ᠦᠶᠤᠸᠠᠨ ᠰᠢᠶᠠᠨ ᠤ ᠠᠷᠠᠳ ᠤᠨ ᠵᠠᠰᠠᠭ ᠤᠨ ᠣᠷᠳᠤᠨ | 2024 ᠣᠨ ᠤ ᠭᠠᠯ ᠰᠡᠷᠭᠡᠶᠢᠯᠡᠬᠦ ᠠᠮᠤᠷ ᠲᠦᠪᠰᠢᠨ ᠤ ᠭᠤᠣᠯᠳᠠᠯᠭ᠎ᠠ ᠲᠠᠢ ᠨᠢᠭᠡᠴᠡ ᠳᠤ ᠲᠣᠬᠢᠷᠠᠭᠤᠯᠤᠯᠲᠠ ᠬᠢᠬᠦ ᠲᠤᠬᠠᠢ ᠮᠡᠳᠡᠭᠳᠡᠯ | ᠡᠯ᠎ᠡ ᠰᠤᠮᠤ ᠪᠠᠯᠭᠠᠰᠤ ︵ᠬᠡᠷᠡᠭ ᠡᠷᠬᠢᠯᠡᠬᠦ ᠭᠠᠵᠠᠷ︶᠂ ᠵᠢᠶᠠᠨ ᠹᠧᠩ ᠲᠠᠷᠢᠶᠠᠯᠠᠩ ᠤᠨ ᠲᠠᠯᠠᠪᠠᠢ᠂ ᠰᠢᠶᠠᠨ ᠤ ᠰᠢᠭᠤᠳ ᠬᠠᠷᠢᠶ᠎ᠠ ᠡᠯ᠎ᠡ ᠬᠤᠯᠪᠣᠭᠳᠠᠯ | ᠪᠦᠬᠦᠢ ᠰᠠᠯᠠᠭ᠎ᠠ ᠮᠥᠴᠢᠷ᠂ ᠰᠢᠶᠠᠨ ᠳᠤ ᠰᠠᠭᠤᠭ᠎ᠠ ᠡᠯ᠎ᠡ ᠬᠤᠯᠪᠣᠭᠳᠠᠯ ᠪᠦᠬᠦᠢ ᠨᠢᠭᠡᠴᠢ ᠳᠤ᠄ | ︽ᠪᠥᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠭᠠᠯ ᠤᠨᠲᠠᠷᠠᠭᠠᠬᠤ ᠬᠠᠤᠯᠢ︾ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠭᠠᠯ | ᠤᠨᠲᠠᠷᠠᠭᠠᠬᠤ ᠳᠦᠷᠢᠮ︾ ︽ᠪᠠᠶᠢᠭᠤᠯᠭ᠎ᠠ᠂ ᠪᠦᠯᠬᠦᠮ᠂ ᠠᠵᠤ ᠠᠬᠤᠶᠢᠯᠠᠯ᠂ ᠠᠵᠢᠯ ᠦᠢᠯᠡᠰ ᠤᠨ ᠨᠢᠭᠡᠴᠢ ᠶᠢᠨ ᠭᠠᠯ ᠤᠨᠲᠠᠷᠠᠭᠠᠬᠤ ᠠᠮᠤᠷ ᠲᠦᠪᠰᠢᠨ ᠤ | ᠬᠠᠮᠢᠶᠠᠷᠤᠯᠲᠠ ᠶᠢᠨ ᠲᠣᠭᠲᠠᠭᠠᠯ︾ ︽ᠭᠠᠯ ᠤᠨᠲᠠᠷᠠᠭᠠᠬᠤ ᠬᠢᠨᠠᠯᠲᠠ ᠪᠠᠶᠢᠴᠠᠭᠠᠯᠲᠠ ᠶᠢᠨ ᠲᠣᠭᠲᠠᠭᠠᠯ︾ ᠵᠢᠴᠢ ︽ᠥᠪᠥᠷ ᠮᠣᠩᠭᠤᠯ ᠤᠨ ᠥᠪᠡᠷᠲᠡᠭᠡᠨ ᠵᠠᠰᠠᠬᠤ | ᠣᠷᠣᠨ ᠤ ᠭᠠᠯ ᠤᠨᠲᠠᠷᠠᠭᠠᠬᠤ ᠠᠮᠤᠷ ᠲᠦᠪᠰᠢᠨ ᠤ ᠭᠤᠣᠯᠳᠠᠯᠭ᠎ᠠ ᠲᠠᠢ ᠨᠢᠭᠡᠴᠢ ᠶᠢ ᠵᠠᠭᠠᠭᠯᠠᠨ ᠲᠣᠭᠲᠠᠭᠠᠬᠤ ᠪᠠᠷᠢᠮᠵᠢᠶ᠎ᠠ ︵ᠲᠤᠷᠰᠢᠨ ᠬᠡᠷᠡᠭᠵᠢᠭᠦᠯᠬᠦ︶︾ ᠶᠢ | ᠦᠨᠳᠦᠰᠦᠯᠡᠨ᠂ ᠡᠳᠦᠭᠡ ᠬᠢᠨᠠᠨ ᠵᠥᠪᠰᠢᠶᠡᠷᠡᠭᠰᠡᠨ ᠪᠥᠬᠦ ᠰᠢᠶᠠᠨ ᠤ 2024 ᠣᠨ ᠤ ᠭᠠᠯ ᠤᠨᠲᠠᠷᠠᠭᠠᠬᠤ ᠠᠮᠤᠷ ᠲᠦᠪᠰᠢᠨ ᠤ ᠬᠤᠶᠠᠳᠤᠭᠠᠷ ᠳᠡᠰ ᠤᠨ | ᠭᠤᠣᠯᠳᠠᠯᠭ᠎ᠠ ᠲᠠᠢ ᠨᠢᠭᠡᠴᠡ ᠨᠡᠶᠢᠲᠡ 110 ᠪᠠᠶᠢᠵᠤ᠂ ᠬᠤᠶᠠᠳᠤᠭᠠᠷ ᠳᠡᠰ ᠤᠨ ᠭᠤᠣᠯᠳᠠᠯᠭ᠎ᠠ ᠲᠠᠢ ᠨᠢᠭᠡᠴᠡ ᠠᠴᠠ ᠪᠤᠰᠤᠳ ᠪᠣᠶ ᠪᠦᠬᠦᠢ ᠨᠢᠭᠡᠴᠡ ᠶᠢ ᠴᠥᠮ | ᠬᠠᠷᠢᠶᠠᠲᠤ ᠣᠷᠣᠨ ᠤ ᠲᠣᠮᠢᠯᠠᠭᠰᠠᠨ ᠰᠠᠯᠪᠤᠷᠢ ᠳᠤ ᠵᠢᠭᠰᠠᠭᠠᠵᠤ ᠬᠠᠮᠢᠶᠠᠷᠤᠨ᠎ᠠ ︵ᠨᠡᠷᠡᠰ ᠢ ᠳᠠᠭᠠᠯᠳᠤᠭᠤᠯᠤᠯ ᠬᠦᠰᠦᠨᠦᠭᠲᠦ ᠳᠤ ᠦᠵᠡ︶᠃ | ᠡᠯ᠎ᠡ ᠭᠠᠯ ᠤᠨᠲᠠᠷᠠᠭᠠᠵᠤ ᠠᠶᠤᠯ ᠠᠴᠠ ᠬᠠᠮᠠᠭᠠᠯᠠᠬᠤ ᠭᠤᠣᠯᠳᠠᠯᠭ᠎ᠠ ᠲᠠᠢ ᠨᠢᠭᠡᠴᠡ ᠨᠦᠭᠦᠳ ︽ᠭᠠᠯ ᠤᠨᠲᠠᠷᠠᠭᠠᠵᠤ ᠠᠶᠤᠯ ᠠᠴᠠ ᠬᠠᠮᠠᠭᠠᠯᠠᠬᠤ | ᠬᠠᠷᠢᠭᠤᠴᠠᠯᠭ᠎ᠠ ᠶᠢᠨ ᠳᠦᠷᠢᠮ ᠢ ᠬᠡᠷᠡᠭᠵᠢᠭᠦᠯᠬᠦ ᠠᠷᠭ᠎ᠠ︾ ᠶᠢ ᠲᠤᠤᠱᠯᠠᠭᠤᠯᠵᠤ᠂ ᠭᠠᠯ ᠤᠨᠲᠠᠷᠠᠭᠠᠵᠤ ᠠᠶᠤᠯ ᠠᠴᠠ ᠬᠠᠮᠠᠭᠠᠯᠠᠬᠤ ᠭᠤᠣᠯ ᠴᠣᠭᠴᠠ ᠶᠢᠨ | ᠬᠠᠷᠢᠭᠤᠴᠠᠯᠭ᠎ᠠ ᠶᠢ ᠪᠥᠬᠦ ᠲᠠᠯ᠎ᠠ ᠪᠠᠷ ᠨᠠᠶᠢᠳᠠᠪᠤᠷᠢᠵᠢᠭᠤᠯᠤᠨ᠂ ᠳᠣᠣᠷᠠᠬᠢ ᠡᠭᠦᠷᠭᠡ ᠬᠠᠷᠢᠭᠤᠴᠠᠯᠭ᠎ᠠ ᠶᠢ ᠭᠦᠢᠴᠡᠳᠬᠡᠬᠦ ᠬᠡᠷᠡᠭᠲᠡᠢ᠄ ᠡᠯ᠎ᠡ ᠱᠠᠲᠤ᠂ ᠡᠯ᠎ᠡ | ᠠᠵᠢᠯ ᠤᠨ ᠪᠠᠶᠢᠷᠢ ᠶᠢᠨ ᠭᠠᠯ ᠤᠨᠲᠠᠷᠠᠭᠠᠵᠤ ᠠᠶᠤᠯ ᠠᠴᠠ ᠬᠠᠮᠠᠭᠠᠯᠠᠬᠤ ᠬᠠᠷᠢᠭᠤᠴᠠᠯᠭᠠᠲᠠᠨ ᠬᠢᠭᠡᠳ ᠲᠡᠭᠦᠨ ᠤ ᠡᠭᠦᠷᠭᠡ ᠬᠠᠷᠢᠭᠤᠴᠠᠯᠭ᠎ᠠ ᠶᠢ | ᠲᠣᠳᠣᠷᠬᠠᠶᠢᠯᠠᠵᠤ᠂ ᠲᠤᠰ ᠨᠢᠭᠡᠴᠡ ᠶᠢᠨ ᠢᠶᠠᠨ ᠭᠠᠯ ᠤᠨᠲᠠᠷᠠᠭᠠᠵᠤ ᠠᠶᠤᠯ ᠠᠴᠠ ᠬᠠᠮᠠᠭᠠᠯᠠᠬᠤ ᠳᠦᠷᠢᠮ᠂ ᠭᠠᠯ ᠤᠨᠲᠠᠷᠠᠭᠠᠵᠤ ᠠᠶᠤᠯ ᠠᠴᠠ ᠬᠠᠮᠠᠭᠠᠯᠠᠬᠤ ᠠᠵᠢᠯᠯᠠᠬᠤ | ᠳᠦᠷᠢᠮ᠂ ᠭᠠᠯ ᠤᠨᠲᠠᠷᠠᠭᠠᠬᠤ ᠪᠠ ᠪᠠᠴᠢᠮ ᠪᠠᠶᠢᠳᠠᠯ ᠢ ᠠᠷᠭᠠᠴᠠᠨ ᠲᠠᠷᠬᠠᠭᠠᠬᠤ ᠪᠡᠯᠡᠳᠬᠡᠯ ᠲᠥᠰᠥᠯ ᠢ ᠲᠣᠭᠲᠠᠭᠠᠬᠤ ᠬᠡᠷᠡᠭᠲᠡᠢ᠃ ᠠᠵᠢᠯᠲᠠᠨ | ᠠᠵᠢᠯᠴᠢᠳ ᠢ ᠵᠣᠬᠢᠶᠠᠨ ᠪᠠᠶᠢᠭᠤᠯᠤᠨ ᠠᠵᠢᠯ ᠤᠨ ᠪᠠᠶᠢᠷᠢ ᠳᠦ ᠭᠠᠷᠬᠤ ᠠᠴᠠ ᠡᠮᠦᠨᠡᠬᠢ ᠭᠠᠯ ᠤᠨᠲᠠᠷᠠᠭᠠᠵᠤ ᠠᠶᠤᠯ ᠠᠴᠠ ᠬᠠᠮᠠᠭᠠᠯᠠᠬᠤ | ᠪᠣᠯᠪᠠᠰᠤᠷᠠᠭᠤᠯᠤᠯ ᠬᠢᠯᠭᠡᠵᠦ᠂ ᠭᠠᠯ ᠤᠨᠲᠠᠷᠠᠭᠠᠬᠤ ᠪᠠ ᠪᠠᠴᠢᠮ ᠪᠠᠶᠢᠳᠠᠯ ᠢ ᠠᠷᠭᠠᠴᠠᠨ ᠲᠠᠷᠬᠠᠭᠠᠬᠤ ᠰᠣᠷᠢᠯᠲᠠ ᠶᠢ ᠲᠣᠭᠲᠠᠮᠠᠯ ᠬᠤᠭᠤᠴᠠᠭ᠎ᠠ ᠲᠠᠢ ᠪᠠᠷ | ᠵᠣᠬᠢᠶᠠᠨ ᠪᠠᠶᠢᠭᠤᠯᠤᠨ ᠥᠷᠨᠢᠭᠦᠯᠵᠦ᠂ ᠡᠯ᠎ᠡ ᠵᠦᠢᠯ ᠤᠨ ᠳᠦᠷᠢᠮ ᠲᠣᠭᠲᠠᠭᠠᠯ ᠤᠨ ᠨᠠᠶᠢᠳᠠᠪᠤᠷᠢᠵᠢᠭᠤᠯᠤᠯᠲᠠ ᠶᠢ ᠪᠠᠲᠤᠯᠠᠬᠤ ᠬᠡᠷᠡᠭᠲᠡᠢ᠃ | ︵ᠨᠢᠭᠡ︶ ᠭᠠᠯ ᠰᠡᠷᠭᠡᠶᠢᠯᠡᠯᠲᠡ ᠶᠢᠨ ᠪᠠᠶᠢᠴᠠᠭᠠᠯᠲᠠ ᠬᠢᠵᠦ ᠲᠣᠭᠤᠷᠢᠨ ᠪᠠᠶᠢᠴᠠᠭᠠᠬᠤ᠂ ᠭᠠᠯ ᠤᠨᠲᠠᠷᠠᠭᠠᠬᠤ ᠪᠡᠯᠡᠳᠬᠡᠮᠵᠢ ᠶᠢᠨ ᠪᠠᠭᠠᠵᠢ ᠬᠡᠷᠡᠭᠰᠡᠯ ᠢ | ᠬᠠᠮᠠᠭᠠᠯᠠᠨ ᠠᠷᠠᠴᠢᠯᠠᠬᠤ᠂ ᠪᠠᠷᠢᠯᠭ᠎ᠠ ᠶᠢᠨ ᠭᠠᠯ ᠤᠨᠲᠠᠷᠠᠭᠠᠬᠤ ᠪᠡᠯᠡᠳᠬᠡᠮᠵᠢ ᠶᠢ ᠪᠠᠶᠢᠴᠠᠭᠠᠨ ᠬᠡᠮᠵᠢᠬᠦ᠂ ᠭᠠᠯ ᠤᠨ ᠠᠶᠤᠯ ᠤᠨ ᠲᠠᠯᠳᠠ ᠭᠡᠮ ᠢ | ᠴᠡᠭᠴᠡᠯᠡᠨ ᠰᠠᠶᠢᠵᠢᠷᠠᠭᠤᠯᠬᠤ ᠶᠢ ᠪᠠᠲᠤᠯᠠᠬᠤ ᠬᠡᠷᠡᠭᠲᠡᠢ᠃ | ︵ᠬᠤᠶᠠᠷ︶ ᠬᠠᠮᠢᠶ᠎ᠠ ᠪᠦᠬᠦᠢ ᠪᠠᠷᠢᠮᠵᠢᠶ᠎ᠠ ᠶᠣᠰᠣᠭᠠᠷ ᠭᠠᠯ ᠤᠨᠲᠠᠷᠠᠭᠠᠬᠤ ᠪᠡᠯᠡᠳᠬᠡᠮᠵᠢ᠂ ᠪᠠᠭᠠᠵᠢ ᠬᠡᠷᠡᠭᠰᠡᠯ ᠲᠣᠬᠢᠷᠠᠭᠤᠯᠵᠤ᠂ ᠭᠠᠯ ᠤᠨᠲᠠᠷᠠᠭᠠᠵᠤ | ᠠᠶᠤᠯ ᠠᠴᠠ ᠬᠠᠮᠠᠭᠠᠯᠠᠬᠤ ᠲᠡᠮᠳᠡᠭ ᠪᠠᠶᠢᠷᠢᠯᠠᠭᠤᠯᠤᠨ᠂ ᠲᠣᠭᠲᠠᠮᠠᠯ ᠬᠤᠭᠤᠴᠠᠭ᠎ᠠ ᠲᠠᠢ ᠪᠠᠷ ᠰᠢᠯᠭᠠᠨ ᠪᠠᠶᠢᠴᠠᠭᠠᠵᠤ ᠰᠡᠯᠪᠢᠨ ᠵᠠᠰᠠᠬᠤ ᠬᠡᠷᠡᠭᠲᠡᠢ᠃ ᠪᠠᠷᠢᠯᠭ᠎ᠠ ᠶᠢᠨ ᠭᠠᠯ | ᠤᠨᠲᠠᠷᠠᠭᠠᠬᠤ ᠪᠡᠯᠡᠳᠬᠡᠮᠵᠢ ᠳᠤ ᠵᠢᠯ ᠪᠦᠷᠢ ᠠᠳᠠᠭ ᠲᠠᠭᠠᠨ ᠨᠢᠭᠡ ᠤᠳᠠᠭ᠎ᠠ ᠪᠥᠬᠦ ᠲᠠᠯ᠎ᠠ ᠶᠢᠨ ᠪᠠᠶᠢᠴᠠᠭᠠᠨ ᠬᠡᠮᠵᠢᠯᠲᠡ ᠬᠢᠵᠦ᠂ ᠪᠦᠷᠢᠨ ᠪᠦᠲᠦᠨ ᠪᠥᠭᠡᠳ | ᠪᠦᠲᠦᠮᠵᠢᠲᠡᠶ ᠪᠠᠶᠢᠬᠤ ᠶᠢ ᠦᠨᠡᠨᠬᠦ ᠪᠠᠲᠤᠯᠠᠬᠤ ᠬᠡᠷᠡᠭᠲᠡᠢ᠃ ᠭᠠᠯ ᠤᠨᠲᠠᠷᠠᠭᠠᠬᠤ ᠡᠵᠡᠮᠳᠡᠯ ᠤᠨ ᠲᠠᠰᠤᠭ ᠲᠠᠢ ᠪᠣᠯ 24 ᠴᠠᠭ ᠢᠶᠠᠷ ᠵᠢᠵᠢᠭᠦᠷᠯᠡᠬᠦ ᠳᠦᠷᠢᠮ ᠢ | ᠬᠡᠷᠡᠭᠵᠢᠭᠦᠯᠵᠦ᠂ ᠡᠭᠡᠯᠵᠢ ᠪᠦᠷᠢ ᠳᠤ 2 ᠬᠥᠮᠥᠨ ᠠᠴᠠ ᠳᠤᠲᠠᠭᠤ ᠪᠠᠶᠢᠵᠤ ᠪᠣᠯᠬᠤ ᠦᠭᠡᠢ᠂ ᠦᠨᠡᠮᠯᠡᠯ ᠲᠠᠢ ᠪᠠᠷ ᠠᠵᠢᠯ ᠤᠨ ᠪᠠᠶᠢᠷᠢ ᠳᠤ ᠭᠠᠷᠬᠤ ᠬᠡᠷᠡᠭᠲᠡᠢ᠃ | ︵ᠭᠤᠷᠪᠠ︶ ᠲᠠᠷᠬᠠᠭᠠᠨ ᠶᠠᠪᠤᠭᠤᠯᠬᠤ ᠨᠡᠪᠳᠡᠷᠡᠯ ᠵᠠᠮ᠂ ᠠᠶᠤᠯ ᠦᠭᠡᠢ ᠭᠠᠷᠬᠤ ᠡᠭᠦᠳᠡ᠂ ᠭᠠᠯ ᠤᠨᠲᠠᠷᠠᠭᠠᠬᠤ ᠲᠡᠷᠭᠡᠨ ᠤ ᠨᠡᠪᠳᠡᠷᠡᠯ ᠵᠠᠮ ᠤᠨ | ᠰᠠᠭᠠᠳ ᠦᠭᠡᠢ ᠨᠡᠪᠲᠡᠷᠡᠬᠦ ᠶᠢ ᠪᠠᠲᠤᠯᠠᠵᠤ᠂ ᠭᠠᠯ ᠰᠡᠷᠭᠡᠶᠢᠯᠡᠬᠦ ᠤᠲᠤᠭ᠎ᠠ ᠰᠡᠷᠭᠡᠶᠢᠯᠡᠬᠦ ᠬᠤᠪᠢᠶᠠᠷᠢ ᠲᠣᠭᠤᠷᠢᠭ᠂ ᠭᠠᠯ ᠰᠡᠷᠭᠡᠶᠢᠯᠡᠬᠦ ᠵᠠᠢ ᠨᠢ ᠭᠠᠯ ᠤᠨᠲᠠᠷᠠᠭᠠᠬᠤ | ᠮᠡᠷᠭᠡᠵᠢᠯ ᠤᠨ ᠪᠠᠷᠢᠮᠵᠢᠶ᠎ᠠ ᠳᠤ ᠨᠡᠶᠢᠴᠡᠬᠦ ᠶᠢ ᠪᠠᠲᠤᠯᠠᠬᠤ ᠬᠡᠷᠡᠭᠲᠡᠢ᠃ ᠬᠥᠮᠥᠨ ᠬᠠᠷ᠎ᠠ ᠬᠤᠷᠠᠨ ᠴᠤᠭᠯᠠᠷᠠᠳᠠᠭ ᠲᠠᠯᠠᠪᠤᠷ ᠤᠨ ᠡᠭᠦᠳᠡ ᠴᠣᠩᠬᠤᠨ ᠳᠤ | ᠠᠮᠢ ᠵᠢᠭᠤᠲᠠᠬᠤ ᠪᠠ ᠭᠠᠯ ᠤᠨᠲᠠᠷᠠᠭᠠᠵᠤ ᠠᠪᠤᠷᠠᠨ ᠲᠤᠰᠠᠯᠠᠬᠤ ᠶᠢ ᠨᠥᠯᠥᠭᠡᠯᠡᠬᠦ ᠬᠠᠷᠰᠢ ᠰᠠᠭᠠᠳ ᠲᠠᠯᠪᠢᠵᠤ ᠪᠣᠯᠬᠤ ᠦᠭᠡᠢ᠃ ᠪᠠᠷᠢᠯᠭ᠎ᠠ ᠶᠢᠨ ᠲᠣᠨᠣᠭᠯᠠᠭᠠᠰᠤ᠂ | ᠪᠠᠷᠢᠯᠭ᠎ᠠ ᠶᠢᠨ ᠮᠠᠲ᠋ᠧᠷᠢᠶᠠᠯ ᠪᠣᠯᠣᠨ ᠭᠡᠷ ᠳᠣᠲᠣᠷᠠᠬᠢ ᠵᠠᠰᠠᠯ ᠴᠢᠮᠡᠭᠯᠡᠯ ᠤᠨ ᠮᠠᠲ᠋ᠧᠷᠢᠶᠠᠯ ᠵᠡᠷᠭᠡ ᠶᠢ ᠭᠠᠯ ᠤᠨᠲᠠᠷᠠᠭᠠᠬᠤ ᠮᠡᠷᠭᠡᠵᠢᠯ ᠤᠨ ᠪᠠᠷᠢᠮᠵᠢᠶ᠎ᠠ ᠳᠤ ᠨᠡᠶᠢᠴᠡᠭᠦᠯᠬᠦ ᠶᠢ | ᠪᠠᠲᠤᠯᠠᠬᠤ ᠬᠡᠷᠡᠭᠲᠡᠢ᠃ | ︵ᠳᠥᠷᠪᠡ︶ ᠭᠠᠯ ᠤᠨᠲᠠᠷᠠᠭᠠᠬᠤ ᠲᠠᠩᠰᠠ ᠡᠪᠬᠡᠮᠡᠯ ᠪᠠᠶᠢᠭᠤᠯᠵᠤ᠂ ᠭᠠᠯ ᠤᠨᠲᠠᠷᠠᠭᠠᠵᠤ ᠠᠶᠤᠯ ᠠᠴᠠ ᠬᠠᠮᠠᠭᠠᠯᠠᠬᠤ ᠭᠤᠣᠯᠳᠠᠯᠭ᠎ᠠ ᠲᠠᠢ ᠣᠷᠣᠨ ᠪᠠᠶᠢᠷᠢ ᠶᠢ | ᠲᠣᠭᠲᠠᠭᠠᠨ᠂ ᠭᠠᠯ ᠰᠡᠷᠭᠡᠶᠢᠯᠡᠬᠦ ᠲᠡᠮᠳᠡᠭ ᠲᠠᠯᠪᠢᠵᠤ᠂ ᠴᠢᠩᠭ᠎ᠠ ᠬᠠᠮᠢᠶᠠᠷᠤᠯᠲᠠ ᠶᠢ ᠬᠡᠷᠡᠭᠵᠢᠭᠦᠯᠦᠨ᠎ᠡ᠃ | ︵ᠲᠠᠪᠤ︶ ᠴᠠᠬᠢᠯᠭᠠᠨ ᠬᠡᠷᠡᠭᠰᠡᠯ ᠤᠨ ᠦᠢᠯᠡᠳᠬᠦᠨ᠂ ᠰᠢᠲᠠᠮᠠᠬᠠᠢ ᠬᠡᠢ ᠶᠢᠨ ᠬᠡᠷᠡᠭᠰᠡᠯ ᠢ ᠤᠭᠰᠠᠷᠠᠬᠤ᠂ ᠬᠡᠷᠡᠭᠯᠡᠬᠦ ᠪᠠ ᠴᠠᠬᠢᠯᠭᠠᠨ ᠤ ᠤᠲᠠᠰᠤ | ᠂ ᠬᠤᠭᠤᠯᠠᠢ ᠤᠲᠠᠰᠤ ᠲᠠᠭᠠᠷᠠᠭᠤᠯᠬᠤ ᠳᠤ ᠡᠷᠬᠡᠪᠰᠢ ᠬᠠᠮᠢᠶ᠎ᠠ ᠪᠦᠬᠦᠢ ᠪᠠᠷᠢᠮᠵᠢᠶ᠎ᠠ ᠪᠣᠯᠣᠨ ᠴᠠᠬᠢᠯᠭᠠᠨ ᠬᠡᠷᠡᠭᠯᠡᠬᠦ᠂ ᠬᠡᠢ ᠬᠡᠷᠡᠭᠯᠡᠬᠦ ᠠᠶᠤᠯ ᠦᠭᠡᠢ ᠶᠢᠨ | ᠬᠠᠮᠢᠶᠠᠷᠤᠯᠲᠠ ᠶᠢᠨ ᠲᠣᠭᠲᠠᠭᠠᠯ ᠳᠤ ᠨᠡᠶᠢᠴᠡᠭᠦᠯᠬᠦ ᠶᠢᠨ ᠬᠠᠮᠲᠤ ᠲᠣᠭᠲᠠᠮᠠᠯ ᠬᠤᠭᠤᠴᠠᠭ᠎ᠠ ᠲᠠᠢ ᠪᠠᠷ ᠬᠠᠮᠠᠭᠠᠯᠠᠨ ᠠᠷᠠᠴᠢᠯᠠᠵᠤ᠂ ᠪᠠᠶᠢᠴᠠᠭᠠᠨ ᠬᠡᠮᠵᠢᠬᠦ ᠬᠡᠷᠡᠭᠲᠡᠢ᠃ | | ︵ᠵᠢᠷᠭᠤᠭ᠎ᠠ︶ ︽ᠨᠡᠶᠢᠭᠡᠮ ᠤᠨ ᠨᠢᠭᠡᠴᠡ ᠶᠢᠨ ᠭᠠᠯ ᠤᠨᠲᠠᠷᠠᠭᠠᠵᠤ ᠠᠶᠤᠯ ᠠᠴᠠ ᠬᠠᠮᠠᠭᠠᠯᠠᠬᠤ ᠶᠢᠨ ᠪᠠᠷᠢᠮᠵᠢᠶᠠᠵᠢᠭᠤᠯᠬᠤ ᠪᠠᠶᠢᠭᠤᠯᠤᠯᠲᠠ ᠶᠢᠨ | ᠵᠦᠭᠯᠡᠭᠦᠷ︾ ︵DB33/T828-2011︶ ᠢ ᠦᠨᠳᠦᠰᠦᠯᠡᠨ᠂ ᠭᠠᠯ ᠤᠨᠲᠠᠷᠠᠭᠠᠵᠤ ᠠᠶᠤᠯ ᠠᠴᠠ ᠬᠠᠮᠠᠭᠠᠯᠠᠬᠤ ︽ᠲᠥᠷᠪᠡᠨ ᠴᠢᠳᠠᠪᠤᠷᠢ︾ ᠶᠢᠨ | ᠪᠠᠶᠢᠭᠤᠯᠤᠯᠲᠠ ᠶᠢᠨ ᠪᠠᠷᠢᠮᠵᠢᠶ᠎ᠠ ᠳᠦ ᠬᠦᠷᠦᠭᠦᠯᠬᠦ ᠠᠵᠢᠯᠯᠠᠭ᠎ᠠ ᠶᠢ ᠥᠷᠨᠢᠭᠦᠯᠦᠨ᠎ᠡ᠃ ᠡᠭᠦᠨ ᠤ ᠵᠡᠷᠭᠡᠴᠡᠪᠡᠷ᠂ ᠭᠠᠯ ᠤᠨᠲᠠᠷᠠᠭᠠᠵᠤ ᠠᠶᠤᠯ ᠠᠴᠠ | ᠬᠠᠮᠠᠭᠠᠯᠠᠬᠤ ᠬᠠᠮᠢᠶᠠᠷᠤᠯᠲᠠ ᠶᠢᠨ ᠲᠠᠩᠰᠠ ᠡᠪᠬᠡᠮᠡᠯ ᠢ ᠪᠠᠶᠢᠭᠤᠯᠤᠨ ᠲᠡᠭᠦᠯᠳᠡᠷᠵᠢᠭᠦᠯᠵᠦ᠂ ᠭᠠᠯ ᠤᠨᠲᠠᠷᠠᠭᠠᠵᠤ ᠠᠶᠤᠯ ᠠᠴᠠ ᠬᠠᠮᠠᠭᠠᠯᠠᠬᠤ ᠬᠠᠮᠢᠶᠠᠷᠤᠯᠲᠠ ᠶᠢᠨ | ᠠᠵᠢᠯᠲᠠᠨ᠂ ᠭᠠᠯ ᠤᠨᠲᠠᠷᠠᠭᠠᠬᠤ ᠪᠡᠯᠡᠳᠬᠡᠮᠵᠢ ᠶᠢ ᠬᠠᠮᠠᠭᠠᠯᠠᠨ ᠠᠷᠠᠴᠢᠯᠠᠬᠤ᠂ ᠭᠠᠯ ᠤᠨᠲᠠᠷᠠᠭᠠᠵᠤ ᠠᠶᠤᠯ ᠠᠴᠠ ᠬᠠᠮᠠᠭᠠᠯᠠᠬᠤ ᠶᠢᠨ ᠥᠪᠡᠷ ᠢ ᠪᠠᠨ ᠦᠨᠡᠯᠡᠨ | ᠵᠢᠱᠢᠬᠦ ᠭᠤᠷᠪᠠᠨ ᠵᠦᠢᠯ ᠤᠨ ᠮᠡᠳᠡᠭᠦᠯᠵᠦ ᠳᠠᠩᠰᠠᠯᠠᠭᠤᠯᠬᠤ ᠳᠦᠷᠢᠮ ᠢ ᠪᠥᠬᠦ ᠲᠠᠯ᠎ᠠ ᠪᠠᠷ ᠬᠡᠷᠡᠭᠵᠢᠭᠦᠯᠵᠦ᠂ ᠨᠢᠭᠡᠴᠡ ᠶᠢᠨ ᠭᠠᠯ ᠤᠨᠲᠠᠷᠠᠭᠠᠵᠤ | ᠠᠶᠤᠯ ᠠᠴᠠ ᠬᠠᠮᠠᠭᠠᠯᠠᠬᠤ ᠶᠢᠨ ᠥᠪᠡᠷ ᠢ ᠪᠠᠨ ᠬᠠᠮᠢᠶᠠᠷᠬᠤ ᠶᠢ ᠦᠨᠡᠨᠬᠦ ᠪᠡᠶᠡᠯᠡᠭᠦᠯᠬᠦ ᠬᠡᠷᠡᠭᠲᠡᠢ᠃ | ︵ᠲᠤᠯᠤᠭ᠎ᠠ︶ ᠭᠠᠯ ᠤᠨᠲᠠᠷᠠᠭᠠᠬᠤ ᠬᠠᠤᠯᠢ ᠴᠠᠭᠠᠵᠠ᠂ ᠬᠠᠤᠯᠢ ᠲᠣᠭᠲᠠᠭᠠᠯ ᠂ ᠳᠦᠷᠢᠮ ᠲᠣᠭᠲᠠᠭᠠᠯ ᠬᠢᠭᠡᠳ ᠲᠥᠷᠥ ᠶᠢᠨ ᠪᠣᠳᠣᠯᠭ᠎ᠠ ᠶᠢᠨ ᠪᠢᠴᠢᠭ | ᠮᠠᠲᠸᠷᠢᠶᠠᠯ ᠳᠤ ᠲᠣᠭᠲᠠᠭᠠᠭᠰᠠᠨ ᠪᠤᠰᠤᠳ ᠡᠭᠦᠷᠭᠡ ᠬᠠᠷᠢᠭᠤᠴᠠᠯᠭ᠎ᠠ᠃ | |