ᠥᠪᠡᠷᠲᠡᠭᠡᠨ ᠵᠠᠰᠠᠬᠤ ᠣᠷᠣᠨ ᠤ ᠰᠣᠶᠣᠯ ᠪᠠ ᠵᠢᠭᠤᠯᠴᠢᠯᠠᠯ ᠤᠨ ᠲᠢᠩᠬᠢᠮ ᠠᠴᠠ ᠣᠶᠢᠯᠠᠭᠠᠭᠰᠠᠨ ᠢᠶᠠᠷ᠂ ︽ᠲᠦᠮᠡᠨ ᠭᠠᠵᠠᠷ ᠤᠨ ᠴᠠᠢ ᠶᠢᠨ ᠵᠠᠮ ᠢ | ᠮᠥᠷᠳᠡᠵᠦ ᠭᠤᠷᠪᠠᠨ ᠤᠯᠤᠰ ᠤᠨ ᠨᠥᠬᠦᠷᠯᠡᠯ ᠤᠨ ᠬᠤᠯᠪᠤᠭ᠎ᠠ ᠶᠢ ᠨᠢᠭᠲᠠᠷᠠᠭᠤᠯᠬᠤ︾ ᠳᠤᠮᠳᠠᠳᠤ ᠣᠷᠣᠰ ᠮᠣᠩᠭᠤᠯ ᠤᠨ ᠬᠤᠪᠢ ᠶᠢᠨ ᠮᠠᠰᠢᠨ ᠲᠡᠷᠭᠡᠨ ᠤ ᠠᠶᠠᠯᠠᠯ | ᠵᠢᠭᠤᠯᠴᠢᠯᠠᠯ ᠣᠷᠴᠢᠮᠬᠠᠨ ᠬᠥᠯᠥᠨ ᠪᠤᠶᠢᠷ ᠬᠤᠲᠠ ᠠᠴᠠ ᠮᠣᠷᠳᠠᠵᠤ᠂ ᠣᠳᠣᠬᠠᠨ ᠳᠤ ᠢᠳᠡ ᠭᠦᠭ ᠲᠠᠢ ᠶᠠᠪᠤᠭᠳᠠᠵᠤ ᠪᠠᠶᠢᠨ᠎ᠠ᠃ | ᠲᠤᠰ ᠤᠳᠠᠭ᠎ᠠ ᠶᠢᠨ ᠠᠶᠠᠯᠠᠯ ᠵᠢᠭᠤᠯᠴᠢᠯᠠᠯ ᠳᠤ ᠤᠯᠤᠰ ᠤᠨ ᠳᠣᠲᠣᠭᠠᠳᠤ ᠶᠢᠨ 7 ᠮᠤᠵᠢ ᠬᠤᠲᠠ ᠶᠢᠨ 35 ᠬᠤᠪᠢ ᠶᠢᠨ ᠮᠠᠰᠢᠨ ᠲᠡᠷᠭᠡᠨ ᠤ | ᠵᠢᠭᠤᠯᠴᠢᠯᠠᠭᠴᠢ ᠤᠷᠤᠯᠴᠠᠵᠦ᠂ ᠨᠡᠶᠢᠳᠡ 15 ᠲᠡᠷᠭᠡᠨ ᠠᠩᠭᠢ ᠳᠤᠮᠳᠠᠳᠤ ᠣᠷᠣᠰ ᠮᠣᠩᠭᠤᠯ ᠭᠤᠷᠪᠠᠨ ᠤᠯᠤᠰ ᠤᠨ ᠬᠤᠲᠠ ᠪᠠᠯᠭᠠᠰᠤ ᠪᠠᠷ ᠠᠶᠠᠯᠠᠨ᠂ ᠵᠠᠮ ᠳᠠᠭᠠᠤ | ᠶᠢᠨ ᠦᠵᠡᠰᠬᠦᠯᠡᠩᠲᠦ ᠰᠠᠶᠢᠬᠠᠨ ᠦᠵᠡᠮᠵᠢ ᠶᠢ ᠰᠣᠨᠢᠷᠬᠠᠨ᠂ ᠠᠳᠠᠯᠢ ᠪᠤᠰᠤ ᠰᠣᠶᠣᠯ ᠵᠠᠩ ᠦᠶᠯᠡ ᠶᠢ ᠪᠡᠶᠡᠴᠢᠯᠡᠨ ᠣᠶᠢᠯᠠᠭᠠᠵᠤ ᠪᠠᠶᠢᠨ᠎ᠠ᠃ ᠵᠢᠶᠠᠩᠰᠤ ᠮᠤᠵᠢ ᠶᠢᠨ | ᠰᠦᠵᠧᠦ ᠬᠤᠲᠠ ᠶᠢᠨ ᠬᠤᠪᠢ ᠶᠢᠨ ᠮᠠᠰᠢᠨ ᠲᠡᠷᠭᠡᠨ ᠤ ᠵᠢᠭᠤᠯᠴᠢᠯᠠᠭᠴᠢ ᠶᠢᠨ ᠪᠦᠦ ᠬᠤᠸᠠ᠄ ︽ᠡᠷᠲᠡᠨ ᠤ ᠴᠠᠢ ᠮᠣᠷᠢᠨ ᠤ ᠠᠷᠠᠯᠵᠢᠶ᠎ᠠ ᠶᠢᠨ ᠲᠤᠬᠠᠢ ᠪᠢᠳᠡ ᠪᠠᠭ᠎ᠠ | ᠳᠠᠭᠠᠨ ᠰᠣᠨᠣᠰᠴᠤ ᠪᠠᠶᠢᠭᠰᠠᠨ ᠪᠣᠯᠬᠤᠷ ᠡᠨᠡ ᠤᠳᠠᠭ᠎ᠠ ᠶᠢᠨ ᠠᠶᠠᠯᠠᠯ ᠵᠢᠭᠤᠯᠴᠢᠯᠠᠯ ᠢ ᠰᠣᠩᠭᠤᠨ ᠴᠠᠢ ᠶᠢᠨ ᠵᠠᠮ ᠳᠠᠭᠠᠤ ᠶᠢᠨ ᠦᠵᠡᠰᠬᠦᠯᠡᠩᠲᠦ ᠰᠠᠶᠢᠬᠠᠨ ᠠᠭᠤᠯᠠ | ᠤᠰᠤ ᠪᠠᠷ ᠲᠣᠭᠤᠷᠢᠨ ᠵᠤᠭᠠᠯᠠᠬᠤ ᠪᠠᠷ ᠢᠷᠡᠭᠰᠡᠨ ᠶᠤᠮ︾ ᠭᠡᠵᠦ ᠪᠠᠶᠠᠷᠲᠠᠢ ᠬᠡᠯᠡᠨ᠎ᠡ᠃ ᠬᠥᠯᠥᠨ ᠪᠤᠶᠢᠷ ᠤᠨ ᠵᠢᠭᠤᠯᠴᠢᠯᠠᠯ ᠤᠨ ᠭᠠᠵᠠᠷ ᠤᠨ ᠬᠠᠷᠢᠭᠤᠴᠠᠯᠭᠠᠲᠠᠨ ᠤ | ᠲᠠᠨᠢᠯᠴᠠᠭᠤᠯᠤᠭᠰᠠᠨ ᠢᠶᠠᠷ᠂ ᠲᠤᠰ ᠤᠳᠠᠭ᠎ᠠ ᠶᠢᠨ ᠠᠶᠠᠯᠠᠯ ᠨᠢ ᠪᠦᠬᠦᠯᠢ ᠬᠠᠭᠠᠰ ᠰᠠᠷ᠎ᠠ ᠶᠠᠪᠤᠭᠳᠠᠵᠤ᠂ ᠪᠠᠶᠢᠭᠠᠯ ᠨᠠᠭᠤᠷ᠂ ᠣᠢ ᠰᠢᠭᠤᠢ᠂ ᠭᠤᠪᠢ ᠨᠤᠲᠤᠭ ᠢᠶᠠᠷ | ᠥᠩᠭᠡᠷᠡᠵᠦ᠂ 5000 ᠭᠠᠷᠤᠢ ᠺᠢᠯᠣᠮᠧᠲᠷ ᠠᠶᠠᠯᠠᠬᠤ ᠪᠣᠯᠣᠨ᠎ᠠ᠃ | | |