ᠮᠣᠩᠭᠤᠯᠴᠤᠳ ᠤᠨ ᠭᠤᠷᠪᠠᠨᠲᠠ ᠰᠠᠴᠤᠯᠢ ᠡᠷᠭᠦᠬᠦ ᠶᠣᠰᠣ ᠵᠠᠩᠰᠢᠯ
ᠨᠡᠶᠢᠲᠡᠯᠡᠭᠰᠡᠨ ᠴᠠᠭ᠄
2024/4/8
      ᠡᠷᠲᠡ ᠢᠵᠠᠭᠤᠷ ᠠᠴᠠ ᠠᠪᠤᠭᠠᠳ ᠮᠣᠩᠭᠤᠯᠴᠤᠳ ᠠᠷᠢᠬᠢ ᠤᠤᠭᠤᠬᠤ ᠳᠤ ᠤᠯᠠᠨ ᠶᠣᠰᠣ ᠵᠢᠷᠤᠮ ᠲᠠᠢ᠂ ᠪᠣᠯᠪᠠᠰᠤᠨ ᠢ ᠡᠷᠭᠢᠮᠯᠠᠳᠡᠭ ᠵᠠᠩᠰᠢᠯ ᠲᠠᠢ ᠪᠠᠶᠢᠵᠠᠢ᠃ ᠶᠠᠮᠠᠷ ᠪᠠᠶᠢᠳᠠᠯ᠂ ᠶᠠᠮᠠᠷ ᠠᠬᠤᠢ ᠣᠷᠴᠢᠨ ᠳᠤ ᠴᠤ ᠬᠤᠨᠳᠠᠭ᠎ᠠ ᠲᠠᠢ ᠠᠷᠢᠬᠢ ᠶᠢ ᠠᠪᠤᠩᠭᠤᠲᠠ ᠠᠮᠠ ᠤᠷᠤᠭᠤ ᠪᠠᠨ ᠴᠢᠳᠬᠤᠳᠠᠭ ᠦᠭᠡᠢ᠂ ᠬᠠᠷᠢᠨ ᠨᠠᠰᠤᠲᠠᠨ ᠪᠤᠭᠤᠷᠤᠯ᠂ ᠠᠬᠠᠰ ᠵᠠᠬᠠᠰ ᠲᠠᠭᠠᠨ ᠤᠷᠢᠳ ᠢᠶᠠᠷ ᠳᠡᠭᠡᠵᠢᠯᠡᠨ ᠬᠡᠮᠨᠡᠵᠦ ᠶᠣᠰᠣ ᠤᠴᠢᠷ ᠢᠶᠠᠨ ᠭᠦᠢᠴᠡᠳᠬᠡᠨ᠂ ᠲᠠᠷᠠᠭ᠎ᠠ ᠨᠢ ᠭᠤᠷᠪᠠᠨᠲᠠ ᠰᠡᠷᠵᠢᠮᠯᠡᠨ ᠰᠠᠴᠤᠯᠢ ᠡᠷᠭᠦᠵᠦ ᠠᠮᠰᠠᠭᠠᠳ ᠤᠤᠭᠤᠳᠠᠭ᠃ ᠡᠨᠡ ᠬᠦ ᠵᠠᠩ ᠵᠢᠷᠤᠮ ᠤᠨ ᠪᠦᠷᠢᠯᠳᠦᠯ ᠨᠢ ᠲᠡᠦᠬᠡ ᠶᠢᠨ ᠡᠰᠢ ᠪᠠᠷᠢᠮᠲᠠ ᠲᠠᠢ ᠪᠥᠭᠡᠳ ᠤᠴᠢᠷ ᠤᠳᠬ᠎ᠠ ᠨᠢ ᠮᠠᠰᠢ ᠭᠦᠨ ᠪᠠᠶᠢᠳᠠᠭ᠃ ᠠᠷᠢᠬᠢ ᠶᠢ ᠭᠤᠷᠪᠠᠨᠲᠠ ᠭᠡᠮᠨᠠᠨ ᠰᠠᠴᠤᠯᠢ ᠡᠷᠭᠦᠳᠡᠭ ᠮᠣᠩᠭᠤᠯᠴᠤᠳ ᠤᠨ ᠶᠣᠰᠣ ᠵᠠᠩᠰᠢᠯ ᠢ ᠳᠤᠷᠠᠳᠬᠤ ᠳᠤ ᠴᠢᠩᠭᠢᠰ ᠬᠠᠭᠠᠨ ᠤ ᠪᠢᠯᠢᠭ ᠰᠤᠷᠭᠠᠯ ᠠᠴᠠ ᠡᠷᠢᠵᠦ ᠲᠣᠳᠣᠯᠠᠬᠤ ᠤᠴᠢᠷᠲᠠᠢ᠃       ᠲᠡᠦᠬᠡᠨ ᠲᠡᠮᠳᠡᠭᠯᠡᠯ ᠢ ᠦᠨᠳᠦᠰᠦᠯᠡᠪᠡᠯ᠂ ᠨᠠᠢᠮᠠᠨ ᠤ ᠳᠠᠶᠠᠨ ᠬᠠᠨ ᠴᠠᠭᠠᠨ ᠬᠡᠷᠡᠮ ᠤᠨ ᠠᠷᠤ ᠳᠤ ᠨᠤᠲᠤᠭᠰᠢᠭᠰᠠᠨ ᠣᠩᠭᠤᠳ ᠠᠶᠢᠮᠠᠭ ᠤᠨ ᠲᠦᠷᠦᠭᠦᠤ ᠠᠯᠬᠤᠰᠢ ᠲᠠᠭᠢᠳᠬᠤᠷᠢ ᠳᠤ ᠡᠯᠴᠢ ᠢᠯᠡᠭᠡᠵᠦ᠄ ︽ᠳᠤᠷᠤᠨ᠎ᠠ ᠵᠦᠭ ᠲᠤ ᠴᠥᠭᠡᠨ ᠮᠣᠩᠭᠤᠯᠴᠤᠳ ᠪᠤᠢ ᠭᠡᠳᠡᠭ᠂ ᠴᠢ ᠪᠠᠷᠠᠭᠤᠨ ᠭᠠᠷ ᠪᠣᠯᠵᠤ ᠮᠣᠷᠳᠠ᠂ ᠪᠢ ᠡᠡ᠊ᠨᠳᠡᠴᠠ ᠬᠠᠮᠰᠠᠵᠤ ᠲᠡᠳᠡᠭᠡᠷ ᠮᠣᠩᠭᠤᠯᠴᠤᠳ ᠤᠨ ᠬᠤᠷᠣᠮᠰᠠᠭ᠎ᠠ ᠰᠠᠭᠠᠳᠠᠭ ᠢ ᠪᠤᠯᠢᠶᠠᠨ ᠠᠪᠤᠰᠤᠭᠠᠢ︾ ᠭᠡᠵᠡᠢ᠃ ᠠᠯᠬᠤᠰᠢ ᠲᠠᠭᠢᠳᠬᠤᠷᠢ᠄ ︽ᠪᠢ ᠪᠠᠷᠠᠭᠤᠨ ᠭᠠᠷ ᠴᠢᠨᠢ ᠪᠣᠯᠵᠤ ᠴᠢᠳᠠᠬᠤ ᠦᠭᠡᠢ︾ ᠭᠡᠵᠦ ᠡᠯᠴᠢ ᠶᠢ ᠨᠢ ᠳᠠᠶᠠᠨ ᠬᠠᠨ ᠳᠤ ᠪᠤᠴᠠᠭᠠᠭᠠᠳ ᠥᠪᠡᠷ ᠤᠨ ᠵᠤᠬᠤᠨᠠᠭ ᠨᠠᠷᠠᠳᠤ ᠡᠯᠴᠢ ᠪᠠᠨ ᠲᠠᠶᠢᠽᠦ ᠪᠣᠭᠳᠠ ᠴᠢᠩᠭᠢᠰ ᠬᠠᠭᠠᠨ ᠳᠤ ᠢᠯᠡᠭᠡᠵᠦ᠂ ᠵᠢᠷᠭᠤᠭᠠᠨ ᠪᠤᠳᠤᠩ ᠠᠷᠢᠬᠢ ᠪᠡᠯᠡᠭᠯᠡᠨ ᠳᠠᠶᠠᠨ ᠬᠠᠨ ᠤ ᠳᠣᠪᠲᠤᠯᠤᠯᠲᠠ ᠶᠢ ᠰᠡᠷᠡᠮᠵᠢᠯᠡᠲᠦᠭᠡᠢ ᠭᠡᠰᠡᠨ ᠪᠠᠶᠢᠵᠠᠢ᠃ ︽ᠲᠠᠶᠢᠽᠦ ᠤᠷᠢᠳ ᠢᠶᠠᠷ ᠰᠠᠴᠤᠯᠢ ᠡᠷᠭᠦᠵᠦ ᠲᠠᠷᠠᠭ᠎ᠠ ᠨᠢ ᠵᠣᠭᠤᠭᠯᠠᠪᠠᠢ᠂ ᠭᠡᠮ ᠢ ᠭᠤᠷᠪᠠᠨᠲᠠ ᠡᠷᠭᠦᠵᠦ᠂ ᠡᠨᠡ ᠶᠠᠭᠤᠮ᠎ᠠ ᠶᠢ ᠪᠠᠭ᠎ᠠ ᠡᠳ᠋ᠯᠡᠪᠡᠰᠦ ᠴᠢᠨᠠᠷ ᠢ ᠬᠥᠭᠵᠢᠭᠡᠮᠦᠢ᠂ ᠶᠡᠭᠡ ᠡᠳ᠋ᠯᠡᠪᠡᠰᠦ ᠴᠢᠨᠠᠷ ᠢ ᠦᠳᠡᠭᠡᠷᠡᠮᠤᠢ︾ ᠭᠡᠵᠡᠢ᠃ ᠠᠯᠬᠤᠰᠢ ᠲᠠᠭᠢᠳᠬᠤᠷᠢ ᠳᠤ ᠴᠢᠩᠭᠢᠰ ᠬᠠᠭᠠᠨ ᠠᠴᠠ᠄ ︽ᠨᠢᠭᠡᠨ ᠡᠳᠦᠷ ᠳᠡᠯᠡᠬᠡᠢ ᠳ᠋ᠠᠬᠢᠨ ᠮᠢᠨᠤ ᠪᠣᠯᠪᠠᠰᠤ ᠴᠢᠨᠦ ᠠᠴᠢ ᠲᠤᠰᠠ ᠶᠢ ᠬᠡᠷᠬᠢᠨ ᠬᠠᠷᠢᠭᠤᠯᠬᠤ ᠶᠢ ᠮᠥᠩᠬᠡ ᠲᠡᠭᠷᠢ ᠮᠡᠳᠡᠲᠦᠭᠡᠢ︾ ᠬᠡᠮᠡᠭᠰᠡᠨ ᠪᠥᠭᠡᠳ ᠳᠠᠶᠠᠨ ᠬᠠᠨ ᠢ ᠬᠠᠮᠲᠤ ᠪᠠᠷ ᠳᠠᠶᠢᠯᠠᠬᠤ ᠪᠠᠷ ᠪᠣᠯᠵᠣᠭᠰᠠᠨ ᠠᠵᠢ᠃ ︽ᠰᠤᠳᠤᠷ ᠤᠨ ᠴᠢᠭᠤᠯᠭᠠᠨ︾᠂ ︽ᠮᠣᠩᠭᠤᠯ ᠤᠨ ᠨᠢᠭᠤᠴᠠ ᠲᠣᠪᠴᠢᠶᠠᠨ︾᠂ ︽ᠪᠣᠭᠳᠠ ᠪᠠᠭᠠᠲᠤᠷ ᠤᠨ ᠪᠡᠶ᠎ᠡ ᠪᠠᠷ ᠳᠠᠶᠢᠯᠠᠭᠰᠠᠨ ᠲᠡᠮᠳᠡᠭᠯᠡᠯ︾ ᠵᠢᠴᠢ ︽ᠭᠤᠤ ᠲᠠᠩ ᠵᠦᠡᠭ ᠰᠢᠶᠠᠨ ᠸᠠᠩ ᠤᠨ ᠬᠥᠰᠢᠶᠡᠨ ᠪᠢᠴᠢᠭ︾ ᠵᠡᠷᠭᠡ ᠲᠡᠦᠬᠡ ᠱᠠᠰᠲᠢᠷ ᠲᠤ ᠡᠨᠡ ᠲᠤᠬᠠᠢ ᠲᠡᠮᠳᠡᠭᠯᠡᠯ ᠴᠥᠮ ᠪᠤᠢ᠃ ᠴᠢᠩᠭᠢᠰ ᠬᠠᠭᠠᠨ ᠠᠯᠬᠤᠰᠢ ᠲᠠᠭᠢᠳᠬᠤᠷᠢ ᠶᠢᠨ ᠬᠦᠷᠭᠡᠭᠰᠡᠨ ᠵᠢᠷᠭᠤᠭᠠᠨ ᠪᠤᠳᠤᠩ ᠠᠷᠢᠬᠢ ᠶᠢ ᠰᠠᠴᠤᠯᠢ ᠡᠷᠭᠦᠨ ᠭᠤᠷᠪᠠᠨᠲᠠ ᠭᠡᠮ ᠡᠷᠭᠦᠵᠦ᠂ ᠨᠠᠢᠮᠠᠨ ᠠᠶᠢᠮᠠᠭ ᠢ ᠳᠠᠶᠢᠯᠠᠬᠤ ᠪᠠᠷ ᠶᠡᠭᠡ ᠴᠡᠷᠢᠭ ᠢᠶᠠᠨ ᠲᠠᠶᠢᠴᠢᠯᠠᠨ ᠮᠣᠷᠳᠠᠭᠠᠳ ᠬᠠᠷᠪᠤᠭᠰᠠᠨ ᠰᠤᠮᠤ ᠮᠡᠲᠦ ᠬᠠᠷᠢᠯᠲᠠ ᠦᠭᠡᠢ ᠪᠠᠷ ᠨᠠᠢᠮᠠᠨ ᠠᠶᠢᠮᠠᠭ ᠢ ᠬᠤᠷᠢᠶᠠᠮᠵᠢᠯᠠᠨ ᠲᠦᠪᠰᠢᠳᠬᠡᠵᠦ᠂ ᠮᠣᠩᠭᠤᠯ ᠤᠨ ᠶᠡᠭᠡ ᠬᠠᠭᠠᠨᠲᠤ ᠲᠤᠯᠭᠤᠷ ᠲᠦᠷᠦ ᠶᠢ ᠴᠣᠭᠴᠠᠯᠠᠭᠰᠠᠨ ᠪᠠᠶᠢᠨ᠎ᠠ᠃ ᠮᠣᠩᠭᠤᠯᠴᠤᠳ ᠡᠨᠡ ᠬᠦ ᠢᠯᠠᠯᠲᠠ ᠪᠠᠨ ᠲᠡᠦᠬᠡᠨ ᠳᠤ ᠥᠨᠢ ᠤᠳᠠᠭᠠᠨ ᠳᠤᠷᠠᠰᠴᠤ ᠲᠡᠮᠳᠡᠭᠯᠡᠬᠦ ᠶᠢᠨ ᠲᠥᠯᠥᠭᠡᠨ᠎ᠡ ᠴᠢᠩᠭᠢᠰ ᠬᠠᠭᠠᠨ ᠤ ᠠᠷᠢᠬᠢ ᠶᠢ ᠭᠤᠷᠪᠠᠨᠲᠠ ᠭᠡᠮ ᠡᠷᠭᠦᠵᠦ ᠰᠠᠴᠤᠯᠢ ᠰᠠᠴᠤᠭᠰᠠᠨ ᠢᠶᠠᠷ ᠪᠡᠯᠭᠡᠳᠡᠯ ᠪᠤᠯᠭᠠᠵᠤ᠂ ᠪᠠᠶᠠᠷ ᠳᠤᠷᠠᠰᠬᠠᠯ᠂ ᠨᠠᠶᠢᠷ ᠬᠤᠷᠢᠮ᠂ ᠲᠠᠶᠢᠯᠭ᠎ᠠ ᠲᠠᠭᠢᠯᠭ᠎ᠠ ᠵᠡᠷᠭᠡ ᠴᠤᠭᠯᠠᠭᠠᠨ ᠳᠤ ᠬᠦᠨᠳᠦᠳᠬᠡᠯ ᠤᠨ ᠶᠣᠰᠣ ᠪᠣᠯᠭᠠᠨ ᠠᠷᠢᠬᠢ ᠶᠢ ᠤᠷᠢᠳ ᠢᠶᠠᠷ ᠭᠤᠷᠪᠠᠨᠲᠠ ᠰᠡᠷᠵᠢᠮᠯᠡᠨ ᠰᠠᠴᠤᠯᠢ ᠡᠷᠭᠦᠬᠦ ᠪᠣᠯᠵᠠᠢ᠃ ᠮᠥᠨ ᠠᠶᠠᠨ ᠵᠠᠮ ᠳᠤ ᠭᠠᠷᠬᠤ ᠳᠠᠭᠠᠨ ᠮᠣᠷᠳᠠᠭᠤᠯ ᠤᠨ ᠠᠷᠢᠬᠢ ︽ᠳᠥᠷᠥᠭᠡᠨ ᠠᠷᠢᠬᠢ︾ ᠭᠡᠵᠦ ᠠᠷᠢᠬᠢ ᠶᠢ ᠭᠤᠷᠪᠠᠨᠲᠠ ᠭᠡᠮᠨᠡᠨ ᠰᠠᠴᠤᠯᠢ ᠡᠷᠭᠦᠵᠦ ᠮᠣᠷᠳᠠᠭᠤᠯᠬᠤ ᠵᠠᠩᠰᠢᠯ ᠪᠤᠢ ᠪᠣᠯᠵᠤ᠂ ᠡᠨᠡ ᠨᠢ ᠤᠳᠤ ᠪᠤᠯᠳᠠᠯ᠎ᠠ ᠤᠯᠠᠮᠵᠢᠯᠠᠭᠳᠠᠵᠤ ᠪᠠᠶᠢᠨ᠎ᠠ᠃       ᠮᠣᠩᠭᠤᠯ ᠤᠨ ᠰᠡᠴᠡᠨ ᠬᠠᠨ ᠠᠶᠢᠮᠠᠭ ᠤᠨ ᠵᠠᠷᠢᠮ ᠬᠤᠰᠢᠭᠤ ᠳᠤ ︽ᠦᠨᠡᠭᠡ ᠳᠤ ᠬᠤᠶᠠᠷ ᠴᠢᠬᠢ ᠲᠠᠢ ᠶᠤᠮ᠂ ᠦᠳᠡ ᠶᠢᠨ ᠬᠤᠨᠳᠠᠭ᠎ᠠ ᠭᠤᠷᠪᠠ ᠪᠠᠶᠢᠳᠠᠭ᠃ ᠮᠣᠷᠢᠨ ᠳᠤ ᠬᠤᠶᠠᠷ ᠴᠢᠬᠢ ᠲᠠᠢ ᠰᠢᠤ᠂ ᠮᠣᠷᠳᠠᠭᠤᠯᠬᠤ ᠬᠤᠨᠳᠠᠭ᠎ᠠ ᠭᠤᠷᠪᠠ ᠶᠤᠮ︾ ᠭᠡᠵᠦ ᠭᠤᠷᠪᠠᠨ ᠬᠤᠨᠳᠠᠭ᠎ᠠ ᠠᠷᠢᠬᠢ ᠪᠠᠷᠢᠵᠤ ᠮᠣᠷᠳᠠᠭᠤᠯᠬᠤ ︽ᠮᠣᠯᠣᠷ ᠤᠨ ᠠᠷᠢᠬᠢ︾ ᠪᠠᠶᠢᠳᠠᠭ ᠵᠠᠩ ᠵᠢᠷᠤᠮ ᠢ ᠪᠠᠰᠠ ᠵᠠᠷᠢᠮ ᠮᠠᠲ᠋ᠧᠷᠢᠶᠠᠯ ᠳᠤ ᠲᠡᠮᠳᠡᠭᠯᠡᠵᠦ ᠪᠤᠢ᠃ ᠳᠡᠭᠡᠳᠦ ᠮᠣᠩᠭᠤᠯᠴᠤᠳ ︽ᠳᠤᠰᠤᠯᠠᠪᠠᠯ ᠳᠤᠯᠤᠭᠠᠠ ᠬᠤᠨᠳᠠᠭ᠎ᠠ᠂ ᠠᠰᠬᠠᠪᠠᠯ ᠠᠷᠪᠠᠨ ᠬᠤᠨᠳᠠᠭ᠎ᠠ︾ ᠭᠡᠵᠦ ᠠᠷᠢᠬᠢ ᠱᠠᠯᠠᠬᠤ ᠳᠤ ᠪᠠᠰᠠ ︽ᠴᠢᠩᠭᠢᠰ ᠬᠠᠭᠠᠨ ᠤ ᠴᠢᠨᠳᠠᠮᠤᠨᠢ ᠶᠢᠨ ᠭᠤᠷᠪᠠ︾ ᠪᠠᠷ ᠭᠤᠷᠪᠠᠨ ᠬᠤᠨᠳᠠᠭ᠎ᠠ ᠭᠡᠮᠨᠡᠳᠡᠭ ᠪᠠᠶᠢᠨ᠎ᠠ᠃       ᠮᠣᠩᠭᠤᠯᠴᠤᠳ ᠤᠨ ᠠᠷᠢᠬᠢ ᠶᠢ ᠭᠤᠷᠪᠠᠨᠲᠠ ᠰᠡᠷᠵᠢᠮᠯᠡᠨ ᠰᠠᠴᠤᠯᠢ ᠡᠷᠭᠦᠬᠦ ᠪᠣᠯᠪᠠᠰᠤᠨ ᠵᠠᠩᠰᠢᠯ ᠢ ᠬᠠᠷᠢ ᠤᠯᠤᠰ ᠤᠨ ᠵᠢᠭᠤᠯᠴᠢᠯᠠᠭᠴᠢ ᠸᠢᠯᠢᠶᠠᠮ · ᠷᠦᠪᠷᠤᠩ ᠬᠠᠮᠤᠭ ᠤᠨ ᠲᠦᠷᠦᠭᠦᠨ ᠳᠤ ᠳᠡᠯᠡᠬᠡᠢ ᠨᠠᠶᠢᠳᠠ ᠳᠤ ᠮᠡᠳᠡᠭᠡᠯᠡᠵᠦ ᠲᠠᠨᠢᠯᠴᠠᠭᠤᠯᠵᠠᠢ᠃ ︽ᠲᠠᠳᠠ ᠬᠤᠷᠢᠮ ᠨᠠᠶᠢᠷ ᠬᠢᠵᠦ ᠲᠠᠷᠠᠰᠤ ᠤᠤᠭᠤᠬᠤ ᠳᠠᠭᠠᠨ ᠤᠷᠢᠳ ᠢᠶᠠᠷ ᠭᠡᠷ ᠤᠨ ᠡᠵᠡᠨ ᠤ ᠳᠡᠭᠡᠷ᠎ᠡ ᠲᠠᠯ᠎ᠠ ᠶᠢᠨ ᠣᠩᠭᠤᠳ ᠲᠤ ᠠᠷᠢᠬᠢᠨ ᠳᠡᠭᠡᠵᠢ ᠪᠠᠨ ᠡᠷᠭᠦᠵᠦ᠂ ᠪᠤᠰᠤᠳ ᠣᠩᠭᠤᠳ ᠲᠠᠭᠠᠨ ᠮᠥᠨ ᠲᠡᠰ ᠳᠠᠷᠠᠭᠠᠯᠠᠨ ᠰᠡᠷᠵᠢᠮ ᠡᠷᠭᠦᠨ᠎ᠡ᠃ ᠲᠠᠷᠠᠭ᠎ᠠ ᠨᠢ ᠨᠢᠭᠡᠨ ᠵᠠᠷᠤᠴᠠ ᠮᠣᠳᠣᠨ ᠠᠶᠠᠭᠠᠨ ᠳᠤ ᠮᠡᠯᠮᠡᠯᠵᠡᠲᠡᠯ᠎ᠡ ᠠᠷᠢᠬᠢ ᠰᠥᠩᠨᠡᠨ ᠭᠠᠳᠠᠨ᠎ᠠ ᠭᠠᠷᠴᠤ᠂ ᠡᠮᠦᠨ᠎ᠡ ᠵᠦᠭ ᠲᠤ ᠬᠠᠨᠳᠤᠵᠤ ᠭᠠᠵᠠᠷ ᠰᠥᠭᠦᠳᠴᠦ ᠭᠤᠷᠪᠠᠨᠲᠠ ᠮᠥᠷᠭᠦᠬᠦ ᠶᠢᠨ ᠳᠠᠭᠠᠤ ᠠᠷᠢᠬᠢ ᠪᠠᠨ ᠭᠤᠷᠪᠠᠨᠲᠠ ᠰᠡᠷᠵᠢᠮᠯᠡᠨ ᠡᠷᠭᠦᠨ᠎ᠡ︾ ᠭᠡᠵᠦ ︽ᠮᠣᠩᠭᠤᠯ ᠳᠤ ᠵᠢᠭᠤᠯᠴᠢᠯᠠᠭᠰᠠᠨ ᠲᠡᠮᠳᠡᠭᠯᠡᠯ︾  ᠳᠡᠭᠡᠨ ᠨᠠᠷᠢᠯᠢᠭ ᠲᠡᠮᠳᠡᠭᠯᠡᠵᠡᠢ᠃ 1999 ᠣᠨ ᠳᠤ ᠪᠢᠳᠠ ᠮᠣᠩᠭᠤᠯ ᠤᠯᠤᠰ ᠤᠨ ᠵᠣᠴᠢᠳ ᠢ ᠭᠥᠯᠢᠶᠡᠨ ᠠᠪᠴᠤ᠂ ᠠᠷᠢᠬᠢ ᠪᠠᠷᠢᠨ ᠰᠡᠷᠵᠢᠮᠯᠡᠬᠦ ᠦᠶᠡᠰ ᠲᠠᠳᠠ᠄ ︽ᠮᠠᠨ ᠤ ᠮᠣᠩᠭᠤᠯ ᠤᠯᠤᠰ ᠤᠨ ᠬᠢᠨ ᠵᠡᠭᠦᠨ ᠭᠠᠷ ᠭᠬᠢᠷ ᠦᠭᠡᠢ᠂ ᠠᠷᠢᠭᠤᠨ ᠬᠡᠮᠡᠨ ᠵᠡᠭᠦᠨ ᠭᠠᠷ ᠢᠶᠠᠷ ᠢᠶᠠᠨ ᠠᠷᠢᠬᠢ ᠰᠡᠷᠵᠢᠮᠯᠡᠨ᠎ᠡ᠃ ᠰᠡᠷᠵᠢᠮᠯᠡᠨ ᠰᠠᠴᠤᠯᠢ ᠡᠷᠭᠦᠬᠦ ᠳᠤ ᠳᠡᠭᠡᠭᠰᠢ ᠬᠥᠬᠡ ᠮᠥᠩᠬᠡ ᠲᠡᠭᠷᠢ ᠳᠤ᠂ ᠳᠣᠷᠣᠭᠰᠢ ᠬᠥᠷᠥᠰᠥᠲᠦ ᠠᠯᠳᠠᠨ ᠳᠡᠯᠡᠬᠡᠢ ᠳᠤ᠂ ᠳᠡᠷᠭᠡᠳᠡᠬᠢ ᠭᠠᠯ ᠭᠤᠯᠣᠮᠲᠠ ᠳᠠᠭᠠᠨ ᠭᠡᠵᠦ ᠭᠤᠷᠪᠠᠨᠲᠠ ᠰᠡᠷᠵᠢᠮᠯᠡᠨ᠎ᠡ︾ ᠭᠡᠵᠦ ᠶᠠᠷᠢᠭᠰᠠᠨ ᠪᠢᠯᠡ᠂ ᠬᠠᠯᠢᠮᠠᠭᠴᠤᠳ ᠴᠤ ᠠᠷᠢᠬᠢ ᠲᠠᠷᠠᠰᠤ ᠶᠢ ᠠᠪᠤᠮᠠᠭᠴᠠ ᠤᠤᠭᠤᠬᠤ ᠶᠢ ᠠᠷᠢᠬᠢᠨ ᠴᠢᠳᠬᠦᠷ ᠬᠡᠮᠡᠨ ᠡᠯᠡᠭ ᠳᠣᠭᠤᠭᠢ ᠪᠣᠯᠭᠠᠨ ᠱᠣᠭᠯᠠᠳᠠᠭ ᠭᠡᠬᠦ ᠶᠤᠮ᠃ ᠲᠠᠳᠠ ᠴᠤ ᠤᠷᠢᠳ ᠢᠶᠠᠷ ᠪᠤᠭᠤᠷᠤᠯᠴᠤᠳ ᠲᠠᠭᠠᠨ ᠠᠷᠢᠬᠢ ᠪᠠᠨ ᠭᠡᠮᠨᠠᠨ ᠪᠠᠷᠢᠵᠤ᠂ ᠲᠠᠷᠠᠭ᠎ᠠ ᠳᠤᠨᠢ ᠭᠤᠷᠪᠠᠨᠲᠠ ᠰᠠᠴᠤᠯᠢ ᠡᠷᠭᠦᠨ ᠶᠣᠰᠣ ᠵᠢᠷᠤᠮ ᠢᠶᠠᠨ ᠭᠦᠢᠴᠡᠳᠬᠡᠭᠡᠳ ᠠᠮᠰᠠᠨ ᠵᠣᠭᠤᠭᠯᠠᠳᠠᠭ ᠭᠡᠵᠦ ᠵᠠᠭᠤᠴᠢᠯᠠᠭᠤᠷ ᠤᠨ ᠬᠢᠨ ᠳᠤ ᠮᠡᠳᠡᠭᠡᠯᠡᠭᠰᠡᠨ ᠶᠤᠮ᠃
ᠢᠷᠡᠯᠲᠡ᠄ ᠰᠢᠯᠢ ᠶᠢᠨ ᠭᠤᠣᠯ ᠠᠶᠢᠮᠠᠭ ᠤᠨ ᠵᠠᠰᠠᠭ ᠤᠨ ᠶᠠᠪᠤᠳᠠᠯ ᠤᠨ ᠮᠣᠩᠭᠤᠯ ᠰᠦᠯᠵᠢᠶ᠎ᠡ