︽ᠦᠶᠤᠸᠠᠨ ᠰᠢᠶᠠᠨ ᠤ ᠵᠠᠰᠠᠭ ᠤᠨ ᠣᠷᠳᠣᠨ ᠤ ᠪᠡᠯᠡ ᠣᠷᠣᠭᠤᠯᠤᠯᠲᠠ ᠶᠢᠨ ᠲᠦᠷᠦᠯ ᠵᠦᠢᠯ ᠤᠨ ᠬᠠᠮᠢᠶᠠᠷᠤᠯᠲᠠ ᠶᠢᠨ ᠠᠷᠭ᠎ᠠ︾ ᠶᠢ ᠳᠠᠷᠤᠮᠠᠯᠯᠠᠨ ᠲᠠᠷᠬᠠᠭᠠᠬᠤ ᠲᠤᠬᠠᠢ ᠮᠡᠳᠡᠭᠳᠡᠯ
ᠨᠡᠶᠢᠲᠡᠯᠡᠭᠰᠡᠨ ᠴᠠᠭ᠄
2024/5/21
        ᠦᠶᠤᠸᠠᠨ ᠰᠢᠶᠠᠨ ᠤ ᠠᠷᠠᠳ ᠤᠨ ᠵᠠᠰᠠᠭ ᠤᠨ ᠣᠷᠳᠣᠨ ᠤ ᠠᠯᠪᠠᠨ ᠭᠡᠷ       ︽ ᠦᠶᠤᠸᠠᠨ ᠰᠢᠶᠠᠨ ᠤ ᠵᠠᠰᠠᠭ ᠤᠨ ᠣᠷᠳᠣᠨ ᠤ ᠪᠡᠯᠡ ᠣᠷᠣᠭᠤᠯᠤᠯᠲᠠ ᠶᠢᠨ ᠲᠦᠷᠦᠯ ᠵᠦᠢᠯ ᠤᠨ ᠬᠠᠮᠢᠶᠠᠷᠤᠯᠲᠠ ᠶᠢᠨ ᠠᠷᠭ᠎ᠠ ︾ ᠶᠢ ᠳᠠᠷᠤᠮᠠᠯᠯᠠᠨ ᠲᠠᠷᠬᠠᠭᠠᠬᠤ ᠲᠤᠬᠠᠢ ᠮᠡᠳᠡᠭᠳᠡᠯ      ᠰᠢᠶᠠᠨ ᠤ ᠰᠢᠭᠤᠳ ᠬᠠᠷᠢᠶ᠎ᠠ ᠡᠯ᠎ᠡ ᠰᠠᠯᠠᠭ᠎ᠠ ᠮᠥᠴᠢᠷ ᠂ ᠰᠢᠶᠠᠨ ᠳᠤ ᠰᠠᠭᠤᠭ᠎ᠠ ᠡᠯ᠎ᠡ ᠨᠢᠭᠡᠴᠡ ᠂ ᠡᠯ᠎ᠡ ᠰᠤᠮᠤ ᠪᠠᠯᠭᠠᠰᠤᠨ ᠤ ᠠᠷᠠᠳ ᠤᠨ ᠵᠠᠰᠠᠭ ᠤᠨ ᠣᠷᠳᠣᠨ ︵ ᠬᠡᠷᠡᠭ ᠡᠷᠬᠢᠯᠡᠬᠦ ᠭᠠᠵᠠᠷ ︶ ᠲᠤ ᠄      ︽ ᠦᠶᠤᠸᠠᠨ ᠰᠢᠶᠠᠨ ᠤ ᠵᠠᠰᠠᠭ ᠤᠨ ᠣᠷᠳᠣᠨ ᠤ ᠪᠡᠯᠡ ᠣᠷᠣᠭᠤᠯᠤᠯᠲᠠ ᠶᠢᠨ ᠲᠥᠷᠥᠯ ᠵᠦᠢᠯ ᠤᠨ ᠬᠠᠮᠢᠶᠠᠷᠤᠯᠲᠠ ᠶᠢᠨ ᠠᠷᠭ᠎ᠠ ︾ ᠶᠢ 2024 ᠣᠨ ᠤ ᠭᠤᠷᠪᠠᠳᠤᠭᠠᠷ ᠤᠳᠠᠭᠠᠨ ᠤ ᠵᠠᠰᠠᠭ ᠤᠨ ᠣᠷᠳᠣᠨ ᠤ ᠪᠠᠶᠢᠩᠭᠤ ᠶᠢᠨ ᠬᠤᠷᠠᠯ ᠢᠶᠠᠷ ᠬᠢᠨᠠᠨ ᠵᠥᠪᠯᠡᠵᠦ ᠪᠠᠲᠤᠯᠠᠭᠠᠳ ᠂ ᠡᠳᠦᠭᠡ ᠲᠠᠨᠠᠷ ᠲᠤ ᠳᠠᠷᠤᠮᠠᠯᠯᠠᠨ ᠶᠠᠪᠤᠭᠤᠯᠤᠯ᠎ᠠ᠂ ᠪᠣᠳᠠᠲᠠᠢ ᠲᠠᠢ ᠪᠠᠨ ᠤᠶᠠᠯᠳᠤᠭᠤᠯᠤᠨ ᠂ ᠬᠢᠨᠠᠮᠠᠭᠠᠢ ᠵᠢᠷᠤᠮᠯᠠᠨ ᠬᠡᠷᠡᠭᠵᠢᠭᠦᠯᠲᠦᠭᠡᠢ ᠃                                     ᠦᠶᠤᠸᠠᠨ ᠰᠢᠶᠠᠨ ᠤ ᠠᠷᠠᠳ ᠤᠨ ᠵᠠᠰᠠᠭ ᠤᠨ ᠣᠷᠳᠣᠨ ᠤ ᠠᠯᠪᠠᠨ ᠭᠡᠷ                                                 2024 ᠣᠨ ᠤ 4 ᠰᠠᠷ᠎ᠠ ᠶᠢᠨ 7 ᠤ ᠡᠳᠦᠷ       ᠦᠶᠤᠸᠠᠨ ᠰᠢᠶᠠᠨ ᠤ ᠵᠠᠰᠠᠭ ᠤᠨ ᠣᠷᠳᠣᠨ ᠤ ᠪᠡᠯᠡ ᠣᠷᠣᠭᠤᠯᠤᠯᠲᠠ ᠶᠢᠨ ᠵᠦᠢᠯᠡᠰ ᠤᠨ ᠬᠠᠮᠢᠶᠠᠷᠤᠯᠲᠠ ᠶᠢᠨ ᠠᠷᠭ᠎ᠠ      ᠨᠢᠭᠡᠳᠦᠭᠡᠷ ᠵᠦᠢᠯ ᠵᠠᠰᠠᠭ ᠤᠨ ᠣᠷᠳᠣᠨ ᠤ ᠪᠡᠯᠡ ᠣᠷᠣᠭᠤᠯᠤᠯᠲᠠ ᠶᠢᠨ ᠦᠢᠯᠡ ᠠᠵᠢᠯᠯᠠᠭ᠎ᠠ ᠶᠢ ᠵᠢᠷᠤᠮᠵᠢᠭᠤᠯᠵᠤ ᠂ ᠵᠠᠰᠠᠭ ᠤᠨ ᠣᠷᠳᠣᠨ ᠤ ᠪᠡᠯᠡ ᠣᠷᠣᠭᠤᠯᠤᠯᠲᠠ ᠶᠢᠨ ᠦᠷ᠎ᠡ ᠠᠰᠢᠭ ᠢ ᠳᠡᠭᠡᠭᠰᠢᠯᠡᠭᠦᠯᠦᠨ ᠂ ᠬᠦᠨᠳᠦ ᠶᠡᠭᠡ ᠠᠶᠤᠯ ᠲᠦᠭᠰᠢᠭᠦᠷᠢ ᠶᠢ ᠰᠡᠷᠭᠡᠶᠢᠯᠡᠨ ᠠᠷᠢᠯᠭᠠᠵᠤ ᠂ ᠨᠡᠶᠢᠭᠡᠮ ᠤᠨ ᠪᠡᠯᠡ ᠣᠷᠣᠭᠤᠯᠤᠯᠲᠠ ᠶᠢᠨ ᠠᠮᠢᠵᠢᠷᠠᠯ ᠤᠨ ᠬᠦᠴᠦᠨ ᠢ ᠬᠥᠭᠵᠢᠭᠡᠬᠦ ᠶᠢᠨ ᠲᠤᠰᠠᠳᠠ ᠂ ︽ ᠵᠠᠰᠠᠭ ᠤᠨ ᠣᠷᠳᠣᠨ ᠤ ᠪᠡᠯᠡ ᠣᠷᠣᠭᠤᠯᠤᠯᠲᠠ ᠶᠢᠨ ᠳᠦᠷᠢᠮ ︾ ᠂ ︽ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠲᠤᠰ ᠱᠠᠲᠤᠨ ᠤ ᠵᠠᠰᠠᠭ ᠤᠨ ᠣᠷᠳᠣᠨ ᠤ ᠪᠡᠯᠡ ᠣᠷᠣᠭᠤᠯᠤᠯᠲᠠ ᠶᠢᠨ ᠲᠥᠷᠥᠯ ᠵᠦᠢᠯ ᠤᠨ ᠰᠢᠢᠳᠪᠦᠷᠢᠲᠦ ᠪᠣᠳᠣᠯᠭ᠎ᠠ ᠲᠣᠭᠲᠠᠭᠠᠬᠤ ᠬᠠᠮᠢᠶᠠᠷᠤᠯᠲᠠ ᠶᠢᠨ ᠳᠡᠰ ᠳᠠᠷᠠᠭᠠᠯᠠᠯ ︾ ᠂ ︽ ᠪᠠᠶᠠᠨᠨᠠᠭᠤᠷ ᠬᠤᠲᠠ ᠶᠢᠨ ᠲᠤᠰ ᠱᠠᠲᠤᠨ ᠤ ᠵᠠᠰᠠᠭ ᠤᠨ ᠣᠷᠳᠣᠨ ᠤ ᠪᠡᠯᠡ ᠣᠷᠣᠭᠤᠯᠤᠯᠲᠠ ᠶᠢᠨ ᠲᠥᠷᠥᠯ ᠵᠦᠢᠯ ᠤᠨ ᠤᠷᠲᠤ ᠬᠤᠭᠤᠴᠠᠭᠠᠨ ᠤ ᠪᠦᠲᠦᠮᠵᠢᠲᠡᠶ ᠬᠠᠮᠢᠶᠠᠷᠤᠯᠲᠠ ᠶᠢᠨ ᠲᠣᠭᠲᠠᠴᠠ ︾ ᠂ ︽ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠲᠥᠪ ᠤᠨ ᠲᠥᠰᠥᠪ ᠤᠨ ᠳᠣᠲᠣᠷᠠᠬᠢ ᠲᠤᠰᠬᠠᠢ ᠠᠵᠢᠯ ᠳᠠᠭᠤᠰᠤᠭᠰᠠᠨ ᠢ ᠰᠢᠯᠭᠠᠨ ᠠᠪᠬᠤ ᠠᠷᠭ᠎ᠠ ︵ ᠲᠤᠷᠰᠢᠨ ᠬᠡᠷᠡᠭᠵᠢᠭᠦᠯᠬᠦ ︶ ︾ ᠵᠡᠷᠭᠡ ᠬᠤᠯᠪᠣᠭᠳᠠᠯ ᠪᠦᠬᠦᠢ ᠬᠠᠤᠯᠢ ᠴᠠᠭᠠᠵᠠ ᠂ ᠬᠠᠤᠯᠢ ᠲᠣᠭᠲᠠᠭᠠᠯ ᠢ ᠦᠨᠳᠦᠰᠦᠯᠡᠨ ᠂ ᠮᠠᠨ ᠤ ᠰᠢᠶᠠᠨ ᠤ ᠪᠣᠳᠠᠲᠤ ᠪᠠᠶᠢᠳᠠᠯ ᠲᠠᠢ ᠤᠶᠠᠯᠳᠤᠭᠤᠯᠵᠤ ᠂ ᠲᠤᠰ ᠠᠷᠭ᠎ᠠ ᠶᠢ ᠲᠣᠭᠲᠠᠭᠠᠪᠠ᠃      ᠬᠤᠶᠠᠳᠤᠭᠠᠷ ᠵᠦᠢᠯ ᠲᠤᠰ ᠠᠷᠭ᠎ᠠ ᠳᠤ ᠬᠡᠯᠡᠵᠦ ᠪᠠᠶᠢᠭ᠎ᠠ ᠵᠠᠰᠠᠭ ᠤᠨ ᠣᠷᠳᠣᠨ ᠤ ᠪᠡᠯᠡ ᠣᠷᠣᠭᠤᠯᠤᠯᠲᠠ ᠶᠢᠨ ᠲᠥᠷᠥᠯ ᠵᠦᠢᠯ ᠭᠡᠳᠡᠭ ᠨᠢ ᠡᠳ᠋ ᠤᠨ ᠵᠠᠰᠠᠭ ᠤᠨ ᠲᠥᠰᠥᠪ ᠢᠶᠠᠷ ᠲᠣᠬᠢᠷᠠᠭᠤᠯᠤᠭᠰᠠᠨ ᠪᠡᠯᠡ ᠮᠥᠩᠭᠦ ᠪᠠᠷ ᠪᠡᠯᠡ ᠣᠷᠣᠭᠤᠯᠤᠨ ᠪᠦᠲᠦᠭᠡᠨ ᠪᠠᠶᠢᠭᠤᠯᠤᠭᠰᠠᠨ ᠲᠣᠭᠲᠠᠮᠠᠯ ᠬᠥᠷᠥᠩᠭᠡ ᠶᠢᠨ ᠪᠡᠯᠡ ᠣᠷᠣᠭᠤᠯᠤᠯᠲᠠ ᠶᠢᠨ ᠲᠥᠷᠥᠯ ᠵᠦᠢᠯ ᠢ ᠵᠢᠭᠠᠵᠤ ᠪᠤᠶ᠂ ᠡᠭᠦᠨ ᠳᠤ ᠰᠢᠨ᠎ᠡ ᠪᠠᠷ ᠪᠠᠶᠢᠭᠤᠯᠤᠭᠰᠠᠨ᠂ ᠥᠷᠭᠡᠳᠬᠡᠨ ᠪᠠᠶᠢᠭᠤᠯᠤᠭᠰᠠᠨ᠂ ᠥᠭᠡᠷᠡᠴᠢᠯᠡᠨ ᠪᠠᠶᠢᠭᠤᠯᠤᠭᠰᠠᠨ ᠂ ᠮᠡᠷᠭᠡᠵᠢᠯ ᠤᠨ ᠥᠭᠡᠷᠡᠴᠢᠯᠡᠯᠲᠡ ᠵᠡᠷᠭᠡ ᠲᠥᠷᠥᠯ ᠵᠦᠢᠯ ᠤᠨ ᠲᠥᠷᠥᠯ ᠵᠦᠢᠯ ᠪᠠᠭᠲᠠᠨ᠎ᠠ᠃      ᠭᠤᠷᠪᠠᠳᠤᠭᠠᠷ ᠵᠦᠢᠯ ᠬᠡᠷᠡᠭᠯᠡᠬᠦ ᠬᠦᠷᠢᠶ᠎ᠡ ᠬᠡᠪᠴᠢᠶ᠎ᠡ ᠪᠠ ᠰᠠᠯᠠᠭ᠎ᠠ ᠮᠥᠴᠢᠷ ᠃ ᠡᠳ᠋ ᠤᠨ ᠵᠠᠰᠠᠭ ᠤᠨ ᠠᠵᠢᠯ ᠶᠠᠪᠤᠳᠠᠯ ᠤᠨ ᠡᠷᠬᠡ ᠪᠠ ᠵᠠᠷᠤᠯᠭ᠎ᠠ ᠶᠢᠨ ᠬᠠᠷᠢᠭᠤᠴᠠᠯᠭ᠎ᠠ ᠶᠢᠨ ᠬᠤᠪᠢᠶᠠᠷᠢᠯᠠᠯ ᠶᠣᠰᠣᠭᠠᠷ᠂ ᠲᠤᠰ ᠵᠢᠷᠤᠮ ᠨᠢ ᠦᠶᠤᠸᠠᠨ ᠰᠢᠶᠠᠨ ᠤ ᠲᠤᠰ ᠱᠠᠲᠤᠨ ᠤ ᠲᠥᠰᠥᠪ ᠤᠨ ᠨᠢᠭᠡᠴᠡ ᠶᠢᠨ ᠵᠠᠰᠠᠭ ᠤᠨ ᠣᠷᠳᠣᠨ ᠤ ᠪᠡᠯᠡ ᠣᠷᠣᠭᠤᠯᠤᠯᠲᠠ ᠶᠢᠨ ᠲᠥᠷᠥᠯ ᠵᠦᠢᠯ ᠳᠤ ᠲᠣᠬᠢᠷᠠᠨ᠎ᠠ᠃ ᠪᠡᠯᠡ ᠣᠷᠣᠭᠤᠯᠤᠯᠲᠠ ᠶᠢ ᠡᠷᠬᠢᠯᠡᠨ ᠬᠠᠮᠢᠶᠠᠷᠬᠤ ᠰᠠᠯᠠᠭ᠎ᠠ ᠮᠥᠴᠢᠷ ᠲᠤ ᠰᠢᠶᠠᠨ ᠤ ᠬᠥᠭᠵᠢᠭᠦᠯᠦᠯᠲᠡ ᠥᠭᠡᠷᠡᠴᠢᠯᠡᠯᠲᠡ ᠶᠢᠨ ᠵᠥᠪᠯᠡᠯ ᠂ ᠵᠠᠮ ᠬᠠᠷᠢᠯᠴᠠᠭᠠᠨ ᠤ ᠲᠣᠪᠴᠢᠶ᠎ᠠ᠂ ᠲᠠᠷᠢᠶᠠᠯᠠᠩ ᠤᠨ ᠰᠢᠨᠵᠢᠯᠡᠬᠦ ᠤᠬᠠᠭᠠᠨ ᠤ ᠲᠣᠪᠴᠢᠶ᠎ᠠ ᠂ ᠤᠰᠤᠨ ᠠᠰᠢᠭᠯᠠᠯᠲᠠ ᠶᠢᠨ ᠲᠣᠪᠴᠢᠶ᠎ᠠ ᠵᠡᠷᠭᠡ ᠰᠢᠶᠠᠨ ᠤ ᠨᠠᠮ ᠤᠨ ᠬᠤᠷᠢᠶ᠎ᠠ ᠂ ᠵᠠᠰᠠᠭ ᠤᠨ ᠣᠷᠳᠣᠨ ᠠᠴᠠ ᠲᠥᠷᠥᠯ ᠵᠦᠢᠯ ᠤᠨ ᠪᠡᠯᠡ ᠣᠷᠣᠭᠤᠯᠤᠯᠲᠠ ᠶᠢᠨ ᠬᠠᠮᠢᠶᠠᠷᠤᠯᠲᠠ ᠶᠢᠨ ᠡᠭᠦᠷᠭᠡ ᠴᠢᠳᠠᠪᠤᠷᠢᠲᠤ ᠰᠠᠯᠠᠭ᠎ᠠ ᠮᠥᠴᠢᠷ ᠢ ᠪᠠᠭᠲᠠᠭᠠᠨ᠎ᠠ᠃ ᠠᠵᠢᠯ ᠲᠥᠷᠥᠯ ︵ ᠲᠤᠬᠠᠶᠢᠯᠠᠭᠰᠠᠨ ᠠᠵᠢᠯ ︶ ᠤᠨ ᠭᠤᠣᠯᠴᠢᠯᠠᠨ ᠬᠠᠮᠢᠶᠠᠷᠬᠤ ᠰᠠᠯᠠᠭ᠎ᠠ ᠮᠥᠴᠢᠷ ᠲᠤ ᠡᠳ᠋ ᠤᠨ ᠵᠠᠰᠠᠭ ᠤᠨ ᠠᠵᠢᠯ ᠶᠠᠪᠤᠳᠠᠯ ᠤᠨ ᠡᠷᠬᠡ ᠪᠠ ᠵᠠᠷᠤᠯᠭ᠎ᠠ ᠶᠢᠨ ᠬᠠᠷᠢᠭᠤᠴᠠᠯᠭ᠎ᠠ ᠶᠣᠰᠣᠭᠠᠷ ᠰᠢᠶᠠᠨ ᠤ ᠲᠣᠰ ᠱᠠᠲᠤᠨ ᠤ ᠪᠣᠶ ᠪᠦᠬᠦᠢ ᠨᠢᠭᠡᠴᠡ ᠶᠢᠨ ᠬᠠᠷᠠᠭᠠᠯᠵᠠᠭᠰᠠᠨ ᠰᠢᠶᠠᠨ ᠤ ᠱᠠᠲᠤᠨ ᠤ ᠠᠵᠢᠯ ᠲᠥᠷᠥᠯ ᠤᠨ ᠬᠠᠮᠢᠶᠠᠷᠤᠯᠲᠠ ᠂ ᠲᠤᠬᠠᠶᠢᠯᠠᠭᠰᠠᠨ ᠠᠵᠢᠯ ᠤᠨ ᠵᠢᠯᠣᠭᠤᠳᠤᠯᠭ᠎ᠠ ᠶᠢᠨ ᠭᠤᠣᠯᠴᠢᠯᠠᠨ ᠬᠠᠮᠢᠶᠠᠷᠬᠤ ᠵᠠᠰᠠᠭ ᠵᠠᠬᠢᠷᠭᠠᠨ ᠤ ᠰᠠᠯᠠᠭ᠎ᠠ ᠮᠥᠴᠢᠷ ᠢ ᠪᠠᠭᠲᠠᠭᠠᠨ᠎ᠠ ᠃ ᠵᠢᠱᠢᠶᠡᠯᠡᠪᠡᠯ ᠂ ᠰᠢᠶᠠᠨ ᠤ ᠱᠠᠲᠤᠨ ᠤ ᠰᠤᠷᠭᠠᠭᠤᠯᠢ ᠶᠢᠨ ᠲᠥᠷᠥᠯ ᠵᠦᠢᠯ ᠰᠢᠶᠠᠨ ᠤ ᠰᠤᠷᠭᠠᠨ ᠬᠥᠮᠦᠵᠢᠯ ᠤᠨ ᠲᠣᠪᠴᠢᠶ᠎ᠠ ᠶᠢᠨ ᠬᠠᠮᠢᠶᠠᠷᠤᠯᠲᠠ ᠳᠤ ᠬᠠᠷᠢᠶᠠᠯᠠᠭᠳᠠᠵᠤ ᠂ ᠰᠢᠶᠠᠨ ᠤ ᠱᠠᠲᠤᠨ ᠤ ᠡᠮᠨᠡᠯᠭᠡ ᠶᠢᠨ ᠬᠤᠷᠢᠶ᠎ᠠ ᠶᠢᠨ ᠲᠥᠷᠥᠯ ᠵᠦᠢᠯ ᠰᠢᠶᠠᠨ ᠤ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠵᠥᠪᠯᠡᠯ ᠤᠨ ᠬᠠᠮᠢᠶᠠᠷᠤᠯᠲᠠ ᠳᠤ ᠬᠠᠷᠢᠶᠠᠯᠠᠭᠳᠠᠵᠤ ᠂ ᠪᠤᠰᠤᠳ ᠲᠥᠷᠥᠯ ᠵᠦᠢᠯ ᠨᠢ ᠯᠠᠪᠯᠠᠯᠲᠠ ᠪᠣᠯᠭᠠᠨ ᠬᠡᠷᠡᠭᠵᠢᠭᠦᠯᠦᠨ᠎ᠡ᠃      ᠳᠥᠷᠪᠡᠳᠦᠭᠡᠷ ᠵᠦᠢᠯ ᠲᠥᠷᠥᠯ ᠵᠦᠢᠯ ᠲᠣᠭᠲᠠᠭᠠᠵᠤ ᠬᠢᠨᠠᠨ ᠵᠥᠪᠰᠢᠶᠡᠷᠡᠬᠦ ᠬᠡᠷᠡᠭᠴᠡᠭᠡ ᠱᠠᠭᠠᠷᠳᠠᠯᠭ᠎ᠠ ᠶᠢ ᠳᠤᠷᠠᠳᠤᠨ᠎ᠠ ᠃ ᠰᠢᠶᠠᠨ ᠤ ᠬᠠᠮᠢᠶ᠎ᠠ ᠪᠦᠬᠦᠢ ᠠᠵᠢᠯ ᠲᠥᠷᠥᠯ ︵ ᠲᠤᠬᠠᠶᠢᠯᠠᠭᠰᠠᠨ ᠠᠵᠢᠯ ︶ ᠤᠨ ᠭᠤᠣᠯᠴᠢᠯᠠᠨ ᠬᠠᠮᠢᠶᠠᠷᠬᠤ ᠰᠠᠯᠠᠭ᠎ᠠ ᠮᠥᠴᠢᠷ ᠤᠳ ᠲᠣᠰ ᠠᠵᠢᠯ ᠲᠥᠷᠥᠯ ᠂ ᠲᠣᠰ ᠬᠦᠷᠢᠶ᠎ᠡ ᠴᠠᠷᠠᠭ᠎ᠠ ᠶᠢᠨ ᠨᠢᠭᠡᠳᠦᠯᠲᠡᠢ ᠲᠥᠯᠥᠪᠯᠡᠨ ᠵᠣᠬᠢᠴᠠᠭᠤᠯᠬᠤ ᠡᠭᠦᠷᠭᠡ ᠴᠢᠳᠠᠪᠤᠷᠢ ᠡᠭᠦᠷᠭᠡ ᠬᠠᠷᠢᠭᠤᠴᠠᠯᠭ᠎ᠠ ᠪᠠᠨ ᠭᠦᠢᠴᠡᠳ ᠪᠠᠳᠠᠷᠠᠭᠤᠯᠵᠤ ᠂ ᠰᠢᠶᠠᠨ ᠤ ᠤᠯᠤᠰ ᠠᠷᠠᠳ ᠤᠨ ᠠᠵᠤ ᠠᠬᠤᠢ ᠪᠠ ᠨᠡᠶᠢᠭᠡᠮ ᠤᠨ ᠬᠥᠭᠵᠢᠯᠲᠡ ᠶᠢᠨ ᠲᠥᠯᠦᠪᠵᠢᠭᠦᠯᠭᠡ ᠂ ᠣᠷᠣᠨ ᠵᠠᠢ ᠶᠢᠨ ᠲᠥᠯᠦᠪᠵᠢᠭᠦᠯᠭᠡ ᠂ ᠣᠷᠣᠨ ᠪᠦᠰᠡ ᠶᠢᠨ ᠲᠥᠯᠦᠪᠵᠢᠭᠦᠯᠭᠡ ᠂ ᠲᠤᠰᠬᠠᠢ ᠲᠥᠯᠦᠪᠵᠢᠭᠦᠯᠭᠡ ᠶᠢ ᠦᠨᠳᠦᠰᠦᠯᠡᠨ ᠂ ᠠᠵᠤ ᠠᠬᠤᠢ ᠨᠡᠶᠢᠭᠡᠮ ᠤᠨ ᠬᠥᠭᠵᠢᠯᠲᠡ ᠶᠢᠨ ᠬᠡᠷᠡᠭᠴᠡᠭᠡ ᠂ ᠲᠥᠷᠥᠯ ᠵᠦᠢᠯ ᠤᠨ ᠪᠦᠲᠦᠭᠡᠨ ᠪᠠᠶᠢᠭᠤᠯᠤᠯᠲᠠ ᠶᠢᠨ ᠴᠢᠬᠤᠯᠠ ᠴᠢᠨᠠᠷ ᠪᠠ ᠪᠣᠯᠣᠮᠵᠢᠲᠤ ᠴᠢᠨᠠᠷ ᠶᠣᠰᠣᠭᠠᠷ ᠂ ᠲᠥᠷᠥᠯ ᠵᠦᠢᠯ ᠤᠨ ᠨᠥᠭᠡᠴᠡ ᠶᠢᠨ ᠬᠥᠮᠥᠷᠭᠡ ᠠᠴᠠ ︽ ᠬᠦᠨᠳᠦ ᠬᠥᠩᠭᠡᠨ ᠠᠯᠭᠤᠷ ᠪᠠᠴᠢᠮ ︾ ᠤᠨ ᠵᠠᠷᠴᠢᠮ ᠢ ᠦᠨᠳᠦᠰᠦᠯᠡᠨ ᠂ ᠲᠥᠷᠥᠯ ᠵᠦᠢᠯ ᠲᠣᠭᠲᠠᠭᠠᠵᠤ ᠬᠢᠨᠠᠨ ᠵᠥᠪᠰᠢᠶᠡᠷᠡᠭᠦᠯᠬᠦ ᠲᠥᠷᠥᠯ ᠵᠦᠢᠯ ᠢ ᠭᠤᠶᠤᠴᠢᠯᠠᠨ ᠭᠠᠷᠭᠠᠬᠤ ᠪᠠᠷ ᠪᠠᠶᠢᠨ᠎ᠠ᠃      ᠲᠠᠪᠤᠳᠤᠭᠠᠷ ᠵᠦᠢᠯ ᠲᠥᠷᠥᠯ ᠵᠦᠢᠯ ᠲᠣᠭᠲᠠᠭᠠᠵᠤ ᠬᠢᠨᠠᠨ ᠵᠥᠪᠰᠢᠶᠡᠷᠡᠬᠦ ᠠᠴᠠ ᠡᠮᠦᠨᠡᠬᠢ ᠰᠢᠢᠳᠪᠦᠷᠢᠲᠦ ᠪᠣᠳᠣᠯᠭ᠎ᠠ ᠲᠣᠭᠲᠠᠭᠠᠬᠤ ᠳᠡᠰ ᠳᠠᠷᠠᠭᠠᠯᠠᠯ  ᠃ ᠲᠥᠷᠥᠯ ᠵᠦᠢᠯ ᠢ ᠬᠡᠷᠡᠭᠵᠢᠭᠦᠯᠬᠦ ᠨᠢᠭᠡᠴᠡ ᠪᠤᠶᠤ ᠬᠠᠮᠢᠶ᠎ᠠ ᠪᠦᠬᠦᠢ ᠠᠵᠢᠯ ᠲᠥᠷᠥᠯ ︵ ᠲᠤᠬᠠᠶᠢᠯᠠᠭᠰᠠᠨ ᠠᠵᠢᠯ ︶ ᠤᠨ ᠭᠤᠣᠯᠴᠢᠯᠠᠨ ᠬᠠᠮᠢᠶᠠᠷᠬᠤ ᠰᠠᠯᠠᠭ᠎ᠠ ᠮᠥᠴᠢᠷ ᠤᠳ ᠲᠥᠷᠥᠯ ᠵᠦᠢᠯ ᠪᠠᠶᠢᠭᠤᠯᠬᠤ ᠶᠢ ᠬᠢᠨᠠᠨ ᠵᠥᠪᠰᠢᠶᠡᠷᠡᠭᠦᠯᠬᠦ ᠪᠠᠷ ᠪᠠᠶᠢᠭ᠎ᠠ ᠰᠢᠶᠠᠨ ᠤ ᠳᠡᠳ᠋ ᠳᠠᠷᠤᠭ᠎ᠠ ᠪᠠ ᠡᠳ᠋ ᠤᠨ ᠵᠠᠰᠠᠭ ᠢ ᠬᠤᠪᠢᠳᠠᠨ ᠬᠠᠮᠢᠶᠠᠷᠴᠤ ᠪᠠᠶᠢᠭ᠎ᠠ ᠰᠢᠶᠠᠨ ᠤ ᠳᠡᠳ᠋ ᠳᠠᠷᠤᠭ᠎ᠠ ᠶᠢᠨ ᠬᠢᠨᠠᠨ ᠬᠠᠷᠭᠤᠭᠤᠯᠵᠤ ᠵᠥᠪᠰᠢᠶᠡᠷᠡᠭᠰᠡᠨ ᠤ ᠳᠠᠷᠠᠭ᠎ᠠ᠂ ᠠᠵᠢᠯ ᠲᠥᠷᠥᠯ ᠤᠨ ᠬᠦᠷᠢᠶᠡᠨ ᠳᠠᠬᠢ ᠬᠤᠪᠢᠳᠠᠨ ᠬᠠᠮᠢᠶᠠᠷᠴᠤ ᠪᠠᠶᠢᠭ᠎ᠠ ᠳᠡᠳ᠋ ᠰᠢᠶᠠᠨ ᠤ ᠳᠠᠷᠤᠭ᠎ᠠ ᠠᠴᠠ ᠬᠠᠮᠢᠶ᠎ᠠ ᠪᠦᠬᠦᠢ ᠲᠥᠷᠥᠯ ᠵᠦᠢᠯ ᠢ ᠭᠤᠶᠤᠴᠢᠯᠠᠨ ᠮᠡᠳᠡᠭᠦᠯᠬᠦ ᠮᠠᠲ᠋ᠧᠷᠢᠶᠠᠯ ᠢ ᠭᠠᠷ ᠤᠨ ᠦᠰᠦᠭ ᠵᠢᠷᠤᠵᠤ ᠭᠠᠷᠭᠠᠨ ᠥᠭᠭᠦᠨ᠎ᠡ︔ ᠰᠢᠶᠠᠨ ᠤ ᠪᠡᠯᠡ ᠣᠷᠣᠭᠤᠯᠤᠯᠲᠠ ᠶᠢᠨ ᠭᠤᠣᠯᠴᠢᠯᠠᠨ ᠬᠠᠮᠢᠶᠠᠷᠬᠤ ᠰᠠᠯᠠᠭ᠎ᠠ ᠮᠥᠴᠢᠷ ᠠᠴᠠ ᠵᠠᠰᠠᠭ ᠤᠨ ᠣᠷᠳᠣᠨ ᠤ ᠪᠡᠯᠡ ᠣᠷᠣᠭᠤᠯᠤᠯᠲᠠ ᠶᠢᠨ ᠲᠥᠷᠥᠯ ᠵᠦᠢᠯ ᠢ ᠲᠣᠭᠲᠠᠮᠠᠯ ᠬᠤᠭᠤᠴᠠᠭ᠎ᠠ ᠲᠠᠢ ᠪᠠᠷ ᠡᠮᠬᠢᠯᠡᠨ ᠲᠢᠭᠯᠡᠵᠦ ᠳᠡᠭᠡᠭᠰᠢ ᠮᠡᠳᠡᠭᠦᠯᠦᠭᠰᠡᠨ ᠪᠠᠶᠢᠳᠠᠯ ᠢ ᠳᠡᠭᠡᠭᠰᠢ ᠮᠡᠳᠡᠭᠦᠯᠬᠦ ᠶᠢᠨ ᠬᠠᠮᠲᠤ ᠂ ᠰᠢᠶᠠᠨ ᠤ ᠵᠠᠰᠠᠭ ᠤᠨ ᠣᠷᠳᠣᠨ ᠤ ᠪᠠᠶᠢᠩᠭᠤ ᠶᠢᠨ ᠬᠤᠷᠠᠯ ᠳᠤ ᠮᠡᠳᠡᠭᠦᠯᠦᠨ ᠰᠤᠳᠤᠯᠤᠨ ᠬᠢᠨᠠᠨ ᠵᠥᠪᠯᠡᠭᠦᠯᠦᠨ᠎ᠡ᠃ ᠰᠢᠶᠠᠨ ᠤ ᠲᠤᠰ ᠱᠠᠲᠤᠨ ᠤ ᠵᠠᠰᠠᠭ ᠤᠨ ᠣᠷᠳᠣᠨ ᠤ ᠪᠡᠯᠡ ᠣᠷᠣᠭᠤᠯᠤᠯᠲᠠ ᠶᠢᠨ ᠲᠦᠷᠦᠯ ᠵᠦᠢᠯ ᠢ ᠴᠢᠩᠭ᠎ᠠ ᠠᠳᠬᠤᠵᠤ᠂ ᠰᠢᠶᠠᠨ ᠤ ᠡᠳ᠋ ᠤᠨ ᠵᠠᠰᠠᠭ ᠤᠨ ᠲᠣᠪᠴᠢᠶ᠎ᠠ ᠠᠴᠠ ᠪᠡᠯᠡ ᠣᠷᠣᠭᠤᠯᠤᠯᠲᠠ ᠶᠢᠨ ᠣᠷᠣᠭᠤᠯᠤᠯᠲᠠ ᠶᠢᠨ ᠬᠠᠨᠳᠤᠰᠢ ᠳᠤ ᠨᠡᠶᠢᠴᠡᠬᠦ ᠡᠰᠡᠬᠦ᠂ ᠪᠦᠲᠦᠭᠡᠨ ᠪᠠᠶᠢᠭᠤᠯᠤᠯᠲᠠ ᠶᠢᠨ ᠪᠡᠯᠡ ᠮᠥᠩᠭᠦ ᠶᠢ ᠨᠠᠶᠢᠳᠠᠪᠤᠷᠢᠵᠢᠭᠤᠯᠵᠤ ᠳᠡᠶᠢᠯᠬᠦ ᠡᠰᠡᠬᠦ ᠶᠢ ᠬᠢᠨᠠᠨ ᠬᠠᠷᠭᠤᠭᠤᠯᠬᠤ ᠶᠢ ᠬᠠᠷᠢᠭᠤᠴᠠᠵᠤ᠂ ᠰᠢᠶᠠᠨ ᠤ ᠪᠡᠯᠡ ᠣᠷᠣᠭᠤᠯᠤᠯᠲᠠ ᠶᠢᠨ ᠭᠤᠣᠯᠯᠠᠨ ᠬᠠᠮᠢᠶᠠᠷᠬᠤ ᠰᠠᠯᠠᠭ᠎ᠠ ᠮᠥᠴᠢᠷ ᠪᠦᠲᠦᠭᠡᠨ ᠪᠠᠶᠢᠭᠤᠯᠤᠯᠲᠠ ᠶᠢᠨ ᠬᠡᠪᠴᠢᠶ᠎ᠡ ᠪᠣᠯᠣᠨ ᠪᠠᠷᠢᠮᠵᠢᠶ᠎ᠠ ᠨᠢ ᠤᠯᠤᠰ ᠪᠣᠯᠣᠨ ᠥᠪᠡᠷᠲᠡᠭᠡᠨ ᠵᠠᠰᠠᠬᠤ ᠣᠷᠣᠨ ᠤ ᠱᠠᠭᠠᠷᠳᠠᠯᠭ᠎ᠠ ᠳᠤ ᠨᠡᠶᠢᠴᠡᠬᠦ ᠡᠰᠡᠬᠦ ᠶᠢ ᠬᠢᠨᠠᠨ ᠬᠠᠷᠭᠤᠭᠤᠯᠬᠤ ᠶᠢ ᠬᠠᠷᠢᠭᠤᠴᠠᠵᠤ᠂ ᠪᠠᠶᠢᠭᠠᠯᠢ ᠶᠢᠨ ᠡᠬᠢ ᠪᠠᠶᠠᠯᠢᠭ ᠂ ᠤᠢ ᠰᠢᠭᠤᠢ ᠨᠤᠲᠤᠭ ᠪᠡᠯᠴᠢᠭᠡᠷ ᠂ ᠤᠰᠤᠨ ᠠᠰᠢᠭᠯᠠᠯᠲᠠ᠂ ᠠᠮᠢ ᠠᠬᠤᠢ ᠶᠢᠨ ᠣᠷᠴᠢᠨ ᠲᠣᠭᠤᠷᠢᠨ ᠵᠡᠷᠭᠡ ᠰᠠᠯᠠᠭ᠎ᠠ ᠮᠥᠴᠢᠷ ᠲᠤᠰ ᠲᠤᠰ ᠤᠨ ᠡᠭᠦᠷᠭᠡ ᠴᠢᠳᠠᠪᠬᠢ ᠶᠢᠨ ᠲᠠᠯ᠎ᠠ ᠠᠴᠠ ᠲᠦᠷᠦᠯ ᠵᠦᠢᠯ ᠤᠨ ᠪᠦᠲᠦᠭᠡᠨ ᠪᠠᠶᠢᠭᠤᠯᠤᠯᠲᠠ ᠶᠢᠨ ᠴᠢᠬᠤᠯᠠ ᠴᠢᠨᠠᠷ ᠪᠣᠯᠣᠨ ᠪᠣᠯᠣᠮᠵᠢᠲᠤ ᠴᠢᠨᠠᠷ ᠢ ᠬᠢᠨᠠᠨ ᠬᠠᠷᠭᠤᠭᠤᠯᠬᠤ ᠬᠡᠷᠡᠭᠲᠡᠢ ᠃      ᠵᠢᠷᠭᠤᠳᠤᠭᠠᠷ ᠵᠦᠢᠯ ᠬᠢᠨᠠᠨ ᠵᠥᠪᠰᠢᠶᠡᠷᠡᠬᠦ ᠳᠡᠰ ᠳᠠᠷᠠᠭᠠᠯᠠᠯ  ᠢ ᠡᠬᠢᠯᠡᠭᠦᠯᠬᠦ ᠬᠡᠷᠡᠭᠲᠡᠢ᠃ ᠰᠢᠶᠠᠨ ᠤ ᠠᠷᠠᠳ ᠤᠨ ᠵᠠᠰᠠᠭ ᠤᠨ ᠣᠷᠳᠣᠨ ᠢᠶᠠᠷ ᠰᠤᠳᠤᠯᠤᠭᠤᠯᠵᠤ ᠬᠢᠨᠠᠨ ᠲᠣᠭᠲᠠᠭᠠᠯᠭᠠᠵᠤ ᠂ ᠰᠡᠳᠦᠪ ᠲᠣᠭᠲᠠᠭᠠᠵᠤ ᠬᠢᠨᠠᠨ ᠵᠥᠪᠰᠢᠶᠡᠷᠡᠵᠦ ᠪᠣᠯᠬᠤ ᠲᠥᠷᠥᠯ ᠵᠦᠢᠯ ᠢ ︽ ᠵᠠᠰᠠᠭ ᠤᠨ ᠣᠷᠳᠣᠨ ᠤ ᠪᠡᠯᠡ ᠣᠷᠣᠭᠤᠯᠤᠯᠲᠠ ᠶᠢᠨ ᠳᠦᠷᠢᠮ ︾ ᠵᠡᠷᠭᠡ ᠬᠤᠯᠪᠣᠭᠳᠠᠯ ᠪᠦᠬᠦᠢ ᠲᠣᠭᠲᠠᠭᠠᠯ ᠶᠣᠰᠣᠭᠠᠷ ᠬᠢᠨᠠᠨ ᠵᠥᠪᠰᠢᠶᠡᠷᠡᠬᠦ ᠳᠡᠰ ᠳᠠᠷᠠᠭᠠᠯᠠᠯ ᠢ ᠭᠦᠢᠴᠡᠳᠬᠡᠬᠦ ᠬᠡᠷᠡᠭᠲᠡᠢ ᠃ ᠵᠠᠰᠠᠭ ᠤᠨ ᠣᠷᠳᠣᠨ ᠤ ᠪᠡᠯᠡ ᠣᠷᠣᠭᠤᠯᠤᠯᠲᠠ ᠶᠢᠨ ᠲᠥᠷᠥᠯ ᠵᠦᠢᠯ ᠤᠨ ᠲᠥᠷᠥᠯ ᠵᠦᠢᠯ ᠤᠨ ᠰᠠᠨᠠᠭᠤᠯᠭ᠎ᠠ ᠶᠢᠨ ᠪᠢᠴᠢᠭ᠂ ᠪᠣᠯᠣᠮᠵᠢᠲᠤ ᠰᠤᠳᠤᠯᠭᠠᠨ ᠤ ᠮᠡᠳᠡᠭᠦᠯᠦᠯᠲᠡ ᠶᠢ ᠵᠠᠷᠴᠢᠮ ᠳᠡᠭᠡᠷ᠎ᠡ ᠪᠠᠨ ᠰᠢᠶᠠᠨ ᠤ ᠪᠡᠯᠡ ᠣᠷᠣᠭᠤᠯᠤᠯᠲᠠ ᠶᠢ ᠡᠷᠬᠢᠯᠡᠨ ᠬᠠᠮᠢᠶᠠᠷᠬᠤ ᠰᠠᠯᠠᠭ᠎ᠠ ᠮᠥᠴᠢᠷ ᠠᠴᠠ ᠬᠠᠷᠢᠭᠤᠴᠠᠨ ᠬᠢᠨᠠᠨ ᠵᠥᠪᠰᠢᠶᠡᠷᠡᠨ᠎ᠡ᠃ ᠵᠠᠰᠠᠭ ᠤᠨ ᠣᠷᠳᠣᠨ ᠤ ᠪᠡᠯᠡ ᠣᠷᠣᠭᠤᠯᠤᠯᠲᠠ ᠶᠢᠨ ᠲᠥᠷᠥᠯ ᠵᠦᠢᠯ ᠤᠨ ᠠᠩᠬ᠎ᠠ ᠠᠯᠬᠤᠮ ᠤᠨ ᠵᠢᠷᠤᠭ ᠲᠥᠯᠥᠪᠯᠡᠭᠡ ᠶᠢ ᠵᠠᠷᠴᠢᠮ ᠳᠡᠭᠡᠷ᠎ᠡ ᠪᠠᠨ ᠰᠢᠶᠠᠨ ᠤ ᠬᠠᠮᠢᠶ᠎ᠠ ᠪᠦᠬᠦᠢ ᠠᠵᠢᠯ ᠲᠥᠷᠥᠯ ︵ ᠲᠤᠬᠠᠶᠢᠯᠠᠭᠰᠠᠨ ᠠᠵᠢᠯ ︶ ᠤᠨ ᠭᠤᠣᠯᠴᠢᠯᠠᠨ ᠬᠠᠮᠢᠶᠠᠷᠬᠤ ᠰᠠᠯᠠᠭ᠎ᠠ ᠮᠥᠴᠢᠷ ᠠᠴᠠ ᠬᠠᠷᠢᠭᠤᠴᠠᠨ ᠬᠢᠨᠠᠨ ᠵᠥᠪᠰᠢᠶᠡᠷᠡᠵᠦ ᠂ ᠰᠢᠶᠠᠨ ᠤ ᠵᠠᠰᠠᠭ ᠤᠨ ᠣᠷᠳᠣᠨ ᠤ ᠪᠡᠯᠡ ᠣᠷᠣᠭᠤᠯᠤᠯᠲᠠ ᠶᠢ ᠭᠤᠣᠯᠴᠢᠯᠠᠨ ᠬᠠᠮᠢᠶᠠᠷᠬᠤ ᠰᠠᠯᠠᠭ᠎ᠠ ᠮᠥᠴᠢᠷ ᠠᠴᠠ ᠬᠢᠨᠠᠨ ᠵᠥᠪᠰᠢᠶᠡᠷᠡᠬᠦ ᠴᠢᠬᠤᠯᠠᠲᠠᠢ ᠪᠠᠶᠢᠪᠠᠯ᠂ ᠲᠠᠰ ᠳᠠᠷᠠᠭᠠᠯᠠᠯ ᠤᠨ ᠶᠣᠰᠣᠭᠠᠷ ᠮᠡᠳᠡᠭᠦᠯᠦᠨ ᠵᠥᠪᠰᠢᠶᠡᠷᠡᠭᠦᠯᠬᠦ ᠬᠡᠷᠡᠭᠲᠡᠢ ᠃      ᠳᠣᠯᠣᠳᠤᠭᠠᠷ ᠵᠦᠢᠯ ᠱᠠᠭᠠᠷᠳᠠᠯᠭ᠎ᠠ ᠳᠤ ᠨᠡᠶᠢᠴᠡᠪᠡᠯ ᠬᠢᠨᠠᠨ ᠵᠥᠪᠰᠢᠶᠡᠷᠡᠬᠦ ᠳᠡᠰ ᠳᠠᠷᠠᠭᠠᠯᠠᠯ ᠢ ᠳᠥᠭᠦᠮᠴᠢᠯᠡᠵᠦ ᠪᠣᠯᠣᠨ᠎ᠠ      ︵ ᠨᠢᠭᠡ ︶ ᠭᠠᠵᠠᠷ ᠰᠢᠷᠣᠢ ᠶᠢᠨ ᠬᠡᠷᠡᠭᠯᠡᠯᠲᠡ ᠶᠢᠨ ᠰᠢᠨᠵᠢ ᠴᠢᠨᠠᠷ ᠲᠤ ᠨᠡᠶᠢᠴᠡᠵᠦ᠂ ᠭᠠᠵᠠᠷ ᠰᠢᠷᠣᠢ ᠶᠢᠨ ᠬᠡᠷᠡᠭᠯᠡᠯᠲᠡ ᠶᠢᠨ ᠡᠷᠬᠡ ᠶᠢ ᠨᠢᠭᠡᠨᠲᠡ ᠣᠯᠣᠭᠰᠠᠨ ᠲᠥᠷᠥᠯ ᠵᠦᠢᠯ ᠳᠤ᠂ ᠵᠥᠪᠰᠢᠶᠡᠷᠡᠭᠦᠯᠦᠭᠰᠡᠨ ᠬᠥᠭᠵᠢᠯᠲᠡ ᠶᠢᠨ ᠲᠥᠯᠦᠪᠵᠢᠭᠦᠯᠭᠡ᠂ ᠣᠷᠣᠨ ᠵᠠᠢ ᠶᠢᠨ ᠲᠥᠯᠦᠪᠵᠢᠭᠦᠯᠭᠡ᠂ ᠣᠷᠣᠨ ᠪᠦᠰᠡ ᠶᠢᠨ ᠲᠥᠯᠦᠪᠵᠢᠭᠦᠯᠭᠡ᠂ ᠲᠤᠰᠬᠠᠢ ᠵᠦᠢᠯ ᠤᠨ ᠲᠥᠯᠦᠪᠵᠢᠭᠦᠯᠭᠡ ᠳᠤ ᠨᠢᠭᠡᠨᠲᠡ ᠲᠣᠳᠣᠷᠬᠠᠢ ᠲᠣᠭᠲᠠᠭᠠᠭᠰᠠᠨ ᠲᠥᠷᠥᠯ ᠵᠦᠢᠯ ᠨᠢ ᠬᠢᠨᠠᠨ ᠵᠥᠪᠰᠢᠶᠡᠷᠡᠬᠦ ᠳᠡᠰ ᠳᠠᠷᠠᠭᠠᠯᠠᠯ  ᠢ ᠳᠥᠭᠦᠮᠴᠢᠯᠡᠵᠦ ᠪᠠᠶᠢᠭᠠᠳ ᠲᠥᠷᠥᠯ ᠵᠦᠢᠯ ᠤᠨ ᠰᠠᠨᠠᠭᠤᠯᠭ᠎ᠠ ᠶᠢᠨ ᠪᠢᠴᠢᠭ  ᠢ ᠬᠢᠨᠠᠨ ᠵᠥᠪᠰᠢᠶᠡᠷᠡᠬᠦ ᠦᠭᠡᠢ ᠪᠠᠶᠢᠵᠤ᠂ ᠪᠣᠯᠣᠮᠵᠢᠲᠤ ᠰᠤᠳᠤᠯᠤᠯ ᠤᠨ ᠮᠡᠳᠡᠭᠦᠯᠦᠯᠲᠡ ᠶᠢ ᠰᠢᠭᠤᠳ ᠬᠢᠨᠠᠨ ᠵᠥᠪᠰᠢᠶᠡᠷᠡᠵᠦ᠂ ᠪᠣᠯᠣᠮᠵᠢᠲᠤ ᠰᠤᠳᠤᠯᠤᠯ ᠤᠨ ᠮᠡᠳᠡᠭᠦᠯᠦᠯᠲᠡ ᠳᠤ ᠲᠥᠷᠥᠯ ᠵᠦᠢᠯ ᠤᠨ ᠪᠦᠲᠦᠭᠡᠨ ᠪᠠᠶᠢᠭᠤᠯᠤᠯᠲᠠ ᠶᠢᠨ ᠴᠢᠬᠤᠯᠠ ᠴᠢᠨᠠᠷ ᠤᠨ ᠠᠭᠤᠯᠭ᠎ᠠ ᠶᠢ ᠪᠠᠭᠲᠠᠭᠠᠬᠤ ᠬᠡᠷᠡᠭᠲᠡᠢ᠃      ︵ ᠬᠤᠶᠠᠷ ︶ ᠶᠡᠷᠦᠩᠬᠡᠢ ᠪᠡᠯᠡ ᠣᠷᠣᠭᠤᠯᠤᠯᠲᠠ ᠨᠢ 1000 ᠲᠦᠮᠡᠨ ᠲᠥᠭᠦᠷᠢᠭ ᠠᠴᠠ ᠳᠣᠷᠣᠭᠰᠢ ᠂ ᠪᠦᠲᠦᠭᠡᠨ ᠪᠠᠶᠢᠭᠤᠯᠤᠯᠲᠠ ᠶᠢᠨ ᠠᠭᠤᠯᠭ᠎ᠠ ᠨᠢ ᠳᠠᠩ ᠴᠤᠯᠭᠤᠢ᠂ ᠮᠡᠷᠭᠡᠵᠢᠯ ᠤᠨ ᠲᠥᠰᠥᠯ ᠨᠢ ᠳᠥᠭᠦᠮ ᠲᠥᠷᠥᠯ ᠵᠦᠢᠯ ᠢ ᠪᠦᠲᠦᠭᠡᠨ ᠪᠠᠶᠢᠭᠤᠯᠬᠤ ᠠᠭᠤᠯᠭ᠎ᠠ ᠨᠢ ᠨᠢᠭᠡᠨᠲᠡ ᠪᠠᠶᠢᠭ᠎ᠠ ᠠᠭᠤᠯᠭ᠎ᠠ ᠨᠢ ᠦᠨᠳᠦᠰᠦᠨ ᠳᠡᠭᠡᠨ ᠨᠢᠭᠡᠳᠦᠯᠲᠡᠢ ᠂ ᠮᠡᠷᠭᠡᠵᠢᠯ ᠤᠨ ᠪᠠᠷᠢᠮᠵᠢᠶ᠎ᠠ ᠨᠢ ᠲᠣᠳᠣᠷᠬᠠᠢ ᠪᠠᠶᠢᠭ᠎ᠠ ᠬᠡᠰᠡᠭ ᠥᠭᠡᠷᠡᠴᠢᠯᠡᠵᠦ ᠥᠷᠭᠡᠳᠬᠡᠨ ᠪᠠᠶᠢᠭᠤᠯᠬᠤ ᠲᠥᠷᠥᠯ ᠵᠦᠢᠯ ᠨᠢ ᠪᠣᠯᠣᠮᠵᠢᠲᠤ ᠰᠤᠳᠤᠯᠤᠯ ᠤᠨ ᠮᠡᠳᠡᠭᠦᠯᠦᠯᠲᠡ ᠂ ᠠᠩᠬ᠎ᠠ ᠠᠯᠬᠤᠮ ᠤᠨ ᠵᠢᠷᠤᠭ ᠲᠥᠯᠥᠪᠯᠡᠭᠡ ᠶᠢ ᠨᠡᠶᠢᠯᠡᠭᠦᠯᠦᠭᠡᠳ ᠪᠣᠯᠣᠮᠵᠢᠲᠤ ᠰᠤᠳᠤᠯᠤᠯ ᠤᠨ ᠮᠡᠳᠡᠭᠦᠯᠦᠯᠲᠡ ᠪᠣᠯᠭᠠᠨ ᠬᠢᠨᠠᠨ ᠵᠥᠪᠰᠢᠶᠡᠷᠡᠵᠦ ᠪᠣᠯᠣᠨ᠎ᠠ᠃      ︵ ᠭᠤᠷᠪᠠ ︶ ᠪᠠᠶᠢᠭᠠᠯᠢ ᠶᠢᠨ ᠭᠠᠢ ᠭᠠᠮᠰᠢᠭ᠂ ᠠᠳᠡᠯ ᠤᠨ ᠭᠠᠢ ᠭᠠᠮᠰᠢᠭ᠂ ᠣᠯᠠᠨ ᠨᠡᠶᠢᠲᠡ ᠶᠢᠨ ᠡᠷᠡᠭᠦᠯ ᠬᠠᠮᠠᠭᠠᠯᠠᠯ ᠤᠨ ᠬᠡᠷᠡᠭ ᠶᠠᠪᠤᠳᠠᠯ ᠂ ᠨᠡᠶᠢᠭᠡᠮ ᠤᠨ ᠠᠮᠤᠷ ᠲᠦᠪᠰᠢᠨ ᠤ ᠬᠡᠷᠡᠭ ᠵᠡᠷᠭᠡ ᠭᠡᠨᠡᠳᠲᠡ ᠶᠢᠨ ᠬᠡᠷᠡᠭ ᠢ ᠪᠠᠴᠢᠮ ᠰᠢᠢᠳᠪᠦᠷᠢᠯᠡᠬᠦ ᠴᠢᠬᠤᠯᠠᠲᠠᠢ ᠪᠦᠲᠦᠭᠡᠨ ᠪᠠᠶᠢᠭᠤᠯᠤᠯᠲᠠ ᠶᠢᠨ ᠲᠥᠷᠥᠯ ᠵᠦᠢᠯ ᠳᠤ ᠲᠥᠷᠥᠯ ᠵᠦᠢᠯ ᠤᠨ ᠰᠠᠨᠠᠭᠤᠯᠭ᠎ᠠ ᠶᠢᠨ ᠪᠢᠴᠢᠭ ᠂ ᠪᠣᠯᠣᠮᠵᠢᠲᠤ ᠰᠤᠳᠤᠯᠭᠠᠨ ᠤ ᠮᠡᠳᠡᠭᠦᠯᠦᠯᠲᠡ ᠂ ᠠᠩᠬ᠎ᠠ ᠠᠯᠬᠤᠮ ᠤᠨ ᠵᠢᠷᠤᠭ ᠲᠥᠯᠥᠪᠯᠡᠭᠡ ᠶᠢ ᠨᠡᠶᠢᠯᠡᠭᠦᠯᠦᠭᠡᠳ ᠪᠣᠯᠣᠮᠵᠢᠲᠤ ᠰᠤᠳᠤᠯᠭᠠᠨ ᠤ ᠮᠡᠳᠡᠭᠦᠯᠦᠯᠲᠡ ᠪᠣᠯᠭᠠᠨ ᠬᠢᠨᠠᠨ ᠵᠥᠪᠰᠢᠶᠡᠷᠡᠵᠦ ᠪᠣᠯᠣᠨ᠎ᠠ᠃ ᠨᠡᠶᠢᠯᠡᠭᠦᠯᠦᠨ ᠬᠢᠨᠠᠨ ᠵᠥᠪᠰᠢᠶᠡᠷᠡᠬᠦ ᠪᠣᠯᠣᠮᠵᠢᠲᠤ ᠰᠤᠳᠤᠯᠤᠯ ᠤᠨ ᠮᠡᠳᠡᠭᠦᠯᠦᠯᠲᠡ ᠶᠢ ᠠᠩᠬ᠎ᠠ ᠠᠯᠬᠤᠮ ᠤᠨ ᠵᠢᠷᠤᠭ ᠲᠥᠯᠥᠪᠯᠡᠭᠡ ᠶᠢᠨ ᠭᠦᠨᠴᠡ ᠳᠤ ᠬᠦᠷᠦᠭᠦᠯᠬᠦ ᠬᠡᠷᠡᠭᠲᠡᠢ ᠃      ᠨᠠᠢᠮᠠᠳᠤᠭᠠᠷ ᠵᠦᠢᠯ ᠣᠨ ᠤ ᠪᠡᠯᠡ ᠣᠷᠣᠭᠤᠯᠤᠯᠲᠠ ᠶᠢᠨ ᠲᠥᠯᠥᠪᠯᠡᠭᠡ ᠪᠠᠷ ᠳᠠᠮᠵᠢᠭᠤᠯᠤᠨ ᠪᠡᠯᠡ ᠮᠥᠩᠭᠦ ᠲᠣᠬᠢᠷᠠᠭᠤᠯᠬᠤ ᠬᠡᠷᠡᠭᠲᠡᠢ᠃ ᠰᠢᠶᠠᠨ ᠤ ᠬᠠᠮᠢᠶ᠎ᠠ ᠪᠦᠬᠦᠢ ᠠᠵᠢᠯ ᠲᠥᠷᠥᠯ ︵ ᠲᠤᠬᠠᠶᠢᠯᠠᠭᠰᠠᠨ ᠠᠵᠢᠯ ︶ ᠤᠨ ᠭᠤᠣᠯᠴᠢᠯᠠᠨ ᠬᠠᠮᠢᠶᠠᠷᠬᠤ ᠰᠠᠯᠠᠭ᠎ᠠ ᠮᠥᠴᠢᠷ ᠤᠳ ᠲᠣᠰ ᠲᠣᠰ ᠤᠨ ᠬᠠᠷᠢᠭᠤᠴᠠᠵᠤ ᠪᠠᠶᠢᠭ᠎ᠠ ᠵᠠᠰᠠᠭ ᠤᠨ ᠣᠷᠳᠣᠨ ᠤ ᠪᠡᠯᠡ ᠣᠷᠣᠭᠤᠯᠤᠯᠲᠠ ᠶᠢᠨ ᠲᠥᠷᠥᠯ ᠵᠦᠢᠯ ᠢ ᠡᠮᠬᠢᠯᠡᠵᠦ ᠂ ᠲᠥᠷᠥᠯ ᠵᠦᠢᠯ ᠤᠨ ᠣᠨ ᠤ ᠪᠦᠲᠦᠭᠡᠨ ᠪᠠᠶᠢᠭᠤᠯᠤᠯᠲᠠ ᠶᠢᠨ ᠪᠡᠯᠡ ᠮᠥᠩᠭᠦ ᠶᠢᠨ ᠬᠡᠷᠡᠭᠴᠡᠭᠡ ᠱᠠᠭᠠᠷᠳᠠᠯᠭ᠎ᠠ ᠶᠢ ᠦᠨᠳᠦᠰᠦᠯᠡᠨ ᠂ ᠰᠢᠶᠠᠨ ᠤ ᠡᠳ᠋ ᠤᠨ ᠵᠠᠰᠠᠭ ᠤᠨ ᠲᠣᠪᠴᠢᠶ᠎ᠠ ᠲᠠᠢ ᠵᠣᠯᠭᠠᠭᠤᠯᠤᠨ ᠣᠨ ᠤ ᠪᠡᠯᠡ ᠣᠷᠣᠭᠤᠯᠤᠯᠲᠠ ᠶᠢᠨ ᠲᠥᠯᠥᠪᠯᠡᠭᠡ ᠶᠢ ᠨᠠᠶᠢᠷᠠᠭᠤᠯᠤᠨ ᠵᠣᠬᠢᠶᠠᠨ᠎ᠠ᠃ ᠣᠨ ᠤ ᠪᠡᠯᠡ ᠣᠷᠣᠭᠤᠯᠤᠯᠲᠠ ᠶᠢᠨ ᠲᠥᠯᠥᠪᠯᠡᠭᠡ ᠶᠢ ᠰᠢᠶᠠᠨ ᠤ ᠵᠠᠰᠠᠭ ᠤᠨ ᠣᠷᠳᠣᠨ ᠤ ᠬᠤᠪᠢᠳᠠᠨ ᠬᠠᠮᠢᠶᠠᠷᠬᠤ ᠤᠳᠤᠷᠢᠳᠤᠯᠭ᠎ᠠ ᠪᠠᠷ ᠬᠢᠨᠠᠨ ᠵᠥᠪᠰᠢᠶᠡᠷᠡᠭᠦᠯᠦᠭᠰᠡᠨ ᠤ ᠲᠠᠷᠠᠭ᠎ᠠ ᠂ ᠰᠢᠶᠠᠨ ᠤ ᠣᠨ ᠤ ᠡᠳ᠋ ᠤᠨ ᠵᠠᠰᠠᠭ ᠤᠨ ᠲᠥᠰᠥᠪ ᠤᠨ ᠲᠥᠰᠥᠯ ᠳᠤ ᠨᠠᠶᠢᠷᠠᠭᠤᠯᠤᠨ ᠣᠷᠣᠭᠤᠯᠵᠤ ᠂ ᠰᠢᠶᠠᠨ ᠤ ᠠᠷᠠᠳ ᠤᠨ ᠵᠠᠰᠠᠭ ᠤᠨ ᠣᠷᠳᠣᠨ ᠢᠶᠠᠷ ᠵᠥᠪᠰᠢᠶᠡᠷᠡᠭᠦᠯᠦᠭᠡᠳ ᠂ ᠰᠢᠶᠠᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠳᠤ ᠮᠡᠳᠡᠭᠦᠯᠦᠨ ᠬᠢᠨᠠᠨ ᠶᠠᠷᠢᠯᠴᠠᠭᠤᠯᠤᠨ᠎ᠠ ᠃ ᠵᠠᠰᠠᠭ ᠤᠨ ᠣᠷᠳᠣᠨ ᠤ ᠪᠡᠯᠡ ᠣᠷᠣᠭᠤᠯᠤᠯᠲᠠ ᠶᠢᠨ ᠣᠨ ᠤ ᠲᠥᠯᠥᠪᠯᠡᠭᠡ ᠠᠴᠠ ᠭᠠᠳᠠᠨ᠎ᠠ ᠪᠡᠯᠡ ᠮᠥᠩᠭᠦ ᠦᠨᠡᠨᠬᠦ ᠲᠣᠬᠢᠷᠠᠭᠤᠯᠬᠤ ᠴᠢᠬᠤᠯᠠᠲᠠᠢ ᠲᠥᠷᠥᠯ ᠵᠦᠢᠯ ᠬᠠᠮᠢᠶ᠎ᠠ ᠪᠦᠬᠦᠢ ᠠᠵᠢᠯ ᠲᠥᠷᠥᠯ ( ᠲᠤᠬᠠᠶᠢᠯᠠᠭᠰᠠᠨ ᠠᠵᠢᠯ ) ᠤᠨ ᠭᠤᠣᠯᠯᠠᠨ ᠬᠠᠮᠢᠶᠠᠷᠬᠤ ᠰᠠᠯᠪᠤᠷᠢ ᠠᠴᠠ ᠳᠤᠷᠠᠳᠴᠤ᠃ ᠰᠢᠶᠠᠨ ᠤ ᠡᠳ᠋ ᠤᠨ ᠵᠠᠰᠠᠭ ᠤᠨ ᠲᠣᠪᠴᠢᠶ᠎ᠠ ᠠᠴᠠ ᠪᠡᠯᠡ ᠮᠥᠩᠭᠦ ᠶᠢ ᠬᠢᠨᠠᠨ ᠵᠥᠪᠰᠢᠶᠡᠷᠡᠬᠦ ᠡᠷᠬᠡ ᠮᠡᠳᠡᠯ ᠵᠢᠴᠢ ᠳᠡᠰ ᠳᠠᠷᠠᠭᠠᠯᠠᠯ ᠤᠨ ᠶᠣᠰᠣᠭᠠᠷ ᠰᠢᠶᠠᠨ ᠤ ᠠᠷᠠᠳ ᠤᠨ ᠵᠠᠰᠠᠭ ᠤᠨ ᠣᠷᠳᠣᠨ ᠳᠤ ᠮᠡᠳᠡᠭᠦᠯᠦᠨ ᠬᠢᠨᠠᠨ ᠵᠥᠪᠰᠢᠶᠡᠷᠡᠭᠦᠯᠵᠦ᠂ ᠡᠭᠦᠨ ᠢ ᠦᠨᠳᠦᠰᠦᠯᠡᠨ ᠪᠡᠯᠡ ᠮᠥᠩᠭᠦ ᠲᠣᠬᠢᠷᠠᠭᠤᠯᠤᠨ᠎ᠠ᠃      ᠶᠢᠰᠦᠳᠦᠭᠡᠷ ᠵᠦᠢᠯ ᠲᠥᠷᠥᠯ ᠵᠦᠢᠯ ᠤᠨ ᠪᠦᠲᠦᠭᠡᠨ ᠪᠠᠶᠢᠭᠤᠯᠤᠯᠲᠠ ᠶᠢᠨ ᠬᠠᠮᠢᠶᠠᠷᠤᠯᠲᠠ ᠶᠢ ᠴᠢᠩᠳᠠᠯᠠᠨ᠎ᠠ ᠃ ᠵᠠᠰᠠᠭ ᠤᠨ ᠣᠷᠳᠣᠨ ᠤ ᠪᠡᠯᠡ ᠣᠷᠣᠭᠤᠯᠤᠯᠲᠠ ᠶᠢᠨ ᠲᠥᠷᠥᠯ ᠵᠦᠢᠯ ᠨᠢ ᠬᠢᠨᠠᠨ ᠲᠣᠭᠲᠠᠭᠠᠭᠰᠠᠨ ᠪᠠᠷᠢᠯᠭ᠎ᠠ ᠶᠢᠨ ᠵᠢᠷᠤᠭ ᠲᠥᠯᠥᠪᠯᠡᠭᠡ ᠶᠢᠨ ᠪᠢᠴᠢᠭ ᠮᠠᠲ᠋ᠧᠷᠢᠶᠠᠯ ᠪᠠ ᠴᠣᠬᠤᠯᠠᠪᠤᠷᠢᠯᠠᠭᠰᠠᠨ ᠪᠦᠲᠦᠭᠡᠨ ᠪᠠᠶᠢᠭᠤᠯᠤᠯᠲᠠ ᠶᠢᠨ ᠪᠠᠷᠢᠯᠭ᠎ᠠ ᠶᠢᠨ ᠬᠤᠭᠤᠴᠠᠭ᠎ᠠ ᠶᠢ ᠴᠢᠩᠭ᠎ᠠ ᠵᠢᠷᠤᠮᠯᠠᠨ ᠲᠥᠷᠥᠯ ᠵᠦᠢᠯ ᠤᠨ ᠪᠦᠲᠦᠭᠡᠨ ᠪᠠᠶᠢᠭᠤᠯᠤᠯᠲᠠ ᠶᠢ ᠬᠡᠷᠡᠭᠵᠢᠭᠦᠯᠵᠦ ᠂ ᠬᠢᠨᠠᠨ ᠲᠣᠭᠲᠠᠭᠠᠭᠰᠠᠨ ᠲᠣᠶᠢᠮᠣ ᠲᠥᠰᠥᠪ ᠢ ᠴᠢᠩᠭ᠎ᠠ ᠵᠢᠷᠤᠮᠯᠠᠨ ᠪᠡᠯᠡ ᠮᠥᠩᠭᠦ ᠶᠢᠨ ᠬᠡᠷᠡᠭᠯᠡᠯᠲᠡ ᠶᠢ ᠡᠵᠡᠮᠳᠡᠬᠦ ᠬᠡᠷᠡᠭᠲᠡᠢ ᠃ ᠪᠦᠲᠦᠭᠡᠨ ᠪᠠᠶᠢᠭᠤᠯᠬᠤ ᠠᠵᠢᠯ ᠤᠨ ᠬᠤᠭᠤᠴᠠᠭ᠎ᠠ ᠶᠢ ᠤᠴᠢᠷ ᠰᠢᠯᠲᠠᠭᠠᠨ ᠦᠭᠡᠢ ᠪᠠᠷ ᠬᠤᠶᠢᠰᠢᠯᠠᠭᠤᠯᠤᠭᠰᠠᠨ ᠂ ᠥᠪᠡᠰᠦᠪᠡᠨ ᠲᠣᠭᠲᠠᠭᠠᠯ ᠠᠴᠠ ᠵᠥᠷᠢᠴᠡᠨ ᠴᠢᠬᠤᠯᠠ ᠶᠡᠭᠡ ᠪᠦᠲᠦᠭᠡᠨ ᠪᠠᠶᠢᠭᠤᠯᠤᠯᠲᠠ ᠶᠢᠨ ᠠᠭᠤᠯᠭ᠎ᠠ ᠶᠢ ᠬᠤᠪᠢᠷᠠᠭᠤᠯᠤᠭᠰᠠᠨ ᠪᠠ ᠲᠣᠭᠲᠠᠭᠠᠯ ᠠᠴᠠ ᠵᠥᠷᠢᠴᠡᠨ ᠲᠣᠶᠢᠮᠣᠴᠢᠯᠠᠨ ᠲᠥᠰᠥᠪᠯᠡᠭᠰᠡᠨ ᠪᠦᠲᠦᠭᠡᠨ ᠪᠠᠶᠢᠭᠤᠯᠤᠭᠰᠠᠨ ᠪᠠᠶᠢᠪᠠᠯ ᠂ ᠬᠠᠤᠯᠢ ᠲᠣᠭᠲᠠᠭᠠᠯ ᠶᠣᠰᠣᠭᠠᠷ ᠬᠠᠮᠢᠶ᠎ᠠ ᠪᠦᠬᠦᠢ ᠬᠠᠷᠢᠭᠤᠴᠠᠯᠭ᠎ᠠ ᠶᠢ ᠴᠢᠩᠭ᠎ᠠ ᠨᠡᠬᠡᠮᠵᠢᠯᠡᠵᠦ ᠂ ᠳᠡᠭᠡᠷ᠎ᠡ ᠳᠤᠷᠠᠳᠤᠭᠰᠠᠨ ᠠᠰᠠᠭᠤᠳᠠᠯ ᠠᠴᠠ ᠪᠣᠯᠵᠤ ︽ ᠬᠠᠭᠠᠰ ᠳᠤᠲᠠᠭᠤ ᠤᠷᠬᠢᠭᠰᠠᠨ ︾ ᠪᠠᠷᠢᠯᠭ᠎ᠠ ᠭᠠᠷᠭᠠᠬᠤ ᠶᠢ ᠲᠠᠰᠤ ᠵᠣᠭᠰᠤᠭᠠᠬᠤ ᠬᠡᠷᠡᠭᠲᠡᠢ ᠃ ᠵᠠᠰᠠᠭ ᠤᠨ ᠣᠷᠳᠣᠨ ᠤ ᠪᠡᠯᠡ ᠣᠷᠣᠭᠤᠯᠤᠯᠲᠠ ᠶᠢᠨ ᠲᠥᠷᠥᠯ ᠵᠦᠢᠯ ᠤᠨ ᠪᠠᠷᠢᠯᠭ᠎ᠠ ᠳᠠᠭᠤᠰᠤᠭᠰᠠᠨ ᠤ ᠳᠠᠷᠠᠭ᠎ᠠ ᠴᠠᠭ ᠲᠤᠬᠠᠢ ᠳᠤᠨᠢ ᠳ᠋ᠦᠩᠨᠡᠨ ᠪᠤᠳᠤᠬᠤ ᠂ ᠪᠠᠷᠢᠯᠭ᠎ᠠ ᠳᠠᠭᠤᠰᠤᠭᠰᠠᠨ ᠢ ᠰᠢᠯᠭᠠᠨ ᠠᠪᠬᠤ ᠵᠡᠷᠭᠡ ᠶᠢ ᠭᠦᠢᠴᠡᠳᠬᠡᠬᠦ ᠪᠠᠷ ᠭᠤᠶᠤᠴᠢᠯᠠᠵᠤ ᠂ ᠲᠥᠷᠥᠯ ᠵᠦᠢᠯ ᠤᠨ ᠳ᠋ᠦᠩᠨᠡᠨ ᠪᠣᠳᠣᠯᠲᠠ ᠶᠢ ᠡᠷᠬᠡᠪᠰᠢ ᠪᠠᠷᠢᠯᠭ᠎ᠠ ᠳᠠᠭᠤᠰᠤᠭᠰᠠᠨ ᠤ ᠳᠠᠷᠠᠭ᠎ᠠ ᠨᠢᠭᠡ ᠵᠢᠯ ᠤᠨ ᠳᠣᠲᠣᠷ᠎ᠠ ᠪᠡᠶᠡᠯᠡᠭᠦᠯᠬᠦ ᠬᠡᠷᠡᠭᠲᠡᠢ ᠂ ᠰᠢᠶᠠᠨ ᠤ ᠬᠠᠮᠢᠶ᠎ᠠ ᠪᠦᠬᠦᠢ ᠠᠵᠢᠯ ᠲᠥᠷᠥᠯ ︵ ᠲᠤᠬᠠᠶᠢᠯᠠᠭᠰᠠᠨ ᠠᠵᠢᠯ ︶ ᠤᠨ ᠭᠤᠣᠯᠴᠢᠯᠠᠨ ᠬᠠᠮᠢᠶᠠᠷᠬᠤ ᠰᠠᠯᠠᠭ᠎ᠠ ᠮᠥᠴᠢᠷ ᠤᠳ ᠲᠦᠷᠦᠭᠦᠯᠡᠨ ᠶᠡᠷᠦᠩᠬᠡᠶᠢᠯᠡᠨ ᠰᠢᠯᠭᠠᠨ ᠠᠪᠬᠤ ᠶᠢ ᠵᠣᠬᠢᠶᠠᠨ ᠪᠠᠶᠢᠭᠤᠯᠬᠤ ᠬᠡᠷᠡᠭᠲᠡᠢ᠃      ᠠᠷᠪᠠᠳᠤᠭᠠᠷ ᠵᠦᠢᠯ ᠲᠥᠷᠥᠯ ᠵᠦᠢᠯ  ᠢ ᠴᠠᠭ ᠲᠤᠬᠠᠢ ᠳᠤᠨᠢ ᠲᠣᠬᠢᠷᠠᠭᠤᠯᠬᠤ ᠦᠭᠡᠢ ᠪᠣᠯ ᠳᠠᠬᠢᠵᠤ ᠬᠡᠷᠡᠭᠵᠢᠭᠦᠯᠬᠦ ᠦᠭᠡᠢ᠃ ᠨᠢᠭᠡᠨᠲᠡ ᠰᠢᠶᠠᠨ ᠤ ᠠᠷᠠᠳ ᠤᠨ ᠵᠠᠰᠠᠭ ᠤᠨ ᠣᠷᠳᠣᠨ ᠠᠴᠠ ᠪᠦᠲᠦᠭᠡᠨ ᠪᠠᠶᠢᠭᠤᠯᠬᠤ ᠶᠢ ᠵᠥᠪᠰᠢᠶᠡᠷᠡᠭᠰᠡᠨ ᠲᠥᠷᠥᠯ ᠵᠦᠢᠯ ᠢ ᠤᠯᠤᠰ ᠪᠠ ᠥᠪᠡᠷᠲᠡᠭᠡᠨ ᠵᠠᠰᠠᠬᠤ ᠣᠷᠣᠨ ᠤ ᠪᠡᠯᠡ ᠣᠷᠣᠭᠤᠯᠤᠯᠲᠠ ᠶᠢᠨ ᠲᠥᠷᠥ ᠶᠢᠨ ᠪᠣᠳᠣᠯᠭ᠎ᠠ ᠶᠢᠨ ᠲᠣᠬᠢᠷᠠᠭᠤᠯᠤᠯᠲᠠ ᠪᠤᠶᠤ ᠲᠥᠷᠥᠯ ᠵᠦᠢᠯ ᠤᠨ ᠪᠦᠲᠦᠭᠡᠨ ᠪᠠᠶᠢᠭᠤᠯᠤᠯᠲᠠ ᠶᠢᠨ ᠨᠥᠬᠦᠴᠡᠯ ᠤᠨ ᠬᠤᠪᠢᠷᠠᠯᠲᠠ ᠠᠴᠠ ᠪᠣᠯᠵᠤ᠂ ᠬᠡᠷᠡᠭᠵᠢᠭᠦᠯᠬᠦ  ᠶᠢᠨ ᠴᠢᠬᠤᠯᠠ ᠴᠢᠨᠠᠷ ᠪᠠ ᠪᠣᠯᠣᠮᠵᠢᠲᠤ ᠴᠢᠨᠠᠷ ᠦᠭᠡᠢ ᠪᠣᠯ ᠰᠢᠶᠠᠨ ᠤ ᠬᠠᠮᠢᠶ᠎ᠠ ᠪᠦᠬᠦᠢ ᠠᠵᠢᠯ ᠲᠥᠷᠥᠯ ︵ ᠲᠤᠬᠠᠶᠢᠯᠠᠭᠰᠠᠨ ᠠᠵᠢᠯ ︶ ᠤᠨ ᠭᠤᠣᠯᠴᠢᠯᠠᠨ ᠬᠠᠮᠢᠶᠠᠷᠬᠤ ᠰᠠᠯᠠᠭ᠎ᠠ ᠮᠥᠴᠢᠷ ᠠᠴᠠ ᠴᠠᠭ ᠲᠤᠬᠠᠢ ᠳᠤᠨᠢ ᠳᠤᠷᠠᠳᠴᠤ᠂ ᠰᠢᠶᠠᠨ ᠤ ᠵᠠᠰᠠᠭ ᠤᠨ ᠣᠷᠳᠣᠨ ᠤ ᠬᠤᠪᠢᠳᠠᠨ ᠬᠠᠮᠢᠶᠠᠷᠬᠤ ᠤᠳᠤᠷᠢᠳᠤᠯᠭ᠎ᠠ ᠪᠠᠷ ᠵᠥᠪᠰᠢᠶᠡᠷᠡᠭᠦᠯᠦᠭᠡᠳ ᠂ ᠲᠥᠷᠥᠯ ᠵᠦᠢᠯ ᠲᠣᠭᠲᠠᠭᠠᠵᠤ ᠬᠢᠨᠠᠨ ᠵᠥᠪᠰᠢᠶᠡᠷᠡᠭᠦᠯᠬᠦ ᠠᠴᠠ ᠭᠠᠷᠴᠤ᠂ ᠨᠢᠭᠡᠨᠲᠡ ᠲᠣᠬᠢᠷᠠᠭᠤᠯᠤᠭᠰᠠᠨ ᠡᠯ᠎ᠡ ᠲᠥᠷᠥᠯ ᠤᠨ ᠪᠡᠯᠡ ᠮᠥᠩᠭᠦ ᠶᠢᠨ ᠬᠦᠴᠦᠨ ᠵᠦᠢᠯ ᠢ ᠴᠠᠭ ᠲᠤᠬᠠᠢ ᠳᠤᠨᠢ ᠬᠤᠷᠢᠶᠠᠨ ᠠᠪᠴᠤ᠂ ᠰᠤᠯᠠ ᠲᠠᠯᠪᠢᠵᠤ ᠪᠦᠷᠢᠯᠭᠡᠨ ᠰᠦᠢᠳᠬᠡᠬᠦ ᠠᠴᠠ ᠵᠠᠶᠢᠯᠠᠰᠬᠢᠨ᠎ᠡ᠃ ᠠᠵᠤ ᠠᠬᠤᠢ ᠨᠡᠶᠢᠭᠡᠮ ᠤᠨ ᠬᠥᠭᠵᠢᠯᠲᠡ ᠳᠤ ᠴᠢᠬᠤᠯᠠ ᠶᠡᠭᠡ ᠨᠥᠯᠥᠭᠡ ᠲᠠᠢ ᠵᠠᠰᠠᠭ ᠤᠨ ᠣᠷᠳᠣᠨ ᠤ ᠪᠡᠯᠡ ᠣᠷᠣᠭᠤᠯᠤᠯᠲᠠ ᠶᠢᠨ ᠲᠥᠷᠥᠯ ᠵᠦᠢᠯ᠂ ᠲᠥᠷᠥᠯ ᠵᠦᠢᠯ ᠲᠣᠭᠲᠠᠭᠠᠵᠤ ᠬᠢᠨᠠᠨ ᠵᠥᠪᠰᠢᠶᠡᠷᠡᠭᠦᠯᠬᠦ ᠪᠠᠷ ᠭᠤᠶᠤᠴᠢᠯᠠᠬᠤ ᠳᠤ ᠪᠠᠰᠠ ᠰᠢᠶᠠᠨ ᠤ ᠠᠷᠠᠳ ᠤᠨ ᠵᠠᠰᠠᠭ ᠤᠨ ᠣᠷᠳᠣᠨ ᠳᠤ ᠮᠡᠳᠡᠭᠦᠯᠦᠨ ᠰᠤᠳᠤᠯᠤᠭᠤᠯᠵᠤ ᠬᠢᠨᠠᠨ ᠲᠣᠭᠲᠠᠭᠠᠯᠭᠠᠬᠤ ᠬᠡᠷᠡᠭᠲᠡᠢ᠃      ᠠᠷᠪᠠᠨ ᠨᠢᠭᠡᠳᠦᠭᠡᠷ ᠵᠦᠢᠯ ᠪᠡᠯᠡ ᠮᠥᠩᠭᠦ ᠶᠢ ᠲᠣᠬᠢᠷᠠᠭᠤᠯᠬᠤ ᠳᠡᠰ ᠳᠠᠷᠠᠭᠠᠯᠠᠯ ᠢ ᠴᠢᠩᠳᠠᠯᠠᠬᠤ ᠬᠡᠷᠡᠭᠲᠡᠢ᠃ ᠲᠥᠷᠥᠯ ᠵᠦᠢᠯ ᠢ ᠲᠣᠭᠲᠠᠭᠠᠵᠤ ᠬᠢᠨᠠᠨ ᠵᠥᠪᠰᠢᠶᠡᠷᠡᠬᠦ ᠱᠠᠲᠤ ᠦᠶ᠎ᠡ ᠳᠤ᠂ ᠪᠡᠯᠡ ᠣᠷᠣᠭᠤᠯᠤᠯᠲᠠ ᠶᠢ ᠪᠠᠷᠤᠭᠯᠠᠨ ᠪᠣᠳᠣᠬᠤ ᠪᠤᠶᠤ ᠪᠡᠯᠡ ᠣᠷᠣᠭᠤᠯᠤᠯᠲᠠ ᠶᠢᠨ ᠲᠣᠶᠢᠮᠣ ᠲᠥᠰᠥᠪ ᠨᠢ ᠰᠢᠶᠠᠨ ᠤ ᠠᠷᠠᠳ ᠤᠨ ᠵᠠᠰᠠᠭ ᠤᠨ ᠣᠷᠳᠣᠨ ᠤ ᠬᠢᠨᠠᠨ ᠲᠣᠭᠲᠠᠭᠠᠭᠰᠠᠨ ᠪᠡᠯᠡ ᠣᠷᠣᠭᠤᠯᠤᠯᠲᠠ ᠶᠢᠨ ᠲᠤᠭ᠎ᠠ ᠬᠡᠮᠵᠢᠶ᠎ᠡ ᠠᠴᠠ ᠦᠨᠡᠨ ᠬᠦ ᠬᠡᠲᠦᠷᠡᠭᠦᠯᠬᠦ ᠴᠢᠬᠤᠯᠠᠲᠠᠢ ᠪᠠᠶᠢᠬᠤ᠂ ᠵᠢᠴᠢ ᠪᠦᠲᠦᠭᠡᠨ ᠪᠠᠶᠢᠭᠤᠯᠤᠯᠲᠠ ᠶᠢ ᠬᠡᠷᠡᠭᠵᠢᠭᠦᠯᠬᠦ ᠱᠠᠲᠤ ᠦᠶ᠎ᠡ᠂ ᠲᠥᠷᠥ ᠶᠢᠨ ᠪᠣᠳᠣᠯᠭ᠎ᠠ ᠶᠢᠨ ᠲᠣᠬᠢᠷᠠᠭᠤᠯᠤᠯᠲᠠ ᠂ ᠦᠨ᠎ᠡ ᠬᠠᠩᠰᠢ ᠶᠡᠭᠡ ᠬᠡᠮᠵᠢᠶ᠎ᠡ ᠪᠠᠷ ᠥᠰᠬᠦ ᠂ ᠭᠠᠵᠠᠷ ᠤᠨ ᠨᠥᠬᠦᠴᠡᠯ ᠴᠢᠬᠤᠯᠠ ᠶᠡᠭᠡ ᠬᠤᠪᠢᠷᠠᠯᠲᠠ ᠪᠠ ᠪᠠᠶᠢᠭᠠᠯᠢ ᠶᠢᠨ ᠭᠠᠮᠰᠢᠭ ᠵᠡᠷᠭᠡ ᠡᠰᠡᠷᠭᠦᠴᠡᠰᠢ ᠦᠭᠡᠢ ᠬᠦᠴᠦᠨ ᠤ ᠬᠦᠴᠦᠨ ᠵᠦᠢᠯ ᠠᠴᠠ ᠪᠣᠯᠵᠤ ᠪᠡᠯᠡ ᠣᠷᠣᠭᠤᠯᠤᠯᠲᠠ ᠶᠢᠨ ᠲᠣᠶᠢᠮᠣ ᠲᠥᠰᠥᠪ ᠢ ᠨᠡᠮᠡᠭᠳᠡᠭᠦᠯᠬᠦ ᠴᠢᠬᠤᠯᠠᠲᠠᠢ ᠪᠠᠶᠢᠪᠠᠯ ᠂ ᠲᠥᠷᠥᠯ ᠵᠦᠢᠯ ᠢ ᠬᠡᠷᠡᠭᠵᠢᠭᠦᠯᠬᠦ ᠨᠢᠭᠡᠴᠡ ᠲᠣᠬᠢᠷᠠᠭᠤᠯᠬᠤ ᠲᠥᠰᠥᠯ ᠳᠤᠷᠠᠳᠴᠤ ᠂ ᠰᠢᠶᠠᠨ ᠤ ᠬᠠᠮᠢᠶ᠎ᠠ ᠪᠦᠬᠦᠢ ᠠᠵᠢᠯ ᠲᠥᠷᠥᠯ ︵ ᠲᠤᠬᠠᠶᠢᠯᠠᠭᠰᠠᠨ ᠠᠵᠢᠯ ︶ ᠤᠨ ᠡᠷᠬᠢᠯᠡᠨ ᠬᠠᠮᠢᠶᠠᠷᠬᠤ ᠰᠠᠯᠠᠭ᠎ᠠ ᠮᠥᠴᠢᠷ ᠢᠶᠠᠷ ᠦᠨᠡᠯᠡᠨ ᠵᠢᠱᠢᠭᠦᠯᠵᠦ ᠨᠤᠲᠠᠯᠠᠯᠲᠠ ᠬᠢᠯᠭᠡᠵᠦ ᠂ ᠰᠢᠶᠠᠨ ᠤ ᠡᠳ᠋ ᠤᠨ ᠵᠠᠰᠠᠭ ᠤᠨ ᠲᠣᠪᠴᠢᠶ᠎ᠠ ᠲᠠᠢ ᠬᠠᠮᠲᠤᠷᠠᠨ ᠪᠡᠯᠡ ᠮᠥᠩᠭᠦ ᠶᠢ ᠬᠢᠨᠠᠨ ᠵᠥᠪᠰᠢᠶᠡᠷᠡᠬᠦ ᠡᠷᠬᠡ ᠮᠡᠳᠡᠯ ᠵᠢᠴᠢ ᠳᠡᠰ ᠳᠠᠷᠠᠭᠠᠯᠠᠯ ᠤᠨ ᠶᠣᠰᠣᠭᠠᠷ ᠰᠢᠶᠠᠨ ᠤ ᠠᠷᠠᠳ ᠤᠨ ᠵᠠᠰᠠᠭ ᠤᠨ ᠣᠷᠳᠣᠨ ᠳᠤ ᠮᠡᠳᠡᠭᠦᠯᠦᠨ ᠵᠥᠪᠰᠢᠶᠡᠷᠡᠭᠦᠯᠦᠭᠰᠡᠨ ᠤ ᠳᠠᠷᠠᠭ᠎ᠠ᠂ ᠵᠠᠯᠭᠠᠮᠵᠢ ᠬᠢᠨᠠᠨ ᠵᠥᠪᠰᠢᠶᠡᠷᠡᠬᠦ ᠪᠤᠶᠤ ᠪᠦᠲᠦᠭᠡᠨ ᠪᠠᠶᠢᠭᠤᠯᠤᠯᠲᠠ ᠶᠢᠨ ᠬᠡᠷᠡᠭᠵᠢᠭᠦᠯᠦᠯᠲᠡ ᠶᠢ ᠦᠷᠭᠦᠯᠵᠢᠯᠡᠨ ᠲᠦᠯᠬᠢᠨ ᠠᠬᠢᠭᠤᠯᠬᠤ ᠬᠡᠷᠡᠭᠲᠡᠢ ᠃      ᠠᠷᠪᠠᠨ ᠬᠤᠶᠠᠳᠤᠭᠠᠷ ᠵᠦᠢᠯ ᠲᠥᠷᠥᠯ ᠵᠦᠢᠯ  ᠢ ᠰᠢᠯᠭᠠᠨ ᠠᠪᠬᠤ ᠳᠡᠰ ᠳᠠᠷᠠᠭᠠᠯᠠᠯ᠃ ᠲᠥᠷᠥᠯ ᠵᠦᠢᠯ ᠤᠨ ᠠᠩᠬ᠎ᠠ ᠠᠯᠬᠤᠮ ᠤᠨ ᠰᠢᠯᠭᠠᠨ ᠠᠪᠬᠤ ᠠᠵᠢᠯ  ᠢ ᠲᠥᠷᠥᠯ ᠵᠦᠢᠯ ᠬᠡᠷᠡᠭᠵᠢᠭᠦᠯᠬᠦ ᠨᠢᠭᠡᠴᠡ ᠠᠴᠠ ᠵᠢᠷᠤᠭᠯᠠᠨ ᠲᠥᠯᠥᠪᠯᠡᠬᠦ᠂ ᠪᠠᠷᠢᠯᠭ᠎ᠠ ᠪᠠᠷᠢᠬᠤ᠂ ᠬᠢᠨᠠᠨ ᠬᠠᠮᠢᠶᠠᠷᠬᠤ ᠵᠡᠷᠭᠡ ᠨᠢᠭᠡᠴᠡ ᠵᠢᠴᠢ ᠠᠵᠢᠯᠯᠠᠭᠠᠨ ᠤ ᠬᠠᠮᠢᠶᠠᠷᠤᠯᠲᠠ ᠶᠢᠨ ᠨᠢᠭᠡᠴᠡ ᠶᠢ ᠵᠣᠬᠢᠶᠠᠨ ᠪᠠᠶᠢᠭᠤᠯᠤᠨ ᠥᠷᠨᠢᠭᠦᠯᠬᠦ ᠶᠢᠨ ᠬᠠᠮᠲᠤ  ᠂ ᠰᠢᠯᠭᠠᠨ ᠠᠪᠤᠭᠰᠠᠨ ᠦᠷ᠎ᠡ ᠳ᠋ᠦᠩ ᠳᠤ ᠬᠠᠷᠢᠭᠤᠴᠠᠬᠤ ᠬᠡᠷᠡᠭᠲᠡᠢ᠃ ᠲᠥᠷᠥᠯ ᠵᠦᠢᠯ ᠤᠨ ᠪᠠᠷᠢᠯᠭ᠎ᠠ ᠳᠠᠭᠤᠰᠤᠭᠰᠠᠨ ᠢ ᠰᠢᠯᠭᠠᠨ ᠠᠪᠬᠤ ᠠᠵᠢᠯ ᠢ ᠠᠵᠢᠯ ᠲᠥᠷᠥᠯ ᠤᠨ ᠭᠤᠣᠯᠴᠢᠯᠠᠨ ᠬᠠᠮᠢᠶᠠᠷᠬᠤ ᠰᠠᠯᠠᠭ᠎ᠠ ᠮᠥᠴᠢᠷ ᠢᠶᠠᠷ ᠲᠦᠷᠦᠭᠦᠯᠡᠭᠦᠯᠦᠨ ᠂ ᠬᠤᠯᠪᠣᠭᠳᠠᠯ ᠪᠦᠬᠦᠢ ᠰᠠᠯᠠᠭ᠎ᠠ ᠮᠥᠴᠢᠷ ᠲᠠᠢ ᠬᠠᠮᠲᠤᠷᠠᠨ ᠵᠣᠬᠢᠶᠠᠨ ᠪᠠᠶᠢᠭᠤᠯᠤᠨ ᠥᠷᠨᠢᠭᠦᠯᠵᠦ ᠂ ᠰᠢᠯᠭᠠᠨ ᠠᠪᠬᠤ ᠳᠤ ᠣᠷᠣᠯᠴᠠᠬᠤ ᠡᠯ᠎ᠡ ᠲᠠᠯ᠎ᠠ ᠶᠢᠨ ᠬᠢᠨ ᠪᠠᠷᠢᠯᠭ᠎ᠠ ᠶᠢᠨ ᠰᠢᠯᠭᠠᠨ ᠠᠪᠬᠤ ᠰᠠᠨᠠᠯ ᠳᠤ ᠨᠢᠭᠡᠳᠦᠯᠲᠡᠢ ᠪᠠᠶᠢᠪᠠᠯ᠂ ᠰᠢᠯᠭᠠᠨ ᠠᠪᠬᠤ ᠲᠣᠳᠣᠷᠬᠠᠢ ᠰᠠᠨᠠᠯ ᠳᠤᠷᠠᠳᠴᠤ ᠂ ᠲᠥᠷᠥᠯ ᠵᠦᠢᠯ ᠢ ᠰᠢᠯᠭᠠᠨ ᠠᠪᠬᠤ ᠶᠢᠨ ᠲᠥᠪ ᠭᠤᠤᠯᠴᠢ ᠴᠢᠨᠠᠷ ᠪᠠ ᠦᠨᠡᠨ ᠪᠣᠳᠠᠲᠤ ᠴᠢᠨᠠᠷ ᠢ ᠦᠨᠡᠨᠬᠦ ᠪᠠᠲᠤᠯᠠᠬᠤ ᠬᠡᠷᠡᠭᠲᠡᠢ ᠃ ᠵᠠᠰᠠᠭ ᠤᠨ ᠣᠷᠳᠣᠨ ᠤ ᠪᠡᠯᠡ ᠣᠷᠣᠭᠤᠯᠤᠯᠲᠠ ᠶᠢᠨ ᠲᠥᠷᠥᠯ ᠵᠦᠢᠯ ᠤᠨ ᠪᠠᠷᠢᠯᠭ᠎ᠠ ᠳᠠᠭᠤᠰᠤᠭᠰᠠᠨ ᠤ ᠳᠠᠷᠠᠭ᠎ᠠ ᠳ᠋ᠦᠩᠨᠡᠨ ᠪᠣᠳᠣᠬᠤ ᠂ ᠪᠠᠷᠢᠯᠭ᠎ᠠ ᠳᠠᠭᠤᠰᠤᠭᠰᠠᠨ ᠢ ᠰᠢᠯᠭᠠᠨ ᠠᠪᠬᠤ ᠵᠡᠷᠭᠡ ᠳᠡᠰ ᠳᠠᠷᠠᠭᠠᠯᠠᠯ ᠢ ᠴᠠᠭ ᠲᠤᠬᠠᠢ ᠳᠤᠨᠢ ᠭᠤᠶᠤᠴᠢᠯᠠᠨ ᠭᠦᠢᠴᠡᠳᠬᠡᠵᠦ ᠂ ᠲᠥᠷᠥᠯ ᠵᠦᠢᠯ ᠤᠨ ᠳ᠋ᠦᠩᠨᠡᠨ ᠪᠣᠳᠣᠯᠲᠠ ᠶᠢ ᠡᠷᠬᠡᠪᠰᠢ ᠨᠢᠭᠡ ᠵᠢᠯ ᠤᠨ ᠳᠣᠲᠣᠷ᠎ᠠ ᠬᠢᠵᠦ ᠳᠠᠭᠤᠰᠬᠠᠬᠤ ᠬᠡᠷᠡᠭᠲᠡᠢ ᠃      ᠠᠷᠪᠠᠨ ᠭᠤᠷᠪᠠᠳᠤᠭᠠᠷ ᠵᠦᠢᠯ ᠲᠥᠷᠥᠯ ᠵᠦᠢᠯ ᠤᠨ ᠬᠢᠨᠠᠯᠲᠠ ᠲᠠᠯᠪᠢᠬᠤ ᠳᠡᠰ ᠳᠠᠷᠠᠭᠠᠯᠠᠯ ᠃ ᠠᠵᠢᠯ ᠲᠥᠷᠥᠯ ᠤᠨ ᠭᠤᠣᠯᠴᠢᠯᠠᠨ ᠬᠠᠮᠢᠶᠠᠷᠬᠤ ᠰᠠᠯᠠᠭ᠎ᠠ ᠮᠥᠴᠢᠷ ᠨᠢ ᠲᠥᠷᠥᠯ ᠵᠦᠢᠯ  ᠢ ᠬᠡᠷᠡᠭᠵᠢᠭᠦᠯᠬᠦ ᠨᠢᠭᠡᠴᠡ ᠲᠠᠢ ᠬᠠᠮᠲᠤᠷᠠᠨ ᠵᠠᠰᠠᠭ ᠤᠨ ᠣᠷᠳᠣᠨ ᠤ ᠪᠡᠯᠡ ᠣᠷᠣᠭᠤᠯᠤᠯᠲᠠ ᠶᠢᠨ ᠲᠥᠷᠥᠯ ᠵᠦᠢᠯ ᠤᠨ ᠰᠢᠢᠳᠪᠦᠷᠢᠲᠦ ᠪᠣᠳᠣᠯᠭ᠎ᠠ ᠲᠣᠭᠲᠠᠭᠠᠬᠤ ᠪᠦᠬᠦ ᠶᠠᠪᠤᠴᠠ ᠶᠢᠨ ᠳᠠᠩᠰᠠ ᠡᠪᠬᠡᠮᠡᠯ  ᠢ ᠪᠠᠶᠢᠭᠤᠯᠵᠤ᠂ ᠰᠢᠢᠳᠪᠦᠷᠢᠲᠦ ᠪᠣᠳᠣᠯᠭ᠎ᠠ ᠲᠣᠭᠲᠠᠭᠠᠬᠤ ᠶᠢᠨ ᠪᠦᠬᠦ ᠶᠠᠪᠤᠴᠠ ᠳᠤ ᠢᠯᠡ ᠪᠣᠯᠭᠠᠬᠤ᠂ ᠵᠢᠷᠤᠮᠵᠢᠭᠤᠯᠬᠤ᠂ ᠪᠠᠶᠢᠴᠠᠭᠠᠨ ᠯᠠᠪᠯᠠᠵᠤ ᠪᠣᠯᠬᠤ᠂ ᠬᠢᠨᠠᠯᠲᠠ ᠲᠠᠯᠪᠢᠬᠤ ᠶᠢ ᠪᠡᠶᠡᠯᠡᠭᠦᠯᠬᠦ ᠶᠢᠨ ᠬᠠᠮᠲᠤ ᠵᠠᠰᠠᠭ ᠤᠨ ᠣᠷᠳᠣᠨ ᠤ ᠮᠡᠳᠡᠭᠡ ᠵᠠᠩᠭᠢ ᠶᠢ ᠢᠯᠡ ᠪᠣᠯᠭᠠᠬᠤ ᠬᠤᠯᠪᠣᠭᠳᠠᠯ ᠪᠦᠬᠦᠢ ᠲᠣᠭᠲᠠᠭᠠᠯ  ᠢ ᠴᠢᠩᠭ᠎ᠠ ᠵᠢᠷᠤᠮᠯᠠᠨ᠂ ᠲᠥᠷᠥᠯ ᠵᠦᠢᠯ ᠤᠨ ᠪᠠᠶᠢᠳᠠᠯ  ᠢ ᠢᠯᠡ ᠪᠣᠯᠭᠠᠵᠤ᠂ ᠨᠡᠶᠢᠭᠡᠮ ᠤᠨ ᠬᠢᠨ ᠤ ᠬᠢᠨᠠᠯᠲᠠ ᠲᠠᠯᠪᠢᠬᠤ ᠶᠢ ᠬᠦᠯᠢᠶᠡᠬᠦ ᠬᠡᠷᠡᠭᠲᠡᠢ᠃ ᠠᠵᠢᠯ ᠲᠥᠷᠥᠯ ᠤᠨ ᠭᠤᠣᠯᠴᠢᠯᠠᠨ ᠬᠠᠮᠢᠶᠠᠷᠬᠤ ᠰᠠᠯᠠᠭ᠎ᠠ ᠮᠥᠴᠢᠷ ᠤᠳ ᠪᠡᠯᠡ ᠣᠷᠣᠭᠤᠯᠤᠯᠲᠠ ᠶᠢᠨ ᠲᠥᠷᠥᠯ ᠵᠦᠢᠯ ᠤᠨ ᠪᠦᠲᠦᠭᠡᠨ ᠪᠠᠶᠢᠭᠤᠯᠤᠯᠲᠠ ᠶᠢᠨ ᠡᠯ᠎ᠡ ᠵᠠᠩᠭᠢᠯᠠᠭ᠎ᠠ ᠶᠢᠨ ᠭᠤᠭᠴᠤᠭ᠎ᠠ ᠶᠢ ᠠᠷᠭᠠᠴᠠᠵᠤ᠂ ᠥᠪᠡᠰᠦᠪᠡᠨ ᠪᠠᠶᠢᠴᠠᠭᠠᠬᠤ᠂ ᠬᠢᠨᠠᠨ ᠪᠤᠳᠤᠵᠤ ᠬᠠᠷᠭᠤᠭᠤᠯᠤᠨ ᠪᠠᠶᠢᠴᠠᠭᠠᠬᠤ ᠵᠡᠷᠭᠡ ᠠᠷᠭ᠎ᠠ ᠮᠠᠶ᠋ᠢᠭ ᠢᠶᠠᠷ ᠳᠠᠮᠵᠢᠭᠤᠯᠤᠨ ᠂ ᠲᠥᠷᠥᠯ ᠵᠦᠢᠯ ᠢ ᠬᠡᠷᠡᠭᠵᠢᠭᠦᠯᠬᠦ ᠶᠠᠪᠤᠴᠠ ᠳᠤ ᠭᠠᠷᠴᠤ ᠮᠡᠳᠡᠬᠦ ᠪᠠ ᠡᠭᠦᠰᠴᠦ ᠮᠡᠳᠡᠬᠦ ᠠᠶᠤᠯ ᠲᠦᠭᠰᠢᠭᠦᠷᠢ ᠶᠢᠨ ᠳᠠᠯᠳᠠ ᠬᠡᠮ ᠢ ᠪᠥᠬᠦ ᠲᠠᠯ᠎ᠠ ᠪᠠᠷ ᠡᠮᠬᠢᠯᠡᠨ ᠵᠢᠭᠰᠠᠭᠠᠨ ᠪᠠᠶᠢᠴᠠᠭᠠᠵᠤ᠂ ᠪᠠᠭ᠎ᠠ ᠳᠡᠭᠡᠷ᠎ᠡ ᠨᠢ ᠰᠡᠷᠭᠡᠶᠢᠯᠡᠵᠦ ᠂ ᠴᠠᠭ ᠲᠤᠬᠠᠢ ᠳᠤᠨᠢ ᠴᠡᠭᠴᠡᠯᠡᠨ ᠰᠠᠶᠢᠵᠢᠷᠠᠭᠤᠯᠬᠤ ᠬᠡᠷᠡᠭᠲᠡᠢ ᠃      ᠠᠷᠪᠠᠨ ᠳᠥᠷᠪᠡᠳᠦᠭᠡᠷ ᠵᠦᠢᠯ ᠪᠤᠰᠤᠳ ᠵᠦᠢᠯᠡᠰ᠃ ᠣᠲᠣ ᠶᠢᠨ ᠪᠠᠶᠢᠭ᠎ᠠ ᠰᠢᠶᠠᠨ ᠤ ᠲᠣᠰ ᠱᠠᠲᠤᠨ ᠤ ᠵᠠᠰᠠᠭ ᠤᠨ ᠣᠷᠳᠣᠨ ᠤ ᠪᠡᠯᠡ ᠣᠷᠣᠭᠤᠯᠤᠯᠲᠠ ᠶᠢᠨ ᠲᠥᠷᠥᠯ ᠵᠦᠢᠯ ᠤᠨ ᠰᠢᠢᠳᠪᠦᠷᠢᠲᠦ ᠪᠣᠳᠣᠯᠭ᠎ᠠ ᠶᠢᠨ ᠬᠠᠮᠢᠶᠠᠷᠤᠯᠲᠠ ᠶᠢᠨ ᠲᠠᠰ ᠳᠠᠷᠠᠭᠠᠯᠠᠯ ᠨᠢ ᠲᠣᠰ ᠲᠠᠰ ᠳᠠᠷᠠᠭᠠᠯᠠᠯ ᠲᠠᠢ ᠨᠢᠭᠡᠳᠦᠯ ᠦᠭᠡᠢ ᠪᠠᠶᠢᠪᠠᠯ ᠂ ᠲᠣᠰ ᠲᠠᠰ ᠳᠠᠷᠠᠭᠠᠯᠠᠯ ᠤᠨ ᠶᠣᠰᠣᠭᠠᠷ ᠬᠡᠷᠡᠭᠵᠢᠭᠦᠯᠬᠦ ᠶᠢᠨ ᠬᠠᠮᠲᠤ ᠡᠭᠦᠨ ᠢ ᠦᠨᠳᠦᠰᠦᠯᠡᠨ ᠵᠠᠰᠠᠪᠤᠷᠢ ᠣᠷᠣᠭᠤᠯᠤᠨ ᠲᠡᠭᠦᠯᠳᠡᠷᠵᠢᠭᠦᠯᠦᠨ᠎ᠡ ᠃ 
ᠢᠷᠡᠯᠲᠡ᠄ ᠦᠶᠤᠸᠠᠨ ᠰᠢᠶᠠᠨ ᠤ ᠠᠷᠠᠳ ᠤᠨ ᠵᠠᠰᠠᠭ ᠤᠨ ᠣᠷᠳᠤᠨ ᠤ ᠮᠣᠡᠭᠭᠤᠯ ᠰᠦᠯᠵᠢᠶ᠎ᠡ