᠮ ᠤᠨ ᠬᠤᠷᠢᠶᠠᠨ ᠤ ᠠᠯᠪᠠᠨ ᠭᠡᠷ ᠤᠨ ᠡᠷᠬᠢᠯᠡᠭᠴᠢ ᠭᠦᠸᠧ ᠯᠢᠶᠠᠨ ᠶᠤᠸᠠᠢ ᠬᠤᠷᠠᠯ ᠳᠤ ᠣᠷᠣᠯᠴᠠᠪᠠ᠃ 

微信截图_20240428160003.png

       ᠬᠤᠷᠠᠯ ᠳᠡᠭᠡᠷ᠎ᠡ ᠂ ᠥᠪᠡᠷᠲᠡᠭᠡᠨ ᠵᠠᠰᠠᠬᠤ ᠣᠷᠣᠨ ᠤ ᠦᠨᠳᠦᠰᠦᠲᠡᠨ ᠤ ᠬᠡᠷᠡᠭ ᠡᠷᠬᠢᠯᠡᠬᠦ ᠵᠥᠪᠯᠡᠯ ᠤᠨ ᠦᠨᠳᠦᠰᠦᠲᠡᠨ ᠤ ᠪᠦᠯᠬᠦᠮᠳᠡᠯ ᠢ ᠠᠬᠢᠭᠤᠯᠬᠤ

ᠭᠠᠵᠠᠷ ᠤᠨ ᠨᠢᠭᠡᠳᠦᠭᠡᠷ ᠳᠡᠰ ᠤᠨ ᠡᠷᠬᠢᠯᠡᠭᠴᠢ ᠭᠡᠰᠢᠭᠦᠨ ᠦ᠋ ᠰᠢᠶᠣᠣ ᠳ᠋ᠦᠩ ︽ ᠠᠵᠢᠯ ᠤᠨ ᠭᠤᠣᠯᠳᠠᠯᠭ᠎ᠠ ᠶᠢ ᠵᠥᠪ ᠲᠠᠨᠢᠵᠤ ᠡᠵᠡᠮᠰᠢᠬᠦ ︿ ᠰᠢᠨ᠎ᠡ ﹀ ᠭᠦᠢᠴᠡᠳᠬᠡᠯ

ᠲᠤᠭ᠎ᠠ ᠪᠠᠷ ︿ ᠰᠢᠯᠢᠳᠡᠭ ﹀ ᠶᠢ ᠡᠭᠦᠳᠦᠨ ᠪᠠᠶᠢᠭᠤᠯᠬᠤ ᠶᠢ ᠬᠥᠲᠥᠯᠥᠨ ᠳᠠᠭᠠᠭᠤᠯᠤᠶ᠎ᠠ ︾ ᠭᠡᠬᠦ ᠰᠡᠳᠦᠪ ᠢᠶᠠᠷ ᠂ ᠪᠥᠬᠦ ᠤᠯᠤᠰ ᠤᠨ ᠦᠨᠳᠦᠰᠦᠲᠡᠨ ᠤ ᠪᠦᠯᠬᠦᠮᠳᠡᠯ

ᠳᠠᠪᠰᠢᠯᠲᠠ ᠶᠢᠨ ᠵᠢᠱᠢᠶ᠎ᠡ ᠦᠵᠡᠭᠦᠯᠬᠦ ᠣᠷᠣᠨ ᠤ ᠵᠢᠱᠢᠶ᠎ᠡ ᠦᠵᠡᠭᠦᠯᠬᠦ ᠨᠢᠭᠡᠴᠢ ᠶᠢᠨ ᠰᠢᠯᠭᠠᠨ ᠦᠨᠡᠯᠡᠬᠦ ᠭᠦᠢᠴᠡᠳᠬᠡᠯ ᠲᠤᠭ᠎ᠠ ᠪᠠᠷ ᠵᠢᠯᠣᠭᠤᠳᠤᠯᠭ᠎ᠠ ᠪᠣᠯᠭᠠᠵᠤ ᠂

ᠦᠨᠳᠦᠰᠦᠲᠡᠨ ᠤ ᠪᠦᠯᠬᠦᠮᠳᠡᠯ ᠳᠠᠪᠰᠢᠯᠲᠠ ᠶᠢ ᠡᠭᠦᠳᠦᠨ ᠪᠠᠶᠢᠭᠤᠯᠬᠤ ᠠᠵᠢᠯ ᠤᠨ ᠶᠠᠰᠤ ᠴᠢᠨᠠᠷ ᠢ ᠳᠡᠭᠡᠭᠰᠢᠯᠡᠭᠦᠯᠦᠨ ᠦᠷ᠎ᠡ ᠠᠰᠢᠭ ᠢ ᠨᠡᠮᠡᠭᠳᠡᠭᠦᠯᠬᠦ ᠶᠢ ᠠᠬᠢᠭᠤᠯᠵᠤ᠂

ᠪᠥᠬᠦ ᠤᠯᠤᠰ ᠤᠨ ᠦᠨᠳᠦᠰᠦᠲᠡᠨ ᠤ ᠪᠦᠯᠬᠦᠮᠳᠡᠯ ᠳᠠᠪᠰᠢᠯᠲᠠ ᠶᠢᠨ ᠵᠢᠱᠢᠶ᠎ᠡ ᠦᠵᠡᠭᠦᠯᠬᠦ ᠰᠢᠶᠠᠨ ᠢ ᠪᠥᠬᠦ ᠬᠦᠴᠦᠨ ᠢᠶᠠᠷ ᠢᠶᠠᠨ ᠴᠢᠷᠮᠠᠶᠢᠨ ᠪᠠᠶᠢᠭᠤᠯᠬᠤ ᠪᠠᠷ ᠭᠤᠣᠯ

ᠠᠭᠤᠯᠭ᠎ᠠ ᠪᠣᠯᠭᠠᠵᠤ ᠂ ᠪᠥᠬᠦ ᠰᠢᠶᠠᠨ ᠤ ᠦᠨᠳᠦᠰᠦᠲᠡᠨ ᠤ ᠪᠦᠯᠬᠦᠮᠳᠡᠯ ᠳᠠᠪᠰᠢᠯᠲᠠ ᠶᠢ ᠡᠭᠦᠳᠦᠨ ᠪᠠᠶᠢᠭᠤᠯᠬᠤ ᠠᠵᠢᠯ ᠢ ᠰᠠᠶᠢᠲᠤᠷ ᠬᠢᠬᠦ ᠳᠤ ᠪᠣᠳᠠᠲᠠᠢ ᠨᠠᠷᠢᠨ

ᠨᠢᠮᠪᠠᠢ ᠵᠢᠯᠣᠭᠤᠳᠤᠯᠭ᠎ᠠ ᠬᠢᠪᠡ᠃

       ᠬᠤᠷᠠᠯ ᠠᠴᠠ ᠱᠠᠭᠠᠷᠳᠠᠭᠰᠠᠨ ᠨᠢ᠂ ᠡᠯ᠎ᠡ ᠰᠠᠯᠠᠭ᠎ᠠ ᠮᠥᠴᠢᠷ ᠡᠯ᠎ᠡ ᠨᠢᠭᠡᠴᠡ ᠶᠡᠷᠦᠩᠬᠡᠢ ᠱᠦᠵᠢ ᠰᠢ ᠶᠢᠨ ᠫᠢᠩ ᠤᠨ

ᠦᠨᠳᠦᠰᠦᠲᠡᠨ ᠤ ᠠᠵᠢᠯ ᠢ ᠴᠢᠩᠭᠠᠳᠬᠠᠨ ᠰᠠᠶᠢᠵᠢᠷᠠᠭᠤᠯᠬᠤ ᠲᠤᠬᠠᠢ ᠴᠢᠬᠤᠯᠠ ᠦᠵᠡᠯ ᠰᠠᠨᠠᠭ᠎ᠠ ᠶᠢ ᠭᠦᠨᠵᠡᠭᠡᠢ ᠰᠤᠷᠤᠯᠴᠠᠨ ᠲᠤᠭᠤᠰᠢᠯᠠᠭᠤᠯᠵᠤ ᠂ ᠨᠠᠮ ᠤᠨ

ᠦᠨᠳᠦᠰᠦᠲᠡᠨ ᠤ ᠠᠵᠢᠯ ᠤᠨ ᠦᠨᠳᠦᠰᠦᠨ ᠪᠣᠳᠣᠯᠭ᠎ᠠ ᠴᠢᠭᠯᠡᠯᠲᠡ ᠶᠢ ᠪᠠᠲᠤ ᠡᠵᠡᠮᠳᠡᠵᠦ ᠂ ︽ ᠲᠠᠪᠤᠨ ᠬᠠᠮᠲᠤ ᠶᠢᠨ ᠲᠠᠨᠢᠯᠲᠠ ︾ ᠳᠤ ᠠᠩᠬᠠᠷᠤᠯ ᠢᠶᠠᠨ

ᠲᠥᠪᠯᠡᠷᠡᠭᠦᠯᠵᠦ ᠂ ︽ ᠭᠤᠷᠪᠠᠨ ᠤᠬᠠᠮᠰᠠᠷ ︾ ᠢ ᠴᠢᠩᠭᠠᠳᠬᠠᠬᠤ ᠬᠡᠷᠡᠭᠲᠡᠢ ᠃ ᠦᠵᠡᠯ ᠰᠠᠨᠠᠭ᠎ᠠ ᠪᠠ ᠦᠢᠯᠡ ᠠᠵᠢᠯᠯᠠᠭ᠎ᠠ ᠪᠠᠨ ᠨᠠᠮ ᠤᠨ ᠲᠥᠪ ᠬᠤᠷᠢᠶᠠᠨ ᠤ

ᠰᠢᠢᠳᠪᠦᠷᠢᠲᠦ ᠪᠣᠳᠣᠯᠭ᠎ᠠ ᠪᠠᠶᠢᠷᠢᠯᠠᠭᠤᠯᠤᠯᠲᠠ ᠪᠠ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠂ ᠬᠤᠳᠠ ᠶᠢᠨ ᠨᠠᠮ ᠤᠨ ᠬᠤᠷᠢᠶᠠᠨ ᠤ ᠠᠵᠢᠯ ᠤᠨ

ᠱᠠᠭᠠᠷᠳᠠᠯᠭ᠎ᠠ ᠳᠡᠭᠡᠷ᠎ᠡ ᠦᠨᠡᠨ ᠬᠦ ᠨᠢᠭᠡᠳᠬᠡᠵᠦ ᠂ ᠤᠬᠠᠮᠰᠠᠷ ᠠᠴᠠ ᠪᠠᠨ ᠶᠡᠷᠦᠩᠬᠡᠢ ᠱᠦᠵᠢ ᠰᠢ ᠶᠢᠨ ᠫᠢᠩ ᠤᠨ ᠦᠨᠳᠦᠰᠦᠲᠡᠨ ᠤ ᠠᠵᠢᠯ ᠢ ᠴᠢᠩᠭᠠᠳᠬᠠᠨ

ᠰᠠᠶᠢᠵᠢᠷᠠᠭᠤᠯᠬᠤ ᠲᠤᠬᠠᠢ ᠴᠢᠬᠤᠯᠠ ᠦᠵᠡᠯ ᠰᠠᠨᠠᠭ᠎ᠠ ᠪᠠᠷ ᠲᠠᠷᠢᠬᠢ ᠲᠣᠯᠣᠭᠠᠢ ᠪᠠᠨ ᠵᠡᠪᠰᠡᠭᠯᠡᠵᠦ ᠂ ᠦᠢᠯᠡᠳᠦᠯᠭᠡ ᠪᠠᠨ ᠵᠢᠯᠣᠭᠤᠳᠤᠭᠤᠯᠵᠤ ᠂ ᠠᠵᠢᠯ ᠢᠶᠠᠨ

ᠠᠬᠢᠭᠤᠯᠬᠤ ᠬᠡᠷᠡᠭᠲᠡᠢ ᠃ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤ ᠴᠣᠭᠴᠠᠯᠠᠬᠤ ᠡᠨᠡ ᠬᠦ ᠭᠤᠣᠯ ᠰᠢᠵᠢᠮ ᠲᠠᠢ ᠨᠢᠭᠲᠠ

ᠤᠶᠠᠯᠳᠤᠭᠤᠯᠤᠨ ᠂ ᠰᠢᠨ᠎ᠡ ᠴᠠᠭ ᠦᠶ᠎ᠡ ᠶᠢᠨ ᠦᠨᠳᠦᠰᠦᠲᠡᠨ ᠤ ᠠᠵᠢᠯ ᠢ ᠨᠡᠩ ᠪᠣᠳᠠᠲᠠᠢ ᠰᠠᠶᠢᠲᠤᠷ ᠬᠢᠵᠦ ᠂ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ

ᠴᠣᠭᠴᠠ ᠶᠢᠨ ᠤᠬᠠᠮᠰᠠᠷ ᠢ ᠨᠠᠷᠢᠨ ᠬᠢᠨᠠᠮᠠᠭᠠᠢ ᠰᠠᠶᠢᠲᠤᠷ ᠨᠠᠶᠢᠳᠠᠪᠤᠷᠢᠵᠢᠭᠤᠯᠵᠤ ᠂ ᠦᠨᠳᠦᠰᠦᠲᠡᠨ ᠤ ᠪᠦᠯᠬᠦᠮᠳᠡᠯ ᠲᠠᠪᠰᠢᠯᠳᠠ ᠶᠢ ᠡᠭᠦᠳᠦᠨ ᠪᠠᠶᠢᠭᠤᠯᠬᠤ

ᠠᠵᠢᠯᠯᠠᠭ᠎ᠠ ᠶᠢ ᠪᠦᠬᠦ ᠲᠠᠯ᠎ᠠ ᠪᠠᠷ ᠭᠦᠨᠵᠡᠭᠡᠢ ᠤᠳᠠᠭᠠᠨ ᠳᠠᠭᠠᠭᠠᠮᠠᠭᠠᠢ ᠥᠷᠨᠢᠭᠦᠯᠵᠦ ᠂ ᠠᠭᠤᠯᠤᠭᠳᠠᠬᠤᠨ ᠢ ᠦᠷᠭᠦᠯᠵᠢᠯᠡᠨ ᠭᠦᠨᠵᠡᠭᠡᠶᠢᠷᠡᠭᠦᠯᠵᠦ ᠂ ᠬᠡᠯᠪᠡᠷᠢ ᠶᠢ

ᠪᠠᠶᠠᠯᠢᠭᠵᠢᠭᠤᠯᠵᠤ ᠂ ᠠᠷᠭ᠎ᠠ ᠶᠢ ᠰᠢᠨᠡᠴᠢᠯᠡᠵᠦ ᠂ ᠦᠨᠳᠦᠰᠦᠲᠡᠨ ᠤ ᠪᠦᠯᠬᠦᠮᠳᠡᠯ ᠲᠠᠪᠰᠢᠯᠳᠠ ᠶᠢ ᠡᠭᠦᠳᠦᠨ ᠪᠠᠶᠢᠭᠤᠯᠬᠤ ᠶᠢ ᠪᠦᠬᠦ ᠰᠢᠶᠠᠨ ᠤ ᠡᠯ᠎ᠡ ᠵᠦᠢᠯ ᠤᠨ

ᠠᠵᠢᠯ ᠳᠤ ᠠᠭᠤᠰᠤᠯᠴᠠᠭᠤᠯᠵᠤ ᠂ ᠦᠨᠳᠦᠰᠦᠲᠡᠨ ᠤ ᠪᠦᠯᠬᠦᠮᠳᠡᠯ ᠲᠠᠪᠰᠢᠯᠳᠠ ᠶᠢᠨ ᠣᠶᠢᠯᠠᠭᠠᠭᠳᠠᠬᠤᠨ ᠪᠣᠯᠣᠨ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ

ᠴᠣᠭᠴᠠ ᠶᠢᠨ ᠤᠬᠠᠮᠰᠠᠷ ᠢ ᠦᠨᠡᠨᠬᠦ ᠡᠯ᠎ᠡ ᠰᠠᠯᠠᠭ᠎ᠠ ᠮᠥᠴᠢᠷ ᠡᠯ᠎ᠡ ᠠᠵᠢᠯ ᠲᠦᠷᠦᠯ ᠡᠯ᠎ᠡ ᠬᠦᠷᠢᠶᠡᠨ ᠳᠤ ᠢᠯᠡᠷᠡᠭᠦᠯᠵᠦ ᠂ ᠮᠠᠨ ᠤ ᠰᠢᠶᠠᠨ ᠤ ᠦᠨᠳᠦᠰᠦᠲᠡᠨ ᠤ

ᠪᠦᠯᠬᠦᠮᠳᠡᠯ ᠲᠠᠪᠰᠢᠯᠳᠠ ᠶᠢ ᠡᠭᠦᠳᠦᠨ ᠪᠠᠶᠢᠭᠤᠯᠬᠤ ᠠᠵᠢᠯ ᠤᠨ ᠶᠠᠰᠤ ᠴᠢᠨᠠᠷ ᠢ ᠳᠡᠭᠡᠭᠰᠢᠯᠡᠭᠦᠯᠵᠦ ᠦᠷ᠎ᠡ ᠠᠰᠢᠭ ᠢ ᠨᠡᠮᠡᠭᠳᠡᠭᠦᠯᠬᠦ ᠂ ᠲᠡᠰ ᠳᠡᠪᠰᠢᠭᠦᠯᠬᠦ ᠶᠢ ᠪᠦᠬᠦ

ᠲᠠᠯ᠎ᠠ ᠪᠠᠷ ᠠᠬᠢᠭᠤᠯᠵᠤ ᠂ ᠥᠪᠡᠷᠲᠡᠭᠡᠨ ᠵᠠᠰᠠᠬᠤ ᠣᠷᠣᠨ ᠢ ᠪᠦᠬᠦ ᠲᠠᠯ᠎ᠠ ᠪᠠᠷ ᠪᠠᠶᠢᠭᠤᠯᠬᠤ ᠳᠤ ᠦᠶᠤᠸᠠᠨ ᠬᠦᠴᠦᠨ ᠴᠢᠳᠠᠯ ᠢᠶᠠᠨ ᠡᠷᠭᠦᠬᠦ ᠬᠡᠷᠡᠭᠲᠡᠢ ᠭᠡᠪᠡ᠃

 

ᠢᠷᠡᠯᠲᠡ᠄ ᠦᠶᠤᠸᠠᠨ ᠰᠢᠶᠠᠨ ᠤ ᠵᠠᠰᠠᠭ ᠤᠨ ᠤᠷᠳᠣᠨ ᠤ ᠮᠤᠡᠭᠭᠤᠯ ᠰᠦᠯᠵᠢᠶ᠎ᠡ