ᠮᠠᠨ ᠤ ᠰᠢᠶᠠᠨ 2024 ᠣᠨ ᠤ ᠰᠤᠷᠬᠤ ᠨᠠᠰᠤᠨ ᠠᠴᠠ ᠡᠮᠦᠨᠡᠬᠢ ᠰᠤᠷᠭᠠᠨ ᠬᠥᠮᠦᠵᠢᠯ ᠤᠨ ᠤᠬᠠᠭᠤᠯᠭ᠎ᠠ ᠶᠢᠨ ᠰᠠᠷ᠎ᠠ ᠶᠢᠨ ᠡᠬᠢᠯᠡᠯᠲᠡ ᠶᠢᠨ ᠶᠣᠰᠣᠯᠠᠯ  ᠶᠠᠪᠤᠭᠳᠠᠪᠠ
ᠨᠡᠶᠢᠲᠡᠯᠡᠭᠰᠡᠨ ᠴᠠᠭ᠄
2024/5/22
      ᠡᠨᠡ ᠵᠢᠯ ᠤᠨ 5 ᠰᠠᠷ᠎ᠠ ᠶᠢᠨ 20 ᠤ ᠡᠳᠦᠷ ᠠᠴᠠ 6 ᠰᠠᠷ᠎ᠠ ᠶᠢᠨ 20 ᠤ ᠡᠳᠦᠷ ᠪᠣᠯᠲᠠᠯ᠎ᠠ ᠪᠦᠬᠦ ᠤᠯᠤᠰ ᠤᠨ ᠠᠷᠪᠠᠨ ᠭᠤᠷᠪᠠᠳᠤᠭᠠᠷ ᠰᠤᠷᠭᠠᠭᠤᠯᠢ ᠶᠢᠨ ᠰᠤᠷᠬᠤ ᠨᠠᠰᠤᠨ ᠠᠴᠠ ᠡᠮᠦᠨᠡᠬᠢ ᠰᠤᠷᠭᠠᠨ ᠬᠥᠮᠦᠵᠢᠯ ᠤᠨ ᠤᠬᠠᠭᠤᠯᠭ᠎ᠠ ᠶᠢᠨ ᠰᠠᠷ᠎ᠠ ᠪᠣᠯᠣᠨ᠎ᠠ ᠂ ᠲᠤᠰ ᠤᠳᠠᠭᠠᠨ ᠤ ᠤᠬᠠᠭᠤᠯᠭ᠎ᠠ ᠶᠢᠨ ᠰᠠᠷ᠎ᠠ ᠪᠣᠯ ︽ ᠨᠢᠯᠬ᠎ᠠ ᠬᠡᠦᠬᠡᠳ ᠢ ᠬᠠᠮᠠᠭᠠᠯᠠᠬᠤ ᠬᠤᠷᠢᠭ᠎ᠠ ᠱᠤᠭᠤᠮ ᠢ ᠰᠠᠬᠢᠨ ᠬᠠᠮᠠᠭᠠᠯᠠᠵᠤ  ᠂ ᠰᠠᠶᠢᠨ ᠰᠠᠶᠢᠬᠠᠨ ᠪᠠᠭ᠎ᠠ ᠨᠠᠰᠤ ᠪᠠᠨ ᠪᠦᠲᠦᠭᠡᠶ᠎ᠡ ︾ ᠭᠡᠬᠦ ᠭᠤᠣᠯ ᠰᠡᠳᠦᠪ ᠢᠶᠠᠷ ︽ 3 - 6 ᠨᠠᠰᠤᠨ ᠤ ᠬᠡᠦᠬᠡᠳ ᠤᠨ ᠰᠤᠷᠤᠯᠴᠠᠯᠭ᠎ᠠ ᠪᠠ ᠬᠥᠭᠵᠢᠯᠲᠡ ︾ ᠶᠢ ᠨᠡᠶᠢᠲᠡᠯᠡᠭᠰᠡᠨ 13 ᠳ᠋ᠤᠭᠠᠷ ᠵᠢᠯ ᠪᠣᠯᠣᠨ᠎ᠠ ᠂ ᠨᠡᠩ ᠴᠤ ᠪᠦᠬᠦ ᠤᠯᠤᠰ ᠤᠨ ᠡᠷᠡᠮᠡᠬᠡᠶᠢᠯᠡᠨ ᠤᠷᠤᠭᠰᠢᠯᠠᠵᠤ ᠰᠤᠷᠭᠠᠨ ᠬᠥᠮᠦᠵᠢᠯ ᠤᠨ ᠳᠠᠪᠠᠯᠳᠠᠳᠤ ᠮᠠᠶ᠋ᠢᠭ ᠤᠨ ᠬᠥᠭᠵᠢᠯᠲᠡ ᠶᠢ ᠠᠬᠢᠭᠤᠯᠬᠤ ᠂ ᠰᠢᠨᠵᠢᠯᠡᠬᠦ ᠤᠬᠠᠭᠠᠨᠴᠢ ᠪᠠᠷ ᠠᠰᠠᠷᠠᠨ ᠬᠥᠮᠥᠵᠢᠭᠦᠯᠬᠦ ᠶᠢ ᠠᠬᠢᠭᠤᠯᠬᠤ ᠲᠠᠯ᠎ᠠ ᠪᠠᠷ ᠴᠢᠬᠤᠯᠠ ᠶᠡᠭᠡ ᠠᠬᠢᠴᠠ ᠲᠠᠢ ᠪᠣᠯᠤᠭᠰᠠᠨ ᠠᠷᠪᠠᠨ ᠭᠤᠷᠪᠠᠨ ᠵᠢᠯ ᠪᠣᠯᠣᠨ᠎ᠠ ᠃ 5 ᠰᠠᠷ᠎ᠠ ᠶᠢᠨ 20 ᠤ ᠡᠳᠦᠷ ᠂ ᠮᠠᠨ ᠤ ᠰᠢᠶᠠᠨ ᠤ 2024 ᠣᠨ ᠤ ᠰᠤᠷᠬᠤ ᠨᠠᠰᠤᠨ ᠠᠴᠠ ᠡᠮᠦᠨᠡᠬᠢ ᠰᠤᠷᠭᠠᠨ ᠬᠥᠮᠦᠵᠢᠯ ᠤᠨ ᠤᠬᠠᠭᠤᠯᠭ᠎ᠠ ᠶᠢᠨ ᠰᠠᠷ᠎ᠠ ᠶᠢᠨ ᠡᠬᠢᠯᠡᠯᠲᠡ ᠶᠢᠨ ᠶᠣᠰᠣᠯᠠᠯ ᠰᠢᠶᠠᠨ ᠤ ᠬᠡᠦᠬᠡᠳ ᠤᠨ ᠴᠡᠴᠡᠷᠯᠢᠭ ᠤᠨ ᠨᠢᠭᠡᠳᠦᠭᠡᠷ ᠬᠤᠪᠢᠶᠠᠷᠢ ᠴᠡᠴᠡᠷᠯᠢᠭ ᠲᠤ ᠶᠠᠪᠤᠭᠳᠠᠪᠠ ᠃      ᠬᠦᠳᠡᠯᠭᠡᠭᠡᠨ ᠦ ᠳᠤᠮᠳᠠ ᠂ ᠰᠢᠶᠠᠨ ᠤ ᠰᠤᠷᠭᠠᠨ ᠬᠥᠮᠦᠵᠢᠯ ᠤᠨ ᠲᠣᠪᠴᠢᠶ᠎ᠠ ᠶᠢᠨ ᠬᠠᠮᠢᠶ᠎ᠠ ᠪᠦᠬᠦᠢ ᠬᠠᠷᠢᠭᠤᠴᠠᠯᠭᠠᠲᠠᠨ 2024 ᠣᠨ ᠤ ᠰᠤᠷᠬᠤ ᠨᠠᠰᠤᠨ ᠠᠴᠠ ᠡᠮᠦᠨᠡᠬᠢ ᠰᠤᠷᠭᠠᠨ ᠬᠥᠮᠦᠵᠢᠯ ᠤᠨ ᠤᠬᠠᠭᠤᠯᠭ᠎ᠠ ᠶᠢᠨ ᠰᠠᠷ᠎ᠠ ᠡᠬᠢᠯᠡᠭᠰᠡᠨ ᠢ ᠵᠠᠷᠯᠠᠬᠤ ᠶᠢᠨ ᠬᠠᠮᠲᠤ ᠤᠬᠠᠭᠤᠯᠭ᠎ᠠ ᠶᠢᠨ ᠰᠠᠷ᠎ᠠ ᠶᠢᠨ ᠬᠤᠭᠤᠴᠠᠭᠠᠨ ᠳᠤ  ᠂ ᠡᠯ᠎ᠡ ᠬᠡᠦᠬᠡᠳ ᠤᠨ ᠴᠡᠴᠡᠷᠯᠢᠭ ᠠᠯᠢ ᠣᠯᠠᠨ ᠬᠦᠳᠡᠯᠭᠡᠭᠡᠨ ᠢᠶᠡᠷ ᠳᠠᠮᠵᠢᠨ᠂ ᠮᠠᠨ ᠤ ᠰᠢᠶᠠᠨ ᠤ ᠰᠤᠷᠬᠤ ᠨᠠᠰᠤᠨ ᠠᠴᠠ ᠡᠮᠦᠨᠡᠬᠢ ᠰᠤᠷᠭᠠᠨ ᠬᠥᠮᠦᠵᠢᠯ ᠤᠨ ᠦᠷ᠎ᠡ ᠪᠦᠲᠦᠭᠡᠯ ᠪᠠ ᠣᠨᠴᠠᠯᠢᠭ ᠢ ᠨᠡᠶᠢᠭᠡᠮ ᠳᠤ ᠦᠵᠡᠭᠦᠯᠵᠦ ᠂ ᠨᠠᠩ ᠣᠯᠠᠨ ᠬᠥᠮᠥᠨ ᠳᠤ ᠰᠤᠷᠬᠤ ᠨᠠᠰᠤᠨ ᠠᠴᠠ ᠡᠮᠦᠨᠡᠬᠢ ᠰᠤᠷᠭᠠᠨ ᠬᠥᠮᠦᠵᠢᠯ ᠤᠨ ᠴᠢᠬᠤᠯᠠ ᠴᠢᠨᠠᠷ ᠢ ᠣᠶᠢᠯᠠᠭᠠᠭᠤᠯᠬᠤ ᠶᠢ ᠬᠦᠰᠡᠵᠦ ᠪᠠᠶᠢᠨ᠎ᠠ ᠃ ᠡᠭᠦᠨ ᠤ ᠬᠠᠮᠲᠤ ᠂ ᠡᠯ᠎ᠡ ᠬᠡᠦᠬᠡᠳ ᠤᠨ ᠴᠡᠴᠡᠷᠯᠢᠭ ᠤᠨ ᠪᠠᠭᠰᠢ ᠨᠠᠷ ᠲᠣᠰ ᠪᠡᠶ᠎ᠡ ᠶᠢᠨ ᠲᠤᠰᠬᠠᠢ ᠮᠡᠷᠭᠡᠵᠢᠯ ᠤᠨ ᠳᠠᠪᠠᠭᠤᠯᠢᠭ ᠢᠶᠠᠨ ᠭᠦᠢᠴᠡᠳ ᠪᠠᠳᠠᠷᠠᠭᠤᠯᠬᠤ ᠬᠡᠷᠡᠭᠲᠡᠢ ᠃      ᠳᠠᠷᠠᠭ᠎ᠠ ᠨᠢ ᠂ ᠪᠥᠬᠦ ᠰᠢᠶᠠᠨ ᠤ ᠡᠯ᠎ᠡ ᠬᠡᠦᠬᠡᠳ ᠤᠨ ᠴᠡᠴᠡᠷᠯᠢᠭ ᠤᠨ ᠪᠠᠭᠰᠢ ᠶᠢᠨ ᠲᠥᠯᠥᠭᠡᠯᠡᠭᠴᠢ 2024 ᠣᠨ ᠤ ᠰᠤᠷᠬᠤ ᠨᠠᠰᠤᠨ ᠠᠴᠠ ᠡᠮᠦᠨᠡᠬᠢ ᠰᠤᠷᠭᠠᠨ ᠬᠥᠮᠦᠵᠢᠯ ᠤᠨ ᠤᠬᠠᠭᠤᠯᠭ᠎ᠠ ᠶᠢᠨ ᠰᠠᠷ᠎ᠠ ᠶᠢᠨ ᠲᠠᠩᠭᠠᠷᠢᠭᠯᠠᠵᠤ ᠂ ᠪᠠᠭᠰᠢ ᠨᠠᠷ ᠲᠤ ᠲᠣᠰ ᠤᠳᠠᠭᠠᠨ ᠤ ᠠᠵᠢᠯᠯᠠᠭ᠎ᠠ ᠶᠢᠨ ᠠᠴᠢ ᠬᠤᠯᠪᠣᠭᠳᠠᠯ ᠢ ᠤᠯᠠᠮ ᠨᠢᠭᠡ ᠠᠯᠬᠤᠮ ᠲᠣᠳᠣᠷᠬᠠᠶᠢᠯᠠᠭᠤᠯᠪᠠ ᠃ ᠠᠵᠢᠯᠯᠠᠭ᠎ᠠ ᠳᠡᠭᠡᠷ᠎ᠡ ᠂ ︽ ᠪᠦᠬᠦ ᠰᠢᠶᠠᠨ ᠤ ᠬᠡᠦᠬᠡᠳ ᠤᠨ ᠴᠡᠴᠡᠷᠯᠢᠭ ᠤᠨ ᠭᠡᠷ ᠤᠨ ᠭᠠᠳᠠᠨᠠᠬᠢ ᠪᠡᠶ᠎ᠡ ᠶᠢᠨ ᠲᠠᠮᠢᠷ ᠤᠨ ᠶᠡᠭᠡ ᠣᠷᠴᠢᠯ ᠵᠢᠴᠢ ᠪᠡᠶ᠎ᠡ ᠪᠠᠨ ᠳᠠᠭᠠᠭᠠᠭᠰᠠᠨ ᠲᠣᠭᠯᠠᠭᠠᠮ ᠤᠨ ᠤᠷᠤᠯᠳᠤᠭᠠᠨ ︾ ᠤ ᠰᠢᠯᠢᠳᠡᠭ ᠨᠢᠭᠡᠴᠡ ᠶᠢᠨ ᠱᠠᠩᠨᠠᠯ ᠣᠯᠭᠤᠵᠤ ᠂ ᠭᠤᠣᠯᠯᠠᠭᠴᠢ ᠪᠠᠭᠰᠢ ᠶᠢ ᠤᠷᠢᠵᠤ ᠠᠵᠢᠯᠯᠠᠭ᠎ᠠ ᠳᠤ ᠣᠷᠣᠯᠴᠠᠭᠰᠠᠨ ᠬᠡᠦᠬᠡᠳ ᠤᠨ ᠰᠤᠷᠭᠠᠨ ᠬᠥᠮᠦᠵᠢᠯ ᠪᠣᠯᠣᠨ ᠭᠡᠷ ᠤᠨ ᠠᠬᠠᠮᠠᠳ ᠤᠨ ᠲᠥᠯᠥᠭᠡᠯᠡᠭᠴᠢᠳ ᠢ ᠬᠤᠪᠢᠶᠠᠯᠴᠠᠭᠤᠯᠵᠤ ᠂ ᠬᠡᠦᠬᠡᠳ ᠤᠨ ᠴᠡᠴᠡᠷᠯᠢᠭ ᠤᠨ ᠰᠤᠷᠭᠠᠨ ᠬᠥᠮᠦᠵᠢᠯ - ᠶᠠᠭᠤ ᠶᠢ ᠵᠢᠭᠠᠵᠤ ᠬᠡᠷᠬᠢᠨ ᠵᠢᠭᠠᠨ ᠰᠤᠷᠭᠠᠬᠤ ᠂ ᠬᠡᠷᠬᠢᠨ ᠬᠡᠦᠬᠡᠳ ᠲᠤ ᠬᠠᠨᠢ ᠪᠣᠯᠵᠤ ᠨᠡᠩ ᠰᠠᠶᠢᠨ ᠦᠰᠦᠨ ᠪᠣᠶᠢᠵᠢᠬᠤ ᠶᠢ ᠲᠠᠶᠢᠯᠪᠤᠷᠢᠯᠠᠵᠤ ᠂ ᠤᠯᠠᠨ ᠳᠤ ᠮᠠᠰᠢ ᠶᠡᠭᠡ ᠠᠰᠢᠭ ᠬᠦᠷᠲᠡᠭᠡᠵᠦ ᠂ ᠡᠯᠪᠡᠭ ᠬᠤᠷᠢᠶᠠᠯᠲᠠ ᠣᠯᠪᠠ᠃      ᠡᠬᠢᠯᠡᠯᠲᠡ ᠶᠢᠨ ᠶᠣᠰᠣᠯᠠᠯ ᠳᠠᠭᠤᠰᠤᠭᠰᠠᠨ ᠤ ᠲᠠᠷᠠᠭ᠎ᠠ ᠂ ᠬᠤᠷᠠᠯ ᠳᠤ ᠣᠷᠣᠯᠴᠠᠭᠰᠠᠳ ᠰᠢᠶᠠᠨ ᠤ ᠬᠡᠦᠬᠡᠳ ᠤᠨ ᠴᠡᠴᠡᠷᠯᠢᠭ ᠤᠨ ᠨᠢᠭᠡᠳᠦᠭᠡᠷ ᠬᠤᠪᠢᠶᠠᠷᠢ ᠴᠡᠴᠡᠷᠯᠢᠭ ᠤᠨ ᠭᠡᠷ ᠤᠨ ᠭᠠᠳᠠᠨᠠᠬᠢ ᠠᠵᠢᠯᠯᠠᠭ᠎ᠠ ᠶᠢᠨ ᠦᠷ᠎ᠡ ᠪᠦᠲᠦᠭᠡᠯ ᠤᠨ ᠦᠵᠡᠭᠦᠯᠦᠯᠭᠡ ᠶᠢ ᠲᠤᠬᠠᠢ ᠶᠢᠨ ᠲᠠᠯᠠᠪᠠᠢ ᠳᠤ ᠲᠣᠭᠤᠷᠢᠨ ᠦᠵᠡᠭᠰᠡᠨ ᠪᠥᠭᠡᠳ ᠰᠢᠨᠵᠢᠯᠡᠬᠦ ᠤᠬᠠᠭᠠᠨᠴᠢ ᠪᠠᠷ ᠠᠰᠠᠷᠠᠨ ᠬᠥᠮᠥᠵᠢᠭᠦᠯᠬᠦ ᠠᠵᠢᠯ ᠢ ᠬᠡᠷᠬᠢᠨ ᠠᠬᠢᠭᠤᠯᠬᠤ ᠲᠤᠬᠠᠢ ᠰᠠᠨᠠᠯ ᠢᠶᠠᠨ ᠭᠦᠨᠵᠡᠭᠡᠢ ᠰᠣᠯᠢᠯᠴᠠᠪᠠ᠃ 
ᠢᠷᠡᠯᠲᠡ᠄ ᠦᠶᠤᠸᠠᠨ ᠰᠢᠶᠠᠨ ᠤ ᠠᠷᠠᠳ ᠤᠨ ᠵᠠᠰᠠᠭ ᠤᠨ ᠣᠷᠳᠤᠨ ᠤ ᠮᠣᠡᠭᠭᠤᠯ ᠰᠦᠯᠵᠢᠶ᠎ᠡ