ᠥᠪᠡᠷᠲᠡᠭᠡᠨ ᠵᠠᠰᠠᠬᠤ ᠣᠷᠣᠨ ᠤ ᠵᠠᠰᠠᠭ ᠤᠨ ᠣᠷᠳᠣᠨ ᠤ ᠰᠣᠨᠢᠨ ᠮᠡᠳᠡᠭᠡᠨ ᠤ ᠠᠯᠪᠠᠨ ᠭᠡᠷ ᠤᠨ ᠲᠦᠷᠦᠭᠦᠬᠡᠨ ᠬᠤᠷᠠᠯᠳᠤᠭᠤᠯᠤᠭᠰᠠᠨ ᠰᠣᠨᠢᠨ ᠮᠡᠳᠡᠭᠡ | ᠨᠡᠶᠢᠲᠡᠯᠡᠬᠦ ᠬᠤᠷᠠᠯ ᠠᠴᠠ ᠣᠶᠢᠯᠠᠭᠠᠭᠰᠠᠨ ᠢᠶᠠᠷ᠂ ᠮᠠᠨ ᠤ ᠣᠷᠣᠨ ᠰᠢᠨ᠎ᠡ ᠴᠢᠨᠠᠷ ᠪᠦᠬᠦᠢ ᠦᠢᠯᠡᠳᠪᠦᠷᠢᠯᠡᠯ ᠤᠨ ᠬᠦᠴᠦᠨ ᠢ ᠱᠠᠯᠠᠪᠳᠠᠨ ᠬᠥᠭᠵᠢᠭᠦᠯᠬᠦ ᠶᠢ ᠳᠡᠭᠡᠳᠦ | ᠬᠡᠮᠵᠢᠶ᠎ᠡ ᠪᠠᠷ ᠴᠢᠬᠤᠯᠠᠴᠢᠯᠠᠵᠤ᠂ ᠲᠡᠮᠦᠷᠯᠢᠭ ᠪᠤᠯᠪᠠᠰᠤᠷᠠᠭᠤᠯᠬᠤ᠂ ᠬᠢᠮᠢ ᠶᠢᠨ ᠠᠵᠤ ᠦᠢᠯᠡᠳᠪᠦᠷᠢ ᠵᠡᠷᠭᠡ ᠤᠯᠠᠮᠵᠢᠯᠠᠯᠲᠤ ᠠᠵᠤ ᠦᠢᠯᠡᠰ ᠢ ᠥᠭᠡᠷᠡᠴᠢᠯᠡᠨ ᠳᠡᠪᠰᠢᠭᠦᠯᠬᠦ | ᠶᠢ ᠲᠦᠷᠭᠡᠳᠬᠡᠨ᠂ ᠰᠢᠨ᠎ᠡ ᠡᠨᠧᠷᠭᠢ ᠰᠢᠨ᠎ᠡ ᠮᠠᠲ᠋ᠧᠷᠢᠶᠠᠯ ᠵᠡᠷᠭᠡ ᠰᠢᠨ᠎ᠡ ᠪᠠᠷ ᠮᠠᠨᠳᠤᠭᠰᠠᠨ ᠠᠵᠤ ᠦᠢᠯᠡᠰ ᠢ ᠬᠥᠭᠵᠢᠭᠦᠯᠦᠨ ᠪᠤᠵᠠᠭᠠᠶᠢᠷᠠᠭᠤᠯᠵᠤ᠂ ᠵᠣᠬᠢᠶᠠᠮᠠᠯ ᠤᠶᠤᠨ | ᠴᠢᠳᠠᠪᠤᠷᠢ᠂ ᠰᠢᠨ᠎ᠡ ᠭᠡᠯᠪᠡᠷᠢ ᠶᠢᠨ ᠨᠥᠭᠡᠴᠡ ᠡᠨᠧᠷᠭᠢ ᠵᠡᠷᠭᠡ ᠢᠷᠡᠭᠡᠳᠦᠢ ᠶᠢᠨ ᠠᠵᠤ ᠦᠢᠯᠡᠰ ᠢ ᠢᠳᠡᠪᠬᠢᠲᠡᠢ ᠲᠥᠯᠥᠪᠵᠢᠭᠦᠯᠦᠨ ᠪᠠᠶᠢᠷᠢᠰᠢᠭᠤᠯᠵᠤ ᠪᠠᠶᠢᠨ᠎ᠠ᠃ | ᠰᠢᠨ᠎ᠡ ᠴᠢᠨᠠᠷ ᠪᠦᠬᠦᠢ ᠦᠢᠯᠡᠳᠪᠦᠷᠢᠯᠡᠯ ᠤᠨ ᠬᠦᠴᠦᠨ ᠢ ᠬᠥᠭᠵᠢᠭᠦᠯᠬᠦ ᠪᠣᠯ ᠶᠡᠷᠦᠩᠬᠡᠢ ᠱᠦᠵᠢ ᠰᠢ ᠶᠢᠨ ᠫᠢᠩ ᠤᠨ ᠪᠡᠶ᠎ᠡ ᠪᠠᠷ ᠢᠶᠠᠨ ᠪᠠᠶᠢᠷᠢᠯᠠᠭᠤᠯᠤᠭᠰᠠᠨ | ᠲᠣᠮᠣ ᠪᠠᠶᠢᠯᠳᠤᠬᠤ ᠪᠣᠳᠣᠯᠭ᠎ᠠ ᠮᠥᠨ᠃ ᠰᠢᠨ᠎ᠡ ᠴᠢᠨᠠᠷ ᠪᠦᠬᠦᠢ ᠦᠢᠯᠡᠳᠪᠦᠷᠢᠯᠡᠯ ᠤᠨ ᠬᠦᠴᠦᠨ ᠨᠢ ᠮᠠᠨ ᠤ ᠣᠷᠣᠨ ᠤ ᠠᠵᠤ ᠠᠬᠤᠢ ᠶᠢᠨ ᠬᠥᠭᠵᠢᠯᠲᠡ ᠳᠤ ᠰᠢᠨ᠎ᠡ | ᠠᠮᠢᠵᠢᠷᠠᠯ ᠤᠨ ᠬᠦᠴᠦᠨ ᠨᠡᠮᠡᠷᠢᠯᠡᠵᠦ ᠪᠠᠶᠢᠨ᠎ᠠ᠃ ᠨᠢᠭᠡ ᠲᠠᠯ᠎ᠠ ᠪᠠᠷ ᠰᠢᠨ᠎ᠡ ᠡᠨᠧᠷᠭᠢ ᠶᠢᠨ ᠠᠵᠤ ᠦᠢᠯᠡᠰ ᠲᠠᠬᠢ ᠪᠡᠯᠡ ᠤᠷᠤᠭᠤᠯᠤᠯᠳᠠ ᠬᠥᠭᠵᠢᠯᠲᠡ ᠶᠢᠨ︽ᠰᠢᠨ᠎ᠡ | ᠬᠥᠳᠡᠯᠭᠡᠬᠦ ᠬᠦᠴᠦᠨ︾ ᠢ ᠪᠤᠢ ᠪᠣᠯᠭᠠᠪᠠ᠃ ᠡᠨᠡ ᠵᠢᠯ ᠤᠨ ᠲᠦᠷᠦᠭᠦᠦ ᠤᠯᠠᠷᠢᠯ ᠳᠤ ᠪᠦᠭᠦ ᠣᠷᠣᠨ ᠤ ᠰᠢᠨ᠎ᠡ ᠡᠨᠧᠷᠭᠢ ᠶᠢᠨ ᠠᠵᠤ ᠦᠢᠯᠡᠰ ᠲᠠᠬᠢ ᠪᠡᠯᠡ | ᠤᠷᠤᠭᠤᠯᠤᠯᠳᠠ ᠨᠢᠳᠤᠨᠤᠨ ᠤ ᠠᠳᠠᠯᠢ ᠬᠤᠭᠤᠴᠠᠭᠠᠨ ᠤ ᠬᠢ ᠠᠴᠠ 22.7% ᠪᠠᠷ ᠨᠡᠮᠡᠭᠳᠡᠵᠦ᠂ ᠪᠦᠭᠦ ᠪᠡᠯᠡ ᠤᠷᠤᠭᠤᠯᠤᠯᠳᠠ ᠶᠢᠨ 27.1% ᠶᠢ ᠡᠵᠡᠯᠡᠭᠰᠡᠨ | ᠪᠠᠶᠢᠨ᠎ᠠ᠃ ᠡᠭᠦᠨ ᠳᠤ ᠰᠢᠨ᠎ᠡ ᠡᠨᠧᠷᠭᠢ ᠶᠢᠨ ᠴᠠᠭᠢᠯᠭᠠᠨ ᠬᠦᠴᠦᠨ ᠳᠠᠬᠢ ᠪᠡᠯᠡ ᠤᠷᠤᠭᠤᠯᠤᠯᠳᠠ 27% ᠪᠠᠷ ᠨᠡᠮᠡᠭᠳᠡᠵᠦ᠂ ᠰᠢᠨ᠎ᠡ ᠡᠨᠧᠷᠭᠢ ᠶᠢᠨ ᠲᠣᠨᠣᠭᠯᠠᠯ | ᠦᠢᠯᠡᠳᠬᠦ ᠦᠢᠯᠡᠰ ᠲᠠᠬᠢ ᠪᠡᠯᠡ ᠤᠷᠤᠭᠤᠯᠤᠯᠳᠠ 17.3% ᠪᠠᠷ ᠨᠡᠮᠡᠭᠳᠡᠵᠡᠢ᠃ ᠨᠦᠭᠦᠭᠡ ᠲᠠᠯ᠎ᠠ ᠪᠠᠷ ᠠᠵᠤ ᠦᠢᠯᠡᠳᠪᠦᠷᠢ ᠶᠢᠨ ᠰᠢᠨ᠎ᠡ ᠪᠠᠷ ᠮᠠᠨᠳᠤᠭᠰᠠᠨ ᠠᠵᠤ | ᠦᠢᠯᠡᠰ ᠨᠢ ᠬᠥᠭᠵᠢᠯᠲᠡ ᠶᠢᠨ︽ᠰᠢᠨ᠎ᠡ ᠳᠠᠪᠠᠭᠤᠯᠢᠭ︾ ᠢ ᠪᠤᠢ ᠪᠣᠯᠭᠠᠪᠠ᠃ ᠡᠨᠡ ᠵᠢᠯ ᠤᠨ ᠲᠦᠷᠦᠭᠦᠦ ᠤᠯᠠᠷᠢᠯ ᠳᠤ ᠪᠦᠭᠦ ᠣᠷᠣᠨ ᠤ ᠪᠠᠶᠢᠯᠳᠤᠬᠤ ᠪᠣᠳᠣᠯᠭ᠎ᠠ ᠶᠢᠨ | ᠴᠢᠨᠠᠷᠲᠠᠢ ᠰᠢᠨ᠎ᠡ ᠪᠠᠷ ᠮᠠᠨᠳᠤᠭᠰᠠᠨ ᠠᠵᠤ ᠦᠢᠯᠡᠰ᠂ ᠳᠡᠭᠡᠳᠦ ᠮᠡᠷᠭᠡᠵᠢᠯ ᠤᠨ ᠦᠢᠯᠡᠳᠬᠦ ᠦᠢᠯᠡᠰ ᠵᠡᠷᠭᠡ ᠥᠨᠳᠥᠷ ᠨᠡᠮᠡᠭᠳᠡᠯ ᠦᠷᠳᠡᠭ ᠪᠦᠬᠦᠢ ᠠᠵᠤ ᠦᠢᠯᠡᠰ ᠤᠨ | ᠬᠥᠭᠵᠢᠯᠲᠡ ᠶᠢᠨ ᠪᠠᠶᠢᠳᠠᠯ ᠬᠠᠷᠢᠴᠠᠩᠭᠤᠢ ᠰᠠᠶᠢᠨ ᠪᠠᠶᠢᠵᠤ᠂ ᠣᠨᠴᠠᠭᠠᠶᠢᠯᠠᠨ ᠲᠣᠨᠣᠭᠯᠠᠯ ᠦᠢᠯᠡᠳᠬᠦ ᠦᠢᠯᠡᠰ ᠤᠨ ᠨᠡᠮᠡᠭᠳᠡᠯ ᠦᠷᠳᠡᠭ 55.8% ᠶᠢᠨ ᠥᠨᠳᠥᠷ | ᠬᠤᠷᠳᠤᠴᠠ ᠪᠠᠷ ᠨᠡᠮᠡᠭᠳᠡᠵᠦ᠂ ᠬᠤᠪᠣᠷ ᠰᠢᠷᠣᠢ ᠶᠢᠨ ᠠᠵᠤ ᠦᠢᠯᠡᠰ ᠤᠨ ᠨᠡᠮᠡᠭᠳᠡᠯ ᠦᠷᠳᠡᠭ 52% ᠢᠶᠠᠷ ᠨᠡᠮᠡᠭᠳᠡᠭᠰᠡᠨ ᠪᠠᠶᠢᠨ᠎ᠠ᠃ ᠡᠭᠦᠨ ᠤ ᠵᠡᠷᠭᠡ ᠪᠠᠷ ᠪᠦᠭᠦ | ᠣᠷᠣᠨ ᠤ ᠬᠡᠷᠡᠭᠯᠡᠭᠡᠨ ᠤ ᠠᠵᠤ ᠦᠢᠯᠡᠰ ᠤᠨ ᠰᠢᠨ᠎ᠡ ᠡᠵᠡᠩᠨᠡᠯᠲᠡ ᠶᠢᠨ ᠭᠡᠯᠪᠡᠷᠢ ᠨᠢ ᠬᠥᠭᠵᠢᠯᠲᠡ ᠶᠢᠨ︽ᠰᠢᠨ᠎ᠡ ᠨᠥᠭᠡᠴᠡ ᠬᠦᠴᠦᠨ︾ ᠢ ᠢᠯᠡᠷᠡᠭᠦᠯᠪᠡ᠃ ᠣᠶᠢᠷ᠎ᠠ | ᠶᠢᠨ ᠵᠢᠯ ᠳᠤ ᠪᠦᠭᠦ ᠣᠷᠣᠨ ᠤ ᠰᠦᠯᠵᠢᠶᠡᠨ ᠳᠡᠭᠡᠷᠡᠬᠢ ᠵᠢᠵᠢᠭᠯᠡᠨ ᠪᠣᠷᠣᠯᠠᠭᠤᠯᠬᠤ ᠦᠢᠯᠡᠰ ᠲᠦᠷᠭᠡᠨ ᠨᠡᠮᠡᠭᠳᠡᠬᠦ ᠬᠠᠨᠳᠤᠰᠢ ᠶᠢ ᠪᠠᠲᠤᠯᠠᠵᠤ᠂ ᠡᠨᠡ ᠵᠢᠯ ᠤᠨ | ᠲᠦᠷᠦᠭᠦᠦ ᠤᠯᠠᠷᠢᠯ ᠳᠤ ᠨᠢᠳᠤᠨᠤᠨ ᠤ ᠠᠳᠠᠯᠢ ᠬᠤᠭᠤᠴᠠᠭᠠᠨ ᠤ ᠬᠢ ᠠᠴᠠ 24.1% ᠪᠠᠷ ᠨᠡᠮᠡᠭᠳᠡᠪᠡ᠃ ᠡᠭᠦᠨ ᠳᠤ ᠪᠣᠳᠠᠲᠤ ᠪᠠᠷᠠᠭ᠎ᠠ ᠶᠢ ᠰᠦᠯᠵᠢᠶ᠎ᠡ ᠪᠠᠷ | ᠪᠣᠷᠣᠯᠠᠭᠤᠯᠤᠭᠰᠠᠨ ᠬᠡᠮᠵᠢᠶ᠎ᠡ ᠨᠢᠳᠤᠨᠤᠨ ᠤ ᠠᠳᠠᠯᠢ ᠬᠤᠭᠤᠴᠠᠭᠠᠨ ᠤ ᠬᠢ ᠠᠴᠠ 23.6% ᠪᠠᠷ ᠨᠡᠮᠡᠭᠳᠡᠵᠦ᠂ ᠨᠡᠶᠢᠭᠡᠮ ᠤᠨ ᠬᠡᠷᠡᠭᠯᠡᠭᠡᠨ ᠤ ᠪᠣᠳᠠᠰ ᠢ ᠵᠢᠵᠢᠭᠯᠡᠨ | ᠪᠣᠷᠣᠯᠠᠭᠤᠯᠤᠭᠰᠠᠨ ᠶᠡᠷᠦᠩᠬᠡᠢ ᠬᠡᠮᠵᠢᠶᠡᠨ ᠳᠠᠬᠢ ᠬᠠᠷᠢᠴᠠᠯ ᠨᠢ 7.3% ᠪᠠᠶᠢᠭᠰᠠᠨ ᠠᠴᠠ ᠪᠠᠨ 8.4% ᠪᠣᠯᠣᠨ ᠳᠡᠭᠡᠭᠰᠢᠯᠡᠵᠦ᠂ ᠬᠡᠷᠡᠭᠯᠡᠭᠡᠨ ᠤ ᠵᠠᠬ᠎ᠠ ᠳᠡᠯᠭᠡᠭᠦᠷ ᠢ | ᠬᠥᠭᠵᠢᠶᠡᠨ ᠲᠠᠢ ᠪᠤᠯᠭᠠᠬᠤ ᠳᠤ ᠬᠦᠴᠦᠨ ᠨᠡᠮᠡᠷᠢᠯᠡᠵᠡᠢ᠃ | | |