ᠰᠢᠶᠠᠨ ᠤ ᠤᠯᠤᠰ ᠲᠥᠷᠥ ᠶᠢᠨ ᠵᠥᠪᠯᠡᠯᠭᠡᠨ ᠢᠳᠡᠭᠡᠨ ᠤᠮᠳᠠᠭᠠᠨ ᠢ ᠪᠦᠷᠢᠯᠭᠡᠨ ᠰᠦᠢᠳᠬᠡᠬᠦ ᠶᠢ ᠬᠤᠷᠢᠭᠯᠠᠨ ᠵᠣᠭᠰᠤᠭᠠᠬᠤ ᠠᠵᠢᠯ ᠢ ᠠᠬᠢᠭᠤᠯᠤᠭᠰᠠᠨ ᠪᠠᠶᠢᠳᠠᠯ ᠢ ᠪᠠᠶᠢᠴᠠᠭᠠᠨ ᠰᠤᠳᠤᠯᠪᠠ
ᠨᠡᠶᠢᠲᠡᠯᠡᠭᠰᠡᠨ ᠴᠠᠭ᠄
2024/5/27
      5 ᠰᠠᠷ᠎ᠠ ᠶᠢᠨ 23 ᠤ ᠡᠳᠦᠷ ᠂ ᠰᠢᠶᠠᠨ ᠤ ᠤᠯᠤᠰ ᠲᠦᠷᠦ ᠶᠢᠨ ᠵᠥᠪᠯᠡᠯᠭᠡᠨ ᠤ ᠪᠠᠶᠢᠴᠠᠭᠠᠨ ᠰᠤᠳᠤᠯᠬᠤ ᠳᠤᠭᠤᠶᠢᠯᠠᠩ ᠮᠠᠨ ᠤ ᠰᠢᠶᠠᠨ ᠤ ᠬᠡᠰᠡᠭ ᠰᠤᠷᠭᠠᠭᠤᠯᠢ ᠵᠢᠴᠢ ᠢᠳᠡᠭᠡᠨ ᠤᠮᠳᠠᠭᠠᠨ ᠤ ᠠᠵᠤ ᠠᠬᠤᠶᠢᠯᠠᠯ ᠳᠤ ᠬᠦᠷᠴᠦ ᠂ ᠢᠳᠡᠭᠡᠨ ᠤᠮᠳᠠᠭᠠᠨ ᠢ ᠪᠦᠷᠢᠯᠭᠡᠨ ᠰᠦᠢᠳᠬᠡᠬᠦ ᠶᠢ ᠬᠤᠷᠢᠭᠯᠠᠬᠤ ᠵᠡᠷᠭᠡ ᠡᠯ᠎ᠡ ᠵᠦᠢᠯ ᠤᠨ ᠠᠵᠢᠯ ᠢ ᠠᠬᠢᠭᠤᠯᠤᠭᠰᠠᠨ ᠪᠠᠶᠢᠳᠠᠯ ᠤᠨ ᠲᠤᠬᠠᠢ ᠪᠠᠶᠢᠴᠠᠭᠠᠨ ᠰᠤᠳᠤᠯᠤᠯᠲᠠ ᠬᠢᠭᠰᠡᠨ ᠪᠥᠭᠡᠳ ᠶᠠᠷᠢᠯᠴᠠᠬᠤ ᠬᠤᠷᠠᠯ ᠬᠤᠷᠠᠯᠳᠤᠪᠠ᠃ ᠰᠢᠶᠠᠨ ᠤ ᠤᠯᠤᠰ ᠲᠦᠷᠦ ᠶᠢᠨ ᠵᠥᠪᠯᠡᠯᠭᠡᠨ ᠤ ᠲᠡᠷᠢᠭᠦᠯᠡᠭᠴᠢ ᠵᠠᠨ ᠮᠧᠢ ᠂ ᠵᠠᠰᠠᠭ ᠤᠨ ᠣᠷᠳᠣᠨ ᠤ ᠳᠡᠳ᠋ ᠰᠢᠶᠠᠨ ᠤ ᠳᠠᠷᠤᠭ᠎ᠠ ᠱᠤᠤ ᠶᠦᠩ ᠪᠢᠨ ᠂ ᠰᠢᠶᠠᠨ ᠤ ᠤᠯᠤᠰ ᠲᠦᠷᠦ ᠶᠢᠨ ᠵᠥᠪᠯᠡᠯᠭᠡᠨ ᠤ ᠳᠡᠳ᠋ ᠲᠡᠷᠢᠭᠦᠯᠡᠭᠴᠢ ᠸᠠᠩ ᠯᠢ ᠰᠢᠶᠠ ᠪᠠᠶᠢᠴᠠᠭᠠᠨ ᠰᠤᠳᠤᠯᠤᠯᠲᠠ ᠳᠤ ᠣᠷᠣᠯᠴᠠᠪᠠ᠃      ᠪᠠᠶᠢᠴᠠᠭᠠᠨ ᠰᠤᠳᠤᠯᠬᠤ ᠳᠤᠭᠤᠶᠢᠯᠠᠩ ᠦᠶᠤᠸᠠᠨ ᠰᠢᠶᠠᠨ ᠤ ᠳᠡᠭᠡᠳᠦ ᠵᠡᠷᠭᠡ ᠶᠢᠨ ᠠᠵᠢᠯ ᠮᠡᠷᠭᠡᠵᠢᠯ ᠤᠨ ᠳᠤᠮᠳᠠᠳᠤ ᠰᠤᠷᠭᠠᠭᠤᠯᠢ ᠂ ᠰᠢᠩ ᠶᠤᠸᠠᠨ ᠬᠤᠭᠤᠯᠠᠨ ᠭᠡᠷ ᠂ ᠶᠢᠨ ᠪᠠᠢ ᠹᠦ᠋ ᠲᠣᠮᠣ ᠪᠠᠭᠤᠳᠠᠯ ᠂ ᠶᠤᠸᠠᠨ ᠤᠣ ᠲᠣᠮᠣ ᠪᠠᠭᠤᠳᠠᠯ ᠵᠡᠷᠭᠡ ᠭᠠᠵᠠᠷ ᠲᠤ ᠬᠦᠷᠴᠦ ᠂ ᠲᠤᠬᠠᠢ ᠶᠢᠨ ᠭᠠᠵᠠᠷ ᠲᠤᠨᠢ ᠪᠠᠶᠢᠴᠠᠭᠠᠨ ᠦᠵᠡᠬᠦ ᠂ ᠲᠠᠨᠢᠯᠴᠠᠭᠤᠯᠭ᠎ᠠ ᠶᠢ ᠰᠣᠨᠣᠰᠬᠤ ᠵᠡᠷᠭᠡ ᠠᠷᠭ᠎ᠠ ᠮᠠᠶ᠋ᠢᠭ ᠢᠶᠠᠷ ᠳᠠᠮᠵᠢᠭᠤᠯᠤᠨ ᠂ ᠰᠤᠷᠭᠠᠭᠤᠯᠢ ᠵᠢᠴᠢ ᠡᠯ᠎ᠡ ᠢᠳᠡᠭᠡᠨ ᠤᠮᠳᠠᠭᠠᠨ ᠤ ᠠᠵᠤ ᠠᠬᠤᠶᠢᠯᠠᠯ ᠤᠨ ᠢᠳᠡᠭᠡᠨ ᠤᠮᠳᠠᠭᠠᠨ ᠢ ᠪᠦᠷᠢᠯᠭᠡᠨ ᠰᠦᠢᠳᠬᠡᠬᠦ ᠶᠢ ᠬᠤᠷᠢᠭᠯᠠᠬᠤ ᠬᠠᠮᠢᠶ᠎ᠠ ᠪᠦᠬᠦᠢ ᠠᠵᠢᠯ ᠢ ᠥᠷᠨᠢᠭᠦᠯᠵᠦ ᠪᠠᠶᠢᠭ᠎ᠠ ᠪᠠᠶᠢᠳᠠᠯ ᠢ ᠨᠠᠷᠢᠨ ᠣᠶᠢᠯᠠᠭᠠᠪᠠ᠃      ᠳᠠᠷᠠᠭᠠᠪᠠᠷ ᠶᠠᠷᠢᠯᠴᠠᠬᠤ ᠬᠤᠷᠠᠯ ᠳᠡᠭᠡᠷ᠎ᠡ᠂ ᠡᠯ᠎ᠡ ᠬᠤᠯᠪᠣᠭᠳᠠᠯ ᠪᠦᠬᠦᠢ ᠰᠠᠯᠠᠭ᠎ᠠ ᠮᠥᠴᠢᠷ ᠤᠨ ᠭᠤᠣᠯ ᠬᠠᠷᠢᠭᠤᠴᠠᠯᠭᠠᠲᠠᠨ ᠵᠢᠴᠢ ᠡᠯ᠎ᠡ ᠢᠳᠡᠭᠡᠨ ᠤᠮᠳᠠᠭᠠᠨ ᠤ ᠠᠵᠤ ᠠᠬᠤᠶᠢᠯᠠᠯ ᠤᠨ ᠲᠥᠯᠥᠭᠡᠯᠡᠭᠴᠢ ᠢᠳᠡᠭᠡᠨ ᠤᠮᠳᠠᠭᠠᠨ ᠤ ᠪᠦᠷᠢᠯᠭᠡᠨ ᠰᠦᠢᠳᠬᠡᠬᠦ ᠶᠢ ᠬᠤᠷᠢᠭᠯᠠᠬᠤ ᠡᠯ᠎ᠡ ᠵᠦᠢᠯ ᠤᠨ ᠠᠵᠢᠯ ᠢ ᠥᠷᠨᠢᠭᠦᠯᠦᠭᠰᠡᠨ ᠪᠠᠶᠢᠳᠠᠯ ᠤᠨ ᠲᠤᠬᠠᠢ ᠬᠠᠷᠢᠭᠤ ᠮᠡᠳᠡᠭᠦᠯᠦᠯᠲᠡ ᠬᠢᠵᠡᠢ ᠃      ᠬᠤᠷᠠᠯ ᠠᠴᠠ ᠵᠢᠭᠠᠵᠦ ᠭᠠᠷᠭᠠᠭᠰᠠᠨ ᠨᠢ᠂ ᠢᠳᠡᠭᠡᠨ ᠤᠮᠳᠠᠭᠠᠨ ᠢ ᠪᠦᠷᠢᠯᠭᠡᠨ ᠰᠦᠢᠳᠬᠡᠬᠦ ᠶᠢ ᠬᠤᠷᠢᠭᠯᠠᠬᠤ ᠠᠵᠢᠯ ᠤᠨ ᠬᠠᠷᠢᠭᠤᠴᠠᠯᠭ᠎ᠠ ᠬᠦᠨᠳᠦ᠂ ᠡᠭᠦᠷᠭᠡ ᠬᠠᠲᠠᠭᠤ ᠪᠡᠷᠬᠡ ᠂ ᠠᠯᠤᠰ ᠬᠡᠲᠦ ᠶᠢᠨ ᠠᠴᠢ ᠬᠤᠯᠪᠣᠭᠳᠠᠯ ᠲᠠᠢ ᠶᠤᠮ ᠃ ᠡᠯ᠎ᠡ ᠬᠤᠯᠪᠣᠭᠳᠠᠯ ᠪᠦᠬᠦᠢ ᠰᠠᠯᠠᠭ᠎ᠠ ᠮᠥᠴᠢᠷ ᠤᠨ ᠬᠢᠨ ᠤᠯᠤᠰ ᠲᠦᠷᠦ ᠶᠢᠨ ᠵᠣᠭᠰᠣᠴᠠ ᠪᠠᠨ ᠪᠠᠷᠢᠮᠲᠠᠯᠠᠵᠤ ᠂ ᠢᠳᠡᠭᠡᠨ ᠤᠮᠳᠠᠭᠠᠨ ᠢ ᠪᠦᠷᠢᠯᠭᠡᠨ ᠰᠦᠢᠳᠬᠡᠬᠦ ᠠᠵᠢᠯᠯᠠᠭ᠎ᠠ ᠶᠢ ᠬᠤᠷᠢᠭᠯᠠᠨ ᠵᠣᠭᠰᠤᠭᠠᠬᠤ ᠴᠢᠬᠤᠯᠠ ᠴᠢᠨᠠᠷ ᠪᠠ ᠲᠤᠯᠭᠠᠮ᠎ᠠ ᠴᠢᠨᠠᠷ ᠢ ᠭᠦᠨᠵᠡᠭᠡᠢ ᠲᠠᠨᠢᠵᠤ ᠂ ᠠᠮᠤ ᠪᠤᠳᠠᠭ᠎ᠠ ᠶᠢ ᠠᠷᠪᠢᠯᠠᠬᠤ ᠡᠨᠡ ᠬᠦ ᠬᠥᠪᠴᠢ ᠶᠢ ᠴᠠᠭ ᠢᠮᠠᠭᠲᠠ ᠴᠢᠩᠭᠠᠯᠠᠵᠤ ᠂ ᠤᠬᠠᠮᠰᠠᠷ ᠠᠴᠠ ᠪᠠᠨ ᠠᠵᠢᠯᠴᠢ ᠠᠷᠪᠢᠴᠢ ᠪᠠᠷ ᠠᠷᠪᠢᠯᠠᠨ ᠭᠠᠮᠨᠠᠬᠤ ᠂ ᠲᠡᠰᠪᠦᠷᠢ ᠬᠠᠲᠠᠭᠤᠵᠢᠯᠲᠠᠢ ᠲᠡᠮᠡᠴᠡᠬᠦ ᠣᠶᠢᠯᠠᠭᠠᠭᠳᠠᠬᠤᠨ ᠢ ᠰᠡᠳᠬᠢᠯ ᠳᠡᠭᠡᠨ ᠰᠢᠩᠭᠡᠭᠡᠵᠦ ᠂ ᠦᠢᠯᠡ ᠠᠵᠢᠯᠯᠠᠭ᠎ᠠ ᠳᠠᠭᠠᠨ ᠰᠢᠩᠭᠡᠭᠡᠵᠦ ᠂ ᠪᠦᠷᠢᠯᠭᠡᠨ ᠰᠦᠢᠳᠬᠡᠬᠦ ᠶᠢ ᠡᠰᠡᠷᠭᠦᠴᠡᠬᠦ ᠰᠢᠢᠳᠪᠦᠷᠢᠲᠦ ᠪᠣᠳᠣᠯᠭ᠎ᠠ ᠶᠢᠨ ᠪᠠᠶᠢᠷᠢᠯᠠᠭᠤᠯᠤᠯᠲᠠ ᠶᠢ ᠪᠦᠬᠦ ᠰᠢᠶᠠᠨ ᠤ ᠳᠡᠭᠡᠳᠦ ᠳᠣᠣᠷᠠᠳᠤ ᠱᠠᠲᠤᠨ ᠳᠤ ᠨᠠᠶᠢᠳᠠᠪᠤᠷᠢᠵᠢᠭᠤᠯᠵᠤ ᠂ ᠨᠠᠷᠢᠯᠢᠭ ᠨᠠᠶᠢᠳᠠᠪᠤᠷᠢᠵᠢᠭᠤᠯᠬᠤ ᠶᠢ ᠪᠠᠲᠤᠯᠠᠬᠤ ᠬᠡᠷᠡᠭᠲᠡᠢ ᠃      ᠬᠤᠷᠠᠯ ᠠᠴᠠ ᠱᠠᠭᠠᠷᠳᠠᠭᠰᠠᠨ ᠨᠢ ᠂ ᠡᠯ᠎ᠡ ᠬᠤᠯᠪᠣᠭᠳᠠᠯ ᠪᠦᠬᠦᠢ ᠰᠠᠯᠠᠭ᠎ᠠ ᠮᠥᠴᠢᠷ ᠤᠨ ᠬᠢᠨ ᠭᠤᠣᠯᠳᠠᠯᠭ᠎ᠠ ᠶᠢ ᠲᠤᠪᠤᠶᠢᠯᠭᠠᠬᠤ ᠶᠢ ᠪᠠᠷᠢᠮᠲᠠᠯᠠᠵᠤ ᠂ ᠢᠳᠡᠭᠡᠨ ᠤᠮᠳᠠᠭᠠᠨ ᠤ ᠲᠠᠯ᠎ᠠ ᠪᠠᠷ ᠬᠢ ᠪᠦᠷᠢᠯᠭᠡᠨ ᠰᠦᠢᠳᠬᠡᠬᠦ ᠠᠵᠢᠯᠯᠠᠭ᠎ᠠ ᠶᠢ ᠪᠦᠬᠦ ᠲᠠᠯ᠎ᠠ ᠪᠠᠷ ᠬᠤᠷᠢᠭᠯᠠᠨ ᠵᠣᠭᠰᠣᠭᠠᠵᠤ ᠂ ᠢᠳᠡᠭᠡᠨ ᠤᠮᠳᠠᠭᠠᠨ ᠢ ᠪᠦᠷᠢᠯᠭᠡᠨ ᠰᠦᠢᠳᠬᠡᠬᠦ ᠠᠵᠢᠯᠯᠠᠭ᠎ᠠ ᠶᠢᠨ ᠬᠢᠨᠠᠯᠲᠠ ᠬᠠᠮᠢᠶᠠᠷᠤᠯᠲᠠ ᠶᠢ ᠪᠦᠬᠦ ᠲᠠᠯ᠎ᠠ ᠪᠠᠷ ᠴᠢᠩᠭᠠᠳᠬᠠᠵᠤ  ᠂ ᠪᠦᠷᠢᠯᠭᠡᠨ ᠰᠦᠢᠳᠬᠡᠬᠦ ᠦᠵᠡᠭᠳᠡᠯ ᠭᠠᠷᠬᠤ ᠶᠢ ᠡᠷᠡᠰ ᠬᠤᠷᠢᠭᠯᠠᠵᠤ ᠂ ︽ ᠯᠠᠶᠢᠰᠧᠷ ᠫᠠᠨᠰᠠ ᠶᠢᠨ ᠠᠵᠢᠯᠯᠠᠭ᠎ᠠ ︾ ᠶᠢ ᠪᠠᠶᠢᠩᠭᠤᠵᠢᠭᠤᠯᠬᠤ ᠶᠢ ᠠᠬᠢᠭᠤᠯᠬᠤ ᠬᠡᠷᠡᠭᠲᠡᠢ ᠃ ᠤᠳᠤᠷᠢᠳᠬᠤ ᠺᠠᠳ᠋ᠷ ᠲᠦᠷᠦᠭᠦᠯᠡᠨ ᠦᠯᠢᠭᠡᠷ ᠳᠠᠭᠤᠷᠢᠶᠠᠯ ᠦᠵᠡᠭᠦᠯᠵᠦ ᠂ ᠤᠬᠠᠮᠰᠠᠷ ᠠᠴᠠ ᠪᠠᠨ ᠰᠠᠶᠢᠲᠤᠷ ᠠᠷᠪᠢᠯᠠᠨ ᠭᠠᠮᠨᠠᠬᠤ ᠂ ᠪᠦᠷᠢᠯᠭᠡᠨ ᠰᠦᠢᠳᠬᠡᠬᠦ ᠶᠢ ᠡᠰᠡᠷᠭᠦᠴᠡᠬᠦ ᠬᠤᠭᠤᠯᠠᠨ ᠤ ᠳᠠᠳᠬᠠᠯ ᠢ ᠪᠤᠢ ᠪᠣᠯᠭᠠᠵᠤ ᠂ ᠳᠡᠷᠭᠡᠳᠡᠬᠢ ᠬᠥᠮᠥᠰ ᠤᠨ ᠢᠶᠠᠨ ᠪᠣᠯᠪᠠᠰᠤᠨ ᠢᠶᠠᠷ ᠬᠤᠭᠤᠯᠠᠯᠠᠬᠤ ᠶᠢ ᠳᠠᠶᠢᠴᠢᠯᠠᠬᠤ ᠬᠡᠷᠡᠭᠲᠡᠢ ᠃ ᠡᠯ᠎ᠡ ᠢᠳᠡᠭᠡᠨ ᠤᠮᠳᠠᠭᠠᠨ ᠤ ᠨᠢᠭᠡᠴᠡ ᠨᠦᠭᠦᠳ ᠢᠳᠡᠭᠡᠨ ᠤᠮᠳᠠᠭᠠᠨ ᠢ ᠪᠦᠷᠢᠯᠭᠡᠬᠦ ᠠᠵᠢᠯ ᠢ ᠳᠡᠭᠡᠳᠦ ᠬᠡᠮᠵᠢᠶ᠎ᠡ ᠪᠠᠷ ᠴᠢᠬᠤᠯᠠᠴᠢᠯᠠᠵᠤ ᠂ ᠢᠯᠡ ᠭᠠᠵᠠᠷ ᠲᠤ ᠤᠬᠠᠭᠤᠯᠭ᠎ᠠ ᠶᠢᠨ ᠵᠠᠷᠯᠠᠯ ᠨᠠᠭᠠᠵᠤ ᠂ ᠰᠠᠨᠠᠭᠤᠯᠤᠮᠵᠢ ᠶᠢᠨ ᠫᠠᠶᠢᠰᠠ ᠲᠠᠯᠪᠢᠵᠤ ᠂ ᠠᠷᠪᠢᠯᠠᠨ ᠭᠠᠮᠨᠠᠬᠤ ᠠᠭᠤᠷ ᠠᠮᠢᠰᠬᠤᠯ ᠢ ᠪᠣᠶ ᠪᠣᠯᠭᠠᠵᠤ ᠂ ᠠᠵᠢᠯ ᠲᠥᠷᠥᠯ ᠤᠨ ᠰᠢᠨ᠎ᠡ ᠰᠤᠷᠲᠠᠯ ᠢ ᠪᠣᠶ ᠪᠣᠯᠭᠠᠬᠤ ᠶᠢ ᠰᠠᠨᠠᠭᠠᠴᠢᠯᠠᠬᠤ ᠬᠡᠷᠡᠭᠲᠡᠢ ᠭᠡᠪᠡ᠃      ᠬᠤᠷᠠᠯ ᠠᠴᠠ ᠴᠢᠬᠤᠯᠠᠴᠢᠯᠠᠭᠰᠠᠨ ᠨᠢ᠂ ᠡᠯ᠎ᠡ ᠰᠠᠯᠠᠭ᠎ᠠ ᠮᠥᠴᠢᠷ ᠡᠯ᠎ᠡ ᠨᠢᠭᠡᠴᠡ ᠶᠢᠨ ᠬᠢᠨ ᠤᠬᠠᠭᠤᠯᠵᠤ ᠬᠥᠲᠥᠯᠥᠨ ᠵᠢᠯᠤᠭᠤᠳᠬᠤ ᠪᠠ ᠬᠢᠨᠠᠯᠲᠠ ᠲᠠᠯᠪᠢᠵᠤ ᠪᠠᠶᠢᠴᠠᠭᠠᠬᠤ ᠡᠷᠴᠢᠮ ᠢᠶᠠᠨ ᠴᠢᠩᠭᠠᠳᠬᠠᠵᠤ ᠂ ᠡᠯ᠎ᠡ ᠵᠦᠢᠯ ᠤᠨ ᠠᠷᠭ᠎ᠠ ᠵᠠᠮ ᠢᠶᠠᠷ ᠳᠠᠮᠵᠢᠭᠤᠯᠵᠤ ᠂ ᠤᠯᠠᠨ ᠵᠦᠢᠯ ᠤᠨ ᠬᠡᠯᠪᠡᠷᠢ ᠶᠢ ᠠᠪᠴᠤ ᠂ ︽ ᠠᠮᠤ ᠪᠤᠳᠠᠭ᠎ᠠ ᠶᠢ ᠬᠠᠶᠢᠷᠠᠯᠠᠬᠤ ᠂ ᠪᠦᠷᠢᠯᠭᠡᠨ ᠰᠦᠢᠳᠬᠡᠬᠦ ᠶᠢ ᠡᠰᠡᠷᠭᠦᠴᠡᠬᠦ ᠂ ᠠᠷᠪᠢᠯᠠᠨ ᠭᠠᠮᠨᠠᠵᠤ ᠬᠤᠭᠤᠯᠠ ᠢᠳᠡᠬᠦ ︾ ᠵᠡᠷᠭᠡ ᠦᠵᠡᠯᠲᠡ ᠶᠢ ᠥᠷᠭᠡᠨ ᠢᠶᠠᠷ ᠤᠬᠠᠭᠤᠯᠵᠤ ᠂ ᠠᠷᠪᠢᠯᠠᠨ ᠭᠠᠮᠨᠠᠬᠤ ᠶᠢ ᠡᠷᠬᠢᠮᠯᠡᠬᠦ ᠬᠡᠪ ᠰᠤᠷᠲᠠᠯ ᠢ ᠬᠤᠭᠤᠯᠠᠨ ᠭᠡᠷ ᠂ ᠨᠡᠶᠢᠭᠡᠮ ᠲᠣᠭᠤᠷᠢᠭ ᠂ ᠲᠣᠰᠬᠤᠨ ᠪᠠᠯᠭᠠᠰᠤ ᠂ ᠨᠢᠭᠡᠴᠢ ᠂ ᠰᠤᠷᠭᠠᠭᠤᠯᠢ ᠶᠢᠨ ᠬᠦᠷᠢᠶ᠎ᠡ ᠂ ᠭᠡᠷ ᠪᠦᠯᠢ ᠳᠤ ᠣᠷᠣᠭᠤᠯᠵᠤ ᠂ ᠠᠷᠪᠢᠯᠠᠨ ᠭᠠᠮᠨᠠᠬᠤ ᠨᠢ ᠢᠷᠠᠭᠤ ᠠᠯᠳᠠᠷᠲᠠᠢ ᠂ ᠪᠦᠷᠢᠯᠭᠡᠨ ᠰᠦᠢᠳᠬᠡᠬᠦ ᠨᠢ ᠢᠴᠢᠭᠦᠷᠢ ᠭᠤᠲᠤᠮᠰᠢᠭ ᠲᠠᠢ ᠪᠠᠶᠢᠬᠤ ᠶᠢ ᠪᠦᠬᠦ ᠨᠡᠶᠢᠭᠡᠮ ᠤᠨ ᠥᠷᠭᠡᠨ ᠳᠡᠯᠭᠡᠷ ᠬᠠᠮᠲᠤ ᠶᠢᠨ ᠪᠠᠶᠢᠳᠠᠯ ᠪᠣᠯᠭᠠᠬᠤ ᠬᠡᠷᠡᠭᠲᠡᠢ ᠃ ᠨᠢᠭᠡᠴᠡ ᠂ ᠰᠤᠷᠭᠠᠭᠤᠯᠢ ᠂ ᠢᠳᠡᠭᠡᠨ ᠤᠮᠳᠠᠭᠠᠨ ᠤ ᠡᠵᠡᠩᠨᠡᠯᠲᠡ ᠶᠢᠨ ᠠᠵᠤ ᠠᠬᠤᠶᠢᠯᠠᠯ ᠵᠡᠷᠭᠡ ᠡᠯ᠎ᠡ ᠬᠦᠷᠢᠶ᠎ᠡ ᠴᠠᠷᠠᠭ᠎ᠠ ᠳᠤ ᠠᠷᠪᠢᠯᠠᠨ ᠭᠠᠮᠨᠠᠬᠤ ᠂ ᠪᠦᠷᠢᠯᠭᠡᠨ ᠰᠦᠢᠳᠬᠡᠬᠦ ᠶᠢ ᠬᠤᠷᠢᠭᠯᠠᠬᠤ ᠵᠡᠷᠭᠡ ᠠᠵᠢᠯ ᠢ ᠥᠷᠨᠢᠭᠦᠯᠦᠭᠰᠡᠨ ᠪᠠᠶᠢᠳᠠᠯ ᠳᠤ ᠲᠣᠬᠢᠶᠠᠯᠳᠤᠯ ᠢᠶᠠᠷ ᠰᠤᠭᠤᠴᠢᠨ ᠪᠠᠶᠢᠴᠠᠭᠠᠬᠤ ᠪᠠ ᠪᠦᠬᠦᠨ ᠢ ᠬᠠᠮᠤᠷᠤᠨ ᠬᠢᠨᠠᠨ ᠵᠢᠯᠤᠭᠤᠳᠴᠤ ᠪᠠᠶᠢᠴᠠᠭᠠᠬᠤ ᠶᠢ ᠴᠢᠩᠭᠠᠳᠬᠠᠵᠤ ᠂ ᠢᠳᠡᠭᠡᠨ ᠤᠮᠳᠠᠭᠠᠨ ᠤ ᠪᠦᠷᠢᠯᠭᠡᠨ ᠰᠦᠢᠳᠬᠡᠬᠦ ᠶᠢ ᠬᠤᠷᠢᠭᠯᠠᠨ ᠵᠣᠭᠰᠤᠭᠠᠬᠤ ᠠᠵᠢᠯ ᠢ ᠭᠦᠨᠵᠡᠭᠡᠶᠢᠷᠡᠭᠦᠯᠦᠨ ᠪᠣᠳᠠᠲᠠᠶᠢᠵᠢᠭᠤᠯᠬᠤ ᠶᠢ ᠪᠥᠬᠦ ᠲᠠᠯ᠎ᠠ ᠪᠠᠷ ᠠᠬᠢᠭᠤᠯᠬᠤ ᠬᠡᠷᠡᠭᠲᠡᠢ ᠭᠡᠪᠡ᠃ 
ᠢᠷᠡᠯᠲᠡ᠄ ᠦᠶᠤᠸᠠᠨ ᠰᠢᠶᠠᠨ ᠤ ᠠᠷᠠᠳ ᠤᠨ ᠵᠠᠰᠠᠭ ᠤᠨ ᠣᠷᠳᠤᠨ ᠤ ᠮᠣᠡᠭᠭᠤᠯ ᠰᠦᠯᠵᠢᠶ᠎ᠡ