ᠰᠢᠶᠠᠨ ᠤ ᠠᠷᠪᠠᠨ ᠨᠠᠢᠮᠠᠳᠤᠭᠠᠷ ᠬᠤᠭᠤᠴᠠᠭᠠᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶ᠎ᠠ 15 ᠳ᠋ᠤᠭᠠᠷ ᠤᠳᠠᠭᠠᠨ ᠤ ᠬᠤᠷᠠᠯ ᠬᠤᠷᠠᠯᠳᠤᠪᠠ
ᠨᠡᠶᠢᠲᠡᠯᠡᠭᠰᠡᠨ ᠴᠠᠭ᠄
2024/5/29
      5 ᠰᠠᠷ᠎ᠠ ᠶᠢᠨ 28 ᠤ ᠡᠳᠦᠷ᠂ ᠦᠶᠤᠸᠠᠨ ᠰᠢᠶᠠᠨ ᠤ ᠠᠷᠪᠠᠨ ᠨᠠᠢᠮᠠᠳᠤᠭᠠᠷ ᠬᠤᠭᠤᠴᠠᠭᠠᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶ᠎ᠠ 15 ᠳ᠋ᠤᠭᠠᠷ ᠤᠳᠠᠭᠠᠨ ᠤ ᠬᠤᠷᠠᠯ ᠬᠤᠷᠠᠯᠳᠤᠪᠠ᠃ ᠰᠢᠶᠠᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶᠠᠨ ᠤ ᠡᠷᠬᠢᠯᠡᠭᠴᠢ ᠸᠠᠩ ᠵᠢᠶᠧ ᠹᠧᠩ᠂ ᠳᠡᠳ᠋ ᠡᠷᠬᠢᠯᠡᠭᠴᠢ ᠯᠢᠦ ᠰᠢᠨ ᠷᠦᠢ᠂ ᠯᠢᠦ ᠫᠧᠢ ᠵᠢᠶᠦ᠋ᠨ᠂ ᠵᠠᠩ ᠶᠦᠩ ᠯᠢ᠂ ᠬᠡᠷᠡᠯᠳᠦ ᠬᠤᠷᠠᠯ ᠳᠤ ᠣᠷᠣᠯᠴᠠᠵᠤ᠂ ᠰᠢᠶᠠᠨ ᠤ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ ᠵᠠᠰᠠᠭ ᠤᠨ ᠣᠷᠳᠣᠨ ᠤ ᠰᠢᠶᠠᠨ ᠤ ᠳᠡᠳ᠋ ᠳᠠᠷᠤᠭ᠎ᠠ ᠯᠢ ᠳ᠋ᠦᠩ᠂ ᠵᠠᠰᠠᠭ ᠤᠨ ᠣᠷᠳᠣᠨ ᠤ ᠰᠢᠶᠠᠨ ᠤ ᠳᠡᠳ᠋ ᠳᠠᠷᠤᠭ᠎ᠠ᠂ ᠳᠣᠲᠣᠭᠠᠳᠤ ᠶᠢ ᠬᠠᠮᠠᠭᠠᠯᠠᠬᠤ ᠲᠣᠪᠴᠢᠶᠠᠨ ᠤ ᠳᠠᠷᠤᠭ᠎ᠠ ᠰᠢᠶᠧ ᠮᠢᠩ ᠼᠠᠢ ᠬᠤᠷᠠᠯ ᠳᠤ ᠰᠤᠯᠠ ᠣᠷᠣᠯᠴᠠᠪᠠ᠃      ᠦᠶᠤᠸᠠᠨ ᠰᠢᠶᠠᠨ ᠤ ᠠᠷᠪᠠᠨ ᠨᠠᠢᠮᠠᠳᠤᠭᠠᠷ ᠬᠤᠭᠤᠴᠠᠭᠠᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶᠠᠨ ᠤ ᠤᠳᠤ ᠪᠠᠶᠢᠭ᠎ᠠ ᠪᠦᠷᠢᠯᠳᠦᠭᠦᠨ 31 ᠬᠥᠮᠥᠨ᠂ ᠲᠤᠰ ᠤᠳᠠᠭᠠᠨ ᠤ ᠬᠤᠷᠠᠯ ᠳᠤ 28 ᠬᠥᠮᠥᠨ ᠣᠷᠣᠯᠴᠠᠵᠤ᠂ ᠬᠠᠤᠯᠢ ᠳᠤ ᠲᠣᠭᠲᠠᠭᠠᠭᠰᠠᠨ ᠬᠥᠮᠥᠨ ᠤ ᠲᠤᠭ᠎ᠠ ᠳᠤ ᠨᠡᠶᠢᠴᠡᠪᠡ᠃      ᠬᠤᠷᠠᠯ ᠠᠴᠠ ᠰᠢᠶᠠᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶᠠᠨ ᠤ ᠪᠠᠶᠢᠴᠠᠭᠠᠨ ᠰᠤᠳᠤᠯᠬᠤ ᠳᠤᠭᠤᠶᠢᠯᠠᠩ ᠤᠨ ᠪᠦᠬᠦ ᠰᠢᠶᠠᠨ ᠤ ᠥᠨᠳᠥᠷ ᠪᠠᠷᠢᠮᠵᠢᠶᠠᠲᠤ ᠲᠠᠷᠢᠶᠠᠨ ᠭᠠᠵᠠᠷ ᠤᠨ ᠪᠦᠲᠦᠭᠡᠨ ᠪᠠᠶᠢᠭᠤᠯᠤᠯᠲᠠ ᠶᠢᠨ ᠪᠠᠶᠢᠳᠠᠯ ᠤᠨ ᠲᠤᠬᠠᠢ ᠪᠠᠶᠢᠴᠠᠭᠠᠨ ᠰᠤᠳᠤᠯᠤᠯᠲᠠ ᠶᠢᠨ ᠮᠡᠳᠡᠭᠦᠯᠦᠯᠲᠡ ᠶᠢ ᠰᠣᠨᠣᠰᠴᠤ ᠬᠢᠨᠠᠨ ᠵᠥᠪᠯᠡᠭᠰᠡᠨ ᠪᠥᠭᠡᠳ ᠪᠠᠲᠤᠯᠠᠪᠠ︔ ︽ᠨᠠᠢᠮᠠᠳᠤᠭᠠᠷ ᠲᠠᠪᠤᠨ ᠵᠢᠯ︾ ᠤᠨ ᠬᠠᠤᠯᠢᠵᠢᠯ ᠤᠨ ᠤᠬᠠᠭᠤᠯᠭ᠎ᠠ ᠬᠥᠮᠦᠵᠢᠯ ᠤᠨ ᠰᠢᠢᠳᠪᠦᠷᠢ ᠶᠢ ᠲᠤᠭᠤᠰᠢᠯᠠᠭᠤᠯᠤᠨ ᠨᠠᠶᠢᠳᠠᠪᠤᠷᠢᠵᠢᠭᠤᠯᠤᠭᠰᠠᠨ ᠪᠠᠶᠢᠳᠠᠯ ᠤᠨ ᠲᠤᠬᠠᠢ ᠰᠢᠶᠠᠨ ᠤ ᠠᠷᠠᠳ ᠤᠨ ᠵᠠᠰᠠᠭ ᠤᠨ ᠣᠷᠳᠣᠨ ᠤ ᠮᠡᠳᠡᠭᠦᠯᠦᠯᠲᠡ ᠶᠢ ᠰᠣᠨᠣᠰᠴᠤ ᠬᠢᠨᠠᠨ ᠵᠥᠪᠯᠡᠭᠰᠡᠨ ᠪᠥᠭᠡᠳ ᠪᠠᠲᠤᠯᠠᠪᠠ︔ ᠰᠢᠶᠠᠨ ᠤ ᠠᠷᠠᠳ ᠤᠨ ᠵᠠᠰᠠᠭ ᠤᠨ ᠣᠷᠳᠣᠨ ᠤ ᠴᠢᠨᠠᠷ ᠰᠠᠶᠢᠲᠠᠢ ᠦᠢᠯᠡᠴᠢᠯᠡᠭᠡ ᠪᠠᠲᠤᠯᠠᠭ᠎ᠠ ᠶᠢᠨ ᠭᠤᠣᠯᠳᠠᠯᠭ᠎ᠠ ᠲᠠᠢ ᠲᠦᠷᠦᠯ ᠵᠦᠢᠯ ᠢ ᠨᠠᠶᠢᠳᠠᠪᠤᠷᠢᠵᠢᠭᠤᠯᠤᠨ ᠪᠦᠲᠦᠭᠡᠨ ᠪᠠᠶᠢᠭᠤᠯᠤᠭᠰᠠᠨ ᠪᠠᠶᠢᠳᠠᠯ ᠤᠨ ᠲᠤᠬᠠᠢ ᠮᠡᠳᠡᠭᠦᠯᠦᠯᠲᠡ ᠶᠢ ᠰᠣᠨᠣᠰᠴᠤ ᠬᠢᠨᠠᠨ ᠵᠥᠪᠯᠡᠭᠰᠡᠨ ᠪᠥᠭᠡᠳ ᠪᠠᠲᠤᠯᠠᠪᠠ︔ ᠰᠢᠶᠠᠨ ᠤ ᠠᠷᠠᠳ ᠤᠨ ᠵᠠᠰᠠᠭ ᠤᠨ ᠣᠷᠳᠣᠨ ᠤ ᠦᠶᠤᠸᠠᠨ ᠰᠢᠶᠠᠨ ᠤ 2021  ᠣᠨ ᠪᠠ 2022 ᠣᠨ ᠤ ᠲᠤᠰ ᠱᠠᠲᠤᠨ ᠤ ᠲᠥᠰᠥᠪ ᠢ ᠭᠦᠢᠴᠡᠳᠬᠡᠭᠰᠡᠨ ᠪᠠ ᠪᠤᠰᠤᠳ ᠡᠳ᠋ ᠤᠨ ᠵᠠᠰᠠᠭ ᠤᠨ ᠣᠷᠣᠯᠭ᠎ᠠ ᠵᠠᠷᠤᠯᠭ᠎ᠠ ᠶᠢᠨ ᠬᠢᠨᠠᠨ ᠪᠣᠳᠣᠯᠲᠠ ᠪᠠᠷ ᠪᠠᠶᠢᠴᠠᠭᠠᠨ ᠭᠠᠷᠭᠠᠭᠰᠠᠨ ᠠᠰᠠᠭᠤᠳᠠᠯ ᠢ ᠴᠡᠭᠴᠡᠯᠡᠨ ᠰᠠᠶᠢᠵᠢᠷᠠᠭᠤᠯᠤᠭᠰᠠᠨ ᠪᠠᠶᠢᠳᠠᠯ ᠤᠨ ᠲᠤᠬᠠᠢ ᠮᠡᠳᠡᠭᠦᠯᠦᠯᠲᠡ ᠶᠢ ᠰᠣᠨᠣᠰᠴᠤ ᠬᠢᠨᠠᠨ ᠵᠥᠪᠯᠡᠭᠰᠡᠨ ᠪᠥᠭᠡᠳ ᠪᠠᠲᠤᠯᠠᠪᠠ᠃ ᠬᠤᠲᠠ ᠶᠢᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠲᠥᠯᠥᠭᠡᠯᠡᠭᠴᠢ ᠬᠤᠤ ᠼᠦᠨ ᠯᠢᠨ᠂ ᠸᠠᠩ ᠶᠢᠩ ᠶᠢᠩ ᠲᠤᠰᠢᠶᠠᠯ ᠤᠨ ᠮᠡᠳᠡᠭᠦᠯᠦᠯᠲᠡ ᠬᠢᠭᠰᠡᠨ ᠪᠥᠭᠡᠳ ᠬᠠᠨᠤᠮᠵᠢ ᠶᠢᠨ ᠬᠡᠮᠵᠢᠶ᠎ᠡ ᠶᠢᠨ ᠦᠨᠡᠯᠡᠯᠲᠡ ᠬᠢᠪᠡ᠃      ᠬᠤᠷᠠᠯ ᠠᠴᠠ ᠪᠠᠰᠠ ᠬᠤᠯᠪᠣᠭᠳᠠᠯ ᠪᠦᠬᠦᠢ ᠠᠵᠢᠯᠲᠠᠨ ᠤ ᠶᠠᠪᠤᠳᠠᠯ ᠤᠨ ᠲᠤᠰᠢᠶᠠᠯ ᠳᠤ ᠲᠣᠮᠢᠯᠠᠵᠤ ᠲᠤᠰᠢᠶᠠᠯ ᠠᠴᠠ ᠪᠠᠭᠤᠯᠭᠠᠬᠤ ᠵᠦᠢᠯᠡᠰ ᠢ ᠪᠠᠲᠤᠯᠠᠭᠰᠠᠨ ᠪᠥᠭᠡᠳ ᠰᠢᠨ᠎ᠡ ᠪᠠᠷ ᠲᠤᠰᠢᠶᠠᠯ ᠳᠤ ᠲᠣᠮᠢᠯᠠᠭᠳᠠᠭᠰᠠᠨ ᠬᠥᠮᠥᠰ ᠲᠤ ᠲᠤᠰᠢᠶᠠᠯ ᠳᠤ ᠲᠣᠮᠢᠯᠠᠬᠤ ᠪᠢᠴᠢᠭ ᠣᠯᠭᠤᠵᠤ᠂ ᠰᠢᠨ᠎ᠡ ᠪᠠᠷ ᠲᠤᠰᠢᠶᠠᠯ ᠳᠤ ᠲᠣᠮᠢᠯᠠᠭᠰᠠᠨ ᠨᠥᠬᠦᠳ ᠤᠯᠤᠰ ᠤᠨ ᠰᠦᠯᠳᠡ ᠳᠤ ᠬᠠᠨᠳᠤᠵᠤ᠂ ᠦᠨᠳᠦᠰᠦᠨ ᠬᠠᠤᠯᠢ ᠳᠤ ᠲᠠᠩᠭᠠᠷᠢᠭᠯᠠᠪᠠ᠃
ᠢᠷᠡᠯᠲᠡ᠄ ᠦᠶᠤᠸᠠᠨ ᠰᠢᠶᠠᠨ ᠤ ᠠᠷᠠᠳ ᠤᠨ ᠵᠠᠰᠠᠭ ᠤᠨ ᠣᠷᠳᠤᠨ ᠤ ᠮᠣᠡᠭᠭᠤᠯ ᠰᠦᠯᠵᠢᠶ᠎ᠡ