ᠦᠶᠤᠸᠠᠨ ᠰᠢᠶᠠᠨ ᠬᠠᠷ᠎ᠠ ᠪᠦᠯᠦᠭᠲᠡᠨ ᠬᠠᠷᠭᠢᠰ ᠬᠦᠴᠦᠨ ᠢ ᠠᠷᠢᠯᠭᠠᠬᠤ ᠠᠵᠢᠯ ᠢ ᠠᠬᠢᠭᠤᠯᠬᠤ ᠬᠤᠷᠠᠯ ᠬᠤᠷᠠᠯᠳᠤᠪᠠ
ᠨᠡᠶᠢᠲᠡᠯᠡᠭᠰᠡᠨ ᠴᠠᠭ᠄
2024/5/27
      5 ᠰᠠᠷ᠎ᠠ ᠶᠢᠨ 23 ᠤ ᠡᠳᠦᠷ ᠂ ᠦᠶᠤᠸᠠᠨ ᠰᠢᠶᠠᠨ ᠤ ᠬᠠᠷ᠎ᠠ ᠪᠦᠯᠦᠭᠲᠡᠨ ᠬᠠᠷᠭᠢᠰ ᠬᠦᠴᠦᠨ ᠢ ᠠᠷᠢᠯᠭᠠᠬᠤ ᠲᠡᠮᠡᠴᠡᠯ ᠤᠨ ᠤᠳᠤᠷᠢᠳᠬᠤ ᠳᠤᠭᠤᠶᠢᠯᠠᠩ ᠤᠨ ᠠᠯᠪᠠᠨ ᠭᠡᠷ ᠤᠨ ᠠᠵᠢᠯ ᠢ ᠠᠬᠢᠭᠤᠯᠬᠤ ᠬᠤᠷᠠᠯ ᠵᠢᠴᠢ ᠭᠤᠣᠯᠳᠠᠯᠭ᠎ᠠ ᠲᠠᠢ ᠰᠦᠪᠡᠭᠴᠢ ᠶᠢᠨ ᠬᠡᠷᠡᠭ ᠢ ᠵᠠᠳᠠᠯᠤᠨ ᠰᠤᠳᠤᠯᠵᠤ ᠮᠠᠭᠠᠳᠯᠠᠬᠤ ᠬᠤᠷᠠᠯ ᠢ ᠵᠣᠬᠢᠶᠠᠨ ᠪᠠᠶᠢᠭᠤᠯᠵᠤ  ᠬᠤᠷᠠᠯᠳᠤᠪᠠ᠃ ᠰᠠᠬᠢᠯᠭ᠎ᠠ ᠪᠠᠲᠤ ᠪᠠᠶᠢᠴᠠᠭᠠᠬᠤ ᠬᠤᠷᠢᠶ᠎ᠠ ᠬᠢᠨᠠᠨ ᠪᠠᠶᠢᠴᠠᠭᠠᠬᠤ ᠵᠥᠪᠯᠡᠯ ᠂ ᠳᠣᠲᠣᠭᠠᠳᠤ ᠶᠢ ᠬᠠᠮᠠᠭᠠᠯᠠᠬᠤ ᠲᠣᠪᠴᠢᠶ᠎ᠠ ᠂ ᠪᠠᠶᠢᠴᠠᠭᠠᠬᠤ ᠬᠤᠷᠢᠶ᠎ᠠ ᠂ ᠰᠢᠭᠦᠬᠦ ᠬᠤᠷᠢᠶ᠎ᠠ ᠂ ᠬᠠᠤᠯᠢ ᠴᠠᠭᠠᠵᠠ ᠶᠢᠨ ᠲᠣᠪᠴᠢᠶ᠎ᠠ ᠶᠢᠨ ᠬᠤᠪᠢᠳᠠᠨ ᠬᠠᠮᠢᠶᠠᠷᠬᠤ ᠤᠳᠤᠷᠢᠳᠤᠯᠭ᠎ᠠ ᠪᠣᠯᠣᠨ ᠤᠯᠤᠰ ᠲᠦᠷᠦ ᠬᠠᠤᠯᠢ ᠴᠠᠭᠠᠵᠠ ᠶᠢᠨ ᠬᠤᠷᠢᠶ᠎ᠠ ᠶᠢᠨ ᠬᠠᠮᠢᠶ᠎ᠠ ᠪᠦᠬᠦᠢ ᠰᠠᠯᠠᠭ᠎ᠠ ᠲᠠᠰᠤᠭ ᠤᠨ ᠬᠠᠷᠢᠭᠤᠴᠠᠯᠭᠠᠲᠠᠨ ᠬᠤᠷᠠᠯ ᠳᠤ ᠣᠷᠣᠯᠴᠠᠪᠠ᠃       ᠬᠤᠷᠠᠯ ᠠᠴᠠ ᠴᠢᠬᠤᠯᠠᠴᠢᠯᠠᠭᠰᠠᠨ ᠨᠢ᠂ ᠤᠯᠤᠰ ᠲᠦᠷᠦ ᠶᠢᠨ ᠵᠣᠭᠰᠣᠴᠠ ᠪᠠᠨ ᠳᠡᠭᠡᠭᠰᠢᠯᠡᠭᠦᠯᠵᠦ ᠂ ᠲᠥᠪ ᠤᠨ ᠪᠠ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠶᠢᠨ ᠤᠯᠠᠨ ᠲᠦᠮᠡᠨ ᠤ ᠳᠡᠷᠭᠡᠳᠡᠬᠢ ᠲᠥᠪ ᠪᠤᠰᠤ ᠰᠤᠷᠲᠠᠯ ᠪᠣᠯᠣᠨ ᠢᠯᠵᠠᠷᠠᠯ ᠤᠨ ᠠᠰᠠᠭᠤᠳᠠᠯ ᠢ ᠲᠥᠪᠯᠡᠷᠡᠭᠦᠯᠦᠨ ᠴᠡᠭᠴᠡᠯᠡᠨ ᠵᠠᠰᠠᠬᠤ ᠠᠵᠢᠯ ᠤᠨ ᠱᠠᠭᠠᠷᠳᠠᠯᠭ᠎ᠠ ᠶᠢ ᠡᠷᠡᠰ ᠲᠤᠭᠤᠰᠢᠯᠠᠭᠤᠯᠤᠨ ᠨᠠᠶᠢᠳᠠᠪᠤᠷᠢᠵᠢᠭᠤᠯᠵᠤ ᠂ ᠬᠠᠷ᠎ᠠ ᠪᠦᠯᠦᠭᠲᠡᠨ ᠬᠠᠷᠭᠢᠰ ᠬᠦᠴᠦᠨ ᠤ ᠶᠠᠯᠠᠲᠤ ᠠᠵᠢᠯᠯᠠᠭ᠎ᠠ ᠲᠠᠢ ᠲᠡᠮᠡᠴᠡᠬᠦ ᠤᠷᠳᠤ ᠬᠤᠭᠤᠴᠠᠭᠠᠲᠤ ᠴᠢᠨᠠᠷ ᠂ ᠪᠤᠳᠤᠯᠢᠶᠠᠨᠲᠤ ᠴᠢᠨᠠᠷ ᠂ ᠪᠡᠷᠬᠡ ᠬᠠᠲᠠᠭᠤᠵᠢᠯᠲᠤ ᠴᠢᠨᠠᠷ ᠢ ᠭᠦᠢᠴᠡᠳ ᠲᠠᠨᠢᠵᠤ ᠂ ᠬᠠᠷ᠎ᠠ ᠪᠦᠯᠦᠭᠲᠡᠨ ᠬᠠᠷᠭᠢᠰ ᠬᠦᠴᠦᠨ ᠵᠢᠴᠢ ᠲᠡᠭᠦᠨ ᠤ ᠬᠠᠮᠠᠭᠠᠯᠠᠭᠴᠢ ᠰᠢᠬᠦᠷ ᠲᠤ ᠡᠷᠡᠰ ᠭᠤᠶᠢᠪᠢᠰᠢ ᠦᠭᠡᠢ ᠴᠢᠩᠭ᠎ᠠ ᠴᠣᠬᠢᠯᠲᠠ ᠥᠭᠴᠦ ᠂ ︽ ᠲᠣᠰᠬᠤᠨ ᠤ ᠡᠵᠡᠷᠬᠡᠭᠴᠢ ︾ ᠵᠡᠷᠭᠡ ᠬᠠᠷ᠎ᠠ ᠪᠦᠯᠦᠭᠲᠡᠨ ᠬᠠᠷᠭᠢᠰ ᠬᠦᠴᠦᠨ ᠤ ᠡᠭᠦᠰᠴᠦ ᠳᠡᠯᠭᠡᠷᠡᠬᠦ ᠶᠢ ᠦᠨᠳᠦᠰᠦᠨ ᠠᠴᠠ ᠨᠢ ᠬᠤᠷᠢᠭᠯᠠᠵᠤ ᠂ ᠠᠷᠠᠳ ᠲᠦᠮᠡᠨ ᠤ ᠠᠮᠤᠷ ᠲᠠᠶᠢᠪᠤᠩ ᠠᠵᠤ ᠲᠦᠷᠦᠭᠦ ᠂ ᠨᠡᠶᠢᠭᠡᠮ ᠤᠨ ᠠᠮᠤᠷ ᠲᠣᠭᠲᠠᠭᠤᠨ ᠡᠮᠬᠢ ᠳᠢᠭᠯᠢᠮ ᠲᠠᠢ ᠪᠠᠶᠢᠬᠤ ᠶᠢ ᠪᠠᠲᠤᠯᠠᠬᠤ ᠬᠡᠷᠡᠭᠲᠡᠢ ᠃ ᠠᠵᠢᠯ ᠤᠨ ᠭᠤᠣᠯᠳᠠᠯᠭ᠎ᠠ ᠪᠠᠨ ᠳᠣᠪᠤᠶᠢᠯᠭᠠᠵᠤ ᠃ ︽ ᠲᠣᠰᠬᠤᠨ ᠤ ᠡᠵᠡᠷᠬᠡᠭᠴᠢ ︾ ᠵᠡᠷᠭᠡ ᠬᠠᠷ᠎ᠠ ᠪᠦᠯᠦᠭᠲᠡᠨ ᠬᠠᠷᠭᠢᠰ ᠬᠦᠴᠦᠨ ᠢ ᠲᠥᠪᠯᠡᠷᠡᠭᠦᠯᠦᠨ ᠴᠡᠭᠴᠡᠯᠡᠨ ᠵᠠᠰᠠᠬᠤ ᠠᠵᠢᠯ ᠢ ᠥᠷᠨᠢᠭᠦᠯᠬᠦ ᠪᠠᠷ ᠭᠤᠣᠯᠳᠠᠯᠭ᠎ᠠ ᠪᠣᠯᠭᠠᠵᠤ ᠂ ᠢᠯᠡᠴᠢᠯᠡᠨ ᠮᠡᠳᠡᠭᠦᠯᠬᠦ ᠠᠷᠭ᠎ᠠ ᠵᠠᠮ ᠢ ᠰᠠᠭᠠᠳ ᠦᠭᠡᠢ ᠨᠠᠪᠲᠠᠷᠡᠭᠦᠯᠵᠦ ᠂ ᠬᠠᠤᠯᠢ ᠶᠣᠰᠣᠭᠠᠷ ᠴᠣᠬᠢᠯᠲᠠ ᠥᠭᠬᠦ ᠶᠢ ᠴᠢᠩᠭᠠᠳᠬᠠᠵᠤ ᠂ ᠠᠵᠢᠯ ᠲᠦᠷᠦᠯ ᠢ ᠴᠡᠭᠴᠡᠯᠡᠨ ᠵᠠᠰᠠᠬᠤ ᠶᠢ ᠭᠦᠨᠵᠡᠭᠡᠶᠢᠷᠡᠭᠦᠯᠵᠦ ᠂ ᠬᠠᠷᠢᠯᠴᠠᠨ ᠬᠠᠮᠵᠢᠯᠴᠠᠬᠤ ᠪᠠᠨ ᠴᠢᠩᠭᠠᠳᠬᠠᠵᠤ ᠂ ᠲᠥᠪ ᠪᠤᠰᠤ ᠰᠤᠷᠲᠠᠯ ᠢ ᠴᠡᠭᠴᠡᠯᠡᠨ ᠵᠠᠰᠠᠬᠤ ᠪᠠ ᠠᠷᠤ ᠳᠠᠬᠢ ᠢᠯᠵᠠᠷᠠᠯ ᠤᠨ ᠠᠰᠠᠭᠤᠳᠠᠯ ᠢ ᠴᠢᠩᠭ᠎ᠠ ᠪᠠᠶᠢᠴᠠᠭᠠᠵᠤ ᠂ ᠲᠥᠪᠯᠡᠷᠡᠭᠦᠯᠦᠨ ᠴᠡᠭᠴᠡᠯᠡᠨ ᠵᠠᠰᠠᠬᠤ ᠡᠯ᠎ᠡ ᠵᠦᠢᠯ ᠤᠨ ᠡᠭᠦᠷᠭᠡ ᠶᠢ ᠴᠢᠨᠠᠷ ᠰᠠᠶᠢᠲᠠᠢ ᠪᠡᠶᠡᠯᠡᠭᠦᠯᠦᠨ᠎ᠡ᠃       ᠬᠤᠷᠠᠯ ᠠᠴᠠ ᠱᠠᠭᠠᠷᠳᠠᠭᠰᠠᠨ ᠨᠢ᠂ ᠤᠯᠤᠰ ᠲᠦᠷᠦ ᠬᠠᠤᠯᠢ ᠴᠠᠭᠠᠵᠠ ᠶᠢᠨ ᠡᠯ᠎ᠡ ᠰᠠᠯᠠᠭ᠎ᠠ ᠮᠥᠴᠢᠷ ᠤᠨ ᠬᠢᠨ ᠡᠷᠬᠡᠪᠰᠢ ᠣᠮᠤᠭ ᠵᠣᠷᠢᠭ ᠢᠶᠠᠨ ᠬᠥᠪᠴᠢᠯᠡᠵᠦ ᠂ ︽ ᠠᠮᠢᠰᠬᠤᠭ᠎ᠠ ᠪᠠᠨ  ᠲᠠᠶᠢᠪᠤᠰᠢᠷᠠᠭᠤᠯᠵᠦ᠂ ᠬᠥᠯ ᠢᠶᠠᠨ ᠠᠮᠠᠷᠠᠭᠤᠯᠬᠤ ︾ ᠬᠤᠶᠢᠷᠭᠤᠰᠢᠬᠤ ᠦᠵᠡᠯ ᠰᠠᠨᠠᠭ᠎ᠠ ᠶᠢ ᠡᠷᠡᠰ ᠲᠠᠶᠠᠭᠳᠠᠬᠤ ᠬᠡᠷᠡᠭᠲᠡᠢ ᠃ ᠣᠨᠴᠠᠭᠠᠶᠢᠯᠠᠨ ᠭᠤᠣᠯᠳᠠᠯᠭ᠎ᠠ ᠲᠠᠢ ᠰᠦᠪᠡᠭᠴᠢ ᠶᠢᠨ ᠬᠡᠷᠡᠭ ᠲᠤ ᠬᠠᠮᠵᠢᠯᠴᠠᠨ ᠬᠠᠷᠢᠭᠤᠴᠠᠵᠤ ᠂ ᠬᠠᠷ᠎ᠠ ᠪᠦᠯᠦᠭᠲᠡᠨ ᠬᠠᠷᠭᠢᠰ ᠬᠦᠴᠦᠨ ᠳᠤ ᠬᠤᠯᠪᠣᠭᠳᠠᠭᠰᠠᠨ ᠬᠡᠷᠡᠭ ᠢ ᠪᠥᠬᠦ ᠬᠦᠴᠦᠨ ᠢᠶᠠᠷ ᠢᠶᠠᠨ ᠬᠠᠮᠵᠢᠯᠴᠠᠨ ᠰᠢᠢᠳᠪᠦᠷᠢᠯᠡᠬᠦ ᠬᠡᠷᠡᠭᠲᠡᠢ ᠃ ᠰᠠᠬᠢᠯᠭ᠎ᠠ ᠪᠠᠲᠤ ᠪᠠᠶᠢᠴᠠᠭᠠᠬᠤ ᠬᠢᠨᠠᠨ ᠪᠠᠶᠢᠴᠠᠭᠠᠬᠤ ᠰᠠᠯᠠᠭ᠎ᠠ ᠮᠥᠴᠢᠷ ᠯᠦᠭᠡ ᠶᠢᠨ ᠨᠡᠪᠲᠡᠷᠡᠯᠴᠡᠭᠡ ᠬᠠᠷᠢᠯᠴᠠᠭ᠎ᠠ ᠪᠠᠨ ᠴᠢᠩᠭᠠᠳᠬᠠᠵᠤ ᠂ ᠬᠠᠷ᠎ᠠ ᠪᠦᠯᠦᠭᠲᠡᠨ ᠬᠠᠷᠭᠢᠰ ᠬᠦᠴᠦᠨ ᠤ ᠡᠭᠦᠰᠦᠭᠰᠡᠨ ᠦᠨᠳᠦᠰᠦ ᠰᠤᠷᠪᠤᠯᠵᠢ ᠶᠢ ᠭᠦᠨ ᠠᠭᠤᠳᠠᠯᠵᠤ ᠂ ᠬᠠᠷ᠎ᠠ ᠪᠦᠯᠦᠭᠲᠡᠨ ᠬᠠᠷᠭᠢᠰ ᠬᠦᠴᠦᠨ ᠤ ᠣᠷᠣᠰᠢᠨ ᠲᠣᠭᠲᠠᠨᠢᠬᠤ ᠰᠠᠭᠤᠷᠢ ᠶᠢ ᠠᠷᠢᠯᠭᠠᠵᠤ ᠂ ᠠᠯᠪᠠᠨ ᠲᠤᠰᠢᠶᠠᠯᠲᠠᠨ ᠤ ᠬᠠᠷ᠎ᠠ ᠪᠦᠯᠦᠭᠲᠡᠨ ᠬᠠᠷᠭᠢᠰ ᠬᠦᠴᠦᠨ ᠳᠤ ᠬᠤᠯᠪᠣᠭᠳᠠᠭᠰᠠᠨ ᠬᠠᠤᠯᠢ ᠠᠴᠠ ᠵᠥᠷᠢᠴᠡᠭᠰᠡᠨ ᠶᠠᠯᠠᠲᠤ ᠠᠵᠢᠯᠯᠠᠭ᠎ᠠ ᠶᠢ ᠴᠢᠩᠭ᠎ᠠ ᠰᠢᠳᠭᠡᠵᠦ ᠂ ᠬᠠᠷ᠎ᠠ ᠪᠦᠯᠦᠭᠲᠡᠨ ᠬᠠᠷᠭᠢᠰ ᠬᠦᠴᠦᠨ ᠢ ᠪᠦᠬᠦᠨ ᠢ ᠠᠷᠢᠯᠭᠠᠵᠤ ᠂ ᠪᠦᠬᠦ ᠰᠢᠶᠠᠨ ᠤ ᠠᠵᠤ ᠠᠬᠤᠢ ᠨᠡᠶᠢᠭᠡᠮ ᠤᠨ ᠶᠡᠭᠡ ᠲᠠᠯ᠎ᠠ ᠶᠢᠨ ᠲᠣᠭᠲᠠᠭᠤᠨ ᠢ ᠦᠨᠡᠨᠬᠦ ᠬᠠᠮᠠᠭᠠᠯᠠᠬᠤ ᠬᠡᠷᠡᠭᠲᠡᠢ ᠃ ᠬᠠᠷ᠎ᠠ ᠪᠦᠯᠦᠭᠲᠡᠨ ᠬᠠᠷᠭᠢᠰ ᠬᠦᠴᠦᠨ ᠢ ᠠᠷᠢᠯᠭᠠᠬᠤ ᠲᠡᠮᠡᠴᠡᠯ ᠢ ᠲᠠᠰᠤᠷᠠᠯᠲᠠ ᠦᠭᠡᠢ ᠭᠦᠨᠵᠡᠭᠡᠶᠢᠷᠡᠭᠦᠯᠦᠨ ᠬᠥᠭᠵᠢᠭᠦᠯᠪᠡ᠃ 
ᠢᠷᠡᠯᠲᠡ᠄ ᠦᠶᠤᠸᠠᠨ ᠰᠢᠶᠠᠨ ᠤ ᠠᠷᠠᠳ ᠤᠨ ᠵᠠᠰᠠᠭ ᠤᠨ ᠣᠷᠳᠤᠨ ᠤ ᠮᠣᠡᠭᠭᠤᠯ ᠰᠦᠯᠵᠢᠶ᠎ᠡ