ᠣᠶᠢᠷ᠎ᠠ ᠳᠤ᠂ ᠠᠮᠧᠷᠢᠺᠠ ᠶᠢᠨ ᠰᠢᠨᠰᠢᠨᠨᠠᠲ ᠬᠡᠦᠬᠡᠳ ᠤᠨ ᠡᠮᠨᠡᠯᠭᠡ ᠶᠢᠨ ᠬᠤᠷᠢᠶᠠᠨ ᠤ ᠨᠢᠭᠡᠨ ᠰᠢᠨ᠎ᠡ ᠰᠤᠳᠤᠯᠭᠠᠨ ᠢᠶᠠᠷ ᠢᠯᠡᠷᠡᠭᠦᠯᠦᠭᠰᠡᠨ ᠢᠶᠠᠷ᠂ ᠴᠠᠬᠢᠮ | ᠳᠡᠯᠭᠡᠴᠡ ᠬᠠᠷᠠᠵᠤ ᠰᠠᠭᠤᠬᠤ ᠴᠠᠭ ᠨᠢ ᠬᠡᠲᠦ ᠤᠷᠲᠤ ᠪᠣᠯᠪᠠᠯ ᠬᠡᠦᠬᠡᠳ ᠤᠨ ᠦᠭᠡ ᠬᠡᠯᠡ ᠪᠠ ᠥᠪᠡᠷ ᠢ ᠪᠠᠨ ᠵᠣᠬᠢᠴᠠᠭᠤᠯᠬᠤ ᠲᠠᠯ᠎ᠠ ᠪᠠᠷ ᠬᠢ ᠴᠢᠳᠠᠪᠤᠷᠢ ᠶᠢ | ᠪᠠᠭᠤᠷᠠᠭᠤᠯᠵᠤ ᠮᠡᠳᠡᠨ᠎ᠡ ᠭᠡᠪᠡ᠃ ᠰᠤᠳᠤᠯᠤᠭᠠᠴᠢᠳ᠂ 3 ~ 5 ᠨᠠᠰᠤᠨ ᠤ 47 ᠬᠡᠦᠬᠡᠳ ᠲᠤ ᠲᠤᠷᠰᠢᠯᠲᠠ ᠬᠢᠭᠰᠡᠨ ᠳ᠋ᠦᠩ ᠠᠴᠠ ᠦᠵᠡᠪᠡᠯ᠂ ᠡᠳᠦᠷ ᠪᠦᠷᠢ | ᠺᠣᠮᠫᠢᠦ᠋ᠲ᠋ᠧᠷ᠂ ᠲᠧᠯᠸᠢᠰ ᠪᠠ ᠭᠠᠷ ᠤᠲᠠᠰᠤ ᠵᠡᠷᠭᠡ ᠴᠠᠬᠢᠮ ᠳᠡᠯᠭᠡᠴᠡ ᠶᠢ ᠴᠠᠭ ᠬᠡᠲᠦᠷᠡᠲᠡᠯ᠎ᠡ ᠦᠵᠡᠭᠰᠡᠨ ᠬᠡᠦᠬᠡᠳ ᠤᠨ ᠲᠠᠷᠢᠬᠢᠨ ᠤ ᠴᠠᠭᠠᠨ ᠡᠳ᠋ ︵ᠦᠭᠡ ᠬᠡᠯᠡ᠂ | ᠤᠩᠰᠢᠵᠤ ᠪᠢᠴᠢᠬᠦ ᠵᠢᠴᠢ ᠲᠠᠨᠢᠨ ᠮᠡᠳᠡᠬᠦᠢ ᠶᠢᠨ ᠴᠢᠳᠠᠪᠤᠷᠢ ᠶᠢ ᠨᠥᠯᠥᠭᠡᠯᠡᠬᠦ ᠪᠣᠳᠠᠰ︶ ᠤᠨ ᠪᠤᠶᠢᠵᠢᠯᠲᠠ ᠨᠢ ᠴᠠᠬᠢᠮ ᠳᠡᠯᠭᠡᠴᠡ ᠤᠳᠠᠭᠠᠨ ᠦᠵᠡᠭᠰᠡᠨ ᠦᠭᠡᠢ | ᠬᠡᠦᠬᠡᠳ ᠤᠨ ᠬᠢ ᠠᠴᠠ ᠢᠯᠡᠷᠬᠡᠢ ᠳᠣᠣᠷ᠎ᠠ ᠪᠠᠶᠢᠳᠠᠭ᠃ | ᠰᠤᠳᠤᠯᠭᠠᠨ ᠠᠴᠠ ᠦᠵᠡᠪᠡᠯ᠂ ᠺᠣᠮᠫᠢᠦ᠋ᠲ᠋ᠧᠷ᠂ ᠲᠧᠯᠸᠢᠰ ᠪᠠ ᠭᠠᠷ ᠤᠲᠠᠰᠤ ᠵᠡᠷᠭᠡ ᠴᠠᠬᠢᠮ ᠳᠡᠯᠭᠡᠴᠡ ᠶᠢ ᠤᠷᠲᠤ ᠴᠠᠭ ᠢᠶᠠᠷ ᠦᠵᠡᠬᠦ ᠨᠢ ᠬᠡᠦᠬᠡᠳ ᠤᠨ | ᠠᠩᠬᠠᠷᠤᠯ ᠲᠥᠪᠯᠡᠷᠡᠬᠦ ᠦᠭᠡᠢ᠂ ᠮᠠᠭᠤ ᠳᠠᠳᠬᠠᠯ ᠪᠠ ᠦᠢᠯᠡ ᠠᠵᠢᠯᠯᠠᠭ᠎ᠠ ᠶᠢᠨ ᠠᠰᠠᠭᠤᠳᠠᠯ ᠲᠠᠢ ᠬᠤᠯᠪᠣᠭ᠎ᠠ ᠲᠠᠢ ᠪᠠᠶᠢᠳᠠᠭ᠃ ᠳᠡᠯᠭᠡᠴᠡ ᠦᠵᠡᠬᠦ ᠴᠠᠭ ᠨᠢ ᠬᠡᠲᠦᠷᠬᠡᠢ | ᠤᠷᠲᠤ ᠪᠣᠯᠬᠤ ᠠᠴᠠ ᠬᠡᠦᠬᠡᠳ ᠤᠨ ᠦᠭᠡ ᠬᠡᠯᠡᠨ ᠤ ᠪᠤᠶᠢᠵᠢᠯᠲᠠ ᠤᠳᠠᠭᠠᠰᠢᠷᠠᠬᠤ ᠮᠥᠷᠲᠡᠭᠡᠨ ᠡᠴᠢᠭᠡ ᠡᠬᠡ ᠶᠢᠨ ᠢᠶᠠᠨ ᠬᠤᠭᠤᠷᠤᠨᠳᠤᠬᠢ ᠬᠠᠷᠢᠯᠴᠠᠭ᠎ᠠ ᠬᠤᠯᠪᠤᠭ᠎ᠠ | ᠴᠤ ᠪᠠᠭᠠᠰᠤᠨ᠎ᠠ᠃ | ᠡᠶᠢᠮᠦ ᠠᠴᠠ ᠭᠡᠷ ᠤᠨ ᠠᠬᠠᠮᠠᠳ 18 ᠰᠠᠷ᠎ᠠ ᠪᠣᠯᠣᠭᠠᠳᠤᠢ ᠨᠢᠯᠬ᠎ᠠ ᠬᠡᠦᠬᠡᠳ ᠤᠨ ᠴᠠᠬᠢᠮ ᠪᠦᠲᠦᠭᠡᠭᠳᠡᠬᠦᠨ ᠬᠡᠷᠡᠭᠯᠡᠬᠦ ᠠᠴᠠ ᠵᠠᠶᠢᠯᠠᠰᠬᠢᠬᠦ ᠬᠡᠷᠡᠭᠲᠡᠢ᠂ 2 ~ 5 | ᠨᠠᠰᠤᠨ ᠤ ᠬᠡᠦᠬᠡᠳ ᠤᠨ ᠴᠠᠬᠢᠮ ᠳᠡᠯᠭᠡᠴᠡ ᠦᠵᠡᠬᠦ ᠴᠠᠭ ᠢ ᠨᠢ ᠴᠤ ᠪᠣᠭᠤᠨᠢᠰᠬᠠᠬᠤ ᠬᠡᠷᠡᠭᠲᠡᠢ᠃ ᠡᠭᠦᠨ ᠤ ᠬᠠᠮᠲᠤ᠂ ᠭᠡᠷ ᠤᠨ ᠠᠬᠠᠮᠠᠳ ᠠᠴᠠ ᠪᠠᠰᠠ ᠬᠡᠦᠬᠡᠳ ᠤᠨ | ᠣᠷᠣᠢ ᠶᠢᠨ ᠬᠤᠭᠤᠯᠠ ᠢᠳᠡᠬᠦ ᠦᠶ᠎ᠡ ᠪᠤᠶᠤ ᠤᠨᠲᠠᠬᠤ ᠦᠶ᠎ᠡ ᠳᠤ ᠪᠠᠨ ᠴᠠᠬᠢᠮ ᠪᠦᠲᠦᠭᠡᠭᠳᠡᠬᠦᠨ ᠬᠡᠷᠡᠭᠯᠡᠵᠦ ᠪᠣᠯᠬᠤ ᠦᠭᠡᠢ ᠶᠢ ᠮᠡᠳᠡᠭᠦᠯᠵᠦ ᠰᠤᠷᠭᠠᠬᠤ ᠬᠡᠷᠡᠭᠲᠡᠢ | ᠭᠡᠵᠦ ᠰᠠᠨᠠᠭᠤᠯᠵᠤ ᠪᠠᠶᠢᠨ᠎ᠠ᠃ |