ᠮᠠᠨ ᠤ ᠰᠢᠶᠠᠨ ᠴᠡᠴᠡᠷᠯᠢᠭ ᠤᠨ ᠨᠣᠭᠤᠭᠠᠷᠠᠭᠤᠯᠤᠯᠲᠠ ᠶᠢᠨ ᠲᠤᠰᠬᠠᠢ ᠮᠡᠷᠭᠡᠵᠢᠯ ᠤᠨ ᠶᠠᠷᠢᠶ᠎ᠠ ᠬᠡᠯᠡᠯᠴᠡᠭᠡᠨ ᠤ ᠬᠦᠳᠡᠯᠭᠡᠭᠡᠨ ᠥᠷᠨᠢᠭᠦᠯᠪᠡ
ᠨᠡᠶᠢᠲᠡᠯᠡᠭᠰᠡᠨ ᠴᠠᠭ᠄
2024/5/8
      ᠮᠠᠨ ᠤ ᠰᠢᠶᠠᠨ ᠤ ᠴᠡᠴᠡᠷᠯᠢᠭ ᠤᠨ ᠨᠣᠭᠤᠭᠠᠷᠠᠭᠤᠯᠤᠯᠲᠠ ᠶᠢᠨ ᠬᠠᠮᠠᠭᠠᠯᠠᠯᠲᠠ ᠶᠢᠨ ᠠᠵᠢᠯᠲᠠᠨ ᠤ ᠲᠤᠰᠬᠠᠢ ᠮᠡᠷᠭᠡᠵᠢᠯ ᠤᠨ ᠮᠡᠳᠡᠯᠭᠡ ᠶᠢᠨ ᠬᠢᠷᠢ ᠲᠦᠪᠰᠢᠨ ᠪᠠ ᠲᠤᠬᠠᠶᠢᠯᠠᠭᠰᠠᠨ ᠠᠵᠢᠯ ᠤᠨ ᠤᠷ᠎ᠠ ᠴᠢᠳᠠᠪᠤᠷᠢ ᠶᠢ ᠳᠡᠭᠡᠭᠰᠢᠯᠡᠭᠦᠯᠬᠦ ᠶᠢᠨ ᠲᠥᠯᠥᠭᠡ ᠂ 5 ᠰᠠᠷ᠎ᠠ ᠶᠢᠨ 6 ᠤ ᠡᠳᠦᠷ᠂ ᠮᠠᠨ ᠤ ᠰᠢᠶᠠᠨ ᠤ ᠴᠡᠴᠡᠷᠯᠢᠭ ᠤᠨ ᠨᠣᠭᠤᠭᠠᠷᠠᠭᠤᠯᠤᠯᠲᠠ ᠶᠢᠨ ᠦᠢᠯᠡᠴᠢᠯᠡᠭᠡᠨ ᠤ ᠲᠥᠪ ᠴᠡᠴᠡᠷᠯᠢᠭ ᠤᠨ ᠨᠣᠭᠤᠭᠠᠷᠠᠭᠤᠯᠤᠯᠲᠠ ᠶᠢᠨ ᠲᠤᠰᠬᠠᠢ ᠮᠡᠷᠭᠡᠵᠢᠯ ᠤᠨ ᠶᠠᠷᠢᠶ᠎ᠠ ᠢᠯᠡᠳᠬᠡᠯ ᠤᠨ ᠬᠦᠳᠡᠯᠭᠡᠭᠡᠨ ᠥᠷᠨᠢᠭᠦᠯᠵᠦ ᠂ ᠴᠡᠴᠡᠷᠯᠢᠭ ᠤᠨ ᠨᠣᠭᠤᠭᠠᠷᠠᠭᠤᠯᠤᠯᠲᠠ ᠶᠢᠨ ᠦᠢᠯᠡᠴᠢᠯᠡᠭᠡᠨ ᠤ ᠲᠥᠪ ᠤᠨ ᠪᠦᠬᠦ ᠺᠠᠳ᠋ᠷ ᠠᠵᠢᠯᠲᠠᠨ ᠂ ᠬᠠᠮᠠᠭᠠᠯᠠᠬᠤ ᠠᠵᠢᠯᠲᠠᠳ ᠰᠣᠯᠢᠯᠴᠠᠭ᠎ᠠ ᠪᠠ ᠪᠣᠯᠪᠠᠰᠤᠷᠠᠯ ᠳᠤ ᠣᠷᠣᠯᠴᠠᠪᠠ ᠃      ᠬᠦᠳᠡᠯᠭᠡᠭᠡᠨ ᠦ ᠳᠤᠮᠳᠠ ᠂ ᠳᠡᠭᠡᠳᠦ ᠵᠡᠷᠭᠡ ᠶᠢᠨ ᠢᠨᠵᠧᠨᠧᠷ ᠂ ᠳᠤᠮᠳᠠᠳᠤ ᠤᠯᠤᠰ ᠤᠨ ᠦᠵᠡᠮᠵᠢ ᠶᠢᠨ ᠴᠡᠴᠡᠷᠯᠢᠭ ᠤᠨ ᠨᠡᠶᠢᠭᠡᠮᠯᠢᠭ ᠤᠨ ᠠᠵᠤ ᠠᠬᠤᠢ ᠶᠢᠨ ᠬᠠᠮᠢᠶᠠᠷᠤᠯᠲᠠ ᠶᠢᠨ ᠵᠥᠪᠯᠡᠯ ᠤᠨ ᠳᠡᠳ᠋ ᠡᠷᠬᠢᠯᠡᠭᠴᠢ ᠂ ᠣᠷᠣᠨ ᠰᠠᠭᠤᠴᠠ ᠪᠠ ᠬᠤᠲᠠ ᠬᠥᠳᠡᠭᠡ ᠶᠢᠨ ᠪᠦᠲᠦᠭᠡᠨ ᠪᠠᠶᠢᠭᠤᠯᠤᠯᠲᠠ ᠶᠢᠨ ᠶᠠᠮᠤᠨ ᠤ ᠣᠷᠴᠢᠨ ᠲᠣᠭᠤᠷᠢᠨ ᠤ ᠲᠥᠪ ᠤᠨ ᠣᠨᠴᠠ ᠤᠷᠢᠭᠰᠠᠨ ᠲᠤᠰᠬᠠᠢ ᠮᠡᠷᠭᠡᠵᠢᠯᠲᠡᠨ ᠴᠧᠨ ᠰᠢᠶᠠᠨ ᠵᠠᠩ ᠮᠠᠨ ᠤ ᠰᠢᠶᠠᠨ ᠳᠤ ᠬᠦᠷᠴᠦ ᠭᠤᠷᠪᠠᠨ ᠡᠳᠦᠷ ᠤᠨ ᠬᠤᠭᠤᠴᠠᠭ᠎ᠠ ᠲᠠᠢ ᠭᠡᠷ ᠳᠣᠲᠣᠷᠠᠬᠢ ᠲᠤᠰᠬᠠᠢ ᠮᠡᠷᠭᠡᠵᠢᠯ ᠤᠨ ᠮᠡᠳᠡᠯᠭᠡ ᠶᠢᠨ ᠲᠠᠶᠢᠯᠤᠮᠵᠢ ᠪᠠ ᠲᠤᠬᠠᠢ ᠶᠢᠨ ᠲᠠᠯᠠᠪᠤᠷ ᠤᠨ ᠮᠡᠷᠭᠡᠵᠢᠯ ᠤᠨ ᠰᠣᠯᠢᠯᠴᠠᠭ᠎ᠠ᠂ ᠵᠢᠯᠣᠭᠤᠳᠤᠯᠭ᠎ᠠ ᠬᠢᠵᠦ ᠂ ᠲᠤᠰ ᠲᠤᠰ ᠵᠦᠯᠭᠡᠨ ᠳᠡᠭᠡᠷᠡᠬᠢ ᠨᠣᠭᠤᠭᠠᠷᠠᠭᠤᠯᠤᠯᠲᠠ ᠂ ᠰᠢᠨ᠎ᠡ ᠪᠠᠷ ᠪᠠᠶᠢᠭᠤᠯᠤᠭᠰᠠᠨ ᠨᠣᠭᠤᠭᠠᠷᠠᠭᠤᠯᠤᠯᠲᠠ ᠶᠢᠨ ᠣᠨᠴᠠᠭᠠᠢ ᠠᠷᠠᠴᠢᠯᠠᠨ ᠬᠠᠮᠠᠭᠠᠯᠠᠯᠲᠠ ᠂ ᠬᠤᠷᠣᠬᠠᠢ ᠶᠢᠨ ᠬᠥᠨᠥᠭᠡᠯ ᠢ ᠰᠡᠷᠭᠡᠶᠢᠯᠡᠨ ᠵᠠᠰᠠᠬᠤ ᠵᠡᠷᠭᠡ ᠠᠭᠤᠯᠭ᠎ᠠ ᠳᠤ ᠰᠤᠷᠭᠠᠨ ᠬᠥᠮᠦᠵᠢᠯ ᠤᠨ ᠵᠢᠭᠠᠨ ᠰᠤᠷᠭᠠᠯᠲᠠ ᠥᠷᠨᠢᠭᠦᠯᠪᠡ ᠃      ᠦᠶᠤᠸᠠᠨ ᠰᠢᠶᠠᠨ ᠤ ᠴᠡᠴᠡᠷᠯᠢᠭ ᠤᠨ ᠨᠣᠭᠤᠭᠠᠷᠠᠭᠤᠯᠤᠯᠲᠠ ᠶᠢᠨ ᠦᠢᠯᠡᠴᠢᠯᠡᠭᠡᠨ ᠤ ᠲᠥᠪ ᠤᠨ ᠬᠠᠮᠠᠭᠠᠯᠠᠬᠤ ᠠᠵᠢᠯᠲᠠᠨ ᠯᠢᠦ ᠶᠠᠨ ᠬᠡᠯᠡᠬᠦ ᠳᠡᠭᠡᠨ ᠄ ︽ ᠲᠤᠰ ᠤᠳᠠᠭᠠᠨ ᠤ ᠰᠤᠷᠤᠯᠴᠠᠯᠭ᠎ᠠ ᠪᠣᠯᠪᠠᠰᠤᠷᠠᠯ ᠨᠢ ᠪᠢᠳᠡᠨ ᠳᠤ ᠮᠠᠰᠢ ᠶᠡᠭᠡ ᠠᠰᠢᠭ ᠲᠤᠰᠠ ᠬᠦᠷᠲᠡᠭᠡᠵᠦ ᠂ ᠪᠠᠭᠰᠢ ᠪᠣᠳᠠᠲᠠᠢ ᠳᠤ ᠰᠠᠭᠤᠷᠢᠯᠠᠨ ᠪᠢᠳᠡᠨ ᠤ ᠮᠠᠳᠠᠭ ᠲᠠᠢ ᠠᠰᠠᠭᠤᠳᠠᠯ ᠢ ᠰᠢᠢᠳᠪᠦᠷᠢᠯᠡᠵᠦ ᠂ ᠬᠠᠮᠠᠭᠠᠯᠠᠬᠤ ᠴᠢᠳᠠᠪᠤᠷᠢ ᠪᠣᠯᠣᠨ  ᠬᠢᠷᠢ ᠲᠦᠪᠰᠢᠨ ᠢ ᠳᠡᠭᠡᠭᠰᠢᠯᠡᠭᠦᠯᠬᠦ ᠳᠤ ᠮᠠᠰᠢ ᠰᠠᠶᠢᠨ ᠠᠬᠢᠭᠤᠯᠬᠤ ᠦᠢᠯᠡᠳᠦᠯ ᠲᠠᠢ ᠪᠠᠶᠢᠵᠤ ᠂ ᠮᠠᠨ ᠤ ᠰᠢᠶᠠᠨ ᠤ ᠴᠡᠴᠡᠷᠯᠢᠭ ᠤᠨ ᠨᠣᠭᠤᠭᠠᠷᠠᠭᠤᠯᠤᠯᠲᠠ ᠶᠢ ᠲᠡᠰ ᠳᠡᠪᠰᠢᠭᠦᠯᠬᠦ ᠳᠤ ᠦᠵᠡᠭᠦᠯᠪᠡᠰᠦ ᠵᠣᠬᠢᠬᠤ ᠬᠤᠪᠢ ᠨᠡᠮᠡᠷᠢ ᠦᠵᠡᠭᠦᠯᠦᠨ᠎ᠡ ︾ ᠭᠡᠪᠡ᠃      ᠣᠶᠢᠯᠠᠭᠠᠭᠰᠠᠨ ᠢᠶᠠᠷ᠂ ᠮᠠᠨ ᠤ ᠰᠢᠶᠠᠨ ᠤ ᠨᠣᠭᠤᠭᠠᠷᠠᠭᠤᠯᠤᠯᠲᠠ ᠶᠢᠨ ᠪᠠᠭᠲᠠᠭᠠᠮᠵᠢ ᠨᠢᠭᠡᠨᠲᠡ ᠵᠣᠬᠢᠬᠤ ᠬᠢᠷᠢ ᠲᠦᠪᠰᠢᠨ ᠳᠤ ᠬᠦᠷᠦᠭᠰᠡᠨ ᠪᠣᠯᠪᠠᠴᠤ ᠠᠷᠠᠴᠢᠯᠠᠨ ᠬᠠᠮᠠᠭᠠᠯᠠᠬᠤ ᠳᠤ ᠪᠠᠰᠠ ᠪᠦᠳᠦᠭᠦᠯᠢᠭ ᠮᠠᠶ᠋ᠢᠭ ᠤᠨ ᠬᠠᠮᠢᠶᠠᠷᠤᠯᠲᠠ ᠶᠢᠨ ᠦᠵᠡᠭᠳᠡᠯ ᠣᠷᠣᠰᠢᠵᠤ ᠪᠠᠶᠢᠨ᠎ᠠ ᠂ ᠡᠨᠡ ᠬᠦ ᠦᠵᠡᠭᠳᠡᠯ ᠢ ᠰᠠᠶᠢᠵᠢᠷᠠᠭᠤᠯᠬᠤ ᠶᠢᠨ ᠲᠥᠯᠥᠭᠡ ᠂ ᠮᠠᠨ ᠤ ᠰᠢᠶᠠᠨ ᠤ ᠴᠡᠴᠡᠷᠯᠢᠭ ᠤᠨ ᠨᠣᠭᠤᠭᠠᠷᠠᠭᠤᠯᠤᠯᠲᠠ ᠶᠢᠨ ᠦᠢᠯᠡᠴᠢᠯᠡᠭᠡᠨ ᠤ ᠲᠥᠪ ᠠᠴᠠ 2024 ᠣᠨ ᠳᠤ ᠴᠡᠴᠡᠷᠯᠢᠭ ᠤᠨ ᠨᠣᠭᠤᠭᠠᠷᠠᠭᠤᠯᠤᠯᠲᠠ ᠶᠢ ᠳᠡᠭᠡᠭᠰᠢᠯᠡᠭᠦᠯᠬᠦ ᠵᠢᠯ ᠢᠶᠠᠷ ᠲᠣᠭᠲᠠᠭᠠᠵᠤ ᠂ ᠪᠦᠲᠦᠭᠡᠨ ᠪᠠᠶᠢᠭᠤᠯᠬᠤ ᠪᠠ ᠠᠷᠠᠴᠢᠯᠠᠨ ᠬᠠᠮᠠᠭᠠᠯᠠᠬᠤ ᠬᠤᠶᠠᠷ ᠲᠠᠯ᠎ᠠ ᠠᠴᠠ ᠠᠳᠬᠤᠵᠤ᠂ ᠲᠠᠰᠤᠷᠠᠯᠲᠠ ᠦᠭᠡᠢ ︽ ᠬᠤᠸᠠᠷ ᠬᠠᠳᠬᠤᠬᠤ ︾  ᠶᠢ ᠰᠤᠷᠴᠤ᠂ ᠴᠡᠴᠡᠷᠯᠢᠭ ᠤᠨ ᠨᠠᠷᠢᠯᠢᠭᠵᠢᠭᠤᠯᠤᠭᠰᠠᠨ ᠬᠠᠮᠢᠶᠠᠷᠤᠯᠲᠠ ᠶᠢᠨ ᠬᠢᠷᠢ ᠲᠦᠪᠰᠢᠨ ᠢ ᠳᠡᠭᠡᠭᠰᠢᠯᠡᠭᠦᠯᠦᠨ ᠂ ᠨᠠᠩ ᠭᠤᠶᠣ  ᠰᠠᠶᠢᠬᠠᠨ ᠴᠡᠴᠡᠷᠯᠢᠭ ᠤᠨ ᠦᠵᠡᠮᠵᠢ ᠶᠢ ᠪᠣᠶ ᠪᠣᠯᠭᠠᠨ᠎ᠠ ᠃      ᠦᠶᠤᠶᠠᠨ ᠰᠢᠶᠠᠨ ᠤ ᠴᠡᠴᠡᠷᠯᠢᠭ ᠤᠨ ᠨᠣᠭᠤᠭᠠᠷᠠᠭᠤᠯᠤᠯᠲᠠ ᠶᠢᠨ ᠦᠢᠯᠡᠴᠢᠯᠡᠭᠡᠨ ᠤ ᠲᠥᠪ ᠤᠨ ᠡᠷᠬᠢᠯᠡᠭᠴᠢ ᠱᠢᠦᠢ ᠾᠦᠢ ᠴᠢᠨ ᠢᠯᠡᠷᠬᠡᠶᠢᠯᠡᠬᠦ ᠳᠡᠭᠡᠨ᠂ ᠪᠦᠲᠦᠭᠡᠨ ᠪᠠᠶᠢᠭᠤᠯᠤᠯᠲᠠ ᠶᠢᠨ ᠲᠠᠯ᠎ᠠ ᠪᠠᠷ᠂ ᠵᠢᠯ ᠳᠠᠷᠠᠭᠠᠯᠠᠨ ᠥᠭᠡᠷᠡᠴᠢᠯᠡᠬᠦ ᠪᠠᠷ ᠳᠠᠮᠵᠢᠨ᠂ ᠦᠶᠤᠶᠠᠨ ᠴᠡᠴᠡᠷᠯᠢᠭ ᠤᠨ ᠨᠣᠭᠤᠭᠠᠷᠠᠭᠤᠯᠤᠯᠲᠠ ᠶᠢᠨ ᠦᠵᠡᠮᠵᠢ ᠶᠢ ᠠᠯᠬᠤᠮ ᠠᠯᠬᠤᠮ ᠢᠶᠠᠷ ︽ᠭᠤᠷᠪᠠᠨ ᠣᠬᠢ ︾  ᠶᠢᠨ ᠪᠠᠷᠢᠮᠵᠢᠶ᠎ᠠ ᠳᠤ ᠬᠦᠷᠦᠭᠦᠯᠬᠦ ᠪᠡᠷ ᠪᠡᠶᠡᠯᠡᠭᠦᠯᠦᠨ᠎ᠡ᠃ ᠠᠷᠠᠴᠢᠯᠠᠵᠤ ᠬᠠᠮᠢᠶᠠᠷᠬᠤ ᠲᠠᠯ᠎ᠠ ᠪᠠᠷ ᠂ ᠬᠢᠨᠠᠯᠲᠠ ᠲᠠᠯᠪᠢᠬᠤ ᠪᠠ ᠵᠢᠯᠤᠭᠤᠳᠬᠤ ᠬᠤᠶᠠᠷ ᠲᠠᠯ᠎ᠠ ᠪᠠᠷ ᠵᠡᠷᠭᠡ ᠪᠠᠷ ᠠᠬᠢᠭᠤᠯᠵᠤ ᠂ ᠪᠠᠷᠢᠮᠵᠢᠶ᠎ᠠ ᠪᠠ ᠰᠢᠯᠭᠠᠨ ᠬᠢᠨᠠᠬᠤ ᠠᠷᠭ᠎ᠠ ᠶᠢ ᠲᠣᠭᠲᠠᠭᠠᠨ ᠂ ᠪᠠᠷᠢᠮᠵᠢᠶ᠎ᠠ ᠪᠠᠷ ᠰᠢᠯᠭᠠᠨ ᠬᠢᠨᠠᠵᠤ ᠂ ᠬᠠᠮᠠᠭᠠᠯᠠᠭᠰᠠᠨ ᠦᠷ᠎ᠡ ᠪᠦᠲᠦᠮᠵᠢ ᠪᠠᠷ ᠬᠠᠮᠠᠭᠠᠯᠠᠬᠤ ᠦᠨ᠎ᠡ ᠬᠠᠩᠰᠢ ᠶᠢ ᠲᠣᠭᠲᠠᠭᠠᠵᠤ  ᠂ ᠬᠠᠮᠠᠭᠠᠯᠠᠬᠤ ᠬᠢᠷᠢ ᠲᠦᠪᠰᠢᠨ ᠤ ᠳᠡᠭᠡᠭᠰᠢᠯᠡᠯᠲᠡ ᠶᠢ ᠠᠬᠢᠭᠤᠯᠬᠤ ᠬᠡᠷᠡᠭᠲᠡᠢ ᠃ ︽ ᠤᠨᠤᠯ ᠤᠨ ᠪᠣᠳᠠᠲᠤ ᠠᠵᠢᠯᠯᠠᠭ᠎ᠠ ︾ ᠶᠢᠨ ᠮᠡᠷᠭᠡᠵᠢᠯ ᠤᠨ ᠪᠣᠯᠪᠠᠰᠤᠷᠠᠯ ᠢ ᠥᠷᠨᠢᠭᠦᠯᠬᠦ ᠪᠠᠷ ᠳᠠᠮᠵᠢᠭᠤᠯᠤᠨ ᠂ ᠠᠷᠠᠴᠢᠯᠠᠨ ᠬᠠᠮᠠᠭᠠᠯᠠᠬᠤ ᠡᠩᠨᠡᠭᠡᠨ ᠤ ᠮᠡᠷᠭᠡᠵᠢᠯ ᠤᠨ ᠬᠢᠷᠢ ᠲᠦᠪᠰᠢᠨ ᠢ ᠲᠠᠰᠤᠷᠠᠯᠲᠠ ᠦᠭᠡᠢ ᠳᠡᠭᠡᠭᠰᠢᠯᠡᠭᠦᠯᠵᠦ ᠂ ᠮᠠᠨ ᠤ ᠰᠢᠶᠠᠨ ᠤ ᠴᠡᠴᠡᠷᠯᠢᠭ ᠤᠨ ᠨᠣᠭᠤᠭᠠᠷᠠᠭᠤᠯᠤᠯᠲᠠ ᠶᠢᠨ ᠦᠢᠯᠡᠰ ᠤᠨ ᠬᠥᠭᠵᠢᠯᠲᠡ ᠶᠢᠨ ᠬᠢᠷᠢ ᠲᠦᠪᠰᠢᠨ ᠢ ᠨᠡᠩ ᠲᠦᠷᠭᠡᠨ ᠪᠦᠲᠦᠮᠵᠢᠲᠡᠶ ᠪᠠᠷ ᠲᠦᠯᠬᠢᠨ ᠠᠬᠢᠭᠤᠯᠬᠤ ᠬᠡᠷᠡᠭᠲᠡᠢ ᠭᠡᠪᠡ᠃ 
ᠢᠷᠡᠯᠲᠡ᠄ ᠦᠶᠤᠸᠠᠨ ᠰᠢᠶᠠᠨ ᠤ ᠠᠷᠠᠳ ᠤᠨ ᠵᠠᠰᠠᠭ ᠤᠨ ᠣᠷᠳᠤᠨ ᠤ ᠮᠣᠡᠭᠭᠤᠯ ᠰᠦᠯᠵᠢᠶ᠎ᠡ