ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢ ᠴᠣᠭᠴᠠᠯᠠᠨ ᠪᠠᠶᠢᠭᠤᠯᠬᠤ ᠤᠬᠠᠮᠰᠠᠷ ᠤᠨ ᠤᠬᠠᠭᠤᠯᠭ᠎ᠠ ᠬᠥᠮᠦᠵᠢᠯ ᠢ ᠤᠯᠠᠮ ᠴᠢᠨᠠᠭᠰᠢᠳᠠ | ᠴᠢᠩᠭᠠᠳᠬᠠᠵᠤ ᠂ ᠦᠵᠡᠯ ᠰᠠᠨᠠᠭᠠᠨ ᠤ ᠤᠬᠠᠮᠰᠠᠷ ᠢᠶᠠᠨ ᠠᠵᠢᠯᠯᠠᠭᠠᠨ ᠤ ᠤᠬᠠᠮᠰᠠᠷ ᠪᠣᠯᠭᠠᠨ ᠬᠤᠪᠢᠷᠠᠭᠤᠯᠬᠤ ᠶᠢᠨ ᠲᠥᠯᠥᠭᠡ᠂ 3 ᠰᠠᠷ᠎ᠠ ᠶᠢᠨ 29 ᠋ ᠤ | ᠡᠳᠦᠷ ᠠᠴᠠ 4 ᠰᠠᠷ᠎ᠠ ᠶᠢᠨ 1 ᠋ ᠤ ᠡᠳᠦᠷ ᠪᠣᠯᠲᠠᠯ᠎ᠠ᠂ ᠦᠶᠤᠸᠠᠨ ᠰᠢᠶᠠᠨ ᠤ ᠬᠢᠨ ᠪᠦᠬᠦ ᠺᠠᠳ᠋ᠷ ᠠᠵᠢᠯᠲᠠᠨ ᠢ ᠵᠣᠬᠢᠶᠠᠨ ᠪᠠᠶᠢᠭᠤᠯᠵᠤ ᠳᠤᠮᠳᠠᠳᠤ ᠶᠢᠨ | ᠦᠨᠳᠦᠰᠦᠲᠡᠨ ᠤ ᠬᠠᠮᠲᠤ ᠶᠢᠨ ᠴᠣᠭᠴᠠ ᠶᠢ ᠴᠣᠭᠴᠠᠯᠠᠨ ᠪᠠᠶᠢᠭᠤᠯᠬᠤ ᠤᠬᠠᠮᠰᠠᠷ ᠤᠨ ᠮᠡᠳᠡᠯᠭᠡ ᠶᠢᠨ ᠰᠢᠯᠭᠠᠯᠲᠠ ᠳᠤ ᠣᠷᠣᠯᠴᠠᠭᠤᠯᠵᠠᠢ ᠃ | ᠲᠣᠰ ᠤᠳᠠᠭᠠᠨ ᠤ ᠰᠢᠯᠭᠠᠯᠲᠠ ᠳᠤ ᠰᠢᠯᠭᠠᠯᠲᠠ ᠶᠢᠨ ᠬᠠᠭᠤᠳᠠᠰᠤ ᠶᠢ ᠬᠠᠭᠠᠵᠤ ᠰᠡᠳᠦᠪ ᠬᠠᠷᠢᠭᠤᠯᠬᠤ ᠠᠷᠭ᠎ᠠ ᠮᠠᠶ᠋ᠢᠭ ᠢ ᠠᠪᠴᠤ᠂ ᠭᠤᠣᠯᠳᠠᠭᠤ ᠪᠥᠬᠦ | ᠺᠠᠳ᠋ᠷ ᠠᠵᠢᠯᠲᠠᠨ ᠤ ︽ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤ ᠪᠣᠶ ᠪᠣᠯᠭᠠᠬᠤ︾ ᠲᠤᠬᠠᠢ ᠮᠡᠳᠡᠪᠡᠯ ᠵᠣᠬᠢᠬᠤ ᠵᠦᠢᠯ᠂ | ᠦᠨᠳᠦᠰᠦᠲᠡᠨ ᠤ ᠪᠦᠯᠬᠦᠮᠳᠡᠯ ᠳᠠᠪᠰᠢᠯᠲᠠ ᠶᠢᠨ ᠠᠵᠢᠯ᠂ ᠨᠠᠮ ᠤᠨ ᠦᠨᠳᠦᠰᠦᠲᠡᠨ ᠤ ᠣᠨᠣᠯ ᠲᠥᠷᠥ ᠶᠢᠨ ᠪᠣᠳᠣᠯᠭ᠎ᠠ ᠵᠡᠷᠭᠡ ᠬᠤᠯᠪᠣᠭᠳᠠᠯ ᠪᠦᠬᠦᠢ ᠠᠭᠤᠯᠭ᠎ᠠ ᠶᠢ | ᠣᠶᠢᠯᠠᠭᠠᠨ ᠡᠵᠡᠮᠰᠢᠭᠰᠡᠨ ᠬᠡᠮᠵᠢᠶ᠎ᠡ ᠶᠢ ᠰᠢᠯᠭᠠᠨ ᠪᠠᠶᠢᠴᠠᠭᠠᠨ᠎ᠠ᠃ ᠲᠣᠰ ᠤᠳᠠᠭᠠᠨ ᠤ ᠰᠢᠯᠭᠠᠯᠲᠠ ᠪᠠᠷ ᠳᠡᠮᠵᠢᠨ᠂ ︽ᠬᠡᠮᠵᠢᠯᠲᠡ ᠪᠠᠷ ᠰᠤᠷᠤᠯᠴᠠᠯᠭ᠎ᠠ ᠶᠢ ᠠᠬᠢᠭᠤᠯᠬᠤ | ᠂ ᠰᠤᠷᠤᠯᠴᠠᠯᠭ᠎ᠠ ᠪᠠᠷ ᠠᠵᠢᠯᠯᠠᠬᠤ ᠶᠢ ᠠᠬᠢᠭᠤᠯᠬᠤ᠂ ᠠᠳᠠᠯᠢᠳᠬᠠᠨ ᠰᠤᠷᠤᠯᠴᠠᠬᠤ ᠶᠢ ᠬᠥᠭᠡᠭᠡᠵᠦ ᠭᠦᠢᠴᠡᠨ ᠳᠠᠪᠠᠭ᠋ᠤ᠂ ᠲᠡᠷᠢᠭᠦᠨ ᠳᠤ ᠣᠷᠣᠬᠤ ᠪᠠᠷ ᠴᠢᠷᠮᠠᠶᠢᠬᠤ︾ | ᠭᠦᠨ ᠵᠤᠵᠠᠭᠠᠨ ᠰᠤᠷᠤᠯᠴᠠᠬᠤ ᠠᠭᠤᠷ ᠠᠮᠢᠰᠬᠤᠯ ᠢ ᠪᠣᠶ ᠪᠣᠯᠭᠠᠪᠠ᠃ | ᠳᠠᠷᠠᠭᠠᠴᠢ ᠶᠢᠨ ᠠᠯᠬᠤᠮ ᠳᠤ ᠂ ᠦᠶᠤᠸᠠᠨ ᠰᠢᠶᠠᠨ ᠤ ᠬᠢᠨ ᠬᠡᠯᠪᠡᠷᠢ ᠶᠢᠨ ᠰᠢᠨ᠎ᠡ ᠶᠢ ᠡᠭᠦᠳᠴᠦ ᠂ ᠠᠴᠢᠶᠠᠯᠠᠪᠤᠷᠢ ᠪᠠᠨ ᠪᠠᠶᠠᠯᠢᠭᠵᠢᠭᠤᠯᠵᠤ ᠂ ᠨᠠᠮ ᠤᠨ | ᠦᠨᠳᠦᠰᠦᠲᠡᠨ ᠤ ᠤᠨᠤᠯ ᠲᠦᠷᠦ ᠶᠢᠨ ᠪᠣᠳᠣᠯᠭ᠎ᠠ ᠶᠢᠨ ᠮᠡᠳᠡᠯᠭᠡ ᠶᠢᠨ ᠰᠢᠯᠭᠠᠯᠲᠠ ᠶᠢ ᠦᠷᠭᠦᠯᠵᠢᠯᠡᠨ ᠥᠷᠨᠢᠭᠦᠯᠵᠦ ᠂ ᠪᠦᠬᠦ ᠺᠠᠳ᠋ᠷ ᠠᠵᠢᠯᠲᠠᠨ ᠠᠵᠢᠯᠴᠢᠨ ᠤ ᠤᠨᠤᠯ | ᠪᠠ ᠦᠢᠯᠡᠳᠦᠯᠭᠡ ᠶᠢᠨ ᠴᠢᠳᠠᠪᠤᠷᠢ ᠶᠢᠨ ᠲᠦᠪᠰᠢᠨ ᠢ ᠳᠡᠭᠡᠭᠰᠢᠯᠡᠭᠦᠯᠵᠦ ᠂ ᠦᠨᠳᠦᠰᠦᠲᠡᠨ ᠨᠦᠭᠦᠳ ᠤᠨ ᠺᠠᠳ᠋ᠷ ᠠᠵᠢᠯᠲᠠᠨ ᠤ ᠡᠭᠦᠳᠦᠨ ᠪᠠᠶᠢᠭᠤᠯᠬᠤ ᠠᠵᠢᠯ ᠳᠤ | ᠣᠷᠣᠯᠴᠠᠬᠤ ᠢᠳᠡᠪᠬᠢᠵᠢᠯ ᠂ ᠰᠠᠨᠠᠭᠠᠴᠢᠯᠠᠭᠠᠲᠤ ᠴᠢᠨᠠᠷ ᠂ ᠤᠬᠠᠮᠰᠠᠷᠲᠤ ᠴᠢᠨᠠᠷ ᠢ ᠳᠠᠰᠤᠷᠠᠯᠳᠠ ᠦᠭᠡᠢ ᠳᠡᠭᠡᠭᠰᠢᠯᠡᠭᠦᠯᠵᠦ ᠂ ︽ ᠵᠢᠱᠢᠶᠡᠴᠢ ᠥᠪᠡᠷᠲᠡᠭᠡᠨ ᠵᠠᠰᠠᠬᠤ | ᠣᠷᠣᠨ ︾ ᠋ ᠢ ᠪᠦᠬᠦ ᠲᠠᠯ᠎ᠠ ᠪᠠᠷ ᠪᠦᠲᠦᠭᠡᠨ ᠪᠠᠶᠢᠭᠤᠯᠬᠤ ᠳᠤ ᠬᠦᠴᠦᠨ ᠴᠢᠳᠠᠯ ᠢᠶᠠᠨ ᠡᠷᠭᠦᠨ᠎ᠡ᠃ | |