ᠶᠡᠷᠦᠩᠬᠡᠢ ᠪᠡᠯᠡ ᠣᠷᠣᠭᠤᠯᠤᠯᠲᠠ ᠨᠢ 3200 ᠲᠦᠮᠡᠨ ᠲᠥᠭᠦᠷᠢᠭ︕ ᠦᠶᠤᠸᠠᠨ ᠰᠢᠶᠠᠨ ᠯᠦᠩ ᠰᠢᠩ ᠴᠠᠩ ᠪᠠᠯᠭᠠᠰᠤᠨ ᠤ ᠪᠣᠬᠢᠷ ᠤᠰᠤ ᠰᠢᠢᠳᠪᠦᠷᠢᠯᠡᠬᠦ ᠦᠢᠯᠡᠳᠪᠦᠷᠢ ᠶᠢᠨ ᠪᠣᠬᠢᠷ ᠰᠢᠪᠠᠷ ᠢ ᠰᠢᠢᠳᠪᠦᠷᠢᠯᠡᠬᠦ ᠲᠥᠷᠥᠯ ᠵᠦᠢᠯ ᠢ ᠲᠦᠷᠭᠡᠳᠬᠡᠨ ᠬᠡᠷᠡᠭᠵᠢᠭᠦᠯᠪᠡ
ᠨᠡᠶᠢᠲᠡᠯᠡᠭᠰᠡᠨ ᠴᠠᠭ᠄
2024/5/27
      ᠣᠶᠢᠷ᠎ᠠ ᠳᠤ ᠂ ᠰᠤᠷᠪᠤᠯᠵᠢᠯᠠᠭᠴᠢ ᠦᠶᠤᠸᠠᠨ ᠰᠢᠶᠠᠨ ᠤ ᠪᠣᠬᠢᠷ ᠤᠰᠤ ᠰᠢᠢᠳᠪᠦᠷᠢᠯᠡᠬᠦ ᠦᠢᠯᠡᠳᠪᠦᠷᠢ ᠠᠴᠠ ᠣᠶᠢᠯᠠᠭᠠᠭᠰᠠᠨ ᠢᠶᠠᠷ ᠂ ᠤᠯᠤᠰ ᠤᠨ ᠲᠥᠷᠥ ᠶᠢᠨ ᠪᠣᠳᠣᠯᠭ᠎ᠠ ᠶᠢ ᠢᠳᠡᠪᠬᠢᠲᠡᠢ ᠴᠤᠤᠷᠢᠶᠠᠲᠤᠨ ᠳᠠᠭᠠᠵᠤ ᠂ ᠯᠦᠩ ᠰᠢᠩ ᠴᠠᠩ ᠪᠠᠯᠭᠠᠰᠤᠨ ᠤ ᠠᠮᠢᠳᠤᠷᠠᠯ ᠤᠨ ᠪᠣᠬᠢᠷ ᠤᠰᠤ ᠰᠢᠢᠳᠪᠦᠷᠢᠯᠡᠬᠦ ᠲᠥᠬᠦᠭᠡᠷᠦᠮᠵᠢ ᠶᠢᠨ ᠪᠦᠲᠦᠭᠡᠨ ᠪᠠᠶᠢᠭᠤᠯᠤᠯᠲᠠ ᠶᠢᠨ ᠳᠤᠲᠠᠭᠤᠳᠠᠯ ᠢ ᠲᠦᠷᠭᠡᠨ ᠨᠥᠬᠦᠪᠦᠷᠢᠯᠡᠵᠦ ᠂ ᠪᠦᠬᠦ ᠰᠢᠶᠠᠨ ᠤ ᠬᠤᠳᠠ ᠶᠢᠨ ᠶᠠᠪᠤᠳᠠᠯ ᠤᠨ ᠪᠣᠬᠢᠷ ᠰᠢᠪᠠᠷ ᠢ ᠰᠢᠢᠳᠪᠦᠷᠢᠯᠡᠬᠦ ᠠᠵᠢᠯ ᠲᠦᠷᠦᠯ ᠤᠨ ᠲᠦᠷᠭᠡᠨ ᠬᠥᠭᠵᠢᠯᠲᠡ ᠶᠢ ᠠᠬᠢᠭᠤᠯᠵᠤ ᠂ ᠰᠠᠭᠤᠭᠠᠯᠢ ᠠᠷᠠᠳ ᠤᠨ ᠠᠮᠢᠳᠤᠷᠠᠯ ᠤᠨ ᠣᠷᠴᠢᠨ ᠲᠣᠭᠤᠷᠢᠨ ᠢ ᠰᠠᠶᠢᠵᠢᠷᠠᠭᠤᠯᠬᠤ ᠶᠢᠨ ᠲᠥᠯᠥᠭᠡ᠂ ᠦᠶᠤᠸᠠᠨ ᠰᠢᠶᠠᠨ ᠯᠦᠩ ᠰᠢᠩ ᠴᠠᠩ ᠪᠠᠯᠭᠠᠰᠤᠨ ᠤ ᠪᠣᠬᠢᠷ ᠤᠰᠤ ᠰᠢᠢᠳᠪᠦᠷᠢᠯᠡᠬᠦ ᠦᠢᠯᠡᠳᠪᠦᠷᠢ ᠶᠢᠨ ᠪᠣᠬᠢᠷ ᠰᠢᠪᠠᠷ ᠢ ᠰᠢᠢᠳᠪᠦᠷᠢᠯᠡᠬᠦ ᠲᠦᠷᠦᠯ ᠵᠦᠢᠯ ᠢ ᠬᠡᠷᠡᠭᠵᠢᠭᠦᠯᠪᠡ᠃      ᠲᠣᠰ ᠲᠥᠷᠥᠯ ᠵᠦᠢᠯ ᠳᠤ ᠨᠡᠶᠢᠲᠡ 3200 ᠲᠦᠮᠡᠨ ᠲᠥᠭᠦᠷᠢᠭ ᠤᠨ ᠪᠡᠯᠡ ᠣᠷᠣᠭᠤᠯᠬᠤ ᠪᠠᠷ ᠲᠥᠯᠥᠪᠯᠡᠵᠦ ᠂ ᠨᠢᠭᠡᠨ ᠰᠠᠭᠤᠷᠢ ᠬᠡᠪᠴᠢᠶ᠎ᠡ ᠨᠢ 40 ᠲᠣᠨ / ᠡᠳᠦᠷ ᠤᠨ ᠪᠣᠬᠢᠷ ᠰᠢᠪᠠᠷ ᠰᠢᠢᠳᠪᠦᠷᠢᠯᠡᠬᠦ ᠦᠢᠯᠡᠳᠪᠦᠷᠢ ᠶᠢ ᠰᠢᠨ᠎ᠡ ᠪᠠᠷ ᠪᠠᠶᠢᠭᠤᠯᠵᠤ ᠂ ᠨᠡᠷᠡᠨ ᠤ ᠡᠨᠧᠷᠭᠢ ᠶᠢᠨ ᠬᠠᠭᠤᠷᠠᠢ ᠤᠷᠠᠯᠠᠯ ᠢ ᠬᠡᠷᠡᠭᠯᠡᠨ ᠦᠶᠤᠸᠠᠨ ᠰᠢᠶᠠᠨ ᠤ ᠯᠦᠩ ᠰᠢᠩ ᠴᠠᠩ ᠪᠠᠯᠭᠠᠰᠤᠨ ᠤ ᠪᠣᠬᠢᠷ ᠤᠰᠤ ᠰᠢᠢᠳᠪᠦᠷᠢᠯᠡᠬᠦ ᠦᠢᠯᠡᠳᠪᠦᠷᠢ ᠶᠢᠨ ᠤᠰᠤ ᠠᠭᠤᠯᠬᠤ ᠨᠣᠷᠮ᠎ᠠ ᠶᠢᠨ 80% ᠠᠴᠠ ᠳᠣᠣᠷ᠎ᠠ ᠪᠣᠯᠭᠠᠨ᠎ᠠ ᠃ ᠪᠠᠷᠢᠯᠭ᠎ᠠ ᠶᠢ 2023 ᠣᠨ ᠤ 9 ᠰᠠᠷ᠎ᠠ ᠠᠴᠠ ᠡᠬᠢᠯᠡᠨ ᠬᠡᠷᠡᠭᠵᠢᠭᠦᠯᠵᠦ ᠂ ᠣᠳᠣᠬᠠᠨ ᠳᠤ ᠶᠠᠭ ᠰᠢᠷᠣᠢ ᠶᠢᠨ ᠪᠠᠷᠢᠯᠭ᠎ᠠ ᠶᠢᠨ ᠠᠵᠢᠯ ᠤᠨ ᠪᠣᠯᠣᠳ ᠪᠦᠲᠦᠴᠡ ᠶᠢ ᠤᠭᠰᠠᠷᠠᠬᠤ ᠠᠵᠢᠯ ᠢ ᠬᠢᠵᠦ ᠪᠠᠶᠢᠨ᠎ᠠ ᠂ ᠡᠨᠡ ᠵᠢᠯ ᠤᠨ 9 ᠰᠠᠷ᠎ᠠ ᠶᠢᠨ ᠡᠬᠢ ᠪᠠᠷ ᠲᠤᠷᠰᠢᠨ ᠠᠵᠢᠯᠯᠠᠬᠤ ᠳᠤ ᠣᠷᠣᠭᠤᠯᠬᠤ ᠪᠠᠷ ᠲᠥᠯᠥᠪᠯᠡᠵᠦ ᠪᠠᠶᠢᠨ᠎ᠠ᠃      ᠦᠶᠤᠸᠠᠨ ᠰᠢᠶᠠᠨ ᠤ ᠪᠣᠬᠢᠷ ᠤᠰᠤ ᠰᠢᠢᠳᠪᠦᠷᠢᠯᠡᠬᠦ ᠦᠢᠯᠡᠳᠪᠦᠷᠢ ᠶᠢᠨ ᠳᠡᠳ᠋ ᠳᠠᠷᠤᠭ᠎ᠠ ᠦ᠋ ᠶᠢᠨ ᠫᠢᠩ ᠤᠨ ᠲᠠᠨᠢᠯᠴᠠᠭᠤᠯᠤᠭᠰᠠᠨ ᠢᠶᠠᠷ  ᠂ ᠪᠠᠶᠢᠴᠠᠭᠠᠨ ᠰᠢᠯᠭᠠᠬᠤ ᠪᠠᠷ ᠳᠡᠮᠵᠢᠨ ᠂ ᠪᠣᠬᠢᠷ ᠤᠰᠤ ᠰᠢᠢᠳᠪᠦᠷᠢᠯᠡᠬᠦ ᠦᠢᠯᠡᠳᠪᠦᠷᠢ ᠶᠢᠨ ᠦᠯᠡᠳᠡᠭᠰᠡᠨ ᠪᠣᠬᠢᠷ ᠰᠢᠪᠠᠷ ᠤᠨ ᠤᠰᠤ ᠠᠭᠤᠯᠬᠤ ᠨᠣᠷᠮ᠎ᠠ ᠶᠢ ᠭᠠᠷᠭᠠᠪᠠᠯ ᠂ ᠪᠤᠰᠤᠳ   ᠨᠢ ᠴᠥᠮ ︽ ᠬᠤᠲᠠ ᠪᠠᠯᠭᠠᠰᠤᠨ ᠤ ᠪᠣᠬᠢᠷ ᠤᠰᠤ ᠰᠢᠢᠳᠪᠦᠷᠢᠯᠡᠬᠦ ᠦᠢᠯᠡᠳᠪᠦᠷᠢ ᠶᠢᠨ ᠪᠣᠬᠢᠷ ᠰᠢᠪᠠᠷ ᠢ ᠰᠢᠢᠳᠪᠦᠷᠢᠯᠡᠬᠦ ᠴᠡᠴᠡᠷᠯᠢᠭ ᠤᠨ ᠨᠣᠭᠤᠭᠠᠷᠠᠭᠤᠯᠤᠯᠲᠠ ᠳᠤ ᠬᠡᠷᠡᠭᠯᠡᠬᠦ ᠰᠢᠪᠠᠷ ᠤᠨ ᠴᠢᠨᠠᠷ ᠤᠨ ᠪᠠᠷᠢᠮᠵᠢᠶ᠎ᠠ ︾ ᠶᠢᠨ ᠱᠠᠭᠠᠷᠳᠠᠯᠭ᠎ᠠ ᠶᠢ ᠬᠠᠩᠭᠠᠵᠤ ᠂ ᠪᠣᠬᠢᠷ ᠰᠢᠪᠠᠷ ᠢ ᠰᠢᠢᠳᠪᠦᠷᠢᠯᠡᠬᠦ ᠲᠥᠷᠥᠯ ᠵᠦᠢᠯ ᠪᠠᠶᠢᠭᠤᠯᠤᠭᠳᠠᠭᠰᠠᠨ ᠤ ᠳᠠᠷᠠᠭ᠎ᠠ᠂ ᠤᠰᠤ ᠠᠭᠤᠯᠬᠤ ᠨᠣᠷᠮ᠎ᠠ ᠨᠢ ᠲᠣᠰ ᠪᠠᠷᠢᠮᠵᠢᠶ᠎ᠠ ᠶᠢᠨ ᠱᠠᠭᠠᠷᠳᠠᠯᠭ᠎ᠠ ᠶᠢ ᠪᠦᠷᠢᠮᠦᠰᠦᠨ ᠬᠠᠩᠭᠠᠵᠤ ᠂ ᠬᠤᠭ ᠨᠣᠪᠰᠢ ᠪᠤᠯᠠᠬᠤ ᠲᠠᠯᠠᠪᠠᠶ ᠳᠤ ᠳᠠᠷᠢᠬᠤ ᠳᠤ ᠬᠡᠷᠡᠭᠯᠡᠬᠦ ᠰᠢᠷᠣᠢ ᠂ ᠭᠠᠵᠠᠷ ᠰᠢᠷᠣᠢ ᠶᠢ ᠰᠠᠶᠢᠵᠢᠷᠠᠭᠤᠯᠬᠤ ᠂ ᠠᠲᠠᠷ ᠭᠠᠵᠠᠷ ᠢ ᠣᠶᠢᠵᠢᠭᠤᠯᠬᠤ ᠂ ᠴᠢᠬᠢ ᠮᠣᠳᠣ ᠠᠷᠠᠴᠢᠯᠠᠨ ᠪᠣᠶᠢᠵᠢᠭᠤᠯᠬᠤ ᠂ ᠴᠡᠴᠡᠷᠯᠢᠭ ᠤᠨ ᠨᠣᠭᠤᠭᠠᠷᠠᠭᠤᠯᠤᠯᠲᠠ ᠵᠡᠷᠭᠡ ᠳᠤ ᠬᠡᠷᠡᠭᠯᠡᠬᠦ ᠪᠠᠷ ᠲᠥᠯᠥᠪᠯᠡᠵᠦ ᠪᠣᠶ ᠃ 
ᠢᠷᠡᠯᠲᠡ᠄ ᠦᠶᠤᠸᠠᠨ ᠰᠢᠶᠠᠨ ᠤ ᠠᠷᠠᠳ ᠤᠨ ᠵᠠᠰᠠᠭ ᠤᠨ ᠣᠷᠳᠤᠨ ᠤ ᠮᠣᠡᠭᠭᠤᠯ ᠰᠦᠯᠵᠢᠶ᠎ᠡ