ᠮᠠᠨ ᠤ ᠤᠯᠤᠰ ᠤᠨ ᠤᠮᠠᠷᠠᠲᠤ ᠶᠢᠨ ᠬᠤᠶᠠᠳᠤᠭᠠᠷ ᠬᠤᠭᠤᠴᠠᠭᠠᠨ ᠤ ᠬᠡᠭᠡᠷ᠎ᠡ ᠶᠢᠨ ᠨᠣᠭᠤᠭ᠎ᠠ ᠲᠡᠭᠦᠬᠦ ᠪᠠᠶᠠᠷ ᠵᠢᠴᠢ ᠣᠨᠴᠠᠯᠢᠭᠲᠤ ᠠᠵᠤ ᠦᠢᠯᠡᠰ ᠤᠨ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠶᠢ ᠠᠬᠢᠭᠤᠯᠬᠤ ᠰᠤᠳᠤᠯᠤᠨ ᠶᠠᠷᠢᠯᠴᠠᠬᠤ ᠬᠤᠷᠠᠯ ᠮᠠᠨ ᠤ ᠰᠢᠶᠠᠨ ᠳᠤ ᠶᠠᠪᠤᠭᠳᠠᠪᠠ
ᠨᠡᠶᠢᠲᠡᠯᠡᠭᠰᠡᠨ ᠴᠠᠭ᠄
2024/5/22
      ᠶᠡᠷᠦᠩᠬᠡᠢ ᠱᠦᠵᠢ ᠰᠢ ᠶᠢᠨ ᠫᠢᠩ ᠤᠨ ︽ ᠠᠮᠢ ᠠᠬᠤᠢ ᠶᠢᠨ ᠪᠣᠯᠪᠠᠰᠤᠨ ᠤ ᠦᠵᠡᠯ ᠰᠠᠨᠠᠭ᠎ᠠ ︾ ᠵᠢᠴᠢ ︽ ᠬᠤᠶᠠᠷ ᠠᠭᠤᠯᠠ ᠶᠢᠨ ᠣᠨᠣᠯ ︾ ᠢ ᠭᠦᠨᠵᠡᠭᠡᠢ ᠦᠢᠯᠡᠳᠦᠯᠭᠡᠵᠢᠭᠦᠯᠵᠦ ᠂ ︽ ᠬᠠᠮ ᠢᠳᠡᠭᠡᠨ ᠤ ᠦᠵᠡᠯᠲᠡ ︾ ᠶᠢᠨ ᠣᠨᠣᠯᠵᠢᠬᠤᠨ ᠢ ᠪᠠᠷᠢᠮᠲᠠᠯᠠᠨ ᠂ ᠬᠡᠭᠡᠷ᠎ᠡ ᠶᠢᠨ ᠨᠣᠭᠤᠭ᠎ᠠ ᠶᠢᠨ ᠢᠳᠡᠰᠢᠨ ᠤ ᠲᠡᠦᠬᠡ ᠪᠠ ᠰᠣᠶᠣᠯ ᠢ ᠤᠯᠠᠮᠵᠢᠯᠠᠨ ᠵᠠᠯᠭᠠᠮᠵᠢᠯᠠᠵᠤ ᠂ ᠬᠡᠭᠡᠷ᠎ᠡ ᠶᠢᠨ ᠨᠣᠭᠤᠭ᠎ᠠ ᠶᠢᠨ ᠮᠡᠳᠡᠯᠭᠡ ᠪᠠ ᠰᠢᠨᠵᠢᠯᠡᠬᠦ ᠤᠬᠠᠭᠠᠨ ᠮᠡᠷᠭᠡᠵᠢᠯ ᠤᠨ ᠦᠷ᠎ᠡ ᠪᠦᠲᠦᠭᠡᠯ ᠢ ᠤᠬᠠᠭᠤᠯᠤᠨ ᠂ ᠬᠡᠭᠡᠷ᠎ᠡ ᠶᠢᠨ ᠨᠣᠭᠤᠭ᠎ᠠ ᠶᠢᠨ ᠶᠡᠭᠡ ᠡᠷᠡᠭᠦᠯ ᠮᠡᠨᠳᠦ ᠶᠢᠨ ᠦᠢᠯᠡᠰ ᠲᠠᠬᠢ ᠨᠥᠯᠥᠭᠡᠯᠡᠬᠦ ᠬᠦᠴᠦᠨ ᠢ ᠥᠷᠭᠡᠳᠬᠡᠵᠦ ᠂ ᠮᠠᠨ ᠤ ᠤᠯᠤᠰ ᠤᠨ ᠬᠡᠭᠡᠷ᠎ᠡ ᠶᠢᠨ ᠨᠣᠭᠤᠭ᠎ᠠ ᠶᠢᠨ ᠠᠵᠤ ᠦᠢᠯᠡᠰ ᠤᠨ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠬᠤ ᠶᠢᠨ ᠲᠥᠯᠥᠭᠡ ᠂ 5 ᠰᠠᠷ᠎ᠠ ᠶᠢᠨ 20 ᠤ ᠡᠳᠦᠷ ᠂ ᠮᠠᠨ ᠤ ᠤᠯᠤᠰ ᠤᠨ ᠤᠮᠠᠷᠠᠲᠤ ᠶᠢᠨ ᠬᠤᠶᠠᠳᠤᠭᠠᠷ ᠬᠤᠭᠤᠴᠠᠭᠠᠨ ᠤ ᠬᠡᠭᠡᠷ᠎ᠡ ᠶᠢᠨ ᠨᠣᠭᠤᠭ᠎ᠠ ᠲᠡᠭᠦᠬᠦ ᠪᠠᠶᠠᠷ ᠵᠢᠴᠢ ᠣᠨᠴᠠᠯᠢᠭᠲᠤ ᠠᠵᠤ ᠦᠢᠯᠡᠰ ᠤᠨ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠶᠢ ᠠᠬᠢᠭᠤᠯᠬᠤ ᠰᠤᠳᠤᠯᠤᠨ ᠶᠠᠷᠢᠯᠴᠠᠬᠤ ᠬᠤᠷᠠᠯ ᠮᠠᠨ ᠤ ᠰᠢᠶᠠᠨ ᠳᠤ ᠬᠤᠷᠠᠯᠳᠤᠪᠠ ᠃ ᠰᠢᠶᠠᠨ ᠤ ᠤᠯᠤᠰ ᠲᠦᠷᠦ ᠶᠢᠨ ᠵᠥᠪᠯᠡᠯᠭᠡᠨ ᠤ ᠳᠡᠳ᠋ ᠲᠡᠷᠢᠭᠦᠯᠡᠭᠴᠢ ᠂ ᠲᠠᠷᠢᠶᠠᠯᠠᠩ ᠤᠨ ᠰᠢᠨᠵᠢᠯᠡᠬᠦ ᠤᠬᠠᠭᠠᠨ ᠤ ᠲᠣᠪᠴᠢᠶᠠᠨ ᠤ ᠳᠠᠷᠤᠭ᠎ᠠ ᠯᠢᠦᠢ ᠵᠦᠩ ᠫᠢᠩ ᠡᠬᠢᠯᠡᠯᠲᠡ ᠶᠢᠨ ᠶᠣᠰᠣᠯᠠᠯ ᠳᠤ ᠣᠷᠣᠯᠴᠠᠪᠠ ᠃       ᠡᠬᠢᠯᠡᠯᠲᠡ ᠶᠢᠨ ᠶᠣᠰᠣᠯᠠᠯ ᠳᠡᠭᠡᠷ᠎ᠡ ᠂ ᠯᠢᠦᠢ ᠵᠥᠩ ᠫᠢᠩ ᠰᠢᠶᠠᠨ ᠤ ᠨᠠᠮ ᠤᠨ ᠬᠤᠷᠢᠶ᠎ᠠ᠂ ᠵᠠᠰᠠᠭ ᠤᠨ ᠣᠷᠳᠣᠨ ᠤ ᠡᠮᠦᠨ᠎ᠡ ᠠᠴᠠ ︽ ᠮᠠᠨ ᠤ ᠤᠯᠤᠰ ᠤᠨ ᠤᠮᠠᠷᠠᠲᠤ ᠶᠢᠨ ᠬᠤᠶᠠᠳᠤᠭᠠᠷ ᠬᠤᠭᠤᠴᠠᠭᠠᠨ ᠤ ᠬᠡᠭᠡᠷ᠎ᠡ ᠶᠢᠨ ᠨᠣᠭᠤᠭ᠎ᠠ ᠲᠡᠭᠦᠬᠦ ᠪᠠᠶᠠᠷ ᠵᠢᠴᠢ ᠣᠨᠴᠠᠯᠢᠭᠲᠤ ᠠᠵᠤ ᠦᠢᠯᠡᠰ ᠢᠶᠠᠷ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠶᠢ ᠠᠬᠢᠭᠤᠯᠬᠤ ᠰᠤᠳᠤᠯᠤᠨ ᠶᠠᠷᠢᠯᠴᠠᠬᠤ ᠬᠤᠷᠠᠯ ︾ ᠳᠤ ᠣᠷᠣᠯᠴᠠᠬᠤ ᠪᠠᠷ ᠢᠷᠡᠭᠰᠡᠨ ᠲᠤᠰᠬᠠᠢ ᠮᠡᠷᠭᠡᠵᠢᠯᠲᠡᠨ ᠡᠷᠳᠡᠮᠲᠡᠨ ᠢ ᠬᠠᠯᠠᠭᠤᠨ ᠢᠶᠠᠷ ᠤᠭᠲᠤᠵᠤ  ᠂ ᠲᠤᠰᠬᠠᠢ ᠮᠡᠷᠭᠡᠵᠢᠯᠲᠡᠨ ᠡᠷᠳᠡᠮᠲᠡᠳ ᠠᠳᠡ ᠪᠤᠳᠤᠭᠰᠠᠨ ᠢᠶᠠᠨ ᠠᠭᠤᠵᠢᠷᠠᠲᠠᠯ᠎ᠠ ᠶᠠᠷᠢᠵᠤ ᠂ ᠰᠢᠨᠵᠢᠯᠡᠬᠦ ᠤᠬᠠᠭᠠᠨ ᠤ ᠰᠤᠳᠤᠯᠭᠠᠨ ᠤ ᠦᠷ᠎ᠡ ᠪᠦᠲᠦᠭᠡᠯ  ᠂ ᠡᠷᠬᠢᠮ ᠨᠠᠨᠳᠢᠨ ᠲᠤᠷᠰᠢᠯᠭ᠎ᠠ ᠪᠠ ᠰᠢᠨ᠎ᠡ ᠶᠢ ᠡᠭᠦᠳᠬᠦ ᠣᠶᠢᠯᠠᠭᠠᠭᠳᠠᠬᠤᠨ ᠢ ᠬᠤᠪᠢᠶᠠᠯᠴᠠᠵᠤ ᠂ ᠣᠨᠴᠠᠯᠢᠭᠲᠤ ᠠᠵᠤ ᠦᠢᠯᠡᠰ ᠤᠨ ᠬᠥᠭᠵᠢᠯᠲᠡ ᠳᠤ ᠠᠷᠭ᠎ᠠ ᠤᠬᠠᠭᠠᠨ ᠭᠠᠷᠭᠠᠵᠤ ᠂ ᠰᠢᠨᠵᠢᠯᠡᠬᠦ ᠤᠬᠠᠭᠠᠨ ᠤ ᠰᠤᠳᠤᠯᠭᠠᠨ ᠤ ᠬᠦᠴᠦᠨ ᠴᠢᠳᠠᠯ ᠢᠶᠠᠨ ᠡᠷᠭᠦᠬᠦ ᠶᠢ ᠬᠦᠰᠡᠪᠡ ᠃ ᠮᠠᠨ ᠤ ᠰᠢᠶᠠᠨ ᠪᠠᠰᠠ ᠰᠢᠨᠵᠢᠯᠡᠬᠦ ᠤᠬᠠᠭᠠᠨ ᠤ ᠰᠤᠳᠤᠯᠭᠠᠨ ᠤ ᠡᠷᠳᠡᠮᠲᠡᠨ ᠳᠤ ᠬᠠᠮᠤᠭ ᠤᠨ ᠰᠢᠯᠢᠳᠡᠭ ᠦᠢᠯᠡᠴᠢᠯᠡᠭᠡ ᠪᠠ ᠬᠠᠮᠤᠭ ᠤᠨ ᠰᠠᠶᠢᠨ ᠰᠤᠳᠤᠯᠤᠨ ᠶᠠᠷᠢᠯᠴᠠᠬᠤ ᠣᠷᠴᠢᠨ ᠲᠣᠭᠤᠷᠢᠨ ᠢ ᠬᠠᠩᠭᠠᠵᠤ ᠂ ᠰᠤᠳᠤᠯᠤᠨ ᠶᠠᠷᠢᠯᠴᠠᠬᠤ ᠬᠤᠷᠠᠯ ᠤᠨ ᠲᠡᠭᠦᠰ ᠠᠮᠵᠢᠯᠲᠠ ᠣᠯᠬᠤ ᠶᠢ ᠦᠨᠡᠨ ᠬᠦ ᠪᠠᠲᠤᠯᠠᠪᠠ᠃       ᠵᠡᠭᠦᠨ ᠬᠤᠶᠢᠲᠤ ᠶᠢᠨ ᠬᠡᠭᠡᠷ᠎ᠡ ᠶᠢᠨ ᠨᠣᠭᠤᠭ᠎ᠠ ᠶᠢᠨ ᠠᠵᠤ ᠦᠢᠯᠡᠰ ᠤᠨ ᠤᠯᠤᠰ ᠤᠨ ᠰᠢᠨ᠎ᠡ ᠶᠢ ᠡᠭᠦᠳᠬᠦ ᠬᠤᠯᠪᠣᠭ᠎ᠠ ᠶᠢᠨ ᠳᠡᠳ᠋ ᠬᠡᠷᠡᠭ ᠡᠷᠬᠢᠯᠡᠭᠴᠢᠳ ᠤᠨ ᠳᠠᠷᠤᠭ᠎ᠠ ᠳ᠋ᠤᠸᠠᠨ ᠶᠠ ᠳ᠋ᠦᠩ ᠂ ᠥᠪᠡᠷᠲᠡᠭᠡᠨ ᠵᠠᠰᠠᠬᠤ ᠣᠷᠣᠨ ᠤ ᠲᠠᠷᠢᠶᠠᠯᠠᠩ ᠮᠠᠯ ᠠᠵᠤ ᠠᠬᠤᠢ ᠶᠢᠨ ᠰᠢᠨᠵᠢᠯᠡᠬᠦ ᠤᠬᠠᠭᠠᠨ ᠤ ᠬᠦᠷᠢᠶᠡᠯᠡᠩ ᠤᠨ ᠢᠳᠡᠰᠢᠨ ᠨᠣᠭᠤᠭ᠎ᠠ ᠬᠤᠸᠠᠷ ᠴᠡᠴᠡᠭ ᠰᠤᠳᠤᠯᠬᠤ ᠭᠠᠵᠠᠷ ᠤᠨ ᠳᠠᠷᠤᠭ᠎ᠠ ᠸᠠᠩ ᠶᠦᠩ ᠲᠤᠰ ᠤᠳᠠᠭᠠᠨ ᠤ ᠰᠤᠳᠤᠯᠤᠨ ᠶᠠᠷᠢᠯᠴᠠᠬᠤ ᠬᠤᠷᠠᠯ ᠢᠶᠠᠷ ᠳᠠᠮᠵᠢᠨ ᠬᠡᠭᠡᠷ᠎ᠡ ᠶᠢᠨ ᠨᠣᠭᠤᠭ᠎ᠠ ᠶᠢᠨ ᠰᠢᠨᠵᠢᠯᠡᠬᠦ ᠤᠬᠠᠭᠠᠨ ᠮᠡᠷᠭᠡᠵᠢᠯ ᠤᠨ ᠦᠷ᠎ᠡ ᠪᠦᠲᠦᠭᠡᠯ ᠢ ᠲᠦᠭᠡᠮᠡᠯᠵᠢᠭᠦᠯᠵᠦ ᠂ ᠬᠡᠭᠡᠷ᠎ᠡ ᠶᠢᠨ ᠨᠣᠭᠤᠭ᠎ᠠ ᠶᠢᠨ ᠠᠵᠤ ᠦᠢᠯᠡᠰᠵᠢᠯᠲᠡ ᠶᠢᠨ ᠬᠥᠭᠵᠢᠯᠲᠡ ᠶᠢ ᠠᠬᠢᠭᠤᠯᠵᠤ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠳᠤ ᠬᠦᠴᠦᠨ ᠨᠡᠮᠡᠷᠢᠯᠡᠬᠦ ᠶᠢ ᠬᠦᠰᠡᠪᠡ ᠃      ᠲᠤᠰ ᠤᠳᠠᠭᠠᠨ ᠤ ᠰᠤᠳᠤᠯᠤᠨ ᠶᠠᠷᠢᠯᠴᠠᠬᠤ ᠬᠤᠷᠠᠯ ᠨᠢ ᠨᠢᠭᠡ ᠡᠳᠦᠷ ᠤᠨ ᠬᠤᠭᠤᠴᠠᠭ᠎ᠠ ᠲᠠᠢ ᠶᠠᠪᠤᠭᠳᠠᠵᠤ ᠂ ᠬᠤᠷᠠᠯ ᠳᠤ ᠣᠷᠣᠯᠴᠠᠭᠰᠠᠳ ︽ ᠭᠠᠵᠠᠷ ᠣᠷᠣᠨ ᠤ ᠪᠠᠶᠢᠳᠠᠯ ᠳᠠᠭᠠᠨ ᠲᠣᠬᠢᠷᠠᠭᠤᠯᠤᠨ ᠣᠨᠴᠠᠯᠢᠭᠲᠤ ᠠᠵᠤ ᠦᠢᠯᠡᠰ ᠤᠨ ᠰᠢᠨᠵᠢᠯᠡᠬᠦ ᠤᠬᠠᠭᠠᠨ ᠮᠡᠷᠭᠡᠵᠢᠯ ᠢ ᠬᠥᠭᠵᠢᠭᠦᠯᠵᠦ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠶᠢ ᠠᠬᠢᠭᠤᠯᠬᠤ ︾ ᠭᠤᠣᠯ ᠰᠡᠳᠦᠪ ᠤᠨ ᠲᠣᠭᠤᠷᠢᠨ ᠳᠤ ᠪᠣᠯᠪᠠᠰᠤᠷᠠᠯ ᠂ ᠰᠤᠳᠤᠯᠤᠨ ᠶᠠᠷᠢᠯᠴᠠᠬᠤ ᠂ ᠪᠠᠶᠢᠴᠠᠭᠠᠨ ᠰᠤᠳᠤᠯᠤᠯᠲᠠ ᠬᠢᠬᠦ ᠵᠡᠷᠭᠡ ᠤᠯᠠᠨ ᠵᠦᠢᠯ ᠤᠨ ᠬᠡᠯᠪᠡᠷᠢ ᠪᠠᠷ ᠭᠦᠨᠵᠡᠭᠡᠢ ᠰᠤᠳᠤᠯᠤᠨ ᠶᠠᠷᠢᠯᠴᠠᠪᠠ ᠃ ᠶᠡᠭᠡ ᠳᠡᠭᠡᠳᠦ ᠰᠤᠷᠭᠠᠭᠤᠯᠢ ᠵᠢᠴᠢ ᠰᠢᠨᠵᠢᠯᠡᠬᠦ ᠤᠬᠠᠭᠠᠨ ᠤ ᠰᠤᠳᠤᠯᠭᠠᠨ ᠤ ᠨᠢᠭᠡᠴᠢ ᠶᠢᠨ ᠥᠪᠡᠷᠮᠢᠴᠡ ᠣᠨᠴᠠᠯᠢᠭ ᠲᠠᠢ ᠵᠢᠮᠢᠰ ᠢᠳᠡᠰᠢᠨ ᠨᠣᠭᠤᠭ᠎ᠠ ᠶᠢᠨ ᠰᠢᠨᠵᠢᠯᠡᠬᠦ ᠤᠬᠠᠭᠠᠨ ᠮᠡᠷᠭᠡᠵᠢᠯ ᠤᠨ ᠦᠷ᠎ᠡ ᠪᠦᠲᠦᠭᠡᠯ ᠤᠨ ᠦᠵᠡᠭᠦᠯᠭᠡ ᠬᠢᠵᠦ ᠂ ᠬᠡᠭᠡᠷ᠎ᠡ ᠶᠢᠨ ᠨᠣᠭᠤᠭ᠎ᠠ ᠶᠢᠨ ᠰᠢᠨᠵᠢᠯᠡᠬᠦ ᠤᠬᠠᠭᠠᠨ ᠮᠡᠷᠭᠡᠵᠢᠯ ᠤᠨ ᠦᠷ᠎ᠡ ᠪᠦᠲᠦᠭᠡᠯ ᠵᠢᠴᠢ ᠪᠦᠲᠦᠭᠡᠭᠳᠡᠬᠦᠨ ᠢ ᠨᠠᠶᠢᠳᠠᠪᠤᠷᠢᠵᠢᠭᠤᠯᠤᠨ ᠳᠡᠯᠭᠡᠨ ᠦᠵᠡᠭᠦᠯᠦᠭᠰᠡᠨ ᠦᠷ᠎ᠡ ᠪᠦᠲᠦᠮᠵᠢ ᠶᠢ ᠤᠯᠠᠮ ᠨᠢᠭᠡ ᠠᠯᠬᠤᠮ ᠳᠡᠭᠡᠭᠰᠢᠯᠡᠭᠦᠯᠵᠦ ᠂ ᠨᠠᠩ ᠣᠯᠠᠨ ᠬᠥᠮᠥᠨ ᠳᠤ  ᠬᠡᠭᠡᠷ᠎ᠡ ᠶᠢᠨ ᠨᠣᠭᠤᠭ᠎ᠠ ᠶᠢᠨ ᠣᠲᠣ ᠦᠶ᠎ᠡ ᠶᠢᠨ ᠰᠢᠨᠵᠢᠯᠡᠬᠦ ᠤᠬᠠᠭᠠᠨ ᠮᠡᠷᠭᠡᠵᠢᠯ ᠪᠠ ᠠᠵᠤ ᠦᠢᠯᠡᠰ ᠤᠨ ᠬᠥᠭᠵᠢᠯᠲᠡ ᠶᠢ ᠣᠶᠢᠯᠠᠭᠠᠭᠤᠯᠵᠤ ᠂ ᠬᠥᠮᠥᠰ ᠤᠨ ᠬᠡᠭᠡᠷ᠎ᠡ ᠶᠢᠨ ᠨᠣᠭᠤᠭ᠎ᠠ ᠶᠢᠨ ᠶᠡᠭᠡ ᠡᠷᠡᠭᠦᠯ ᠮᠡᠨᠳᠦ ᠶᠢᠨ ᠦᠢᠯᠡᠰ ᠲᠠᠬᠢ ᠴᠢᠬᠤᠯᠠ ᠦᠢᠯᠡᠳᠦᠯ ᠤᠨ ᠲᠤᠬᠠᠢ ᠲᠠᠨᠢᠯᠲᠠ ᠶᠢ ᠭᠦᠨᠵᠡᠭᠡᠶᠢᠷᠡᠭᠦᠯᠦᠨ ᠂ ᠰᠢᠨᠵᠢᠯᠡᠬᠦ ᠤᠬᠠᠭᠠᠨ ᠮᠡᠷᠭᠡᠵᠢᠯ ᠪᠠ ᠠᠵᠤ ᠦᠢᠯᠡᠰ ᠤᠨ ᠭᠦᠨᠵᠡᠭᠡᠢ ᠠᠭᠤᠰᠤᠯᠴᠠᠯ ᠢ ᠠᠬᠢᠭᠤᠯᠵᠤ ᠂ ᠮᠠᠨ ᠤ ᠤᠯᠤᠰ ᠤᠨ ᠤᠮᠠᠷᠠᠲᠤ ᠣᠷᠣᠨ ᠤ ᠠᠭᠤᠯᠠᠷᠬᠠᠭ ᠣᠷᠣᠨ ᠤ ᠬᠡᠭᠡᠷ᠎ᠡ ᠶᠢᠨ ᠨᠣᠭᠤᠭ᠎ᠠ ᠶᠢᠨ ᠣᠨᠴᠠᠯᠢᠭᠲᠤ ᠠᠵᠤ ᠦᠢᠯᠡᠰ ᠤᠨ ᠬᠥᠭᠵᠢᠯᠲᠡ ᠶᠢ ᠬᠦᠴᠦᠲᠡᠢ ᠠᠬᠢᠭᠤᠯᠵᠤ ᠂ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠳᠤ ᠬᠦᠴᠦᠷᠬᠡᠭ ᠶᠡᠭᠡ ᠬᠥᠳᠡᠯᠭᠡᠬᠦ ᠬᠦᠴᠦᠨ ᠨᠡᠮᠡᠷᠢᠯᠡᠬᠦ ᠶᠢᠨ ᠲᠥᠯᠥᠭᠡ ᠶᠤᠮ ᠃      ᠲᠣᠰ ᠤᠳᠠᠭᠠᠨ ᠤ ᠰᠤᠳᠤᠯᠤᠨ ᠶᠠᠷᠢᠯᠴᠠᠬᠤ ᠬᠤᠷᠠᠯ ᠢ ᠵᠡᠭᠦᠨ ᠬᠤᠶᠢᠲᠤ ᠶᠢᠨ ᠬᠡᠭᠡᠷ᠎ᠡ ᠶᠢᠨ ᠨᠣᠭᠤᠭ᠎ᠠ ᠶᠢᠨ ᠠᠵᠤ ᠦᠢᠯᠡᠰ ᠤᠨ ᠤᠯᠤᠰ ᠤᠨ ᠰᠢᠨ᠎ᠡ ᠶᠢ ᠡᠭᠦᠳᠬᠦ ᠬᠤᠯᠪᠣᠭ᠎ᠠ ᠂ ᠥᠪᠥᠷ ᠮᠣᠩᠭᠤᠯ ᠤᠨ ᠲᠠᠷᠢᠶᠠᠯᠠᠩ ᠤᠨ ᠶᠡᠭᠡ ᠰᠤᠷᠭᠠᠭᠤᠯᠢ ᠶᠢᠨ ᠴᠡᠴᠡᠷᠯᠢᠭ ᠤᠨ ᠮᠡᠷᠭᠡᠵᠢᠯ ᠬᠢᠭᠡᠳ ᠤᠷᠭᠤᠮᠠᠯ ᠤᠨ ᠬᠠᠮᠠᠭᠠᠯᠠᠯᠲᠠ ᠶᠢᠨ ᠳᠡᠭᠡᠳᠦ ᠰᠤᠷᠭᠠᠭᠤᠯᠢ ᠂ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠲᠠᠷᠢᠶᠠᠯᠠᠩ ᠮᠠᠯ ᠠᠵᠤ ᠠᠬᠤᠢ ᠶᠢᠨ ᠰᠢᠨᠵᠢᠯᠡᠬᠦ ᠤᠬᠠᠭᠠᠨ ᠤ ᠬᠦᠷᠢᠶᠡᠯᠡᠩ ᠤᠨ ᠢᠳᠡᠰᠢᠨ ᠨᠣᠭᠤᠭ᠎ᠠ ᠬᠤᠸᠠᠷ ᠴᠡᠴᠡᠭ ᠰᠤᠳᠤᠯᠬᠤ ᠭᠠᠵᠠᠷ ᠂ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠭᠤᠸᠠ ᠵᠢᠮᠢᠰ ᠢᠳᠡᠰᠢᠨ ᠨᠣᠭᠤᠭ᠎ᠠ ᠶᠢᠨ ᠨᠡᠶᠢᠭᠡᠮᠯᠢᠭ ᠠᠴᠠ ᠭᠤᠣᠯᠯᠠᠨ ᠡᠷᠭᠢᠯᠡᠵᠦ ᠂ ᠦᠶᠤᠸᠠᠨ ᠰᠢᠶᠠᠨ ᠤ ᠲᠠᠷᠢᠶᠠᠯᠠᠩ ᠮᠠᠯ ᠠᠵᠤ ᠠᠬᠤᠢ ᠪᠠ ᠰᠢᠨᠵᠢᠯᠡᠬᠦ ᠤᠬᠠᠭᠠᠨ ᠮᠡᠷᠭᠡᠵᠢᠯ ᠤᠨ ᠲᠣᠪᠴᠢᠶ᠎ᠠ ᠂ ᠦᠶᠤᠸᠠᠨ ᠰᠢᠶᠠᠨ ᠤ ᠣᠶ ᠰᠢᠭᠤᠢ ᠪᠠ ᠨᠤᠲᠤᠭ ᠪᠡᠯᠴᠢᠭᠡᠷ ᠤᠨ ᠲᠣᠪᠴᠢᠶ᠎ᠠ ᠠᠴᠠ ᠳᠠᠭᠠᠭᠠᠴᠢᠯᠠᠨ ᠡᠷᠭᠢᠯᠡᠪᠡ ᠃ ᠵᠡᠭᠦᠨ ᠬᠤᠶᠢᠲᠤ ᠶᠢᠨ ᠬᠡᠭᠡᠷ᠎ᠡ ᠶᠢᠨ ᠨᠣᠭᠤᠭ᠎ᠠ ᠶᠢᠨ ᠠᠵᠤ ᠦᠢᠯᠡᠰ ᠤᠨ ᠤᠯᠤᠰ ᠤᠨ ᠰᠢᠨ᠎ᠡ ᠶᠢ ᠡᠭᠦᠳᠬᠦ ᠬᠤᠯᠪᠣᠭ᠎ᠠ ᠶᠢᠨ ᠭᠡᠰᠢᠭᠦᠨ ᠂ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠭᠤᠸᠠ ᠵᠢᠮᠢᠰ ᠢᠳᠡᠰᠢᠨ ᠨᠣᠭᠤᠭ᠎ᠠ ᠶᠢᠨ ᠨᠡᠶᠢᠭᠡᠮᠯᠢᠭ ᠤᠨ ᠪᠦᠷᠢᠯᠳᠦᠭᠦᠨ ᠂ ᠴᠡᠴᠡᠷᠯᠢᠭ ᠤᠨ ᠮᠡᠷᠭᠡᠵᠢᠯ ᠤᠨ ᠤᠢ ᠰᠢᠭᠤᠢ ᠡᠪᠡᠰᠦ ᠪᠡᠯᠴᠢᠭᠡᠷ ᠤᠨ ᠰᠢᠨᠵᠢᠯᠡᠬᠦ ᠤᠬᠠᠭᠠᠨ ᠤ ᠰᠤᠳᠤᠯᠭᠠᠨ ᠂ ᠵᠢᠭᠠᠨ ᠰᠤᠷᠭᠠᠯᠲᠠ ᠂ ᠦᠢᠯᠡᠳᠪᠦᠷᠢᠯᠡᠯ ᠤᠨ ᠬᠠᠮᠢᠶᠠᠷᠤᠯᠲᠠ ᠂ ᠮᠡᠷᠭᠡᠵᠢᠯ ᠢ ᠳᠡᠯᠭᠡᠷᠡᠭᠦᠯᠬᠦ ᠨᠢᠭᠡᠴᠡ ᠶᠢᠨ ᠠᠵᠢᠯᠲᠠᠨ ᠂ ᠠᠰᠫᠢᠷᠠᠨᠲ ᠂ ᠠᠵᠤ ᠠᠬᠤᠶᠢᠯᠠᠯ ᠤᠨ ᠲᠥᠯᠥᠭᠡᠯᠡᠭᠴᠢ ᠵᠡᠷᠭᠡ 70 ᠭᠠᠷᠤᠢ ᠬᠥᠮᠥᠨ ᠣᠷᠣᠯᠴᠠᠪᠠ ᠃ ᠲᠤᠰ ᠤᠳᠠᠭᠠᠨ ᠤ ᠰᠤᠳᠤᠯᠤᠨ ᠶᠠᠷᠢᠯᠴᠠᠬᠤ ᠬᠤᠷᠠᠯ ᠢ ᠠᠮᠵᠢᠯᠲᠠ ᠲᠠᠢ ᠡᠷᠬᠢᠯᠡᠭᠰᠡᠨ  ᠨᠢ ᠮᠠᠨ ᠤ ᠤᠯᠤᠰ ᠤᠨ ᠤᠮᠠᠷᠠᠲᠤ ᠶᠢᠨ ᠬᠡᠭᠡᠷ᠎ᠡ ᠶᠢᠨ ᠨᠣᠭᠤᠭ᠎ᠠ ᠶᠢᠨ ᠠᠵᠤ ᠦᠢᠯᠡᠰ ᠤᠨ ᠬᠥᠭᠵᠢᠯᠲᠡ ᠪᠣᠯᠣᠨ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠳᠤ ᠰᠢᠨ᠎ᠡ ᠠᠵᠠ ᠲᠣᠬᠢᠶᠠᠯ ᠪᠣᠯᠣᠨ ᠠᠮᠢᠵᠢᠷᠠᠯ ᠤᠨ ᠬᠦᠴᠦᠨ ᠢ ᠠᠪᠴᠢᠷᠠᠬᠤ ᠨᠢ ᠯᠠᠪᠲᠠᠢ ᠶᠤᠮ ᠃ 
ᠢᠷᠡᠯᠲᠡ᠄ ᠦᠶᠤᠸᠠᠨ ᠰᠢᠶᠠᠨ ᠤ ᠠᠷᠠᠳ ᠤᠨ ᠵᠠᠰᠠᠭ ᠤᠨ ᠣᠷᠳᠤᠨ ᠤ ᠮᠣᠡᠭᠭᠤᠯ ᠰᠦᠯᠵᠢᠶ᠎ᠡ