2019 ᠣᠨ ᠠᠴᠠ ᠨᠠᠭᠠᠰᠢ ᠮᠠᠨ ᠤ ᠤᠯᠤᠰ ᠤᠨ 5000 ᠲᠦᠮᠡᠨ ᠬᠥᠳᠡᠭᠡ ᠠᠴᠠ ᠰᠢᠯᠵᠢᠭᠰᠡᠳ ᠬᠤᠳᠠ ᠳᠤ ᠡᠷᠦᠭᠡ ᠠᠮᠠ ᠶᠢᠨ ᠲᠠᠩᠰᠠ ᠪᠠᠨ ᠣᠷᠣᠭᠤᠯᠪᠠ
ᠨᠡᠶᠢᠲᠡᠯᠡᠭᠰᠡᠨ ᠴᠠᠭ᠄
2024/5/29
      ᠰᠤᠷᠪᠤᠯᠵᠢᠯᠠᠬᠴᠢ 27 ᠤ ᠡᠳᠦᠷ ᠳᠣᠲᠣᠭᠠᠳᠤ ᠶᠢ ᠬᠠᠮᠠᠭᠠᠯᠠᠬᠤ ᠶᠠᠮᠤᠨ ᠤ ᠰᠣᠨᠢᠨ ᠮᠡᠳᠡᠭᠡ ᠨᠡᠶᠢᠲᠡᠯᠡᠬᠦ ᠬᠤᠷᠠᠯ ᠠᠴᠠ ᠣᠶᠢᠯᠠᠭᠠᠭᠰᠠᠨ ᠢᠶᠠᠷ᠂ 2019 ᠣᠨ ᠠᠴᠠ ᠨᠠᠭᠠᠰᠢ᠂ 5000 ᠲᠦᠮᠡᠨ ᠬᠥᠳᠡᠭᠡ ᠠᠴᠠ ᠰᠢᠯᠵᠢᠭᠰᠡᠳ ᠬᠤᠲᠠ ᠳᠤ ᠡᠷᠦᠭᠡ ᠠᠮᠠ ᠶᠢᠨ ᠲᠠᠩᠰᠨ ᠪᠠᠨ ᠣᠷᠣᠭᠤᠯᠵᠤ᠂ 2023 ᠣᠨ ᠤ ᠡᠴᠦᠰ ᠢᠶᠠᠷ ᠪᠦᠭᠦ ᠤᠯᠤᠰ ᠤᠨ ᠡᠷᠦᠭᠡ ᠠᠮᠠ ᠶᠢᠨ ᠬᠠᠷᠢᠶ᠎ᠠ ᠲᠠᠢ ᠬᠥᠮᠥᠨ ᠠᠮᠠ ᠶᠢᠨ ᠬᠤᠲᠠ ᠪᠠᠯᠭᠠᠰᠤᠵᠢᠯᠲᠠ ᠶᠢᠨ ᠨᠣᠷᠮ᠎ᠠ 48.3% ᠳᠤ ᠬᠦᠷᠴᠡᠢ᠃      ︽ᠡᠷᠦᠭᠡ ᠠᠮᠠ ᠶᠢᠨ ᠲᠠᠩᠰᠠ ᠶᠢᠨ ᠳᠦᠷᠢᠮ ᠤᠨ ᠥᠭᠡᠷᠡᠴᠢᠯᠡᠯᠲᠡ ᠪᠠ ᠰᠠᠭᠤᠭᠠᠯᠢ ᠠᠷᠠᠳ ᠤᠨ ᠪᠡᠶ᠎ᠡ ᠶᠢᠨ ᠦᠨᠡᠮᠯᠡᠯ ᠤᠨ ᠦᠢᠯᠡᠴᠢᠯᠡᠭᠡ ᠬᠠᠮᠢᠶᠠᠷᠤᠯᠲᠠ ᠪᠣᠯ ᠳᠣᠲᠣᠭᠠᠳᠤ ᠶᠢ ᠬᠠᠮᠠᠭᠠᠯᠠᠬᠤ ᠶᠠᠮᠤᠨ ᠤ ᠲᠦᠷᠦᠭᠦᠯᠡᠨ ᠬᠢᠭᠰᠡᠨ ᠭᠤᠣᠯᠳᠠᠯᠭ᠎ᠠ ᠲᠠᠢ ᠥᠭᠡᠷᠡᠴᠢᠯᠡᠯᠲᠡ ᠶᠢᠨ ᠡᠭᠦᠷᠭᠡ ᠮᠥᠨ᠂ ᠪᠠᠰᠠ ᠴᠤ ᠰᠢᠨ᠎ᠡ ᠮᠠᠶ᠋ᠢᠭ ᠤᠨ ᠬᠤᠲᠠ ᠪᠠᠯᠭᠠᠰᠤᠵᠢᠯᠲᠠ ᠶᠢᠨ ᠪᠦᠲᠦᠭᠡᠨ ᠪᠠᠶᠢᠭᠤᠯᠤᠯᠲᠠ ᠪᠠ ᠬᠥᠳᠡᠭᠡ ᠲᠣᠰᠬᠤᠨ ᠢ ᠪᠦᠭᠦ ᠲᠠᠯ᠎ᠠ ᠪᠠᠷ ᠬᠥᠭᠵᠢᠭᠦᠯᠦᠨ ᠮᠠᠨᠳᠤᠭᠤᠯᠬᠤ ᠶᠢ ᠠᠬᠢᠭᠤᠯᠬᠤ ᠴᠢᠬᠤᠯᠠ ᠠᠷᠭ᠎ᠠ ᠬᠡᠮᠵᠢᠶ᠎ᠡ ᠮᠥᠨ︾᠃ ᠳᠣᠲᠣᠭᠠᠳᠤ ᠶᠢ ᠬᠠᠮᠠᠭᠠᠯᠠᠬᠤ ᠶᠠᠮᠤᠨ ᠤ ᠰᠣᠨᠢᠨ ᠮᠡᠳᠡᠭᠡᠨ ᠤ ᠥᠭᠦᠯᠡᠭᠴᠢ ᠯᠢ ᠭᠦᠸᠧ ᠵᠥᠩ᠂ ᠣᠶᠢᠷ᠎ᠠ ᠶᠢᠨ ᠵᠢᠯ ᠳᠤ ᠳᠣᠲᠣᠭᠠᠳᠤ ᠶᠢ ᠬᠠᠮᠠᠭᠠᠯᠠᠬᠤ ᠪᠠᠶᠢᠭᠤᠯᠭ᠎ᠠ ᠡᠷᠦᠭᠡ ᠠᠮᠠ ᠶᠢᠨ ᠬᠠᠷᠢᠶ᠎ᠠ ᠶᠢᠨ ᠳᠦᠷᠢᠮ᠂ ᠣᠷᠣᠰᠢᠨ ᠰᠠᠭᠤᠬᠤ ᠦᠨᠡᠮᠯᠡᠯ ᠤᠨ ᠳᠦᠷᠢᠮ᠂ ᠪᠡᠶ᠎ᠡ ᠶᠢᠨ ᠦᠨᠡᠮᠯᠡᠯ ᠢ ᠣᠨᠳᠣᠣ ᠭᠠᠵᠠᠷ ᠲᠤ ᠭᠥᠯᠢᠶᠡᠨ ᠠᠪᠴᠤ ᠰᠢᠢᠳᠪᠦᠷᠢᠯᠡᠬᠦ ᠵᠡᠷᠭᠡ ᠥᠭᠡᠷᠡᠴᠢᠯᠡᠯᠲᠡ ᠶᠢ ᠯᠠᠪᠳᠠᠭᠤᠨ ᠢᠶᠠᠷ ᠠᠬᠢᠭᠤᠯᠤᠭᠠᠳ ᠢᠯᠡᠳᠲᠡ ᠦᠷ᠎ᠡ ᠪᠦᠲᠦᠮᠵᠢ ᠣᠯᠵᠠᠢ ᠭᠡᠵᠦ ᠲᠠᠨᠢᠯᠴᠠᠭᠤᠯᠪᠠ᠃      ᠳᠣᠲᠣᠭᠠᠳᠤ ᠶᠢ ᠬᠠᠮᠠᠭᠠᠯᠠᠬᠤ ᠶᠠᠮᠤᠨ ᠤᠯᠤᠰ ᠤᠨ ᠬᠥᠭᠵᠢᠭᠦᠯᠦᠯᠲᠡ ᠪᠠ ᠥᠭᠡᠷᠡᠴᠢᠯᠡᠯᠲᠡ ᠶᠢᠨ ᠵᠥᠪᠯᠡᠯ ᠵᠡᠷᠭᠡ ᠰᠠᠯᠠᠭ᠎ᠠ ᠮᠥᠴᠢᠷ ᠯᠦᠭᠡ ᠬᠠᠮᠲᠤᠷᠠᠨ ᠡᠯ᠎ᠡ ᠭᠠᠵᠠᠷ ᠤᠨ ᠬᠢᠨ ᠤ ᠲᠤᠬᠠᠢ ᠶᠢᠨ ᠭᠠᠵᠠᠷ ᠣᠷᠣᠨ ᠤ ᠪᠠᠶᠢᠳᠠᠯ᠂ ᠬᠤᠲᠠ ᠶᠢᠨ ᠪᠠᠶᠢᠳᠠᠯ ᠳᠤᠨᠢ ᠲᠣᠬᠢᠷᠠᠭᠤᠯᠤᠨ ᠠᠷᠭ᠎ᠠ ᠪᠣᠳᠣᠯᠭ᠎ᠠ ᠬᠡᠷᠡᠭᠵᠢᠭᠦᠯᠬᠦ ᠶᠢ ᠠᠬᠢᠭᠤᠯᠵᠤ᠂ ᠡᠷᠦᠭᠡ ᠠᠮᠠ ᠶᠢᠨ ᠲᠠᠩᠰᠠ ᠪᠠᠨ ᠰᠢᠯᠵᠢᠭᠦᠯᠬᠦ ᠲᠥᠷᠥ ᠶᠢᠨ ᠪᠣᠳᠣᠯᠭ᠎ᠠ ᠶᠢ ᠲᠣᠬᠢᠷᠠᠭᠤᠯᠤᠨ ᠲᠡᠭᠦᠯᠳᠡᠷᠵᠢᠭᠦᠯᠵᠦ᠂ ᠡᠷᠦᠭᠡ ᠠᠮᠠ ᠶᠢᠨ ᠲᠠᠩᠰᠠ ᠣᠷᠣᠭᠤᠯᠬᠤ ᠪᠠᠷᠢᠮᠵᠢᠶ᠎ᠠ ᠶᠢ ᠲᠠᠰᠤᠷᠠᠯᠲᠠ ᠦᠭᠡᠢ ᠳᠣᠷᠣᠭᠰᠢᠯᠠᠭᠤᠯᠪᠠ᠃ ᠣᠳᠣᠬᠠᠨ ᠳᠤ᠂ ᠵᠡᠭᠦᠨ ᠬᠡᠰᠡᠭ ᠤᠨ ᠭᠠᠵᠠᠷ ᠣᠷᠣᠨ ᠤ ᠣᠨᠴᠠ ᠶᠡᠭᠡ ᠬᠤᠲᠠ᠂ ᠳᠤᠮᠳᠠ ᠪᠠᠷᠠᠭᠤᠨ ᠬᠡᠰᠡᠭ ᠤᠨ ᠭᠠᠵᠠᠷ ᠣᠷᠣᠨ ᠤ ᠣᠨᠴᠠ ᠵᠠᠷᠢᠮ ᠮᠤᠵᠢ ᠶᠢᠨ ᠲᠥᠪ ᠬᠤᠲᠠ ᠶᠢ ᠭᠠᠷᠭᠠᠪᠠᠯ᠂ ᠡᠷᠦᠭᠡ ᠠᠮᠠ ᠶᠢᠨ ᠲᠠᠩᠰᠠ ᠣᠷᠣᠭᠤᠯᠬᠤ ᠬᠢᠵᠠᠭᠠᠷᠯᠠᠯ ᠢ ᠪᠦᠭᠦ ᠲᠠᠯ᠎ᠠ ᠪᠠᠷ ᠠᠭᠤᠵᠢᠭᠤ ᠪᠣᠯᠭᠠᠪᠠ᠃ ᠪᠦᠭᠦ ᠤᠯᠤᠰ ᠤᠨ ᠡᠯ᠎ᠡ ᠮᠤᠵᠢ ︵ᠣᠷᠣᠨ᠂ ᠬᠤᠲᠠ︶ ᠴᠥᠮ ᠣᠷᠣᠰᠢᠨ ᠰᠠᠭᠤᠬᠤ ᠦᠨᠡᠮᠯᠡᠯ ᠤᠨ ᠬᠡᠷᠡᠭᠵᠢᠭᠦᠯᠬᠦ ᠠᠷᠭ᠎ᠠ ᠶᠢ ᠨᠡᠶᠢᠲᠡᠯᠡᠵᠦ᠂ ᠲᠠᠪᠤᠨ ᠵᠢᠯ ᠤᠨ ᠲᠤᠷᠰᠢ ᠨᠡᠶᠢᠲᠡ 8400 ᠲᠦᠮᠡᠨ ᠣᠷᠣᠰᠢᠨ ᠰᠠᠭᠤᠬᠤ ᠦᠨᠡᠮᠯᠡᠯ ᠣᠯᠭᠤᠵᠤ᠂ ᠣᠷᠣᠰᠢᠨ ᠰᠠᠭᠤᠬᠤ ᠦᠨᠡᠮᠯᠡᠯ ᠢᠶᠠᠷ ᠠᠴᠢᠶᠠᠯᠠᠪᠤᠷᠢ ᠪᠤᠯᠭᠠᠬᠰᠠᠨ ᠬᠤᠲᠠ ᠪᠠᠯᠭᠠᠰᠤᠨ ᠤ ᠣᠯᠠᠨ ᠨᠡᠶᠢᠲᠡ ᠶᠢᠨ ᠦᠨᠳᠦᠰᠦᠨ ᠦᠢᠯᠡᠴᠢᠯᠡᠭᠡ ᠬᠠᠩᠭᠠᠬᠤ ᠲᠣᠭᠲᠠᠴᠠ ᠶᠢ ᠲᠠᠰᠤᠷᠠᠯᠲᠠ ᠦᠭᠡᠢ ᠪᠦᠷᠢᠨᠰᠢᠭᠦᠯᠦᠨ ᠲᠡᠭᠦᠯᠳᠡᠷᠵᠢᠭᠦᠯᠪᠡ᠃      ᠣᠳᠣᠬᠠᠨ ᠳᠤ᠂ ᠪᠦᠭᠦ ᠤᠯᠤᠰ ᠤᠨ ᠬᠡᠪᠴᠢᠶᠡᠨ ᠳᠤ ᠨᠢᠭᠡᠨᠲᠡ ᠡᠷᠦᠭᠡ ᠠᠮᠠ ᠶᠢᠨ ᠲᠠᠩᠰᠠ ᠰᠢᠯᠵᠢᠭᠦᠯᠬᠦ᠂ ᠠᠩᠬ᠎ᠠ ᠤᠳᠠᠭ᠎ᠠ ᠰᠠᠭᠤᠭᠠᠯᠢ ᠠᠷᠠᠳ ᠤᠨ ᠪᠡᠶ᠎ᠡ ᠶᠢᠨ ᠦᠨᠡᠮᠯᠡᠯ ᠭᠤᠶᠤᠴᠢᠯᠠᠨ ᠠᠪᠬᠤ ᠪᠠ ᠡᠷᠦᠭᠡ ᠠᠮᠠ ᠶᠢᠨ ᠲᠠᠩᠰᠠ ᠶᠢᠨ ᠬᠠᠮᠢᠶᠠᠲᠠᠢ ᠭᠡᠷᠡᠴᠢᠯᠡᠭᠡ ᠭᠠᠷᠭᠠᠵᠤ ᠥᠭᠬᠦ ᠶᠢ ︽ᠮᠤᠵᠢ ᠠᠯᠤᠰᠯᠠᠨ ᠨᠡᠶᠢᠳᠡᠮ ᠭᠦᠢᠴᠡᠳᠬᠡᠬᠦ︾ ᠶᠢ ᠪᠡᠶᠡᠯᠡᠭᠦᠯᠵᠦ᠂ ᠰᠠᠶ᠋ᠢ ᠲᠥᠷᠥᠭᠰᠡᠨ ᠬᠡᠦᠬᠡᠳ ᠢ ᠡᠷᠦᠭᠡ ᠠᠮᠠ ᠶᠢᠨ ᠲᠠᠩᠰᠠ ᠣᠷᠤᠭᠤᠯᠬᠤ ᠶᠢ ︽ᠮᠤᠵᠢ ᠠᠯᠤᠰᠯᠠᠨ ᠨᠡᠶᠢᠳᠡᠮ ᠭᠦᠢᠴᠡᠳᠬᠡᠬᠦ︾ ᠶᠢ ᠬᠡᠷᠡᠭᠵᠢᠭᠦᠯᠬᠦ ᠬᠡᠪᠴᠢᠶ᠎ᠡ ᠶᠢ ᠲᠣᠭᠲᠠᠭᠤᠨ ᠢᠶᠠᠷ ᠥᠷᠭᠡᠳᠬᠡᠪᠡ᠃ 2024 ᠣᠨ ᠤ 4 ᠰᠠᠷ᠎ᠠ ᠶᠢᠨ ᠰᠡᠭᠦᠯᠴᠢ ᠪᠤᠯᠲᠠᠯ᠎ᠠ᠂ ᠪᠦᠭᠦ ᠤᠯᠤᠰ ᠲᠤ ᠡᠷᠦᠭᠡ ᠠᠮᠠ ᠶᠢᠨ ᠲᠠᠩᠰᠠ ᠰᠢᠯᠵᠢᠭᠦᠯᠬᠦ ᠶᠢ ︽ᠮᠤᠵᠢ ᠠᠯᠤᠰᠯᠠᠨ ᠨᠡᠶᠢᠳᠡᠮ ᠭᠦᠢᠴᠡᠳᠬᠡᠬᠦ︾ ᠲᠤᠬᠠᠶᠢᠯᠠᠭᠰᠠᠨ ᠠᠵᠢᠯ ᠢ ᠨᠡᠶᠢᠲᠡ 355 ᠲᠦᠮᠡ ᠭᠠᠷᠤᠢ ᠭᠦᠢᠴᠡᠳᠬᠡᠵᠦ᠂ ᠡᠷᠦᠭᠡ ᠠᠮᠠ ᠶᠢᠨ ᠲᠠᠩᠰᠠ ᠶᠢᠨ ᠬᠠᠮᠢᠶᠠᠲᠠᠢ ᠭᠡᠷᠡᠴᠢᠯᠡᠭᠡ ᠶᠢ ︽ᠮᠤᠵᠢ ᠠᠯᠤᠰᠯᠠᠨ ᠨᠡᠶᠢᠳᠡᠮ ᠭᠦᠢᠴᠡᠳᠬᠡᠬᠦ︾ ᠲᠤᠬᠠᠶᠢᠯᠠᠭᠰᠠᠨ ᠠᠵᠢᠯ ᠢ 186 ᠲᠦᠮᠡ ᠭᠠᠷᠤᠢ ᠭᠦᠢᠴᠡᠳᠬᠡᠭᠰᠡᠨ ᠪᠠᠶᠢᠨ᠎ᠠ; ᠰᠠᠭᠤᠭᠠᠯᠢ ᠠᠷᠠᠳ ᠤᠨ ᠪᠡᠶ᠎ᠡ ᠶᠢᠨ ᠦᠨᠡᠮᠯᠡᠯ ᠢ ᠣᠨᠳᠣᠣ ᠭᠠᠵᠠᠷ ᠲᠤ ᠭᠥᠯᠢᠶᠡᠨ ᠠᠪᠴᠤ ᠰᠢᠢᠳᠪᠦᠷᠢᠯᠡᠬᠦ᠂ ᠭᠡᠭᠡᠭᠰᠡᠨ ᠢᠶᠠᠨ ᠮᠡᠳᠡᠭᠦᠯᠬᠦ ᠪᠠ ᠭᠡᠭᠡᠭᠰᠡᠨ ᠢᠶᠠᠨ ᠲᠠᠨᠢᠵᠤ ᠠᠪᠬᠤ ᠵᠡᠷᠭᠡ ᠭᠤᠷᠪᠠᠨ ᠵᠦᠢᠯ ᠤᠨ ᠳᠦᠷᠢᠮ ᠢ ᠭᠦᠨᠵᠡᠭᠡᠢ ᠨᠠᠶᠢᠳᠠᠪᠤᠷᠢᠵᠢᠭᠤᠯᠵᠤ᠂ ᠰᠠᠭᠤᠭᠠᠯᠢ ᠠᠷᠠᠳ ᠤᠨ ᠪᠡᠶ᠎ᠡ ᠶᠢᠨ ᠦᠨᠡᠮᠯᠡᠯ ᠢ ᠣᠨᠳᠣᠣ ᠭᠠᠵᠠᠷ ᠲᠤ ᠨᠡᠶᠢᠲᠡ 1.06 ᠳ᠋ᠦᠩᠰᠢᠭᠤᠷ ᠤᠳᠠᠭ᠎ᠠ ᠰᠣᠯᠢᠵᠤ ᠠᠪᠬᠤ ᠪᠠ ᠨᠥᠬᠦᠨ ᠠᠪᠴᠤ᠂ ᠣᠯᠠᠨ ᠲᠦᠮᠡᠨ ᠤ ᠢᠷᠡᠵᠦ ᠶᠠᠪᠤᠬᠤ ᠦᠨᠡᠮᠯᠡᠯ ᠠᠪᠬᠤ ᠴᠠᠭ ᠪᠠ ᠠᠵᠤ ᠠᠬᠤᠢ ᠶᠢᠨ ᠥᠪᠡᠷ ᠤᠨ ᠥᠷᠲᠡᠭ ᠢ ᠶᠡᠭᠡ ᠪᠠᠷ ᠠᠷᠪᠢᠯᠠᠵᠤ ᠥᠭᠴᠡᠢ᠃ 
ᠢᠷᠡᠯᠲᠡ᠄ ᠲᠤᠮᠳᠠᠳᠤ ᠤᠯᠤᠰ ᠤᠨ ᠮᠣᠩᠭᠤᠯ ᠬᠡᠯᠡᠨ ᠤ ᠰᠣᠨᠢᠨ ᠮᠡᠳᠡᠭᠡ ᠶᠢᠨ ᠰᠦᠯᠵᠢᠶ᠎ᠡ