︽ᠦᠶᠤᠸᠠᠨ ᠰᠢᠶᠠᠨ ᠤ ᠰᠤᠷᠤᠭᠴᠢᠳ ᠤᠨ ᠤᠰᠤᠨ ᠳᠤ ᠵᠢᠪᠬᠦ ᠶᠢ ᠤᠷᠢᠳᠴᠢᠯᠠᠨ ᠰᠡᠷᠭᠡᠶᠢᠯᠡᠬᠦ ᠬᠠᠮᠲᠤᠷᠠᠨ ᠰᠡᠷᠭᠡᠶᠢᠯᠡᠵᠦ ᠬᠠᠮᠲᠤᠷᠠᠨ ᠬᠢᠵᠠᠭᠠᠷᠯᠠᠬᠤ ᠲᠣᠭᠲᠠᠴᠠ ᠶᠢ | ᠬᠡᠷᠡᠭᠵᠢᠭᠦᠯᠬᠦ ᠲᠥᠰᠥᠯ︾ ᠢ ᠳᠠᠷᠤᠮᠠᠯᠯᠠᠨ ᠲᠠᠷᠬᠠᠭᠠᠬᠤ ᠲᠤᠬᠠᠢ ᠮᠡᠳᠡᠭᠳᠡᠯ | ᠡᠯ᠎ᠡ ᠰᠤᠮᠤ ᠪᠠᠯᠭᠠᠰᠤᠨ ᠤ ᠠᠷᠠᠳ ᠤᠨ ᠵᠠᠰᠠᠭ ᠤᠨ ᠣᠷᠳᠣᠨ ︵ᠬᠡᠷᠡᠭ ᠡᠷᠬᠢᠯᠡᠬᠦ ᠭᠠᠵᠠᠷ︶᠂ ᠰᠢᠶᠠᠨ ᠤ ᠰᠢᠭᠤᠳ ᠬᠠᠷᠢᠶ᠎ᠠ ᠡᠯ᠎ᠡ ᠬᠤᠯᠪᠣᠭᠳᠠᠯ | ᠪᠦᠬᠦᠢ ᠰᠠᠯᠠᠭ᠎ᠠ ᠮᠥᠴᠢᠷ᠂ ᠰᠢᠶᠠᠨ ᠳᠤ ᠰᠠᠭᠤᠭ᠎ᠠ ᠡᠯ᠎ᠡ ᠬᠤᠯᠪᠣᠭᠳᠠᠯ ᠪᠦᠬᠦᠢ ᠨᠢᠭᠡᠴᠡ ᠳᠤ᠄ | ᠰᠢᠶᠠᠨ ᠤ ᠵᠠᠰᠠᠭ ᠤᠨ ᠣᠷᠳᠣᠨ ᠰᠤᠳᠤᠯᠤᠨ ᠵᠥᠪᠰᠢᠶᠡᠷᠡᠭᠡᠳ᠂ ᠡᠳᠦᠭᠡ ︽ᠦᠶᠤᠸᠠᠨ ᠰᠢᠶᠠᠨ ᠤ ᠰᠤᠷᠤᠭᠴᠢᠳ ᠤᠨ ᠤᠰᠤᠨ ᠳᠤ ᠵᠢᠪᠬᠦ ᠶᠢ | ᠤᠷᠢᠳᠴᠢᠯᠠᠨ ᠰᠡᠷᠭᠡᠶᠢᠯᠡᠬᠦ ᠬᠠᠮᠲᠤᠷᠠᠨ ᠰᠡᠷᠭᠡᠶᠢᠯᠡᠵᠦ ᠬᠠᠮᠲᠤᠷᠠᠨ ᠡᠵᠡᠮᠳᠡᠬᠦ ᠲᠣᠭᠲᠠᠴᠠ ᠶᠢᠨ ᠬᠡᠷᠡᠭᠵᠢᠭᠦᠯᠬᠦ ᠲᠥᠰᠥᠯ︾ ᠢ ᠲᠠᠨᠠᠷ ᠲᠤ ᠳᠠᠷᠤᠮᠠᠯᠯᠠᠨ ᠶᠠᠪᠤᠭᠤᠯᠤᠯ᠎ᠠ᠂ | ᠪᠣᠳᠠᠲᠠᠢ ᠲᠠᠢ ᠪᠠᠨ ᠤᠶᠠᠯᠳᠤᠭᠤᠯᠤᠨ᠂ ᠬᠢᠨᠠᠮᠠᠭᠠᠢ ᠵᠢᠷᠤᠮᠯᠠᠨ ᠬᠡᠷᠡᠭᠵᠢᠭᠦᠯᠲᠦᠭᠡᠢ᠃ | ᠦᠶᠤᠸᠠᠨ ᠰᠢᠶᠠᠨ ᠤ ᠠᠷᠠᠳ ᠤᠨ ᠵᠠᠰᠠᠭ ᠤᠨ ᠣᠷᠳᠣᠨ | 2023 ᠣᠨ ᠤ 7 ᠰᠠᠷ᠎ᠠ ᠶᠢᠨ 7 ᠤ ᠡᠳᠦᠷ | | | ᠦᠶᠤᠸᠠᠨ ᠰᠢᠶᠠᠨ ᠤ ᠰᠤᠷᠤᠭᠴᠢᠳ ᠤᠨ ᠤᠰᠤᠨ ᠳᠤ ᠵᠢᠪᠬᠦ ᠶᠢ ᠤᠷᠢᠳᠴᠢᠯᠠᠨ ᠰᠡᠷᠭᠡᠶᠢᠯᠡᠬᠦ ᠬᠠᠮᠲᠤᠷᠠᠨ ᠰᠡᠷᠭᠡᠶᠢᠯᠡᠬᠦ ᠬᠠᠮᠲᠤᠷᠠᠨ ᠬᠢᠵᠠᠭᠠᠷᠯᠠᠬᠤ ᠲᠣᠭᠲᠠᠴᠠ | ᠬᠡᠷᠡᠭᠵᠢᠭᠦᠯᠬᠦ ᠲᠥᠰᠥᠯ | ᠨᠠᠷᠢᠨ ᠬᠢᠨᠠᠮᠠᠭᠠᠢ ᠲᠤᠤᠱᠯᠠᠭᠤᠯᠤᠨ ᠨᠠᠶᠢᠳᠠᠪᠤᠷᠢᠵᠢᠭᠤᠯᠬᠤ ᠶᠢᠨ ᠲᠥᠯᠥᠭᠡ︾ ᠭᠡᠵᠦ ᠬᠡᠯᠡᠪᠡ᠃ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ | ᠰᠤᠷᠤᠭᠴᠢᠳ ᠤᠨ ᠤᠰᠤᠨ ᠳᠤ ᠵᠢᠪᠬᠦ ᠶᠢ ᠤᠷᠢᠳᠴᠢᠯᠠᠨ ᠰᠡᠷᠭᠡᠶᠢᠯᠡᠬᠦ ᠠᠵᠢᠯ ᠤᠨ ᠲᠤᠰᠬᠠᠢ ᠠᠵᠢᠯᠯᠠᠭ᠎ᠠ ᠶᠢᠨ ᠬᠡᠷᠡᠭᠵᠢᠭᠦᠯᠬᠦ ᠲᠥᠰᠥᠯ ︵ᠥᠪᠥᠷ ᠰᠤᠷᠭᠠᠨ | ᠲᠠᠷᠬᠠᠭᠠᠭᠰᠠᠨ ﹇2023﹈ 15 ᠳ᠋ᠤᠭᠠᠷ ᠲᠣᠭᠠᠲᠤ︶᠂ ︽ᠰᠤᠷᠤᠭᠴᠢᠳ ᠤᠨ ᠤᠰᠤᠨ ᠳᠤ ᠵᠢᠪᠬᠦ ᠶᠢ ᠤᠷᠢᠳᠴᠢᠯᠠᠨ ᠰᠡᠷᠭᠡᠶᠢᠯᠡᠬᠦ ᠲᠤᠰᠬᠠᠢ ᠠᠵᠢᠯᠯᠠᠭ᠎ᠠ | ᠥᠷᠨᠢᠭᠦᠯᠬᠦ ᠲᠤᠬᠠᠢ ᠮᠡᠳᠡᠭᠳᠡᠯ︾ ︵ᠪᠠᠶᠠᠨᠨᠠᠭᠤᠷ ᠬᠤᠲᠠ ᠶᠢᠨ ᠰᠤᠷᠤᠭᠴᠢᠳ ᠤᠨ ᠤᠰᠤᠨ ᠳᠤ ᠵᠢᠪᠬᠦ ᠶᠢ ᠤᠷᠢᠳᠴᠢᠯᠠᠨ ᠰᠡᠷᠭᠡᠶᠢᠯᠡᠬᠦ ᠬᠠᠮᠲᠤᠷᠠᠨ ᠰᠡᠷᠭᠡᠶᠢᠯᠡᠵᠦ | ᠬᠠᠮᠲᠤᠷᠠᠨ ᠡᠵᠡᠮᠳᠡᠬᠦ ᠲᠣᠭᠲᠠᠴᠠ ᠶᠢᠨ ᠬᠡᠷᠡᠭᠵᠢᠭᠦᠯᠬᠦ ᠲᠥᠰᠥᠯ︶ ᠢ ᠳᠠᠷᠤᠮᠠᠯᠯᠠᠨ ᠶᠠᠪᠤᠭᠤᠯᠬᠤ ᠲᠤᠬᠠᠢ ᠮᠡᠳᠡᠭᠳᠡᠯ︾ ︵ᠪᠠᠶᠠᠨᠨᠠᠭᠤᠷ ᠬᠤᠲᠠ ᠶᠢᠨ ᠰᠤᠷᠤᠭᠴᠢᠳ ᠤᠨ | ᠤᠰᠤᠨ ᠳᠤ ᠵᠢᠪᠬᠦ ᠶᠢ ᠤᠷᠢᠳᠴᠢᠯᠠᠨ ᠰᠡᠷᠭᠡᠶᠢᠯᠡᠬᠦ ᠬᠠᠮᠲᠤᠷᠠᠨ ᠰᠡᠷᠭᠡᠶᠢᠯᠡᠵᠦ ᠬᠠᠮᠲᠤᠷᠠᠨ ᠡᠵᠡᠮᠳᠡᠬᠦ ᠲᠣᠭᠲᠠᠴᠠ ᠶᠢᠨ ᠬᠡᠷᠡᠭᠵᠢᠭᠦᠯᠬᠦ ᠲᠥᠰᠥᠯ︶ ᠢ ᠳᠠᠷᠤᠮᠠᠯᠯᠠᠨ | ᠶᠠᠪᠤᠭᠤᠯᠬᠤ ᠲᠤᠬᠠᠢ ᠮᠡᠳᠡᠭᠳᠡᠯ︾ ︵ᠪᠠᠶᠠᠨᠨᠠᠭᠤᠷ ᠬᠤᠲᠠ ᠶᠢᠨ ᠤᠰᠤᠨ ᠳᠤ ᠵᠢᠪᠬᠦ ᠶᠢ ᠤᠷᠢᠳᠴᠢᠯᠠᠨ ᠰᠡᠷᠭᠡᠶᠢᠯᠡᠬᠦ ᠬᠠᠮᠲᠤᠷᠠᠨ ᠰᠡᠷᠭᠡᠶᠢᠯᠡᠵᠦ ᠬᠠᠮᠲᠤᠷᠠᠨ ᠡᠵᠡᠮᠳᠡᠬᠦ | ᠲᠣᠭᠲᠠᠴᠠ ᠶᠢᠨ ᠬᠡᠷᠡᠭᠵᠢᠭᠦᠯᠬᠦ ᠲᠥᠰᠥᠯ︶ ᠢ ᠳᠠᠷᠤᠮᠠᠯᠯᠠᠨ ᠶᠠᠪᠤᠭᠤᠯᠬᠤ ᠲᠤᠬᠠᠢ ᠮᠡᠳᠡᠭᠳᠡᠯ︾ ︵ᠪᠠᠶᠠᠨᠨᠠᠭᠤᠷ ᠬᠤᠲᠠ ᠶᠢᠨ ᠤᠰᠤᠨ ᠳᠤ ᠮᠠᠨ ᠤ ᠰᠢᠶᠠᠨ ᠤ ᠪᠣᠳᠠᠲᠤ | ᠪᠠᠶᠢᠳᠠᠯ ᠲᠠᠢ ᠤᠶᠠᠯᠳᠤᠭᠤᠯᠤᠨ᠂ ᠲᠤᠰ ᠲᠥᠰᠥᠯ ᠢ ᠣᠨᠴᠠᠭᠠᠶᠢᠯᠠᠨ ᠲᠣᠭᠲᠠᠭᠠᠪᠠ᠃ | ᠨᠢᠭᠡ᠂ ᠵᠢᠯᠤᠭᠤᠳᠬᠤ ᠦᠵᠡᠯ ᠰᠠᠨᠠᠭ᠎ᠠ | ᠶᠡᠷᠦᠩᠬᠡᠢ ᠱᠦᠵᠢ ᠰᠢ ᠶᠢᠨ ᠫᠢᠩ ᠤᠨ ︽ᠠᠷᠠᠳ ᠲᠦᠮᠡᠨ ᠢ ᠳᠡᠭᠡᠳᠦᠯᠡᠬᠦ᠂ ᠠᠮᠢ ᠨᠠᠰᠤ ᠶᠢ ᠳᠡᠭᠡᠳᠦᠯᠡᠬᠦ︾ ᠲᠤᠬᠠᠢ ᠴᠢᠬᠤᠯᠠ ᠵᠢᠭᠠᠪᠤᠷᠢ ᠶᠢᠨ ᠵᠣᠷᠢᠭ | ᠰᠠᠨᠠᠭ᠎ᠠ ᠶᠢ ᠭᠦᠨᠵᠡᠭᠡᠢ ᠲᠤᠤᠱᠯᠠᠭᠤᠯᠤᠨ ᠨᠠᠶᠢᠳᠠᠪᠤᠷᠢᠵᠢᠭᠤᠯᠵᠤ᠂ ︽ᠴᠠᠭ ᠢᠮᠠᠭᠲᠠ ᠰᠠᠨᠠᠭ᠎ᠠ ᠠᠮᠤᠷ ᠪᠠᠶᠢᠬᠤ︾ ᠬᠠᠷᠢᠭᠤᠴᠠᠯᠭᠠᠲᠤ ᠰᠡᠳᠬᠢᠯᠭᠡ ᠪᠠᠷ ᠢᠳᠡᠪᠬᠢᠲᠡᠢ | ᠪᠥᠭᠡᠳ ᠪᠦᠲᠦᠮᠵᠢᠲᠡᠶ ᠠᠷᠭ᠎ᠠ ᠬᠡᠮᠵᠢᠶ᠎ᠡ ᠠᠪᠴᠤ᠂ ᠬᠠᠮᠲᠤᠷᠠᠨ ᠰᠡᠷᠭᠡᠶᠢᠯᠡᠵᠦ ᠬᠠᠮᠲᠤᠷᠠᠨ ᠡᠵᠡᠮᠳᠡᠬᠦ ᠠᠵᠢᠯ ᠤᠨ ᠲᠣᠭᠲᠠᠴᠠ ᠶᠢ ᠲᠡᠭᠦᠯᠳᠡᠷᠵᠢᠭᠦᠯᠦᠨ᠂ ᠬᠢᠨᠠᠨ | ᠬᠠᠮᠢᠶᠠᠷᠬᠤ ᠬᠠᠷᠢᠭᠤᠴᠠᠯᠭ᠎ᠠ ᠶᠢ ᠪᠦᠬᠦ ᠲᠠᠯ᠎ᠠ ᠪᠠᠷ ᠨᠠᠶᠢᠳᠠᠪᠤᠷᠢᠵᠢᠭᠤᠯᠵᠤ᠂ ᠰᠤᠷᠤᠭᠴᠢᠳ ᠤᠨ ᠠᠮᠢ ᠨᠠᠰᠤᠨ ᠤ ᠠᠮᠤᠷ ᠲᠦᠪᠰᠢᠨ ᠢ ᠪᠠᠲᠤᠯᠠᠬᠤ ᠶᠢ ᠭᠤᠣᠯᠳᠠᠯᠭ᠎ᠠ ᠶᠢᠨ | ᠳᠣᠲᠣᠷᠠᠬᠢ ᠭᠤᠣᠯᠳᠠᠯᠭ᠎ᠠ ᠪᠣᠯᠭᠠᠵᠤ᠂ ᠭᠡᠷ ᠪᠦᠯᠢ ᠶᠢᠨ ᠵᠣᠯ ᠵᠢᠷᠭᠠᠯ ᠪᠠ ᠨᠡᠶᠢᠭᠡᠮ ᠤᠨ ᠲᠣᠭᠲᠠᠭᠤᠨ ᠪᠠᠶᠢᠳᠠᠯ ᠢ ᠦᠨᠡᠨ ᠬᠦ ᠬᠠᠮᠠᠭᠠᠯᠠᠨ᠎ᠠ᠃ | ᠬᠤᠶᠠᠷ᠂ ᠬᠠᠷᠠᠯᠲᠠ ᠶᠢᠨ ᠡᠭᠦᠷᠭᠡ | ᠡᠯ᠎ᠡ ᠰᠤᠮᠤ ᠪᠠᠯᠭᠠᠰᠤ᠂ ᠠᠵᠢᠯ ᠲᠥᠷᠥᠯ ᠤᠨ ᠰᠠᠯᠠᠭ᠎ᠠ ᠮᠥᠴᠢᠷ᠂ ᠲᠣᠰᠬᠤᠨ ︵ᠨᠡᠶᠢᠭᠡᠮ ᠲᠣᠭᠤᠷᠢᠭ︶᠂ ᠰᠤᠷᠭᠠᠭᠤᠯᠢ ᠶᠢᠨ ᠵᠣᠬᠢᠴᠠᠯᠳᠤᠨ | ᠬᠠᠮᠵᠢᠯᠴᠠᠬᠤ ᠶᠢ ᠴᠢᠩᠭᠠᠳᠬᠠᠵᠤ᠂ ᠠᠷᠭ᠎ᠠ ᠬᠡᠮᠵᠢᠶ᠎ᠡ ᠶᠢ ᠴᠢᠩᠭᠠᠷᠠᠭᠤᠯᠤᠨ᠂ ᠪᠥᠬᠦ ᠲᠠᠯ᠎ᠠ ᠪᠠᠷ ᠰᠡᠷᠭᠡᠶᠢᠯᠡᠨ ᠡᠵᠡᠮᠳᠡᠵᠦ᠂ ᠤᠬᠠᠭᠤᠯᠭ᠎ᠠ ᠬᠥᠮᠦᠵᠢᠯ ᠢ ᠪᠦᠷᠢᠨ | ᠪᠦᠷᠬᠦᠭᠦᠯᠬᠦ᠂ ᠰᠡᠷᠡᠮᠵᠢᠯᠡᠭᠦᠯᠬᠦ ᠲᠡᠮᠳᠡᠭ ᠢ ᠪᠦᠷᠢᠨ ᠪᠦᠷᠬᠦᠭᠦᠯᠬᠦ᠂ ᠳᠠᠯᠳᠠ ᠬᠡᠮ ᠢ ᠵᠢᠭᠰᠠᠭᠠᠨ ᠪᠠᠶᠢᠴᠠᠭᠠᠬᠤ ᠶᠢ ᠪᠦᠷᠢᠨ ᠪᠦᠷᠬᠦᠭᠦᠯᠬᠦ᠂ ᠬᠢᠨᠠᠨ ᠬᠠᠮᠢᠶᠠᠷᠴᠤ ᠬᠢᠨᠠᠨ | ᠡᠵᠡᠮᠳᠡᠬᠦ ᠶᠢ ᠪᠦᠷᠢᠨ ᠪᠦᠷᠬᠦᠭᠦᠯᠬᠦ᠂ ᠲᠣᠭᠤᠷᠢᠨ ᠪᠠᠶᠢᠴᠠᠭᠠᠵᠤ ᠵᠢᠵᠢᠭᠦᠷᠯᠡᠨ ᠰᠠᠬᠢᠬᠤ ᠶᠢ ᠪᠦᠷᠢᠨ ᠪᠦᠷᠬᠦᠭᠦᠯᠬᠦ ᠶᠢ ᠪᠡᠶᠡᠯᠡᠭᠦᠯᠵᠦ᠂ ᠭᠤᠯᠳᠤ ᠪᠠᠷ ᠡᠴᠦᠰ ᠲᠤᠨᠢ | ᠲᠤᠯᠲᠠᠯ᠎ᠠ᠂ ᠬᠥᠨᠳᠡᠯᠡᠨ ᠢᠶᠠᠷ ᠬᠢᠵᠠᠭᠠᠷ ᠬᠦᠷᠬᠦ ᠠᠮᠤᠷ ᠲᠦᠪᠰᠢᠨ ᠤ ᠬᠠᠮᠢᠶᠠᠷᠤᠯᠲᠠ ᠶᠢᠨ ᠲᠣᠣᠷ ᠰᠦᠯᠵᠢᠶ᠎ᠡ ᠶᠢ ᠪᠥᠬᠦ ᠲᠠᠯ᠎ᠠ ᠪᠠᠷ ᠪᠠᠶᠢᠭᠤᠯᠵᠤ᠂ ᠰᠤᠷᠤᠭᠴᠢᠳ ᠤᠨ | ᠤᠰᠤᠨ ᠳᠤ ᠵᠢᠪᠬᠦ ᠬᠡᠷᠡᠭ ᠡᠭᠦᠰᠬᠦ ᠶᠢ ᠡᠷᠡᠰ ᠰᠡᠷᠭᠡᠶᠢᠯᠡᠨ ᠬᠤᠷᠢᠭᠯᠠᠬᠤ ᠬᠡᠷᠡᠭᠲᠡᠢ᠃ | ᠭᠤᠷᠪᠠ᠂ ᠠᠵᠢᠯ ᠤᠨ ᠲᠣᠭᠲᠠᠴᠠ | ᠰᠤᠷᠤᠭᠴᠢᠳ ᠤᠨ ᠤᠰᠤᠨ ᠳᠤ ᠵᠢᠪᠬᠦ ᠶᠢ ᠤᠷᠢᠳᠴᠢᠯᠠᠨ | ᠰᠡᠷᠭᠡᠶᠢᠯᠡᠬᠦ ᠬᠠᠮᠲᠤᠷᠠᠨ ᠰᠡᠷᠭᠡᠶᠢᠯᠡᠵᠦ ᠬᠠᠮᠲᠤᠷᠠᠨ | ᠡᠵᠡᠮᠳᠡᠬᠦ ᠠᠵᠢᠯ ᠢ ᠰᠢᠶᠠᠨ ᠤ ᠨᠠᠮ ᠤᠨ ᠬᠣᠷᠢᠶ᠎ᠠ ᠂ | ᠵᠠᠰᠠᠭ ᠤᠨ ᠣᠷᠳᠣᠨ ᠠᠴᠠ ᠵᠣᠬᠢᠶᠠᠨ ᠪᠠᠶᠢᠭᠤᠯᠤᠨ ᠤᠳᠤᠷᠢᠳᠴᠤ | ᠂ ︽ᠵᠠᠰᠠᠭ ᠤᠨ ᠣᠷᠳᠣᠨ ᠭᠣᠸᠯᠯᠠᠨ ᠤᠳᠤᠷᠢᠳᠬᠤ ᠂ ᠰᠠᠯᠠᠭ᠎ᠠ | ᠮᠥᠴᠢᠷ ᠬᠠᠮᠵᠢᠯᠴᠠᠬᠤ ᠂ ᠲᠣᠰ ᠲᠣᠰ ᠤᠨ ᠬᠠᠷᠢᠭᠤᠴᠠᠯᠭ᠎ᠠ ᠪᠠᠨ | ᠭᠦᠶᠴᠡᠳᠬᠡᠬᠦ ᠂ ᠨᠡᠶᠢᠭᠡᠮ ᠨᠡᠶᠢᠲᠡ ᠪᠡᠷ ᠢᠶᠡᠨ ᠣᠷᠣᠯᠴᠠᠬᠤ ᠂ | ᠬᠥᠳᠡᠭᠡ ᠲᠣᠰᠬᠣᠨ ᠢᠶᠠᠷ ᠭᠣᠸᠯ ᠪᠣᠯᠭᠠᠬᠤ ᠂ ᠬᠠᠮᠲᠤᠷᠠᠨ | ᠰᠡᠷᠭᠡᠶᠢᠯᠡᠵᠦ ᠬᠠᠮᠲᠤᠷᠠᠨ ᠡᠵᠡᠮᠳᠡᠬᠦ ︾ | ᠰᠡᠷᠭᠡᠶᠢᠯᠡᠯᠲᠡ ᠶᠢᠨ ᠠᠵᠢᠯ ᠤᠨ ᠲᠣᠭᠲᠠᠴᠠ ᠶᠢ | ᠬᠡᠷᠡᠭᠵᠢᠭᠦᠯᠦᠨ᠎ᠡ ᠃ 《ᠬᠠᠷᠢᠶ᠎ᠠ ᠭᠠᠵᠠᠷ ᠲᠤᠨᠢ | ᠬᠠᠮᠢᠶᠠᠷᠤᠭᠤᠯᠵᠤ᠂ ᠱᠠᠳᠤ ᠬᠤᠪᠢᠶᠠᠨ ᠬᠠᠷᠢᠭᠤᠴᠠᠬᠤ》 ᠪᠠ 《ᠬᠡᠨ | ᠡᠷᠬᠢᠯᠡᠨ ᠬᠠᠮᠢᠶᠠᠷᠪᠠᠯ ᠲᠡᠷᠡ ᠬᠠᠷᠢᠭᠤᠴᠠᠬᠤ》 | ᠱᠠᠭᠠᠷᠳᠠᠯᠭ᠎ᠠ ᠶᠣᠰᠣᠭᠠᠷ᠂ ᠬᠠᠮᠢᠶᠠᠷᠤᠯᠲᠠ ᠶᠢᠨ | ᠬᠠᠷᠢᠭᠤᠴᠠᠯᠭ᠎ᠠ ᠶᠢ ᠱᠠᠳᠤ ᠳᠠᠷᠠᠭᠠᠯᠠᠨ | ᠨᠠᠶᠢᠳᠠᠪᠤᠷᠢᠵᠢᠭᠤᠯᠵᠤ᠂ ᠰᠤᠷᠤᠭᠴᠢᠳ ᠤᠨ ᠤᠰᠤᠨ ᠳᠤ | ᠵᠢᠪᠬᠦ ᠶᠢ ᠰᠡᠷᠭᠡᠶᠢᠯᠡᠬᠦ ᠠᠵᠢᠯ ᠤᠨ ᠬᠥᠮᠦᠵᠢᠯ ᠢ | ᠪᠣᠳᠠᠲᠠᠶᠢᠵᠢᠭᠤᠯᠬᠤ᠂ ᠤᠬᠠᠭᠤᠯᠭ᠎ᠠ ᠶᠢ | ᠪᠣᠳᠠᠲᠠᠶᠢᠵᠢᠭᠤᠯᠬᠤ᠂ ᠬᠠᠮᠢᠶᠠᠷᠤᠯᠲᠠ ᠶᠢ | ᠪᠣᠳᠠᠲᠠᠶᠢᠵᠢᠭᠤᠯᠬᠤ ᠶᠢ ᠪᠡᠶᠡᠯᠡᠭᠦᠯᠬᠦ ᠬᠡᠷᠡᠭᠲᠡᠶ᠃ | ᠳᠥᠷᠪᠡ ᠂ ᠰᠠᠯᠠᠭ᠎ᠠ ᠮᠥᠴᠢᠷ ᠦᠨ ᠡᠭᠦᠷᠭᠡ ᠬᠠᠷᠢᠭᠤᠴᠠᠯᠭ᠎ᠠ | ᠠᠮᠤᠷ ᠲᠦᠪᠰᠢᠨ ᠦ ᠠᠵᠢᠯ ᠤᠨ ᠠᠯᠪᠠᠨ ᠬᠡᠷ ᠂ ᠰᠠᠬᠢᠯᠭ᠎ᠠ | ᠪᠠᠲᠤ ᠪᠠᠶᠢᠴᠠᠭᠠᠬᠤ ᠂ ᠤᠬᠠᠭᠤᠯᠬᠤ ᠂ ᠰᠢᠮᠳᠠᠭᠤᠯᠤᠨ | ᠪᠠᠶᠢᠴᠠᠭᠠᠬᠤ ᠂ ᠰᠤᠷᠭᠠᠨ ᠬᠥᠮᠦᠵᠢᠭᠦᠯᠬᠦ ᠂ ᠪᠠᠴᠢᠮ | ᠪᠠᠶᠢᠳᠠᠯ ᠢ ᠠᠷᠭᠠᠴᠠᠬᠤ ᠬᠠᠮᠢᠶᠠᠷᠤᠯᠲᠠ ᠂ ᠳᠣᠲᠣᠭᠠᠳᠤ ᠶᠢ | ᠬᠠᠮᠠᠭᠠᠯᠠᠬᠤ ᠂ ᠭᠠᠯ ᠤᠨᠲᠠᠷᠠᠭᠠᠬᠤ ᠂ ᠤᠰᠤᠨ ᠠᠰᠢᠭᠯᠠᠯᠲᠠ ᠂ | ᠠᠷᠠᠳ ᠤᠨ ᠶᠠᠪᠤᠳᠠᠯ ᠂ ᠣᠷᠣᠨ ᠰᠠᠭᠤᠴᠠ ᠪᠥᠲᠥᠭᠡᠨ | ᠪᠠᠶᠢᠭᠤᠯᠤᠯᠲᠠ ᠂ ᠵᠠᠮ ᠬᠠᠷᠢᠯᠴᠠᠭ᠎ᠠ ᠂ ᠲᠠᠷᠢᠶᠠᠯᠠᠩ ᠤᠨ | ᠰᠢᠨᠵᠢᠯᠡᠬᠦ ᠤᠬᠠᠭᠠᠨ ᠂ ᠡᠷᠡᠭᠦᠯ ᠬᠠᠮᠠᠭᠠᠯᠠᠯ ᠂ ᠰᠣᠶᠣᠯ | ᠵᠢᠭᠤᠯᠴᠢᠯᠠᠯ ᠤᠨ ᠲᠦᠪ ᠂ ᠴᠡᠴᠡᠷᠯᠢᠭ ᠦᠨ | ᠨᠣᠭᠣᠭᠠᠷᠠᠭᠤᠯᠤᠯᠲᠠ ᠂ ᠠᠵᠤ ᠦᠶᠯᠡᠳᠪᠦᠷᠢ ᠪᠠ ᠮᠡᠳᠡᠭᠡ | ᠵᠠᠩᠭᠢᠵᠢᠯᠲᠠ᠂ ᠡᠪ ᠬᠠᠮᠲᠤ ᠵᠠᠯᠠᠭᠤᠴᠤᠳ ᠤᠨ ᠡᠪᠯᠡᠯ ᠂ | ᠡᠮᠡᠭᠲᠡᠶᠢᠴᠦᠳ ᠦᠨ ᠬᠣᠯᠪᠣᠭᠠᠲᠤ ᠬᠤᠷᠠᠯ ᠂ ᠤᠯᠠᠭᠠᠨ | ᠵᠠᠭᠠᠯᠮᠠᠶᠢᠲᠠᠨ ᠤ ᠨᠡᠶᠢᠭᠡᠮᠯᠢᠭ ᠂ ᠵᠢᠷᠤᠮ ᠤᠨ ᠳᠠᠷᠤᠭ᠎ᠠ | ᠵᠡᠷᠭᠡ ᠰᠠᠯᠠᠭ᠎ᠠ ᠮᠥᠴᠢᠷ ᠪᠠ ᠣᠯᠠᠨ ᠲᠦᠮᠡᠨ ᠦ ᠪᠦᠯᠬᠦᠮ ᠦᠨ | ᠵᠣᠬᠢᠶᠠᠨ ᠪᠠᠶᠢᠭᠤᠯᠤᠯᠲᠠ ᠨᠢ ᠰᠤᠷᠤᠭᠴᠢᠳ ᠤᠨ ᠤᠰᠤᠨ ᠳᠤ | ᠵᠢᠪᠬᠦ ᠶᠢ ᠰᠡᠷᠭᠡᠶᠢᠯᠡᠬᠦ ᠠᠵᠢᠯ ᠤᠨ ᠤᠳᠤᠷᠢᠳᠬᠤ | ᠳᠤᠭᠤᠶᠢᠯᠠᠩ ᠢ ᠪᠦᠷᠢᠯᠳᠦᠭᠦᠯᠵᠦ ᠂ ᠠᠯᠪᠠᠨ ᠬᠡᠷ ᠢ ᠰᠢᠶᠠᠨ ᠤ | ᠰᠤᠷᠭᠠᠨ ᠬᠥᠮᠦᠵᠢᠯ ᠦᠨ ᠲᠣᠪᠴᠢᠶ᠎ᠠ ᠳᠤ ᠪᠠᠶᠢᠷᠢᠯᠠᠭᠤᠯᠵᠤ ᠂ | ᠰᠤᠷᠤᠭᠴᠢᠳ ᠤᠨ ᠤᠰᠤᠨ ᠳᠤ ᠵᠢᠪᠬᠦ ᠶᠢ ᠰᠡᠷᠭᠡᠶᠢᠯᠡᠬᠦ ᠡᠯ᠎ᠡ | ᠵᠦᠶᠯ ᠦᠨ ᠠᠵᠢᠯ ᠢ ᠨᠢᠭᠡᠳᠦᠯᠲᠡᠶ ᠲᠥᠯᠥᠪᠯᠡᠨ ᠵᠣᠬᠢᠴᠠᠭᠤᠯᠬᠤ | ᠪᠠ ᠵᠢᠯᠣᠭᠣᠳᠤᠨ᠎ᠠ ᠰᠤᠷᠤᠭᠴᠢᠳ ᠤᠨ ᠤᠰᠤᠨ ᠳᠤ ᠵᠢᠪᠬᠦ ᠶᠢ | ᠤᠷᠢᠳᠴᠢᠯᠠᠨ ᠰᠡᠷᠭᠡᠶᠢᠯᠡᠬᠦ ᠬᠠᠮᠢᠶᠠᠷᠤᠯᠲᠠ ᠶᠢᠨ ᠠᠵᠢᠯ ᠤᠨ | ᠡᠭᠦᠷᠭᠡ ᠠᠮᠤᠷ ᠲᠦᠪᠰᠢᠨ ᠦ ᠪᠠᠶᠢᠭᠤᠯᠤᠯᠲᠠ ᠶᠢᠨ ᠤᠳᠤᠷᠢᠳᠬᠤ | ᠳᠤᠭᠤᠶᠢᠯᠠᠩ ᠤᠨ ᠠᠯᠪᠠᠨ ᠬᠡᠷ ︵ᠰᠢᠶᠠᠨ ᠤ ᠨᠠᠮ ᠤᠨ | ᠬᠣᠷᠢᠶ᠎ᠠ ᠶᠢᠨ ᠤᠯᠤᠰ ᠲᠥᠷᠥ ᠬᠠᠸᠯᠢ ᠴᠠᠭᠠᠵᠠ ᠶᠢᠨ ᠵᠥᠪᠯᠡᠯ ︶ | ᠄ ︽ᠬᠠᠷᠢᠶ᠎ᠠ ᠭᠠᠵᠠᠷ ᠲᠤᠨᠢ ᠬᠠᠮᠢᠶᠠᠷᠤᠭᠤᠯᠬᠤ ᠂ ᠱᠠᠲᠤ | ᠬᠤᠪᠢᠶᠠᠨ ᠬᠠᠷᠢᠭᠤᠴᠠᠬᠤ ︾ ᠬᠠᠷᠢᠭᠤᠴᠠᠯᠭ᠎ᠠ ᠶᠢ | ᠪᠣᠳᠠᠲᠠᠶᠢᠵᠢᠭᠤᠯᠵᠤ ᠂ ᠨᠢᠭᠡᠳᠦᠯᠲᠡᠶ ᠲᠥᠯᠥᠪᠯᠡᠨ | ᠵᠣᠬᠢᠴᠠᠭᠤᠯᠬᠤ ᠶᠢ ᠴᠢᠩᠭᠠᠳᠬᠠᠨ ᠂ ᠡᠯ᠎ᠡ ᠰᠢᠶᠠᠩ ᠪᠠᠯᠭᠠᠰᠤ ᠂ | ᠡᠯ᠎ᠡ ᠬᠠᠮᠢᠶ᠎ᠠ ᠪᠥᠬᠥᠶ ᠰᠠᠯᠠᠭ᠎ᠠ ᠮᠥᠴᠢᠷ ᠢ ᠰᠢᠮᠳᠠᠭᠤᠯᠵᠤ | ᠪᠠᠶᠢᠭᠠᠳ ᠠᠮᠤᠷ ᠲᠦᠪᠰᠢᠨ ᠦ ᠬᠥᠮᠦᠵᠢᠯ ᠂ ᠪᠡᠯᠡᠳᠬᠡᠮᠵᠢ | ᠲᠥᠬᠥᠭᠡᠷᠦᠮᠵᠢ ᠳᠣᠭᠢᠷᠠᠭᠤᠯᠬᠤ ᠂ ᠳᠠᠯᠳᠠ ᠬᠡᠮ ᠢ ᠵᠢᠭᠰᠠᠭᠠᠨ | ᠪᠠᠶᠢᠴᠠᠭᠠᠵᠤ ᠴᠡᠭᠴᠡᠯᠡᠨ ᠵᠠᠰᠠᠬᠤ ᠂ ᠲᠣᠭᠣᠷᠢᠨ ᠪᠠᠶᠢᠴᠠᠭᠠᠵᠤ | ᠬᠠᠮᠢᠶᠠᠷᠬᠤ ᠂ ᠠᠪᠤᠷᠬᠠᠸ ᠂ ᠡᠨᠳᠡᠯ ᠢ ᠰᠢᠶᠳᠪᠦᠷᠢᠯᠡᠬᠦ ᠵᠡᠷᠭᠡ | ᠠᠵᠢᠯ ᠢ ᠬᠢᠨᠠᠮᠠᠭᠠᠶ ᠰᠠᠶᠢᠲᠤᠷ ᠬᠢᠵᠦ ᠂ ᠰᠤᠷᠤᠭᠴᠢᠳ ᠤᠨ | ᠤᠰᠤᠨ ᠳᠤ ᠵᠢᠪᠬᠦ ᠶᠢ ᠤᠷᠢᠳᠴᠢᠯᠠᠨ ᠰᠡᠷᠭᠡᠶᠢᠯᠡᠬᠦ | ᠬᠠᠮᠲᠤᠷᠠᠨ ᠰᠡᠷᠭᠡᠶᠢᠯᠡᠵᠦ ᠬᠠᠮᠲᠤᠷᠠᠨ ᠡᠵᠡᠮᠳᠡᠬᠦ | ᠲᠣᠭᠲᠠᠴᠠ ᠶᠢᠨ ᠪᠣᠳᠠᠲᠤ ᠦᠷ᠎ᠡ ᠪᠦᠲᠦᠮᠵᠢ ᠤᠯᠬᠤ ᠶᠢ | ᠠᠬᠢᠭᠤᠯᠤᠨ᠎ᠠ ᠃ | ᠰᠠᠬᠢᠯᠭ᠎ᠠ ᠪᠠᠲᠤ ᠪᠠᠶᠢᠴᠠᠭᠠᠬᠤ ᠬᠢᠨᠠᠨ ᠪᠠᠶᠢᠴᠠᠭᠠᠬᠤ ᠂ | ᠰᠢᠮᠳᠠᠭᠤᠯᠤᠨ ᠪᠠᠶᠢᠴᠠᠭᠠᠬᠤ ᠰᠠᠯᠠᠭ᠎ᠠ ᠮᠥᠴᠢᠷ ᠲᠦ ᠄ ᠡᠯ᠎ᠡ | ᠰᠤᠮᠤ ᠪᠠᠯᠭᠠᠰᠤ ᠂ ᠡᠯ᠎ᠡ ᠰᠠᠯᠠᠭ᠎ᠠ ᠮᠥᠴᠢᠷ ᠦᠨ ᠰᠤᠷᠤᠭᠴᠢᠳ ᠤᠨ | ᠤᠰᠤᠨ ᠳᠤ ᠵᠢᠪᠬᠦ ᠶᠢ ᠰᠡᠷᠭᠡᠶᠢᠯᠡᠬᠦ ᠠᠵᠢᠯ ᠢ ᠥᠷᠨᠢᠭᠦᠯᠵᠦ | ᠪᠠᠶᠢᠭ᠎ᠠ ᠪᠠᠶᠢᠳᠠᠯ ᠢ ᠬᠢᠨᠠᠨ ᠪᠠᠶᠢᠴᠠᠭᠠᠵᠤ | ᠪᠠᠶᠢᠴᠠᠭᠠᠬᠤ ᠶᠢ ᠬᠠᠷᠢᠭᠤᠴᠠᠵᠤ ᠂ ᠲᠤᠰᠬᠠᠶ ᠵᠦᠶᠯ ᠢᠶᠡᠷ | ᠰᠢᠮᠳᠠᠭᠤᠯᠤᠨ ᠪᠠᠶᠢᠴᠠᠭᠠᠬᠤ ᠪᠠ ᠡᠳᠦᠷ ᠲᠤᠲᠤᠮ ᠤᠨ | ᠪᠠᠶᠢᠴᠠᠭᠠᠬᠤ ᠶᠢ ᠬᠠᠷᠢᠯᠴᠠᠨ ᠤᠶᠠᠯᠳᠤᠭᠤᠯᠬᠤ ᠶᠢ | ᠪᠠᠷᠢᠮᠲᠠᠯᠠᠵᠤ ᠂ ᠰᠢᠮᠳᠠᠭᠤᠯᠤᠨ ᠪᠠᠶᠢᠴᠠᠭᠠᠬᠤ ᠶᠢᠨ | ᠬᠠᠮᠤᠷᠬᠤ ᠬᠡᠪᠴᠢᠶ᠎ᠡ ᠪᠠ ᠴᠢᠭᠯᠡᠭᠦᠯᠬᠦ ᠴᠢᠨᠠᠷ ᠢ | ᠳᠡᠭᠡᠭᠰᠢᠯᠡᠭᠦᠯᠦᠨ ᠂ ᠡᠯ᠎ᠡ ᠰᠤᠮᠤ ᠪᠠᠯᠭᠠᠰᠤ ᠂ ᠡᠯ᠎ᠡ | ᠰᠠᠯᠠᠭ᠎ᠠ ᠮᠥᠴᠢᠷ ᠲᠦ ᠣᠷᠣᠰᠢᠵᠤ ᠪᠠᠶᠢᠭ᠎ᠠ ᠬᠠᠷᠢᠭᠤᠴᠠᠯᠭ᠎ᠠ ᠂ | ᠠᠷᠭ᠎ᠠ ᠬᠡᠮᠵᠢᠶ᠎ᠡ ᠶᠢ ᠨᠠᠶᠢᠳᠠᠪᠤᠷᠢᠵᠢᠭᠤᠯᠤᠭᠰᠠᠨ ᠢᠶᠠᠷ | ᠬᠦᠷᠦᠯᠴᠡᠬᠦ ᠥᠬᠡᠶ ᠠᠰᠠᠭᠤᠳᠠᠯ ᠢ ᠴᠠᠭ ᠲᠤᠬᠠᠶ ᠳᠤᠨᠢ | ᠢᠯᠡᠷᠡᠭᠦᠯᠵᠦ ᠂ ᠴᠠᠭ ᠲᠤᠬᠠᠶ ᠳᠤᠨᠢ ᠬᠣᠷᠢᠭᠯᠠᠨ | ᠵᠠᠯᠠᠷᠠᠭᠤᠯᠵᠤ ᠂ ᠦᠶᠯᠡ ᠪᠠᠶᠢᠳᠠᠯ ᠨᠢ ᠬᠦᠨᠳᠦ ᠨᠣᠴᠢᠲᠠᠶ | ᠪᠠᠶᠢᠪᠠᠯ ᠬᠠᠸᠯᠢ ᠰᠠᠬᠢᠯᠭ᠎ᠠ ᠶᠣᠰᠣᠭᠠᠷ ᠴᠢᠩᠭ᠎ᠠ | ᠰᠢᠶᠳᠪᠦᠷᠢᠯᠡᠬᠦ ᠬᠡᠷᠡᠭᠲᠡᠶ ᠃ | ᠤᠬᠠᠭᠤᠯᠬᠤ ᠰᠠᠯᠠᠭ᠎ᠠ ᠮᠥᠴᠢᠷ ᠄ ᠵᠢᠭᠠᠨ ᠵᠢᠯᠣᠭᠣᠳᠬᠤ | ᠬᠠᠷᠢᠭᠤᠴᠠᠯᠭ᠎ᠠ ᠶᠢ ᠬᠠᠷᠢᠶ᠎ᠠ ᠭᠠᠵᠠᠷ ᠲᠤᠨᠢ ᠪᠣᠳᠠᠲᠠᠶ ᠪᠠᠷ | ᠤᠬᠠᠭᠤᠯᠵᠤ ᠂ ᠰᠣᠨᠢᠨ ᠮᠡᠳᠡᠭᠡᠨ ᠦ ᠵᠠᠭᠤᠴᠢᠯᠠᠭᠤᠷ ᠢ | ᠵᠢᠯᠣᠭᠣᠳᠤᠨ ᠵᠣᠬᠢᠴᠠᠭᠤᠯᠵᠤ ᠪᠠᠶᠢᠭᠠᠳ ᠰᠤᠷᠤᠭᠴᠢᠳ ᠤᠨ | ᠤᠰᠤᠨ ᠳᠤ ᠴᠠᠴᠠᠬᠤ ᠶᠢ ᠰᠡᠷᠭᠡᠶᠢᠯᠡᠬᠦ ᠮᠡᠳᠡᠯᠭᠡ ᠶᠢᠨ | ᠤᠬᠠᠭᠤᠯᠭ᠎ᠠ ᠶᠢ ᠥᠷᠨᠢᠭᠦᠯᠵᠦ ᠂ ᠰᠤᠷᠤᠭᠴᠢᠳ ᠤᠨ ᠤᠰᠤᠨ ᠳᠤ | ᠴᠠᠴᠠᠬᠤ ᠶᠢ ᠰᠡᠷᠭᠡᠶᠢᠯᠡᠬᠦ ᠨᠡᠶᠢᠲᠡ ᠶᠢᠨ ᠠᠰᠠᠷᠠᠮᠵᠢ ᠶᠢᠨ | ᠵᠠᠷ ᠮᠡᠳᠡᠭᠡ ᠵᠢᠴᠢ ᠬᠠᠮᠢᠶ᠎ᠠ ᠪᠥᠬᠥᠶ ᠥᠪᠡᠷ ᠢ ᠪᠡᠨ ᠠᠪᠤᠷᠬᠠᠸ | ᠮᠡᠳᠡᠯᠭᠡ ᠶᠢ ᠨᠡᠪᠲᠡᠷᠡᠭᠦᠯᠬᠦ ︵ᠨᠡᠶᠢᠲᠡᠯᠡᠬᠦ ︶ ᠂ ᠬᠡᠷ ᠦᠨ | ᠠᠬᠠᠮᠠᠳ ᠪᠤᠶᠤ ᠬᠢᠨᠠᠨ ᠬᠠᠮᠠᠭᠠᠯᠠᠭᠴᠢ ᠳᠤ ᠬᠡᠸᠬᠡᠳ ᠦᠨ | ᠪᠡᠶ᠎ᠡ ᠶᠢᠨ ᠠᠮᠤᠷ ᠲᠦᠪᠰᠢᠨ ᠢ ᠠᠩᠬᠠᠷᠴᠤ ᠂ ᠰᠤᠷᠤᠭᠴᠢᠳ ᠤᠨ | ᠤᠰᠤᠨ ᠳᠤ ᠴᠠᠴᠠᠭᠰᠠᠨ ᠬᠡᠷᠡᠭ ᠢ ᠪᠤᠰᠤᠳᠴᠢ ᠪᠠᠷ | ᠮᠡᠳᠡᠭᠡᠯᠡᠬᠦ ᠶᠢ ᠰᠠᠨᠠᠭᠤᠯᠤᠨ᠎ᠠ ᠃ | ᠰᠤᠷᠭᠠᠨ ᠬᠥᠮᠦᠵᠢᠯ ᠦᠨ ᠰᠠᠯᠠᠭ᠎ᠠ ᠮᠥᠴᠢᠷ ᠄ ᠬᠢᠨᠠᠨ | ᠬᠠᠮᠢᠶᠠᠷᠬᠤ ᠬᠠᠷᠢᠭᠤᠴᠠᠯᠭ᠎ᠠ ᠪᠠ ᠰᠤᠷᠭᠠᠭᠤᠯᠢ ᠶᠢᠨ ᠭᠣᠸᠯ | ᠴᠣᠭᠴᠠ ᠶᠢᠨ ᠬᠠᠷᠢᠭᠤᠴᠠᠯᠭ᠎ᠠ ᠶᠢ ᠪᠣᠳᠠᠲᠠᠶᠢᠵᠢᠭᠤᠯᠵᠤ ᠂ | ᠰᠤᠷᠤᠭᠴᠢᠳ ᠤᠨ ᠤᠰᠤᠨ ᠳᠤ ᠵᠢᠪᠬᠦ ᠶᠢ ᠰᠡᠷᠭᠡᠶᠢᠯᠡᠬᠦ | ᠠᠵᠢᠯ ᠢ ᠠᠮᠤᠷ ᠠᠮᠤᠭᠤᠯᠠᠩ ᠰᠤᠷᠭᠠᠭᠤᠯᠢ ᠶᠢᠨ ᠬᠦᠷᠢᠶᠡᠨ ᠦ | ᠪᠠᠶᠢᠭᠤᠯᠤᠯᠲᠠ ᠶᠢᠨ ᠰᠢᠰᠲ᠋ᠧᠮᠵᠢ ᠳᠦ ᠣᠷᠣᠭᠤᠯᠤᠨ ᠂ | ᠰᠤᠷᠭᠠᠭᠤᠯᠢ ᠶᠢᠨ ᠵᠠᠬᠢᠷᠤᠯ ᠤᠨ ︽ᠨᠢᠭᠡᠳᠦᠭᠡᠷ | ᠬᠠᠷᠢᠭᠤᠴᠠᠯᠭᠠᠲᠠᠨ ︾ ᠪᠠ ᠠᠩᠭᠢ ᠶᠢᠨ ᠡᠷᠬᠢᠯᠡᠭᠴᠢ ᠶᠢᠨ | ᠰᠢᠭᠤᠳ ᠬᠠᠷᠢᠭᠤᠴᠠᠯᠭ᠎ᠠ ᠶᠢ ᠪᠣᠳᠠᠲᠠᠶᠢᠵᠢᠭᠤᠯᠵᠤ ᠂ ᠬᠡᠷ ᠦᠨ | ᠠᠬᠠᠮᠠᠳ ᠤᠨ ᠬᠢᠨᠠᠨ ᠬᠠᠮᠠᠭᠠᠯᠠᠬᠤ ᠪᠠ ᠰᠤᠷᠭᠠᠨ | ᠬᠥᠮᠦᠵᠢᠭᠦᠯᠬᠦ ᠬᠠᠷᠢᠭᠤᠴᠠᠯᠭ᠎ᠠ ᠪᠠᠨ ᠦᠨᠡᠨᠬᠦ | ᠭᠦᠶᠴᠡᠳᠬᠡᠬᠦ ᠶᠢ ᠰᠢᠮᠳᠠᠭᠤᠯᠤᠨ᠎ᠠ ᠃ ᠰᠤᠷᠭᠠᠭᠤᠯᠢ ᠶᠢ | ᠵᠢᠯᠣᠭᠣᠳᠤᠨ ᠰᠤᠷᠤᠭᠴᠢᠳ ᠤᠨ ᠤᠰᠤᠨ ᠳᠤ ᠵᠢᠪᠬᠦ ᠶᠢ | ᠰᠡᠷᠭᠡᠶᠢᠯᠡᠬᠦ ᠠᠵᠢᠯ ᠤᠨ ᠲᠥᠰᠦᠯ ᠢ ᠲᠣᠭᠲᠠᠭᠠᠵᠤ ᠂ | ᠰᠤᠷᠤᠭᠴᠢᠳ ᠤᠨ ᠤᠰᠤᠨ ᠳᠤ ᠵᠢᠪᠬᠦ ᠶᠢ ᠰᠡᠷᠭᠡᠶᠢᠯᠡᠬᠦ ᠪᠠ | ᠤᠮᠪᠠᠯᠲᠠ ᠶᠢᠨ ᠠᠮᠤᠷ ᠲᠦᠪᠰᠢᠨ ᠦ ᠬᠥᠮᠦᠵᠢᠯ ᠂ ᠤᠬᠠᠭᠤᠯᠭ᠎ᠠ ᠂ | ᠬᠠᠮᠢᠶᠠᠷᠤᠯᠲᠠ ᠶᠢᠨ ᠠᠵᠢᠯ ᠢ ᠰᠠᠶᠢᠲᠤᠷ ᠬᠢᠵᠦ ᠂ ᠲᠤᠰᠬᠠᠶ | ᠰᠡᠳᠦᠪᠲᠦ ᠬᠥᠮᠦᠵᠢᠯ ᠦᠨ ᠬᠢᠴᠢᠶᠡᠯ ᠂ ᠭᠣᠸᠯ ᠰᠡᠳᠦᠪᠲᠦ | ᠠᠩᠭᠢ ᠶᠢᠨ ᠬᠤᠷᠠᠯ ᠂ ᠬᠡᠷ ᠦᠨ ᠠᠬᠠᠮᠠᠳ ᠤᠨ ᠬᠤᠷᠠᠯ ᠂ | ᠤᠬᠠᠭᠤᠯᠭ᠎ᠠ ᠶᠢᠨ ᠭᠠᠷ ᠳᠡᠪᠲᠡᠷ ᠂ ᠬᠡᠷ ᠦᠨ ᠰᠤᠷᠪᠤᠯᠵᠢᠯᠠᠭ᠎ᠠ | ᠂ ᠸᠢᠴᠠᠲ ᠤᠨ ᠲᠠᠪᠴᠠᠩ ᠂ ᠬᠡᠷ ᠦᠨ ᠠᠬᠠᠮᠠᠳ ᠲᠤ ᠮᠡᠳᠡᠭᠳᠡᠬᠦ | ᠪᠢᠴᠢᠭ ᠵᠡᠷᠭᠡ ᠣᠯᠠᠨ ᠵᠦᠶᠯ ᠦᠨ ᠬᠡᠯᠪᠡᠷᠢ ᠪᠡᠷ ᠳᠠᠮᠵᠢᠭᠤᠯᠤᠨ | ᠂ ᠤᠰᠤᠨ ᠳᠤ ᠵᠢᠪᠬᠦ ᠶᠢ ᠰᠡᠷᠭᠡᠶᠢᠯᠡᠬᠦ ᠠᠮᠤᠷ ᠲᠦᠪᠰᠢᠨ ᠦ | ᠰᠡᠷᠡᠮᠵᠢᠯᠡᠭᠦᠯᠬᠦ ᠬᠥᠮᠦᠵᠢᠯ ᠢ ᠪᠥᠬᠥ ᠲᠠᠯ᠎ᠠ ᠪᠠᠷ ᠂ ᠣᠯᠠᠨ | ᠲᠠᠯ᠎ᠠ ᠠᠴᠠ ᠶᠠᠪᠤᠭᠳᠠᠭᠤᠯᠤᠨ᠎ᠠ ᠃ ᠪᠣᠳᠠᠲᠠᠶ | ᠬᠡᠷᠡᠭᠴᠡᠭᠡ ᠪᠡᠨ ᠦᠨᠳᠦᠰᠦᠯᠡᠨ ᠲᠤᠰᠬᠠᠶ ᠵᠦᠶᠯ ᠦᠨ | ᠰᠢᠮᠳᠠᠭᠤᠯᠤᠨ ᠵᠢᠯᠣᠭᠣᠳᠴᠤ ᠪᠠᠶᠢᠴᠠᠭᠠᠬᠤ ᠶᠢ ᠥᠷᠨᠢᠭᠦᠯᠬᠦ | ᠬᠡᠷᠡᠭᠲᠡᠶ ᠃ | ᠪᠠᠴᠢᠮ ᠪᠠᠶᠢᠳᠠᠯ ᠢ ᠠᠷᠭᠠᠴᠠᠬᠤ ᠬᠠᠮᠢᠶᠠᠷᠤᠯᠲᠠ ᠶᠢᠨ | ᠰᠠᠯᠠᠭ᠎ᠠ ᠮᠥᠴᠢᠷ ᠄ ᠬᠣᠯᠪᠣᠭᠳᠠᠯ ᠪᠥᠬᠥᠶ ᠤᠰᠤᠨ ᠳᠤ | ᠬᠣᠯᠪᠣᠭᠳᠠᠬᠤ ᠦᠶᠯᠡᠳᠪᠦᠷᠢᠯᠡᠯ ᠦᠨ ᠠᠵᠤ ᠠᠬᠤᠶᠢᠯᠠᠯ ᠢ | ᠰᠢᠮᠳᠠᠭᠤᠯᠵᠤ ᠪᠠᠶᠢᠭᠠᠳ ᠠᠶᠤᠯᠲᠠᠶ ᠣᠷᠣᠨ ᠤ ᠰᠡᠷᠡᠮᠵᠢ ᠶᠢᠨ | ᠲᠡᠮᠳᠡᠭ ᠪᠠ ᠰᠡᠷᠭᠡᠶᠢᠯᠡᠨ ᠬᠠᠮᠠᠭᠠᠯᠠᠬᠤ ᠪᠡᠯᠡᠳᠬᠡᠮᠵᠢ ᠶᠢ | ᠨᠠᠶᠢᠳᠠᠪᠤᠷᠢᠵᠢᠭᠤᠯᠤᠨ᠎ᠠ ︔ ᠤᠰᠤᠨ ᠳᠤ ᠴᠠᠴᠠᠭᠰᠠᠨ | ᠡᠨᠳᠡᠯ ᠡᠴᠡ ᠠᠪᠤᠷᠠᠨ ᠲᠤᠰᠠᠯᠠᠬᠤ ᠠᠵᠢᠯ ᠢ ᠴᠠᠭ ᠲᠤᠬᠠᠶ ᠳᠤᠨᠢ | ᠵᠣᠬᠢᠶᠠᠨ ᠪᠠᠶᠢᠭᠤᠯᠵᠤ ᠂ ᠡᠨᠳᠡᠯ ᠦᠨ ᠰᠢᠯᠲᠠᠭᠠᠨ ᠢ | ᠪᠠᠶᠢᠴᠠᠭᠠᠨ ᠂ ᠡᠨᠳᠡᠯ ᠦᠨ ᠰᠢᠨᠵᠢ ᠴᠢᠨᠠᠷ ᠢ ᠬᠢᠨᠠᠨ | ᠲᠣᠭᠲᠠᠭᠠᠵᠤ ᠂ ᠡᠨᠳᠡᠯ ᠦᠨ ᠬᠣᠶᠢᠲᠤᠬᠢ ᠶᠠᠪᠤᠳᠠᠯ ᠢ | ᠰᠢᠶᠳᠪᠦᠷᠢᠯᠡᠬᠦ ᠪᠤᠶᠤ ᠬᠠᠪᠰᠤᠷᠤᠨ ᠰᠢᠶᠳᠪᠦᠷᠢᠯᠡᠬᠦ | ᠬᠡᠷᠡᠭᠲᠡᠶ ᠃ | ᠳᠣᠲᠣᠭᠠᠳᠤ ᠶᠢ ᠬᠠᠮᠠᠭᠠᠯᠠᠬᠤ ᠰᠠᠯᠠᠭ᠎ᠠ ᠮᠥᠴᠢᠷ ᠄ | ᠬᠠᠷᠢᠶᠠᠲᠤ ᠣᠷᠣᠨ ᠤ ᠰᠡᠷᠭᠡᠶᠢᠯᠡᠵᠦ ᠬᠠᠮᠢᠶᠠᠷᠤᠨ ᠡᠵᠡᠮᠳᠡᠬᠦ | ᠬᠠᠷᠢᠭᠤᠴᠠᠯᠭ᠎ᠠ ᠶᠢ ᠪᠣᠳᠠᠲᠠᠶᠢᠵᠢᠭᠤᠯᠵᠤ ᠂ ᠰᠤᠷᠤᠭᠴᠢᠳ ᠤᠨ | ᠤᠰᠤᠨ ᠳᠤ ᠵᠢᠪᠬᠦ ᠶᠢ ᠰᠡᠷᠭᠡᠶᠢᠯᠡᠬᠦ ᠬᠠᠷᠢᠶᠠᠲᠤ ᠣᠷᠣᠨ ᠤ | ᠬᠠᠷᠢᠭᠤᠴᠠᠯᠭ᠎ᠠ ᠶᠢᠨ ᠲᠦᠷᠢᠮ ᠢ ᠪᠠᠶᠢᠭᠤᠯᠤᠨ ᠂ ᠤᠰᠤᠨ ᠳᠤ | ᠵᠢᠪᠬᠦ ᠶᠢ ᠰᠡᠷᠭᠡᠶᠢᠯᠡᠬᠦ ᠠᠵᠢᠯ ᠢ ᠣᠯᠠᠨ ᠨᠡᠶᠢᠲᠡ ᠶᠢᠨ | ᠠᠮᠤᠷ ᠲᠦᠪᠰᠢᠨ ᠦ ᠰᠡᠷᠭᠡᠶᠢᠯᠡᠯᠲᠡ ᠶᠢᠨ ᠠᠵᠢᠯ ᠤᠨ ᠴᠢᠬᠤᠯᠠ | ᠠᠭᠤᠯᠭ᠎ᠠ ᠳᠤ ᠣᠷᠣᠭᠤᠯᠵᠤ ᠂ ᠲᠣᠮᠢᠯᠠᠭᠰᠠᠨ ᠰᠠᠯᠪᠤᠷᠢ ᠶᠢ | ᠰᠢᠮᠳᠠᠭᠤᠯᠵᠤ ᠪᠠᠶᠢᠭᠠᠳ ᠵᠠᠰᠠᠭ ᠵᠠᠬᠢᠷᠭᠠᠨ ᠤ ᠣᠷᠣᠨ ᠤ | ᠠᠶᠤᠯᠲᠠᠶ ᠤᠰᠤᠨ ᠣᠷᠣᠨ ᠳᠤ ᠴᠠᠭᠳᠠᠨ ᠪᠠᠶᠢᠴᠠᠭᠠᠬᠤ ᠶᠢ | ᠴᠢᠩᠭᠠᠳᠬᠠᠵᠤ ᠂ ᠲᠦᠭᠰᠢᠭᠦᠷᠢ ᠶᠢᠨ ᠪᠠᠶᠢᠳᠠᠯ ᠢ ᠴᠠᠭ | ᠲᠤᠬᠠᠶ ᠳᠤᠨᠢ ᠢᠯᠡᠷᠡᠭᠦᠯᠵᠦ ᠂ ᠳᠠᠯᠳᠠ ᠬᠡᠮ ᠢ ᠴᠠᠭ | ᠲᠤᠬᠠᠶ ᠳᠤᠨᠢ ᠠᠷᠢᠯᠭᠠᠨ᠎ᠠ ᠃ ᠰᠤᠷᠤᠭᠴᠢᠳ ᠤᠨ ᠤᠰᠤᠨ ᠳᠤ | ᠵᠢᠪᠦᠭᠰᠡᠨ ᠬᠡᠷᠡᠭ ᠲᠦ ᠠᠪᠤᠷᠠᠨ ᠲᠤᠰᠠᠯᠠᠬᠤ ᠠᠵᠢᠯ ᠢ | ᠢᠳᠡᠪᠬᠢᠲᠡᠶ ᠥᠷᠨᠢᠭᠦᠯᠬᠦ ᠪᠤᠶᠤ ᠬᠠᠮᠵᠢᠨ ᠥᠷᠨᠢᠭᠦᠯᠵᠦ ᠂ | ᠡᠨᠳᠡᠯ ᠢ ᠪᠠᠶᠢᠴᠠᠭᠠᠨ ᠰᠢᠶᠳᠪᠦᠷᠢᠯᠡᠬᠦ ᠪᠠ ᠬᠣᠶᠢᠲᠤᠬᠢ | ᠶᠠᠪᠤᠳᠠᠯ ᠢ ᠰᠢᠶᠳᠪᠦᠷᠢᠯᠡᠬᠦ ᠠᠵᠢᠯ ᠢ ᠴᠠᠭ ᠲᠤᠬᠠᠶ ᠳᠤᠨᠢ | ᠥᠷᠨᠢᠭᠦᠯᠬᠦ ᠬᠡᠷᠡᠭᠲᠡᠶ ᠃ | ᠭᠠᠯ ᠤᠨᠲᠠᠷᠠᠭᠠᠵᠤ ᠠᠪᠤᠷᠠᠨ ᠲᠤᠰᠠᠯᠠᠬᠤ ᠰᠠᠯᠠᠭ᠎ᠠ ᠮᠥᠴᠢᠷ᠄ ᠠᠪᠤᠷᠠᠨ ᠲᠤᠰᠠᠯᠠᠬᠤ ᠪᠠᠭᠠᠵᠢ ᠬᠡᠷᠡᠭᠰᠡᠯ ᠢ ᠪᠦᠷᠢᠨ ᠭᠦᠢᠴᠡᠳ ᠲᠣᠬᠢᠷᠠᠭᠤᠯᠵᠤ᠂ | ᠰᠣᠷᠣᠭᠴᠢ ᠶᠢᠨ ᠤᠰᠤᠨ ᠳᠤ ᠴᠠᠴᠠᠭᠰᠠᠨ ᠬᠡᠷᠡᠭ ᠲᠤ ᠴᠠᠭ ᠲᠤᠬᠠᠢ ᠳᠤᠨᠢ ᠠᠪᠤᠷᠠᠨ ᠲᠤᠰᠠᠯᠠᠬᠤ ᠠᠵᠢᠯ ᠢ ᠥᠷᠨᠢᠭᠦᠯᠬᠦ ᠬᠡᠷᠡᠭᠲᠡᠢ᠃ | ᠤᠰᠤᠨ ᠠᠰᠢᠭᠯᠠᠯᠲᠠ᠂ ᠵᠢᠷᠤᠮ ᠤᠨ ᠳᠠᠷᠤᠭ᠎ᠠ ᠶᠢᠨ ᠰᠠᠯᠠᠭ᠎ᠠ ᠮᠥᠴᠢᠷ᠄ ᠭᠤᠣᠯᠳᠠᠯᠭ᠎ᠠ ᠲᠠᠢ ᠤᠰᠤᠨ ᠣᠷᠣᠨ ᠤ ᠠᠮᠤᠷ ᠲᠦᠪᠰᠢᠨ ᠤ ᠬᠠᠮᠢᠶᠠᠷᠤᠯᠲᠠ ᠶᠢᠨ | ᠬᠠᠷᠢᠭᠤᠴᠠᠯᠭ᠎ᠠ ᠶᠢ ᠪᠣᠳᠠᠲᠠᠶᠢᠵᠢᠭᠤᠯᠵᠤ᠂ ᠭᠤᠣᠯ ᠮᠥᠷᠡᠨ᠂ ᠨᠠᠭᠤᠷ ᠴᠥᠭᠦᠷᠥᠮ᠂ ᠤᠰᠤᠨ ᠴᠥᠭᠦᠷᠥᠮ᠂ ᠭᠤᠣᠯ ᠰᠤᠪᠠᠭ᠂ ᠤᠰᠤ ᠵᠠᠯᠠᠬᠤ ᠵᠡᠷᠭᠡ ᠤᠰᠤᠨ | ᠣᠷᠣᠨ ᠤ ᠠᠮᠤᠷ ᠲᠦᠪᠰᠢᠨ ᠤ ᠬᠠᠮᠢᠶᠠᠷᠤᠯᠲᠠ ᠶᠢ ᠴᠢᠩᠭᠠᠳᠬᠠᠵᠤ᠂ ᠢᠯᠡ ᠲᠣᠳᠣ ᠰᠡᠷᠡᠮᠵᠢᠯᠡᠭᠦᠯᠬᠦ ᠲᠡᠮᠳᠡᠭ ᠫᠠᠶᠢᠰᠠ ᠲᠣᠬᠢᠷᠠᠭᠤᠯᠤᠨ᠂ ᠭᠤᠣᠯᠳᠠᠯᠭ᠎ᠠ ᠲᠠᠢ ᠣᠷᠣᠨ | ᠪᠦᠰᠡ ᠳᠤ ᠰᠡᠷᠭᠡᠶᠢᠯᠡᠨ ᠬᠠᠮᠠᠭᠠᠯᠠᠬᠤ ᠪᠡᠯᠡᠳᠬᠡᠮᠵᠢ ᠶᠢ ᠨᠡᠮᠡᠨ ᠪᠠᠶᠢᠭᠤᠯᠵᠤ᠂ ᠲᠦᠭᠰᠢᠭᠦᠷᠢ ᠶᠢᠨ ᠴᠢᠭ᠋ ᠪᠠᠶᠢᠷᠢ ᠪᠠ ᠭᠤᠣᠯᠳᠠᠯᠭ᠎ᠠ ᠲᠠᠢ ᠴᠠᠭ ᠬᠤᠭᠤᠴᠠᠭ᠎ᠠ ᠳᠤ | ᠴᠢᠭᠯᠡᠭᠦᠯᠦᠨ ᠪᠠᠶᠢᠩᠭᠤᠵᠢᠭᠤᠯᠤᠭᠰᠠᠨ ᠲᠣᠭᠤᠷᠢᠨ ᠪᠠᠶᠢᠴᠠᠭᠠᠯᠲᠠ ᠥᠷᠨᠢᠭᠦᠯᠦᠨ᠎ᠡ᠃ ᠬᠠᠮᠢᠶᠠᠷᠤᠭᠴᠢ ᠶᠢ ᠰᠢᠪᠠᠳᠠᠵᠤ ᠪᠠᠶᠢᠭᠠᠳ ᠨᠠᠭᠠᠳᠤᠭᠰᠠᠨ᠂ ᠤᠰᠤ ᠪᠠᠷ | ᠨᠠᠭᠠᠳᠤᠭᠰᠠᠨ᠂ ᠤᠰᠤᠨ ᠳᠤ ᠤᠮᠪᠠᠭᠰᠠᠨ᠂ ᠵᠢᠭᠠᠰᠤ ᠭᠥᠬᠢᠳᠡᠭᠰᠡᠨ ᠰᠤᠷᠤᠭᠴᠢᠳ ᠢ ᠴᠠᠭ ᠲᠤᠬᠠᠢ ᠳᠤᠨᠢ ᠢᠳᠬᠠᠨ ᠪᠤᠴᠠᠭᠠᠯᠭᠠᠨ᠎ᠠ᠃ | ᠠᠷᠠᠳ ᠤᠨ ᠶᠠᠪᠤᠳᠠᠯ ᠤᠨ ᠰᠠᠯᠠᠭ᠎ᠠ ᠮᠥᠴᠢᠷ᠄ ᠨᠠᠰᠤᠨ ᠳᠤ ᠥᠯᠥ ᠭᠦᠷᠦᠭᠰᠡᠳ ᠢ ᠬᠠᠮᠠᠭᠠᠯᠠᠬᠤ ᠬᠠᠷᠢᠭᠤᠴᠠᠯᠭ᠎ᠠ ᠶᠢ ᠪᠣᠳᠠᠲᠠᠶᠢᠵᠢᠭᠤᠯᠵᠤ᠂ | ᠰᠤᠷᠤᠭᠴᠢᠳ ᠤᠨ ᠤᠰᠤᠨ ᠳᠤ ᠵᠢᠪᠬᠦ ᠶᠢ ᠰᠡᠷᠭᠡᠶᠢᠯᠡᠬᠦ ᠠᠵᠢᠯ ᠢ ᠨᠠᠰᠤᠨ ᠳᠤ ᠥᠯᠥ ᠭᠦᠷᠦᠭᠰᠡᠳ ᠢ ᠬᠠᠮᠠᠭᠠᠯᠠᠬᠤ ᠵᠢᠱᠢᠶ᠎ᠡ ᠦᠵᠡᠭᠦᠯᠦᠨ ᠡᠭᠦᠳᠦᠨ ᠪᠠᠶᠢᠭᠤᠯᠬᠤ | ᠠᠵᠢᠯ ᠳᠤ ᠣᠷᠣᠭᠤᠯᠤᠨ᠂ ᠬᠥᠳᠡᠭᠡ ᠲᠣᠰᠬᠤᠨ ᠤ ᠭᠡᠷ ᠲᠡᠭᠡᠨ ᠬᠤᠴᠣᠷᠤᠭᠰᠠᠨ ᠬᠡᠦᠬᠡᠳ ᠪᠠ ᠬᠦᠴᠢᠷᠳᠡᠯ ᠳᠤ ᠲᠤᠯᠭᠠᠷᠠᠭᠰᠠᠨ ᠬᠡᠦᠬᠡᠳ ᠢ ︽ᠨᠢᠭᠡ ᠳᠤ ᠨᠢᠭᠡ ᠲᠠᠢ | ︾ ᠬᠤᠯᠪᠣᠭᠠᠯᠠᠭᠤᠯᠬᠤ ᠶᠢ ᠥᠷᠨᠢᠭᠦᠯᠵᠦ᠂ ᠬᠠᠮᠢᠶᠠᠷᠤᠯᠲᠠ ᠪᠠᠨ ᠠᠯᠳᠠᠬᠤ ᠦᠭᠡᠢ᠂ ᠰᠤᠷᠭᠠᠨ ᠬᠥᠮᠦᠵᠢᠯ ᠢᠶᠠᠨ ᠠᠯᠳᠠᠬᠤ ᠦᠭᠡᠢ᠂ ᠬᠠᠮᠠᠭᠠᠯᠠᠯᠲᠠ ᠪᠠᠨ ᠠᠯᠳᠠᠬᠤ | ᠦᠭᠡᠢ ᠪᠠᠶᠢᠬᠤ ᠶᠢ ᠦᠨᠡᠨ ᠬᠦ ᠪᠠᠲᠤᠯᠠᠵᠤ᠂ ︽ᠴᠡᠪᠡᠷ ᠬᠤᠭᠤᠰᠤᠨ ᠢ ᠬᠠᠷᠠᠵᠤ ᠬᠠᠮᠠᠭᠠᠯᠠᠬᠤ︾ ᠪᠠᠶᠢᠳᠠᠯ ᠭᠠᠷᠬᠤ ᠶᠢ ᠴᠢᠩᠭ᠎ᠠ ᠰᠡᠷᠭᠡᠶᠢᠯᠡᠨ᠎ᠡ᠃ | ᠣᠷᠣᠨ ᠰᠠᠭᠤᠴᠠ ᠪᠠ ᠬᠤᠲᠠ ᠬᠥᠳᠡᠭᠡ ᠶᠢᠨ ᠪᠦᠲᠦᠭᠡᠨ ᠪᠠᠶᠢᠭᠤᠯᠤᠯᠲᠠ ᠶᠢᠨ ᠰᠠᠯᠠᠭ᠎ᠠ ᠮᠥᠴᠢᠷ᠄ ᠲᠥᠷᠥᠯ ᠵᠦᠢᠯ ᠤᠨ ᠪᠠᠷᠢᠯᠭ᠎ᠠ ᠶᠢᠨ ᠠᠵᠢᠯ ᠤᠨ ᠠᠮᠤᠷ | ᠲᠦᠪᠰᠢᠨ ᠤ ᠬᠠᠮᠢᠶᠠᠷᠤᠯᠲᠠ ᠶᠢᠨ ᠬᠠᠷᠢᠭᠤᠴᠠᠯᠭ᠎ᠠ ᠶᠢ ᠪᠣᠳᠠᠲᠠᠶᠢᠵᠢᠭᠤᠯᠵᠤ᠂ ᠪᠠᠶᠢᠭᠤᠯᠵᠤ ᠪᠠᠶᠢᠭ᠎ᠠ ᠵᠢᠴᠢ ᠠᠵᠢᠯ ᠵᠣᠭᠰᠣᠭᠰᠠᠨ ᠲᠥᠷᠥᠯ ᠵᠦᠢᠯ ᠤᠨ ᠪᠠᠷᠢᠯᠭ᠎ᠠ ᠶᠢᠨ | ᠲᠤᠬᠠᠢ ᠶᠢᠨ ᠭᠠᠵᠠᠷ ᠤᠨ ᠭᠦᠨ ᠰᠠᠭᠤᠷᠢ ᠶᠢᠨ ᠨᠦᠬᠡ ᠶᠢᠨ ᠠᠮᠤᠷ ᠲᠦᠪᠰᠢᠨ ᠤ ᠬᠠᠮᠢᠶᠠᠷᠤᠯᠲᠠ ᠶᠢ ᠰᠢᠮᠳᠠᠭᠤᠯᠤᠨ ᠪᠠᠶᠢᠴᠠᠭᠠᠵᠤ ᠪᠠᠶᠢᠴᠠᠭᠠᠬᠤ ᠶᠢ ᠴᠢᠩᠭᠠᠳᠬᠠᠨ᠂ | ᠪᠠᠷᠢᠯᠭ᠎ᠠ ᠶᠢᠨ ᠨᠢᠭᠡᠴᠡ ᠶᠢ ᠰᠢᠮᠳᠠᠭᠤᠯᠵᠤ ᠪᠠᠶᠢᠭᠠᠳ ᠠᠶᠤᠯᠲᠠᠢ ᠤᠰᠤᠨ ᠴᠥᠭᠦᠷᠥᠮ᠂ ᠤᠰᠤᠨ ᠨᠦᠬᠡ᠂ ᠤᠰᠤᠨ ᠴᠥᠭᠦᠷᠥᠮ ᠵᠡᠷᠭᠡ ᠶᠢ ᠪᠤᠴᠠᠭᠠᠨ ᠪᠥᠭᠯᠡᠭᠦᠯᠵᠦ᠂ | ᠳᠤᠮᠳᠠᠳᠤ ᠪᠠᠭ᠎ᠠ ᠰᠤᠷᠭᠠᠭᠤᠯᠢ ᠶᠢᠨ ᠰᠣᠷᠣᠭᠴᠢ ᠶᠢᠨ ᠪᠠᠷᠢᠯᠭ᠎ᠠ ᠶᠢᠨ ᠠᠵᠢᠯ ᠤᠨ ᠲᠣᠭᠤᠷᠢᠭ ᠲᠤ ᠳᠤᠷ᠎ᠠ ᠪᠠᠷ ᠢᠶᠠᠨ ᠣᠷᠣᠬᠤ ᠶᠢ ᠴᠢᠩᠭ᠎ᠠ ᠴᠠᠭᠠᠵᠠᠯᠠᠨ᠎ᠠ᠃ | ᠵᠠᠮ ᠬᠠᠷᠢᠯᠴᠠᠭᠠᠨ ᠤ ᠰᠠᠯᠠᠭ᠎ᠠ ᠮᠥᠴᠢᠷ᠄ ᠤᠰᠤᠨ ᠳᠡᠭᠡᠷᠡᠬᠢ ᠵᠠᠮ ᠬᠠᠷᠢᠯᠴᠠᠭ᠎ᠠ ᠪᠠ ᠣᠯᠣᠮ ᠤᠨ ᠠᠮᠤᠷ ᠲᠦᠪᠰᠢᠨ ᠤ ᠬᠠᠷᠢᠭᠤᠴᠠᠯᠭ᠎ᠠ ᠶᠢ | ᠪᠣᠳᠠᠲᠠᠶᠢᠵᠢᠭᠤᠯᠵᠤ᠂ ᠤᠰᠤᠨ ᠳᠡᠭᠡᠷᠡᠬᠢ ᠵᠠᠮ ᠬᠠᠷᠢᠯᠴᠠᠭᠠᠨ ᠤ ᠠᠮᠤᠷ ᠲᠦᠪᠰᠢᠨ ᠤ ᠬᠠᠮᠢᠶᠠᠷᠤᠯᠲᠠ ᠶᠢᠨ ᠠᠵᠢᠯ ᠤᠨ ᠪᠠᠶᠢᠷᠢ ᠭᠠᠷᠭᠠᠵᠤ᠂ ᠬᠤᠯᠪᠣᠭᠳᠠᠯ ᠪᠦᠬᠦᠢ | ᠠᠮᠤᠷ ᠲᠦᠪᠰᠢᠨ ᠤ ᠰᠡᠷᠭᠡᠶᠢᠯᠡᠯᠲᠡ ᠶᠢᠨ ᠪᠡᠯᠡᠳᠬᠡᠮᠵᠢ ᠶᠢ ᠲᠡᠭᠦᠯᠳᠡᠷᠵᠢᠭᠦᠯᠦᠨ᠎ᠡ᠃ | ᠲᠠᠷᠢᠶᠠᠯᠠᠩ ᠤᠨ ᠰᠢᠨᠵᠢᠯᠡᠬᠦ ᠤᠬᠠᠭᠠᠨ ᠤ ᠰᠠᠯᠠᠭ᠎ᠠ ᠮᠥᠴᠢᠷ᠄ ᠤᠰᠤᠨ ᠭᠠᠷᠤᠯᠲᠠ᠂ ᠲᠠᠷᠢᠶᠠᠯᠠᠩ ᠳᠤ ᠬᠡᠷᠡᠭᠯᠡᠬᠦ ᠪᠡᠯᠡᠳᠬᠡᠮᠵᠢ ᠶᠢᠨ ᠦᠢᠯᠡᠳᠪᠦᠷᠢᠯᠡᠯ | ᠡᠵᠡᠩᠨᠡᠯᠲᠡ ᠶᠢᠨ ᠭᠤᠣᠯ ᠴᠣᠭᠴᠠ ᠶᠢᠨ ᠠᠮᠤᠷ ᠲᠦᠪᠰᠢᠨ ᠤ ᠬᠠᠷᠢᠭᠤᠴᠠᠯᠭ᠎ᠠ ᠶᠢ ᠪᠣᠳᠠᠲᠠᠶᠢᠵᠢᠭᠤᠯᠵᠤ᠂ ᠵᠢᠭᠠᠰᠤᠨ ᠴᠥᠭᠦᠷᠥᠮ᠂ ᠤᠰᠤᠯᠠᠯᠲᠠ ᠳᠤ ᠬᠡᠷᠡᠭᠯᠡᠬᠦ | ᠤᠰᠤᠨ ᠴᠥᠭᠦᠷᠥᠮ ᠤᠰᠤᠨ ᠬᠠᠰᠢᠯᠭ᠎ᠠ ᠶᠢᠨ ᠬᠠᠮᠢᠶᠠᠷᠤᠯᠲᠠ ᠶᠢ ᠴᠢᠩᠭᠠᠳᠬᠠᠨ᠂ ᠰᠡᠷᠡᠮᠵᠢ ᠶᠢᠨ ᠲᠡᠮᠳᠡᠭ ᠪᠠ ᠴᠢᠬᠤᠯᠠ ᠪᠦᠬᠦᠢ ᠰᠡᠷᠭᠡᠶᠢᠯᠡᠨ ᠬᠠᠮᠠᠭᠠᠯᠠᠬᠤ | ᠪᠡᠯᠡᠳᠬᠡᠮᠵᠢ ᠪᠠᠶᠢᠷᠢᠯᠠᠭᠤᠯᠵᠤ᠂ ᠬᠠᠮᠢᠶᠠᠷᠤᠭᠴᠢ ᠶᠢ ᠰᠢᠮᠳᠠᠭᠤᠯᠵᠤ ᠪᠠᠶᠢᠭᠠᠳ ᠨᠠᠭᠠᠳᠴᠤ ᠲᠣᠭᠯᠠᠬᠤ᠂ ᠤᠰᠤᠨ ᠳᠤ ᠨᠠᠭᠠᠳᠬᠤ᠂ ᠤᠰᠤᠨ ᠳᠤ ᠤᠮᠪᠠᠭ᠋ᠤ᠂ ᠵᠢᠭᠠᠰᠤ | ᠭᠥᠬᠢᠳᠡᠬᠦ ᠰᠤᠷᠤᠭᠴᠢᠳ ᠢ ᠴᠠᠭ ᠲᠤᠬᠠᠢ ᠳᠤᠨᠢ ᠢᠳᠬᠠᠨ ᠪᠤᠴᠠᠭᠠᠯᠭᠠᠨ᠎ᠠ᠃ | ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠰᠠᠯᠠᠭ᠎ᠠ ᠮᠥᠴᠢᠷ᠂ ᠤᠯᠠᠭᠠᠨ ᠵᠠᠭᠠᠯᠮᠠᠶᠢᠲᠠᠨ ᠤ ᠨᠡᠶᠢᠭᠡᠮᠯᠢᠭ᠄ ᠤᠰᠤᠨ ᠳᠤ ᠵᠢᠪᠬᠦ ᠶᠢ ᠰᠡᠷᠭᠡᠶᠢᠯᠡᠬᠦ ᠪᠠᠴᠢᠮ | ᠪᠠᠶᠢᠳᠠᠯ ᠢ ᠠᠷᠭᠠᠴᠠᠵᠤ ᠠᠪᠤᠷᠠᠬᠤ ᠮᠡᠳᠡᠯᠭᠡ ᠶᠢ ᠲᠦᠭᠡᠮᠡᠯᠵᠢᠭᠦᠯᠬᠦ ᠬᠠᠷᠢᠭᠤᠴᠠᠯᠭ᠎ᠠ ᠶᠢ ᠪᠣᠳᠠᠲᠠᠶᠢᠵᠢᠭᠤᠯᠤᠨ᠎ᠠ᠃ ᠤᠰᠤᠨ ᠳᠤ ᠴᠠᠴᠠᠬᠤ ᠶᠢ ᠰᠡᠷᠭᠡᠶᠢᠯᠡᠬᠦ ᠪᠠᠴᠢᠮ | ᠪᠠᠶᠢᠳᠠᠯ ᠢ ᠠᠷᠭᠠᠴᠠᠵᠤ ᠠᠪᠤᠷᠠᠨ ᠲᠤᠰᠠᠯᠠᠬᠤ ᠮᠡᠳᠡᠯᠭᠡ ᠶᠢ ᠰᠤᠷᠭᠠᠭᠤᠯᠢ ᠶᠢᠨ ᠬᠦᠷᠢᠶᠡᠨ ᠳᠤ ᠣᠷᠣᠭᠤᠯᠬᠤ᠂ ᠭᠡᠷ ᠪᠦᠯᠢ ᠳᠤ ᠣᠷᠣᠭᠤᠯᠬᠤ ᠠᠵᠢᠯᠯᠠᠭ᠎ᠠ ᠶᠢ | ᠠᠬᠢᠭᠤᠯᠵᠤ᠂ ᠰᠤᠷᠤᠭᠴᠢᠳ ᠢ ᠬᠠᠪᠰᠤᠷᠤᠨ ᠤᠰᠤᠨ ᠳᠤ ᠴᠠᠴᠠᠵᠤ ᠥᠪᠡᠷ ᠢ ᠪᠠᠨ ᠠᠪᠤᠷᠠᠬᠤ᠂ ᠠᠪᠤᠷᠠᠬᠤ ᠵᠥᠪ ᠮᠡᠳᠡᠯᠭᠡ ᠶᠢ ᠰᠤᠷᠤᠯᠴᠠᠭᠤᠯᠤᠨ ᠡᠵᠡᠮᠰᠢᠭᠦᠯᠵᠦ᠂ | ᠡᠯ᠎ᠡ ᠦᠨᠳᠦᠰᠦᠨ ᠱᠠᠲᠤᠨ ᠤ ᠡᠮᠴᠢᠯᠡᠭᠡ ᠡᠷᠡᠭᠦᠯ ᠬᠠᠮᠠᠭᠠᠯᠠᠯ ᠤᠨ ᠪᠠᠶᠢᠭᠤᠯᠤᠮᠵᠢ ᠶᠢ ᠰᠢᠮᠳᠠᠭᠤᠯᠵᠤ ᠪᠠᠶᠢᠭᠠᠳ ᠰᠤᠷᠤᠭᠴᠢᠳ ᠤᠨ ᠤᠰᠤᠨ ᠳᠤ ᠴᠠᠴᠠᠵᠤ ᠪᠠᠴᠢᠮ | ᠪᠠᠶᠢᠳᠠᠯ ᠢ ᠠᠷᠭᠠᠴᠠᠵᠤ ᠠᠪᠤᠷᠠᠨ ᠲᠤᠰᠠᠯᠠᠬᠤ ᠪᠠᠲᠤᠯᠠᠭ᠎ᠠ ᠶᠢᠨ ᠠᠵᠢᠯ ᠢ ᠰᠠᠶᠢᠲᠤᠷ ᠬᠢᠬᠦ ᠬᠡᠷᠡᠭᠲᠡᠢ᠃ | ᠰᠣᠶᠣᠯ ᠵᠢᠭᠤᠯᠴᠢᠯᠠᠯ ᠷᠠᠳᠢᠣ᠋ ᠲᠧᠯᠸᠢᠰ ᠤᠨ ᠰᠠᠯᠠᠭ᠎ᠠ ᠮᠥᠴᠢᠷ᠄ ᠦᠵᠡᠮᠵᠢ ᠶᠢᠨ ᠣᠷᠣᠨ ᠤ ᠤᠰᠤᠨ ᠣᠷᠣᠨ ᠤ ᠰᠡᠷᠭᠡᠶᠢᠯᠡᠨ ᠬᠠᠮᠠᠭᠠᠯᠠᠬᠤ | ᠬᠠᠷᠢᠭᠤᠴᠠᠯᠭ᠎ᠠ ᠶᠢ ᠪᠣᠳᠠᠲᠠᠶᠢᠵᠢᠭᠤᠯᠵᠤ᠂ ᠵᠢᠭᠤᠯᠴᠢᠯᠠᠯ ᠤᠨ ᠦᠵᠡᠮᠵᠢ ᠶᠢᠨ ᠣᠷᠣᠨ᠂ ᠣᠳᠣᠨ ᠲᠠᠰ ᠤᠨ ᠪᠠᠭᠤᠳᠠᠯ ᠤᠨ ᠬᠠᠷᠢᠭᠤᠴᠠᠯᠭᠠᠲᠠᠨ ᠤ ᠠᠮᠤᠷ ᠲᠦᠪᠰᠢᠨ ᠤ | ᠬᠠᠮᠢᠶᠠᠷᠤᠯᠲᠠ ᠶᠢᠨ ᠬᠠᠷᠢᠭᠤᠴᠠᠯᠭ᠎ᠠ ᠶᠢᠨ ᠳᠦᠷᠢᠮ ᠢ ᠪᠠᠶᠢᠭᠤᠯᠤᠨ᠂ ᠤᠰᠤᠨ ᠳᠤ ᠬᠤᠯᠪᠣᠭᠳᠠᠬᠤ ᠣᠷᠣᠨ ᠪᠦᠰᠡ ᠳᠤ ᠰᠡᠷᠡᠮᠵᠢ ᠶᠢᠨ ᠲᠡᠮᠳᠡᠭ ᠪᠠ ᠰᠡᠷᠭᠡᠶᠢᠯᠡᠨ | ᠬᠠᠮᠠᠭᠠᠯᠠᠬᠤ ᠪᠡᠯᠡᠳᠬᠡᠮᠵᠢ ᠲᠣᠬᠢᠷᠠᠭᠤᠯᠵᠤ᠂ ᠤᠰᠤᠨ ᠳᠤ ᠵᠢᠪᠬᠦ ᠠᠮᠠᠷᠬᠠᠨ ᠤᠰᠤᠨ ᠳᠤ ᠵᠢᠪᠬᠦ ᠤᠰᠤᠨ ᠣᠷᠣᠨ ᠳᠤ ᠠᠪᠤᠷᠠᠨ ᠲᠤᠰᠠᠯᠠᠬᠤ ᠪᠡᠯᠡᠳᠬᠡᠮᠵᠢ ᠶᠢ | ᠲᠡᠭᠦᠯᠳᠡᠷᠵᠢᠭᠦᠯᠦᠨ᠂ ᠲᠣᠭᠤᠷᠢᠨ ᠪᠠᠶᠢᠴᠠᠭᠠᠬᠤ ᠬᠠᠮᠢᠶᠠᠷᠤᠯᠲᠠ ᠶᠢ ᠴᠢᠩᠭᠠᠳᠬᠠᠵᠤ᠂ ᠲᠣᠭᠲᠠᠭᠠᠯ ᠶᠣᠰᠣᠭᠠᠷ ᠬᠠᠮᠢᠶᠠᠷᠤᠯᠲᠠ ᠶᠢᠨ ᠠᠵᠢᠯᠲᠠᠨ ᠪᠤᠶᠤ ᠠᠪᠤᠷᠠᠭᠴᠢ ᠶᠢ | ᠲᠣᠬᠢᠷᠠᠭᠤᠯᠤᠨ᠎ᠠ᠃ | ᠴᠡᠴᠡᠷᠯᠢᠭ ᠤᠨ ᠨᠣᠭᠤᠭᠠᠷᠠᠭᠤᠯᠤᠯᠲᠠ ᠶᠢᠨ ᠰᠠᠯᠠᠭ᠎ᠠ ᠮᠥᠴᠢᠷ᠄ ᠬᠤᠲᠠ ᠶᠢᠨ ᠴᠡᠴᠡᠷᠯᠢᠭ ᠤᠨ ᠤᠰᠤᠨ ᠣᠷᠣᠨ ᠤ ᠬᠠᠮᠢᠶᠠᠷᠤᠯᠲᠠ ᠶᠢᠨ ᠬᠠᠷᠢᠭᠤᠴᠠᠯᠭ᠎ᠠ ᠶᠢ | ᠪᠣᠳᠠᠲᠠᠶᠢᠵᠢᠭᠤᠯᠵᠤ᠂ ᠬᠠᠷᠢᠶ᠎ᠠ ᠣᠷᠣᠨ ᠤ ᠠᠮᠤᠷ ᠲᠦᠪᠰᠢᠨ ᠤ ᠬᠠᠮᠢᠶᠠᠷᠤᠯᠲᠠ ᠶᠢᠨ ᠬᠠᠷᠢᠭᠤᠴᠠᠯᠭ᠎ᠠ ᠶᠢᠨ ᠳᠦᠷᠢᠮ ᠢ ᠪᠠᠶᠢᠭᠤᠯᠤᠨ᠂ ᠵᠠᠰᠠᠭ ᠵᠠᠬᠢᠷᠭᠠᠨ ᠤ ᠣᠷᠣᠨ ᠤ | ᠳᠣᠲᠣᠷᠠᠬᠢ ᠴᠡᠴᠡᠷᠯᠢᠭ᠂ ᠭᠤᠣᠯ ᠤᠨ ᠵᠠᠮ ᠤᠨ ᠬᠠᠮᠢᠶᠠᠷᠤᠯᠲᠠ ᠶᠢ ᠴᠢᠩᠭᠠᠳᠬᠠᠵᠤ᠂ ᠤᠰᠤᠨ ᠳᠤ ᠬᠤᠯᠪᠣᠭᠳᠠᠬᠤ ᠣᠷᠣᠨ ᠪᠦᠰᠡ ᠳᠤ ᠰᠡᠷᠡᠮᠵᠢᠯᠡᠭᠦᠯᠬᠦ ᠲᠡᠮᠳᠡᠭ ᠪᠠ | ᠠᠮᠤᠷ ᠲᠦᠪᠰᠢᠨ ᠤ ᠤᠬᠠᠭᠤᠯᠭ᠎ᠠ ᠶᠢᠨ ᠪᠤᠯᠤᠩ ᠭᠠᠷᠭᠠᠵᠤ᠂ ᠲᠣᠭᠤᠷᠢᠨ ᠪᠠᠶᠢᠴᠠᠭᠠᠵᠤ ᠬᠠᠮᠢᠶᠠᠷᠬᠤ ᠠᠵᠢᠯ ᠢ ᠴᠢᠩᠭᠠᠳᠬᠠᠨ᠎ᠠ᠃ | ᠠᠵᠤ ᠦᠢᠯᠡᠳᠪᠦᠷᠢ ᠪᠠ ᠮᠡᠳᠡᠭᠡ ᠵᠠᠩᠭᠢᠵᠢᠯᠲᠠ ᠶᠢᠨ ᠰᠠᠯᠠᠭ᠎ᠠ ᠮᠥᠴᠢᠷ᠄ ᠴᠠᠬᠢᠯᠭᠠᠨ ᠬᠤᠯᠪᠣᠭ᠎ᠠ᠂ ᠰᠢᠯᠵᠢᠮᠡᠯ ᠬᠤᠯᠪᠣᠭ᠎ᠠ᠂ ᠨᠢᠭᠡᠳᠦᠮᠡᠯ ᠬᠤᠯᠪᠣᠭ᠎ᠠ ᠵᠡᠷᠭᠡ | ᠴᠢᠮᠡᠭᠡ ᠬᠤᠯᠪᠣᠭ᠎ᠠ ᠶᠢᠨ ᠡᠵᠡᠩᠨᠡᠯᠲᠡ ᠶᠢᠨ ᠬᠤᠳᠠᠯᠳᠤᠭᠠᠴᠢᠨ ᠢ ᠵᠣᠬᠢᠴᠠᠭᠤᠯᠤᠨ ᠵᠣᠬᠢᠶᠠᠨ ᠪᠠᠶᠢᠭᠤᠯᠵᠤ᠂ ᠤᠰᠤᠨ ᠳᠤ ᠵᠢᠪᠬᠦ ᠳᠤ ᠬᠢᠯᠪᠠᠷ ᠴᠠᠭ ᠬᠤᠭᠤᠴᠠᠭᠠᠨ ᠳᠤ | ᠲᠣᠭᠲᠠᠮᠠᠯ ᠬᠤᠭᠤᠴᠠᠭ᠎ᠠ ᠲᠠᠢ ᠪᠠᠷ ᠭᠠᠷ ᠤᠲᠠᠰᠤᠨ ᠤ ᠬᠡᠷᠡᠭᠯᠡᠭᠴᠢ ᠳᠤ ᠤᠰᠤᠨ ᠳᠤ ᠵᠢᠪᠬᠦ ᠶᠢ ᠤᠷᠢᠳᠴᠢᠯᠠᠨ ᠰᠡᠷᠭᠡᠶᠢᠯᠡᠬᠦ ᠨᠡᠶᠢᠲᠡ ᠶᠢᠨ ᠠᠰᠠᠷᠠᠮᠵᠢ ᠶᠢᠨ ᠣᠬᠤᠷ | ᠮᠡᠳᠡᠭᠡ ᠶᠢ ᠶᠠᠪᠤᠭᠤᠯᠤᠨ᠎ᠠ᠃ | ᠡᠪ ᠬᠠᠮᠲᠤ ᠵᠠᠯᠠᠭᠤᠴᠤᠳ ᠤᠨ ᠡᠪᠯᠡᠯ᠂ ᠡᠮᠡᠭᠲᠡᠶᠢᠴᠦᠳ ᠤᠨ ᠬᠤᠯᠪᠣᠭᠠᠲᠤ ᠬᠤᠷᠠᠯ᠄ ︽ᠭᠤᠷᠪᠠ ᠶᠢ ᠬᠥᠳᠡᠭᠡ ᠪᠠᠭᠤᠯᠭᠠᠬᠤ︾ ᠨᠡᠶᠢᠭᠡᠮ ᠤᠨ | ᠦᠢᠯᠡᠳᠦᠯᠭᠡ ᠶᠢᠨ ᠠᠵᠢᠯᠯᠠᠭ᠎ᠠ᠂ ᠡᠯ᠎ᠡ ᠲᠥᠷᠥᠯ ᠤᠨ ᠰᠠᠶᠢᠨ ᠳᠤᠷ᠎ᠠ ᠶᠢᠨ ᠠᠵᠢᠯᠯᠠᠭᠴᠢ ᠶᠢᠨ ᠲᠥᠯᠥᠪᠯᠡᠭᠡ ᠲᠠᠢ ᠤᠶᠠᠯᠳᠤᠭᠤᠯᠤᠨ᠂ ᠬᠥᠳᠡᠭᠡ ᠲᠣᠰᠬᠤᠨ ᠤ ᠬᠡᠦᠬᠡᠳ | ᠂ ᠵᠠᠯᠠᠭᠤᠴᠤᠳ ᠪᠠᠭᠠᠴᠤᠳ᠂ ᠭᠡᠷ ᠤᠨ ᠠᠬᠠᠮᠠᠳ ᠲᠤ ᠤᠰᠤᠨ ᠳᠤ ᠵᠢᠪᠬᠦ ᠶᠢ ᠰᠡᠷᠭᠡᠶᠢᠯᠡᠬᠦ ᠤᠬᠠᠭᠤᠯᠭ᠎ᠠ ᠬᠥᠮᠦᠵᠢᠯ ᠬᠢᠵᠦ᠂ ᠰᠠᠶᠢᠨ ᠳᠤᠷ᠎ᠠ ᠶᠢᠨ ᠠᠵᠢᠯᠯᠠᠭᠴᠢ ᠶᠢ | ᠵᠣᠬᠢᠶᠠᠨ ᠪᠠᠶᠢᠭᠤᠯᠵᠤ ᠲᠣᠭᠲᠠᠮᠠᠯ ᠬᠤᠭᠤᠴᠠᠭ᠎ᠠ ᠲᠠᠢ ᠪᠠᠷ ᠡᠯ᠎ᠡ ᠲᠥᠷᠥᠯ ᠤᠨ ᠨᠡᠭᠡᠭᠡᠯᠲᠡ ᠲᠠᠢ ᠤᠰᠤᠨ ᠣᠷᠣᠨ ᠳᠤ ᠬᠦᠷᠴᠦ ᠲᠣᠭᠤᠷᠢᠨ ᠪᠠᠶᠢᠴᠠᠭᠠᠯᠲᠠ ᠬᠢᠵᠦ᠂ | ᠰᠤᠷᠤᠭᠴᠢᠳ ᠢ ᠠᠶᠤᠯᠲᠠᠢ ᠤᠰᠤᠨ ᠣᠷᠣᠨ ᠠᠴᠠ ᠬᠤᠯᠠᠳᠠᠭᠤᠯᠬᠤ ᠶᠢ ᠢᠳᠬᠠᠨ ᠬᠤᠷᠢᠭᠯᠠᠨ᠎ᠠ᠃ ᠬᠥᠳᠡᠭᠡ ᠲᠣᠰᠬᠤᠨ᠂ ᠬᠤᠲᠠ ᠬᠥᠳᠡᠭᠡ ᠶᠢᠨ ᠠᠭᠤᠯᠵᠠᠷ | ᠭᠠᠵᠠᠷ ᠤᠨ ᠰᠣᠷᠣᠭᠴᠢ ᠶᠢᠨ ᠭᠡᠷ ᠤᠨ ᠠᠬᠠᠮᠠᠳ ᠲᠤ ︽ᠨᠢᠭᠡ ᠳᠤ ᠨᠢᠭᠡ ᠪᠠᠷ︾ ᠬᠠᠪᠰᠤᠷᠤᠨ ᠰᠤᠷᠭᠠᠬᠤ ᠲᠣᠭᠲᠠᠴᠠ ᠶᠢ ᠪᠠᠶᠢᠭᠤᠯᠵᠤ᠂ ᠰᠢᠶᠠᠩ ᠪᠠᠯᠭᠠᠰᠤ᠂ | ᠲᠣᠰᠬᠤᠨ ᠤ ᠨᠡᠶᠢᠭᠡᠮ ᠤᠨ ᠡᠮᠡᠭᠲᠡᠶᠢᠴᠦᠳ ᠤᠨ ᠬᠤᠯᠪᠣᠭᠠᠲᠤ ᠬᠤᠷᠠᠯ ᠤᠨ ᠦᠢᠯᠡᠳᠦᠯ ᠢ ᠪᠠᠳᠠᠷᠠᠭᠤᠯᠤᠨ᠂ ᠡᠭᠦᠳᠡ ᠡᠷᠦᠬᠡ ᠪᠠᠷ ᠣᠷᠣᠵᠤ᠂ ᠰᠣᠷᠣᠭᠴᠢ ᠶᠢᠨ | ᠭᠡᠷ ᠤᠨ ᠠᠬᠠᠮᠠᠳ ᠲᠤ ᠤᠰᠤᠨ ᠳᠤ ᠵᠢᠪᠬᠦ ᠶᠢ ᠰᠡᠷᠭᠡᠶᠢᠯᠡᠬᠦ ᠮᠡᠳᠡᠯᠭᠡ ᠶᠢ ᠤᠬᠠᠭᠤᠯᠤᠨ᠎ᠠ᠃ | ᠲᠠᠪᠤ᠂ ᠠᠵᠢᠯ ᠤᠨ ᠱᠠᠭᠠᠷᠳᠠᠯᠭ᠎ᠠ | ︵ᠨᠢᠭᠡ︶ ᠦᠵᠡᠯ ᠰᠠᠨᠠᠭ᠎ᠠ ᠲᠠᠨᠢᠯᠲᠠ ᠪᠠᠨ ᠳᠡᠭᠡᠭᠰᠢᠯᠡᠭᠦᠯᠦᠨ᠎ᠡ᠃ ᠡᠯ᠎ᠡ ᠰᠤᠮᠤ ᠪᠠᠯᠭᠠᠰᠤ᠂ ᠡᠯ᠎ᠡ ᠬᠤᠯᠪᠣᠭᠳᠠᠯ ᠪᠦᠬᠦᠢ ᠰᠠᠯᠠᠭ᠎ᠠ ᠮᠥᠴᠢᠷ ᠤᠨ ᠬᠢᠨ | ᠠᠵᠠ ᠵᠠᠪᠰᠢᠶᠠᠨ ᠢ ᠡᠷᠢᠬᠦ ᠪᠣᠳᠣᠯ ᠪᠠ ᠮᠢᠨᠴᠦᠭᠦᠷᠡᠬᠦ ᠦᠵᠡᠯ ᠰᠠᠨᠠᠭ᠎ᠠ ᠶᠢ ᠡᠷᠡᠰ ᠲᠡᠪᠴᠢᠵᠦ᠂ ᠰᠤᠷᠤᠭᠴᠢᠳ ᠤᠨ ᠠᠮᠤᠷ ᠲᠦᠪᠰᠢᠨ ᠢ ᠬᠠᠮᠠᠭᠠᠯᠠᠬᠤ ᠶᠢᠨ | ᠲᠤᠶᠢᠯ ᠤᠨ ᠴᠢᠬᠤᠯᠠ ᠴᠢᠨᠠᠷ ᠢ ᠭᠦᠨᠵᠡᠭᠡᠢ ᠲᠠᠨᠢᠵᠤ᠂ ᠰᠤᠷᠤᠭᠴᠢᠳ ᠤᠨ ᠤᠰᠤᠨ ᠳᠤ ᠵᠢᠪᠬᠦ ᠶᠢ ᠰᠡᠷᠭᠡᠶᠢᠯᠡᠬᠦ ᠠᠵᠢᠯ ᠢ ᠳᠡᠭᠡᠳᠦ ᠬᠡᠮᠵᠢᠶ᠎ᠡ ᠪᠠᠷ ᠬᠠᠷᠠᠵᠤ ᠬᠠᠮᠢᠶᠠᠷᠬᠤ᠂ | ᠤᠬᠠᠭᠤᠯᠬᠤ᠂ ᠰᠡᠷᠡᠮᠵᠢᠯᠡᠭᠦᠯᠬᠦ᠂ ᠵᠢᠭᠰᠠᠭᠠᠨ ᠪᠠᠶᠢᠴᠠᠭᠠᠬᠤ᠂ ᠬᠢᠨᠠᠯᠲᠠ ᠲᠠᠯᠪᠢᠬᠤ ︽ᠲᠠᠪᠤ ᠶᠢ ᠨᠠᠶᠢᠳᠠᠪᠤᠷᠢᠵᠢᠭᠤᠯᠬᠤ︾ ᠶᠢ ᠦᠨᠡᠨᠬᠦ ᠪᠡᠶᠡᠯᠡᠭᠦᠯᠵᠦ᠂ | ᠰᠤᠷᠤᠭᠴᠢᠳ ᠤᠨ ᠤᠰᠤᠨ ᠳᠤ ᠵᠢᠪᠬᠦ ᠶᠢ ᠰᠡᠷᠭᠡᠶᠢᠯᠡᠬᠦ ᠠᠵᠢᠯ ᠤᠨ ᠬᠠᠷᠢᠶ᠎ᠠ ᠭᠠᠵᠠᠷ ᠤᠨ ᠬᠠᠷᠢᠭᠤᠴᠠᠯᠭ᠎ᠠ ᠶᠢ ᠪᠥᠬᠦ ᠲᠠᠯ᠎ᠠ ᠪᠠᠷ ᠪᠣᠳᠠᠲᠠᠶᠢᠵᠢᠭᠤᠯᠵᠤ᠂ | ᠲᠣᠥᠷᠵᠢᠭᠤᠯᠤᠭᠴᠢ ᠶᠢᠨ ᠬᠠᠷᠢᠭᠤᠴᠠᠯᠭ᠎ᠠ ᠶᠢᠨ ᠳᠦᠷᠢᠮ ᠢ ᠨᠠᠶᠢᠳᠠᠪᠤᠷᠢᠵᠢᠭᠤᠯᠤᠨ᠂ ᠬᠠᠷᠢᠶᠠᠲᠤ ᠣᠷᠣᠨ ᠤ ᠤᠰᠤᠨ ᠳᠤ ᠵᠢᠪᠬᠦ ᠶᠢ ᠰᠡᠷᠭᠡᠶᠢᠯᠡᠬᠦ ᠠᠵᠢᠯ ᠢ ᠱᠠᠲᠤ | ᠬᠤᠪᠢᠶᠠᠨ ᠬᠠᠷᠢᠭᠤᠴᠠᠵᠤ᠂ ᠬᠠᠯᠲᠤ ᠮᠥᠯᠲᠥ ᠬᠢᠬᠦ᠂ ᠥᠩᠭᠡᠨ ᠲᠠᠯ᠎ᠠ ᠶᠢᠨ ᠠᠵᠢᠯ ᠬᠢᠬᠦ᠂ ᠬᠥᠳᠡᠯᠭᠡᠭᠡᠨ ᠬᠢᠬᠦ ᠵᠡᠷᠭᠡ ᠬᠡᠯᠪᠡᠷᠢ ᠶᠢᠨ ᠦᠵᠡᠯ ᠪᠠ ᠨᠣᠶᠠᠨᠴᠢ | ᠰᠤᠷᠲᠠᠯ ᠢ ᠡᠷᠡᠰ ᠲᠡᠪᠴᠢᠵᠦ᠂ ᠴᠢᠩᠭ᠎ᠠ ᠬᠦᠴᠦᠲᠡᠢ ᠠᠷᠭ᠎ᠠ ᠬᠡᠮᠵᠢᠶ᠎ᠡ ᠠᠪᠴᠤ ᠪᠠᠶᠢᠭᠠᠳ ᠰᠤᠷᠤᠭᠴᠢᠳ ᠤᠨ ᠠᠮᠢ ᠨᠠᠰᠤᠨ ᠤ ᠠᠮᠤᠷ ᠲᠦᠪᠰᠢᠨ ᠢ ᠦᠨᠡᠨᠬᠦ | ᠪᠠᠲᠤᠯᠠᠬᠤ ᠬᠡᠷᠡᠭᠲᠡᠢ᠃ | ︵ᠬᠤᠶᠠᠷ︶ ᠬᠠᠷᠢᠭᠤᠴᠠᠯᠭ᠎ᠠ ᠶᠢ ᠴᠢᠩᠭ᠎ᠠ ᠪᠥᠭᠡᠳ ᠪᠣᠳᠠᠲᠠᠶᠢᠵᠢᠭᠤᠯᠤᠨ᠎ᠠ᠃ ᠬᠠᠮᠲᠤᠷᠠᠨ ᠰᠡᠷᠭᠡᠶᠢᠯᠡᠵᠦ ᠬᠠᠮᠲᠤᠷᠠᠨ ᠡᠵᠡᠮᠳᠡᠬᠦ ᠠᠵᠢᠯ ᠤᠨ ᠲᠣᠭᠲᠠᠴᠠ ᠶᠢ | ᠤᠯᠠᠮ ᠨᠢᠭᠡ ᠠᠯᠬᠤᠮ ᠪᠦᠷᠢᠨᠰᠢᠭᠦᠯᠦᠨ ᠲᠡᠭᠦᠯᠳᠡᠷᠵᠢᠭᠦᠯᠵᠦ᠂ ᠬᠠᠮᠢᠶᠠᠷᠤᠯᠲᠠ ᠶᠢᠨ ᠬᠠᠷᠢᠭᠤᠴᠠᠯᠭ᠎ᠠ ᠶᠢ ᠱᠠᠲᠤ ᠱᠠᠲᠤ ᠪᠠᠷ ᠨᠠᠶᠢᠳᠠᠪᠤᠷᠢᠵᠢᠭᠤᠯᠤᠨ᠂ ᠠᠵᠢᠯ | ᠲᠥᠷᠥᠯ ᠤᠨ ᠰᠠᠯᠠᠭ᠎ᠠ ᠮᠥᠴᠢᠷ᠂ ᠰᠤᠮᠤ ᠪᠠᠯᠭᠠᠰᠤ᠂ ᠲᠣᠰᠬᠤᠨ ︵ᠨᠡᠶᠢᠭᠡᠮ ᠲᠣᠭᠤᠷᠢᠭ︶᠂ ᠰᠤᠷᠭᠠᠭᠤᠯᠢ ᠶᠢᠨ ᠬᠠᠷᠢᠭᠤᠴᠠᠯᠭ᠎ᠠ ᠶᠢ | ᠨᠠᠶᠢᠳᠠᠪᠤᠷᠢᠵᠢᠭᠤᠯᠬᠤ ᠶᠢ ᠪᠣᠳᠠᠲᠠᠢ ᠪᠥᠭᠡᠳ ᠨᠠᠷᠢᠨ ᠠᠳᠬᠤᠵᠤ᠂ ᠭᠤᠣᠯ ᠤᠳᠤᠷᠢᠳᠬᠤ ᠨᠥᠬᠦᠳ ᠪᠡᠶ᠎ᠡ ᠪᠠᠷ ᠢᠶᠠᠨ ᠠᠳᠬᠤᠨ᠂ ᠪᠡᠶ᠎ᠡ ᠪᠠᠷ ᠢᠶᠠᠨ ᠠᠩᠬᠠᠷᠴᠤ᠂ | ᠨᠠᠷᠢᠨ ᠨᠢᠮᠪᠠᠢ ᠵᠣᠬᠢᠶᠠᠨ ᠪᠠᠶᠢᠭᠤᠯᠤᠨ᠂ ᠨᠠᠷᠢᠨ ᠨᠢᠮᠪᠠᠢ ᠲᠣᠬᠢᠷᠠᠭᠤᠯᠵᠤ᠂ ᠪᠠᠶᠢᠴᠠᠭᠠᠨ ᠰᠤᠳᠤᠯᠵᠤ ᠵᠢᠯᠤᠭᠤᠳᠬᠤ᠂ ᠵᠣᠬᠢᠴᠠᠭᠤᠯᠤᠨ ᠪᠠᠶᠢᠷᠢᠯᠠᠭᠤᠯᠬᠤ ᠵᠡᠷᠭᠡ ᠣᠯᠠᠨ | ᠵᠦᠢᠯ ᠤᠨ ᠠᠷᠭ᠎ᠠ ᠮᠠᠶ᠋ᠢᠭ ᠢ ᠠᠪᠴᠤ᠂ ᠠᠵᠢᠯ ᠢᠶᠠᠨ ᠬᠦᠴᠦᠲᠡᠢ ᠪᠥᠭᠡᠳ ᠡᠮᠬᠢ ᠵᠢᠷᠤᠮ ᠲᠠᠢ ᠥᠷᠨᠢᠭᠦᠯᠬᠦ ᠶᠢ ᠠᠬᠢᠭᠤᠯᠬᠤ ᠬᠡᠷᠡᠭᠲᠡᠢ᠃ | ︵ᠭᠤᠷᠪᠠ︶ ᠬᠢᠨᠠᠯᠲᠠ ᠬᠠᠮᠢᠶᠠᠷᠤᠯᠲᠠ ᠶᠢᠨ ᠨᠡᠶᠢᠯᠡᠮᠡᠯ ᠬᠦᠴᠦᠨ ᠢ ᠪᠦᠷᠢᠯᠳᠦᠭᠦᠯᠦᠨ᠎ᠡ᠃ ᠡᠯ᠎ᠡ ᠰᠤᠮᠤ ᠪᠠᠯᠭᠠᠰᠤ᠂ ᠡᠯ᠎ᠡ ᠬᠠᠮᠢᠶ᠎ᠠ ᠪᠦᠬᠦᠢ ᠰᠠᠯᠠᠭ᠎ᠠ | ᠮᠥᠴᠢᠷ ᠤᠳ ᠨᠢᠭᠲᠠ ᠬᠠᠮᠵᠢᠯᠴᠠᠨ ᠬᠠᠮᠵᠢᠯᠴᠠᠵᠤ᠂ ᠲᠤᠭ᠎ᠠ ᠪᠠᠷᠢᠮᠲᠠ ᠶᠢ ᠬᠠᠮᠲᠤᠪᠠᠷ ᠭᠥᠷᠳᠡᠬᠦ ᠶᠢ ᠴᠢᠩᠭᠠᠳᠬᠠᠨ᠂ ᠡᠯ᠎ᠡ ᠲᠠᠯ᠎ᠠ ᠶᠢᠨ ᠬᠦᠴᠦᠨ ᠢ ᠳᠠᠶᠢᠴᠢᠯᠠᠵᠤ᠂ | ᠬᠠᠷᠢᠭᠤᠴᠠᠯᠭ᠎ᠠ ᠶᠢ ᠪᠦᠬᠦᠨ ᠢ ᠬᠠᠮᠤᠷᠤᠭᠰᠠᠨ᠂ ᠬᠠᠮᠢᠶᠠᠷᠤᠯᠲᠠ ᠶᠢ ᠪᠥᠬᠦ ᠲᠠᠯ᠎ᠠ ᠪᠠᠷ ᠬᠢᠭᠰᠡᠨ᠂ ᠶᠠᠪᠤᠴᠠ ᠶᠢ ᠪᠦᠬᠦᠨ ᠢ ᠬᠢᠨᠠᠨ ᠬᠠᠮᠢᠶᠠᠷᠤᠭᠰᠠᠨ ᠰᠤᠷᠤᠭᠴᠢᠳ ᠤᠨ | ᠤᠰᠤᠨ ᠳᠤ ᠵᠢᠪᠬᠦ ᠶᠢ ᠤᠷᠢᠳᠴᠢᠯᠠᠨ ᠰᠡᠷᠭᠡᠶᠢᠯᠡᠬᠦ ᠶᠡᠷᠦᠩᠬᠡᠶᠢᠯᠡᠭᠰᠡᠨ ᠬᠠᠮᠢᠶᠠᠷᠤᠯᠲᠠ ᠶᠢᠨ ᠪᠠᠶᠢᠷᠢᠰᠢᠯ ᠢ ᠪᠣᠶ ᠪᠣᠯᠭᠠᠬᠤ ᠬᠡᠷᠡᠭᠲᠡᠢ᠃ ᠲᠤᠬᠠᠶᠢᠯᠠᠭᠰᠠᠨ ᠠᠵᠢᠯ᠂ | ᠬᠠᠷᠢᠶ᠎ᠠ ᠭᠠᠵᠠᠷ ᠤᠨ ᠬᠠᠮᠢᠶᠠᠷᠤᠯᠲᠠ᠂ ᠰᠠᠯᠠᠭ᠎ᠠ ᠮᠥᠴᠢᠷ ᠬᠤᠯᠪᠤᠭᠠᠯᠠᠨ ᠬᠥᠳᠡᠯᠦᠯᠴᠡᠬᠦ᠂ ᠤᠷᠢᠳᠴᠢᠯᠠᠨ ᠰᠡᠷᠭᠡᠶᠢᠯᠡᠵᠦ ᠬᠠᠮᠠᠭᠠᠯᠠᠬᠤ ᠵᠡᠷᠭᠡ ᠲᠠᠯ᠎ᠠ ᠳᠤ ᠰᠠᠭᠤᠷᠢᠯᠠᠨ | ᠬᠡᠷᠡᠭ ᠭᠠᠷᠤᠭᠰᠠᠨ ᠰᠢᠯᠲᠠᠭᠠᠨ ᠢ ᠭᠦᠨᠵᠡᠭᠡᠢ ᠵᠠᠳᠠᠯᠵᠤ᠂ ᠴᠡᠭᠴᠡᠯᠡᠨ ᠰᠠᠶᠢᠵᠢᠷᠠᠭᠤᠯᠬᠤ ᠠᠷᠭ᠎ᠠ ᠬᠡᠮᠵᠢᠶ᠎ᠡ᠂ ᠬᠠᠷᠢᠭᠤᠴᠠᠯᠭᠠᠲᠤ ᠨᠢᠭᠡᠴᠡ᠂ ᠬᠠᠷᠢᠭᠤᠴᠠᠯᠭᠠᠲᠤ ᠬᠥᠮᠥᠨ | ᠪᠠ ᠪᠡᠶᠡᠯᠡᠭᠦᠯᠬᠦ ᠴᠠᠭ ᠤᠨ ᠬᠢᠵᠠᠭᠠᠷ ᠢ ᠵᠦᠢᠯ ᠳᠠᠷᠠᠭᠠᠯᠠᠨ ᠲᠣᠳᠣᠷᠬᠠᠶᠢᠯᠠᠵᠤ᠂ ᠨᠢᠭᠡ ᠭᠠᠵᠠᠷ ᠲᠤ ᠴᠡᠭᠴᠡᠯᠡᠨ ᠰᠠᠶᠢᠵᠢᠷᠠᠭᠤᠯᠵᠤ᠂ ᠨᠢᠭᠡ ᠭᠠᠵᠠᠷ ᠲᠤ ᠤᠷᠢᠳᠴᠢᠯᠠᠨ | ᠰᠡᠷᠭᠡᠶᠢᠯᠡᠬᠦ ᠬᠠᠷᠠᠯᠲᠠ ᠳᠤ ᠬᠦᠷᠦᠭᠦᠯᠬᠦ ᠶᠢ ᠦᠨᠡᠨᠬᠦ ᠪᠠᠲᠤᠯᠠᠬᠤ ᠬᠡᠷᠡᠭᠲᠡᠢ᠃ | |