ᠪᠠᠶᠠᠨᠨᠠᠭᠤᠷ ᠬᠤᠲᠠ ᠴᠢᠬᠤᠯᠠ ᠶᠡᠭᠡ ᠲᠥᠷᠥᠯ ᠵᠦᠢᠯ ᠤᠨ ᠬᠤᠷᠳᠤᠴᠠ ᠶᠢ ᠲᠦᠷᠭᠡᠳᠬᠡᠵᠦ ᠰᠢᠨ᠎ᠡ ︽ᠥᠰᠦᠯᠲᠡ︾ ᠶᠢ ᠪᠡᠶᠡᠯᠡᠭᠦᠯᠵᠦ ᠪᠤᠢ
ᠨᠡᠶᠢᠲᠡᠯᠡᠭᠰᠡᠨ ᠴᠠᠭ᠄
2024/5/8
      ᠣᠶᠢᠷ᠎ᠠ ᠳᠤ᠂ ᠤᠯᠤᠰ ᠤᠨ ᠵᠠᠮ ᠤᠨ 110 ᠱᠤᠭᠤᠮ ᠤᠨ ᠪᠠᠶᠠᠨᠨᠠᠭᠤᠷ ᠬᠤᠲᠠ ᠶᠢᠨ ᠳ᠋ᠧᠩᠺᠸᠤ ᠶᠢᠨ ᠬᠠᠲᠤᠨ ᠭᠤᠣᠯ ᠤᠨ ᠶᠡᠭᠡ ᠬᠥᠭᠦᠷᠭᠡ ᠶᠢᠨ ᠲᠥᠷᠥᠯ ᠵᠦᠢᠯ ᠤᠨ ᠪᠠᠷᠢᠯᠭ᠎ᠠ ᠶᠢᠨ ᠠᠵᠢᠯ ᠤᠨ ᠲᠤᠬᠠᠢ ᠶᠢᠨ ᠲᠠᠯᠠᠪᠠᠢ ᠳᠤ᠂ ᠮᠠᠰᠢᠨ ᠮᠧᠬᠠᠨᠢᠭ ᠬᠦᠷᠴᠢᠭᠢᠨᠡᠵᠦ᠂ ᠨᠢᠭᠡᠳᠦᠭᠡᠷ ᠹᠷᠣᠨᠲ ᠤᠨ ᠠᠵᠢᠯᠴᠢᠳ ᠰᠤᠪᠤᠷᠭᠠᠨ  ᠬᠡᠯᠪᠡᠷᠢᠲᠦ ᠡᠷᠭᠦᠭᠦᠷ ᠮᠠᠰᠢᠨ ᠢᠶᠠᠷ ᠬᠡᠰᠡᠭ ᠬᠡᠰᠡᠭ ᠬᠥᠭᠦᠷᠭᠡ ᠶᠢᠨ ᠥᠩᠭᠡᠨ ᠬᠠᠪᠲᠠᠰᠤ ᠶᠢ ᠨᠠᠷᠢᠯᠢᠭ ᠤᠭᠰᠠᠷᠠᠵᠤ᠂ ᠬᠠᠮᠤᠭ ᠰᠡᠭᠦᠯᠴᠢ ᠶᠢᠨ ᠨᠢᠭᠡ ᠬᠡᠰᠡᠭ ᠬᠥᠭᠦᠷᠭᠡ ᠶᠢᠨ ᠦᠩᠭᠡᠨ ᠬᠠᠪᠲᠠᠰᠤ ᠶᠢ ᠤᠭᠰᠠᠷᠠᠵᠤ ᠳᠠᠭᠤᠰᠬᠤ ᠶᠢ ᠳᠠᠭᠠᠯᠳᠤᠨ᠂ ᠳ᠋ᠸᠡᠭᠺᠸᠤ ᠶᠢᠨ ᠬᠠᠲᠤᠨ ᠭᠤᠣᠯ ᠤᠨ ᠶᠡᠭᠡ ᠬᠥᠭᠦᠷᠭᠡ ᠶᠢᠨ ᠲᠥᠷᠥᠯ ᠵᠦᠢᠯ ᠤᠨ ᠪᠣᠯᠣᠳ ᠬᠢᠴᠡᠲᠦ ᠬᠥᠭᠦᠷᠭᠡᠨ ᠵᠠᠮ ᠪᠦᠭᠦ ᠱᠤᠭᠤᠮ ᠢᠶᠠᠷ ᠨᠡᠪᠲᠡᠷᠡᠬᠦ ᠶᠢ ᠪᠡᠶᠡᠯᠡᠭᠦᠯᠪᠡ᠃      ︽ᠪᠣᠯᠣᠳ ᠬᠢᠴᠡᠲᠦ ᠬᠥᠭᠦᠷᠭᠡᠨ ᠵᠠᠮ ᠬᠠᠲᠤᠨ ᠭᠤᠣᠯ ᠤᠨ ᠶᠡᠭᠡ ᠬᠥᠭᠦᠷᠭᠡ ᠶᠢ ᠪᠠᠶᠢᠭᠤᠯᠬᠤ ᠲᠦᠷ ᠴᠠᠭ ᠤᠨ ᠭᠤᠳᠤᠮ ᠪᠣᠯᠤᠭᠰᠠᠨ ᠤ ᠬᠤᠪᠢ ᠳᠤ᠂ ᠪᠤᠢ ᠪᠦᠬᠦᠢ  ᠬᠥᠮᠥᠰ ᠪᠠ ᠲᠣᠨᠤᠭ ᠲᠥᠬᠦᠭᠡᠷᠦᠮᠵᠢ ᠨᠡᠪᠲᠡᠷᠡᠨ᠂ ᠮᠠᠲ᠋ᠧᠷᠢᠶᠠᠯ ᠲᠡᠭᠡᠭᠡᠪᠦᠷᠢᠯᠡᠬᠦ ᠳᠤ ᠵᠠᠪᠠᠯ ᠥᠩᠭᠡᠷᠡᠬᠦ ᠵᠠᠮ ᠪᠠᠶᠢᠵᠤ᠂ ︿ᠠᠮᠢᠨ ᠰᠤᠳᠠᠰᠤ﹀ ᠬᠡᠮᠡᠨ ᠨᠡᠷᠡᠯᠡᠭᠳᠡᠳᠡᠭ᠃ ᠪᠣᠯᠣᠳ ᠬᠢᠴᠡᠲᠦ ᠬᠥᠭᠦᠷᠭᠡᠨ ᠵᠠᠮ ᠤᠨ ᠨᠡᠪᠲᠡᠷᠡᠭᠰᠡᠨ ᠨᠢ ᠤᠯᠤᠰ ᠤᠨ ᠵᠠᠮ ᠤᠨ 110 ᠱᠤᠭᠤᠮ ᠤᠨ ᠳ᠋ᠸᠡᠭᠺᠸᠤ ᠶᠢᠨ ᠬᠠᠲᠤᠨ ᠭᠤᠣᠯ ᠤᠨ ᠶᠡᠭᠡ ᠬᠥᠭᠦᠷᠭᠡ ᠶᠢᠨ ᠲᠥᠷᠥᠯ ᠵᠦᠢᠯ ᠪᠦᠭᠦ ᠲᠠᠯ᠎ᠠ ᠪᠠᠷ ᠤᠰᠤᠨ ᠳᠣᠣᠷᠠᠬᠢ ᠪᠠᠷᠢᠯᠭ᠎ᠠ ᠶᠢᠨ ᠪᠣᠭᠤᠮᠲᠠ ᠰᠢᠪᠲᠤᠯᠬᠤ ᠲᠡᠶᠢᠨ ᠤ ᠬᠦᠷᠢᠶᠡᠨ ᠳᠤ ᠣᠷᠣᠭᠰᠠᠨ ᠢ ᠬᠠᠷᠠᠭᠤᠯᠵᠤ᠂ 2024 ᠣᠨ ᠤ ᠬᠠᠷᠠᠯᠲᠠ ᠡᠭᠦᠷᠭᠡ ᠪᠠᠨ ᠲᠡᠭᠦᠰ ᠠᠮᠵᠢᠯᠲᠠ ᠲᠠᠢ ᠪᠡᠶᠡᠯᠡᠭᠦᠯᠬᠦ ᠳᠤ ᠪᠠᠲᠤ ᠪᠠᠬᠢ ᠰᠠᠭᠤᠷᠢ ᠶᠢ ᠲᠠᠯᠪᠢᠭᠰᠠᠨ ᠶᠤᠮ︾ ᠬᠡᠮᠡᠨ ᠳ᠋ᠧᠩᠺᠸᠤ ᠶᠢᠨ ᠬᠠᠲᠤᠨ ᠭᠤᠣᠯ ᠤᠨ ᠶᠡᠭᠡ ᠬᠥᠭᠦᠷᠭᠡ ᠶᠢᠨ ᠲᠥᠷᠥᠯ ᠵᠦᠢᠯ ᠤᠨ ᠨᠠᠮ ᠤᠨ ᠡᠭᠦᠷ ᠤᠨ ᠱᠦᠵᠢ ᠽᠧᠦ ᠪᠧᠨ ᠾᠦᠢ ᠬᠡᠯᠡᠨ᠎ᠡ᠃      ᠤᠯᠤᠰ ᠤᠨ ᠵᠠᠮ ᠤᠨ 110 ᠱᠤᠭᠤᠮ ᠤᠨ ᠳ᠋ᠸᠡᠭᠺᠸᠤ ᠶᠢᠨ ᠬᠠᠲᠤᠨ ᠭᠤᠣᠯ ᠤᠨ ᠣᠨᠴᠠ ᠶᠡᠭᠡ ᠬᠥᠭᠦᠷᠭᠡ ᠶᠢᠨ ᠵᠠᠰᠠᠮᠠᠯ ᠵᠠᠮ ᠤᠨ ᠢᠨᠵᠧᠨᠧᠷᠢᠩ ᠪᠣᠯ︽ᠤᠯᠤᠰ ᠤᠨ ᠵᠠᠰᠠᠮᠠᠯ ᠵᠠᠮ ᠤᠨ ᠲᠣᠣᠷ ᠤᠨ ᠲᠥᠯᠦᠪᠵᠢᠭᠦᠯᠭᠡ︾︵2013 ︱ 2030 ᠣᠨ︶ ᠶᠢᠨ ᠡᠩ ᠤᠨ ᠤᠯᠤᠰ ᠤᠨ ᠵᠠᠮ ᠤᠨ 110 ᠱᠤᠭᠤᠮ ᠤᠨ ᠪᠡᠭᠡᠵᠢᠩ ᠠᠴᠠ ᠴᠢᠩ ᠲᠦᠩ ᠰᠢᠶᠠ ᠬᠦᠷᠬᠦ ᠵᠠᠰᠠᠮᠠᠯ ᠵᠠᠮ ᠤᠨ ᠨᠢᠭᠡ ᠬᠡᠰᠡᠭ ᠪᠠᠶᠢᠵᠤ᠂ ᠤᠯᠤᠰ ᠪᠠ ᠥᠪᠡᠷᠲᠡᠭᠡᠨ ᠵᠠᠰᠠᠬᠤ ᠣᠷᠣᠨ ᠤ ᠭᠤᠣᠯ ᠱᠤᠭᠤᠮ ᠤᠨ ᠵᠠᠰᠠᠮᠠᠯ ᠵᠠᠮ ᠤᠨ ᠲᠣᠣᠷ ᠤᠨ ᠴᠢᠬᠤᠯᠠ ᠪᠦᠷᠢᠯᠳᠦᠭᠦᠨ ᠬᠡᠰᠡᠭ ᠪᠣᠯᠣᠨ᠎ᠠ᠂ ᠲᠥᠷᠥᠯ ᠵᠦᠢᠯ ᠨᠢ ᠪᠠᠶᠠᠨᠨᠠᠭᠤᠷ ᠬᠤᠲᠠ ᠶᠢᠨ ᠳ᠋ᠧᠩᠺᠸᠤ ᠰᠢᠶᠠᠨ ᠬᠢᠭᠡᠳ ᠣᠷᠳᠣᠰ ᠬᠤᠲᠠ ᠶᠢᠨ ᠬᠠᠩᠭᠢᠨ ᠬᠤᠰᠢᠭᠤᠨ ᠤ ᠬᠠᠲᠤᠨ ᠭᠤᠣᠯ ᠤᠨ ᠬᠤᠶᠠᠷ ᠡᠷᠭᠢ ᠶᠢ ᠬᠥᠨᠳᠡᠯᠡᠨ ᠢᠶᠠᠷ ᠰᠤᠨᠳᠠᠯᠠᠵᠤ᠂ ᠬᠤᠣᠰ ᠴᠢᠭᠯᠡᠯ ᠤᠨ ᠳᠥᠷᠪᠡᠨ ᠲᠡᠷᠭᠡᠨ ᠵᠠᠮ ᠤᠨ ᠨᠢᠭᠡᠳᠦᠭᠡᠷ ᠳᠡᠰ ᠤᠨ ᠵᠠᠰᠠᠮᠠᠯ ᠵᠠᠮ ᠤᠨ ᠪᠠᠷᠢᠮᠵᠢᠶ᠎ᠠ ᠶᠢᠨ ᠪᠦᠲᠦᠭᠡᠨ ᠪᠠᠶᠢᠭᠤᠯᠤᠯᠲᠠ ᠶᠢ ᠬᠡᠷᠡᠭᠯᠡᠵᠦ᠂ ᠪᠦᠭᠦ ᠤᠷᠲᠤ ᠨᠢ 11 ᠺᠢᠯᠣᠮᠧᠲᠷ᠂ ᠡᠭᠦᠨ ᠳᠤ ᠬᠠᠲᠤᠨ ᠭᠤᠣᠯ ᠤᠨ ᠶᠡᠭᠡ ᠬᠥᠭᠦᠷᠭᠡ ᠨᠢ 3098 ᠮᠧᠲᠷ᠂ ᠶᠡᠷᠦᠩᠬᠡᠢ ᠪᠡᠯᠡ ᠣᠷᠣᠭᠤᠯᠤᠯᠲᠠ ᠨᠢ 14 ᠳ᠋ᠦᠩᠰᠢᠭᠤᠷ ᠲᠥᠭᠦᠷᠢᠭ ᠪᠠᠶᠢᠵᠤ᠂ ᠲᠤᠰ ᠵᠢᠯ ᠳᠤ 90% ᠶᠢᠨ ᠵᠠᠮ ᠤᠨ ᠰᠠᠭᠤᠷᠢ ᠢᠨᠵᠧᠨᠧᠷᠢᠩ ᠢ ᠪᠡᠶᠡᠯᠡᠭᠦᠯᠬᠦ ᠪᠠᠷ ᠲᠥᠯᠥᠪᠯᠡᠵᠦ ᠪᠤᠢ᠃      ᠶᠤᠸᠠᠨ ᠵᠢᠩ ᠪᠠᠶᠠᠨᠨᠠᠭᠤᠷ ᠤᠨ ᠲᠣᠮᠣ ᠭᠡᠯᠪᠡᠷᠢ ᠶᠢᠨ ᠰᠠᠯᠬᠢᠨ ᠬᠦᠴᠦᠨ ᠤ ᠴᠠᠭᠢᠯᠭᠠᠨ ᠭᠠᠷᠭᠠᠬᠤ ᠮᠠᠰᠢᠨ ᠤ ᠲᠠᠯᠪᠢ ᠦᠢᠯᠡᠳᠬᠦ ᠰᠠᠭᠤᠷᠢᠨ ᠤ ᠲᠥᠷᠥᠯ ᠵᠦᠢᠯ ᠤᠨ ᠪᠠᠷᠢᠯᠭ᠎ᠠ ᠶᠢᠨ ᠲᠤᠬᠠᠢ ᠶᠢᠨ ᠲᠠᠯᠠᠪᠠᠢ ᠳᠤ 200 ᠭᠠᠷᠤᠢ ᠠᠵᠢᠯᠲᠠᠨ ᠡᠯ᠎ᠡ ᠠᠵᠢᠯ ᠤᠨ ᠪᠠᠶᠢᠷᠢᠨ ᠳᠡᠭᠡᠷ᠎ᠡ ᠪᠠᠨ  ᠤᠯᠠᠨ ᠰᠠᠭᠤᠷᠢ ᠲᠣᠮᠣ ᠭᠡᠯᠪᠡᠷᠢ ᠶᠢᠨ ᠮᠠᠰᠢᠨ ᠮᠧᠬᠠᠨᠢᠭ ᠲᠠᠢ ᠬᠠᠮᠵᠢᠯᠴᠠᠨ ᠲᠤᠨᠤᠭ ᠮᠠᠲ᠋ᠧᠷᠢᠶᠠᠯ ᠳᠡᠭᠦᠵᠢᠯᠡᠨ ᠲᠡᠭᠡᠭᠡᠪᠦᠷᠢᠯᠡᠵᠦ᠂ ᠭᠤᠣᠯ ᠦᠢᠯᠡᠳᠪᠦᠷᠢ ᠶᠢᠨ ᠲᠠᠰᠤᠭ ᠤᠨ ᠪᠣᠯᠣᠳ ᠪᠦᠲᠦᠴᠡ ᠶᠢᠨ ᠪᠠᠷᠢᠯᠭ᠎ᠠ ᠶᠢᠨ ᠠᠵᠢᠯ ᠢ ᠥᠷᠨᠢᠭᠦᠯᠵᠦ᠂ ᠲᠡᠭᠡᠭᠡᠪᠦᠷᠢ ᠶᠢᠨ ᠮᠠᠰᠢᠨ᠂ ᠮᠠᠯᠲᠠᠭᠤᠷ ᠮᠠᠰᠢᠨ᠂ ᠵᠠᠮ ᠳᠠᠷᠤᠬᠤ ᠮᠠᠰᠢᠨ ᠵᠡᠷᠭᠡ ᠮᠠᠰᠢᠨ ᠮᠧᠬᠠᠨᠢᠭ ᠤᠨ ᠲᠠᠭᠤᠨ ᠰᠤᠯᠪᠢᠴᠠᠨ᠂ ᠠᠵᠢᠯᠴᠢᠳ ᠡᠷᠴᠢ ᠵᠣᠷᠢᠭ ᠲᠡᠭᠦᠯᠳᠡᠷ ᠶᠠᠭᠠᠷᠠᠯᠲᠠᠢ ᠠᠵᠢᠯᠯᠠᠵᠤ ᠪᠠᠶᠢᠪᠠ᠃      ︽ᠮᠠᠨ ᠤ ᠺᠤᠮᠫᠠᠨᠢ ᠴᠠᠭᠠᠨ ᠰᠠᠷ᠎ᠠ ᠶᠢᠨ ᠠᠷᠪᠠᠨ ᠲᠠᠪᠤᠨ ᠳᠤ ᠠᠮᠤᠷ ᠲᠦᠪᠰᠢᠨ ᠤ ᠪᠣᠯᠪᠠᠰᠤᠷᠠᠯ ᠰᠤᠷᠤᠯᠴᠠᠯᠭ᠎ᠠ ᠶᠢ ᠪᠡᠶᠡᠯᠡᠭᠦᠯᠦᠭᠰᠡᠨ ᠤ ᠳᠠᠷᠠᠭ᠎ᠠ᠂ ᠡᠯ᠎ᠡ ᠲᠦᠷᠦᠯ ᠤᠨ ᠮᠠᠰᠢᠨ ᠲᠤᠨᠤᠭ ᠪᠠ ᠠᠵᠢᠯᠴᠢᠳ ᠢ ᠳᠠᠷᠤᠢ ᠲᠦᠷᠭᠡᠨ ᠵᠣᠬᠢᠶᠠᠨ ᠪᠠᠶᠢᠭᠤᠯᠵᠤ ᠲᠠᠯᠠᠪᠠᠢ ᠳᠤ ᠣᠷᠣᠭᠤᠯᠤᠨ ᠪᠠᠷᠢᠯᠭ᠎ᠠ ᠶᠢᠨ ᠠᠵᠢᠯ ᠥᠷᠨᠢᠭᠦᠯᠵᠦ᠂ ᠣᠳᠣᠬᠠᠨ ᠳᠤ ᠶᠠᠭ ᠭᠤᠣᠯ ᠦᠢᠯᠡᠳᠪᠦᠷᠢ ᠶᠢᠨ ᠲᠠᠰᠤᠭ ᠤᠨ ᠪᠣᠯᠣᠳ ᠪᠦᠲᠦᠴᠡ ᠶᠢᠨ ᠳᠡᠭᠦᠵᠢᠯᠡᠨ ᠤᠭᠰᠠᠷᠠᠬᠤ ᠪᠠᠷᠢᠯᠭ᠎ᠠ ᠶᠢᠨ ᠠᠬᠢᠴᠠ ᠶᠢ ᠪᠦᠭᠦ ᠬᠦᠴᠦᠨ ᠢᠶᠠᠷ ᠠᠬᠢᠭᠤᠯᠵᠤ᠂ ᠡᠨᠡ ᠵᠢᠯ ᠤᠨ 6 ᠰᠠᠷ᠎ᠠ ᠳᠤ ᠠᠰᠢᠭᠯᠠᠯᠲᠠ ᠳᠤ ᠣᠷᠣᠭᠤᠯᠬᠤ ᠶᠢ ᠪᠠᠲᠤᠯᠠᠵᠤ ᠪᠠᠶᠢᠨ᠎ᠠ︾ ᠭᠡᠵᠦ ᠲᠥᠷᠥᠯ ᠵᠦᠢᠯ ᠤᠨ ᠳᠠᠭᠠᠭᠠᠮᠠᠯ ᠷᠧᠨ ᠪᠦᠸᠧ ᠢᠲᠡᠭᠡᠯ ᠳᠦᠭᠦᠷᠡᠩ ᠬᠡᠯᠡᠨ᠎ᠡ᠃      ᠣᠶᠢᠯᠠᠭᠠᠭᠰᠠᠨ ᠢᠶᠠᠷ᠂ ᠲᠤᠰ ᠲᠥᠷᠥᠯ ᠵᠦᠢᠯ ᠤᠨ ᠶᠡᠷᠦᠩᠬᠡᠢ ᠪᠡᠯᠡ ᠣᠷᠣᠭᠤᠯᠤᠯᠲᠠ ᠨᠢ 3 ᠳ᠋ᠦᠩᠰᠢᠭᠤᠷ ᠲᠥᠭᠦᠷᠢᠭ ᠲᠤ ᠬᠦᠷᠴᠦ᠂ ᠪᠠᠶᠢᠭᠤᠯᠵᠤ ᠳᠠᠭᠤᠰᠤᠭᠰᠠᠨ ᠤ ᠲᠠᠷᠠᠭ᠎ᠠ᠂ ᠵᠢᠯ ᠳᠤ 400 ᠢᠵᠢ︵1200 ᠰᠠᠯᠠᠭ᠎ᠠ︶100 ᠮᠧᠲᠷ ᠠᠴᠠ ᠳᠡᠭᠡᠭᠰᠢᠬᠢ ᠲᠣᠮᠣ ᠭᠡᠯᠪᠡᠷᠢ ᠶᠢᠨ ᠨᠡᠶᠢᠯᠡᠮᠡᠯ ᠮᠠᠲ᠋ᠧᠷᠢᠶᠠᠯ ᠤᠨ ᠣᠶᠤᠨᠲᠤ ᠰᠠᠯᠬᠢᠨ ᠬᠦᠴᠦᠨ ᠤ ᠴᠠᠭᠢᠯᠭᠠᠨ ᠭᠠᠷᠭᠠᠬᠤ ᠮᠠᠰᠢᠨ ᠤ ᠲᠠᠯᠪᠢ ᠦᠢᠯᠡᠳᠪᠦᠷᠢᠯᠡᠬᠦ ᠵᠢᠴᠢ ᠠᠵᠤ ᠦᠢᠯᠡᠰ ᠤᠨ ᠢᠵᠢ ᠪᠦᠷᠢᠳᠦᠭᠦᠯᠬᠦ ᠴᠢᠳᠠᠪᠤᠷᠢ ᠶᠢ ᠪᠦᠷᠢᠯᠳᠦᠭᠦᠯᠵᠦ᠂ ᠵᠢᠱᠢᠯᠲᠡ ᠪᠠᠷ ᠵᠢᠯ ᠤᠨ ᠦᠢᠯᠡᠳᠪᠦᠷᠢᠯᠡᠯ ᠤᠨ ᠥᠷᠲᠡᠭ ᠨᠢ 10 ᠳ᠋ᠦᠩᠰᠢᠭᠤᠷ ᠲᠥᠭᠦᠷᠢᠭ ᠲᠤ ᠬᠦᠷᠴᠦ᠂ 700 ᠭᠠᠷᠤᠢ ᠬᠥᠮᠥᠨ ᠳᠤ ᠠᠵᠢᠯ ᠣᠯᠭᠤᠬᠤ ᠶᠢ ᠳᠠᠶᠢᠴᠢᠯᠠᠨ᠎ᠠ᠃      ᠣᠳᠣᠬᠠᠨ ᠳᠤ᠂ ᠪᠠᠶᠠᠨᠨᠠᠭᠤᠷ ᠬᠤᠲᠠ ᠶᠢᠨ ᠭᠠᠵᠠᠷ ᠪᠣᠯᠭᠠᠨ ᠳᠤ ᠪᠦᠲᠦᠭᠡᠨ ᠪᠠᠶᠢᠭᠤᠯᠤᠯᠲᠠ ᠶᠢᠨ ᠰᠠᠶᠢᠨ ᠪᠠᠶᠢᠳᠠᠯ ᠢᠯᠡᠷᠡᠵᠦ᠂ ᠪᠦᠭᠦ ᠬᠤᠲᠠ ᠶᠢᠨ ᠡᠯ᠎ᠡ ᠭᠠᠵᠠᠷ︽ᠲᠦᠷᠭᠡᠨ ᠤᠷᠤᠭᠰᠢᠯᠠᠬᠤ︾ᠳᠠᠷᠤᠪᠴᠢ ᠶᠢ ᠳᠠᠷᠤᠵᠤ᠂ ᠴᠢᠬᠤᠯᠠ ᠶᠡᠭᠡ ᠲᠥᠷᠥᠯ ᠵᠦᠢᠯ ᠤᠨ ᠠᠵᠢᠯ ᠢᠶᠠᠨ ᠡᠬᠢᠯᠡᠭᠦᠯᠬᠦ ᠶᠢ ᠪᠦᠭᠦ ᠬᠦᠴᠦᠨ ᠢᠶᠠᠷ ᠠᠬᠢᠭᠤᠯᠵᠤ᠂ ᠴᠢᠬᠤᠯᠠ ᠶᠡᠭᠡ ᠲᠥᠷᠥᠯ ᠵᠦᠢᠯ ᠤᠨ ᠬᠠᠪᠤᠷ ᠤᠨ ᠴᠠᠭ ᠢ ᠠᠮᠵᠢᠨ ᠬᠤᠷᠳᠤᠴᠠ ᠪᠠᠨ ᠲᠦᠷᠭᠡᠳᠬᠡᠵᠦ᠂ ᠰᠢᠨ᠎ᠡ︽ᠥᠰᠦᠯᠲᠡ︾ ᠶᠢ ᠪᠡᠶᠡᠯᠡᠭᠦᠯᠦᠨ᠂ ᠪᠦᠭᠦ ᠬᠤᠲᠠ ᠶᠢᠨ ᠠᠵᠤ ᠠᠬᠤᠢ ᠨᠡᠶᠢᠭᠡᠮ ᠤᠨ ᠴᠢᠨᠠᠷ ᠰᠠᠶᠢᠲᠠᠢ ᠬᠥᠭᠵᠢᠯᠲᠡ ᠳᠤ ᠬᠦᠴᠦᠷᠬᠡᠭ ᠶᠡᠭᠡ ᠬᠥᠳᠡᠯᠭᠡᠬᠦ ᠬᠦᠴᠦᠨ ᠨᠡᠮᠡᠷᠢᠯᠡᠪᠡ᠃      ᠥᠪᠥᠷ ᠮᠣᠩᠭᠤᠯ ᠤᠨ ᠯᠢᠶᠠᠨ ᠪᠠᠩ ᠳ᠋ᠦᠩ ᠪᠤᠤ ᠡᠮ ᠤᠨ ᠵᠦᠢᠯᠡᠰ ᠤᠨ ᠬᠢᠵᠠᠭᠠᠷᠲᠤ ᠺᠤᠮᠫᠠᠨᠢ ᠶᠢᠨ ᠰᠢᠨ᠎ᠡ ᠪᠠᠷ ᠪᠠᠶᠢᠭᠤᠯᠵᠤ ᠪᠠᠶᠢᠭ᠎ᠠ ᠵᠢᠯ ᠳᠤ 2 ᠲᠦᠮᠡᠨ ᠲᠤᠨ ᠮᠠᠯ ᠤᠨ ᠡᠮ ᠤᠨ ᠨᠠᠶᠢᠷᠠᠭᠤᠯᠭ᠎ᠠ ᠶᠢᠨ ᠤᠷᠢᠳᠴᠢᠯᠠᠨ ᠬᠤᠯᠢᠬᠤ ᠪᠣᠳᠠᠰ᠂ 5 ᠳ᠋ᠦᠩᠰᠢᠭᠤᠷ ᠲᠠᠷᠢᠯᠭ᠎ᠠ ᠶᠢᠨ ᠡᠮ ᠵᠢᠴᠢ ᠢᠵᠢ ᠪᠦᠷᠢᠳᠦᠭᠰᠡᠨ ᠳᠠᠭᠠᠯᠲᠠ ᠲᠣᠨᠤᠭ ᠲᠥᠬᠦᠭᠡᠷᠦᠮᠵᠢ ᠦᠢᠯᠡᠳᠪᠦᠷᠢᠯᠡᠬᠦ ᠲᠥᠷᠥᠯ ᠵᠦᠢᠯ ᠤᠨ ᠪᠦᠲᠦᠭᠡᠨ ᠪᠠᠶᠢᠭᠤᠯᠤᠯᠲᠠ ᠶᠢᠨ ᠲᠤᠬᠠᠢ ᠶᠢᠨ ᠲᠠᠯᠠᠪᠠᠢ ᠳᠤ᠂ ᠦᠢᠯᠡᠳᠪᠦᠷᠢ ᠶᠢᠨ ᠲᠠᠰᠤᠭ᠂ ᠠᠯᠪᠠᠨ ᠠᠰᠠᠷ ᠤᠨ ᠭᠤᠣᠯ ᠴᠣᠭᠴᠠ ᠨᠢᠭᠡᠨᠲᠡ ᠳᠠᠭᠤᠰᠴᠤ᠂ ᠪᠠᠷᠢᠯᠭ᠎ᠠ ᠶᠢᠨ ᠠᠵᠢᠯ ᠪᠠᠴᠢᠮ ᠶᠠᠭᠠᠷᠠᠯᠲᠠᠢ ᠪᠥᠭᠡᠳ ᠡᠮᠬᠢ ᠴᠡᠭᠴᠡ ᠲᠠᠢ ᠶᠠᠪᠤᠭᠳᠠᠵᠤ ᠪᠤᠢ᠃      ︽ᠪᠢᠳᠡ ᠪᠠᠷᠢᠯᠭ᠎ᠠ ᠶᠢᠨ ᠲᠤᠬᠠᠢ ᠶᠢᠨ ᠲᠠᠯᠠᠪᠠᠢ ᠶᠢᠨ ᠡᠯ᠎ᠡ ᠲᠥᠷᠥᠯ ᠤᠨ ᠲᠣᠨᠤᠭ ᠲᠥᠬᠦᠭᠡᠷᠦᠮᠵᠢ ᠶᠢᠨ ᠠᠮᠤᠷ ᠲᠦᠪᠰᠢᠨ ᠤ ᠪᠠᠶᠢᠴᠠᠭᠠᠯᠲᠠ ᠶᠢ ᠪᠡᠶᠡᠯᠡᠭᠦᠯᠦᠭᠰᠡᠨ ᠰᠠᠭᠤᠷᠢᠨ ᠳᠡᠭᠡᠷ᠎ᠡ ᠪᠦᠭᠦ ᠠᠵᠢᠯᠲᠠᠨ ᠤ ᠠᠮᠤᠷ ᠲᠦᠪᠰᠢᠨ ᠤ ᠪᠣᠯᠪᠠᠰᠤᠷᠠᠯ ᠢ ᠥᠷᠨᠢᠭᠦᠯᠵᠦ᠂ 3 ᠰᠠᠷ᠎ᠠ ᠶᠢᠨ 18 ᠤ ᠡᠳᠦᠷ ᠵᠢᠩᠬᠢᠨᠢ ᠪᠠᠷ ᠪᠠᠷᠢᠯᠭ᠎ᠠ ᠶᠢᠨ ᠠᠵᠢᠯ ᠢᠶᠠᠨ ᠰᠡᠷᠭᠦᠭᠡᠪᠡ᠃ ᠣᠳᠣᠬᠠᠨ ᠳᠤ ᠶᠠᠭ ᠲᠥᠷᠥᠯ ᠵᠦᠢᠯ ᠤᠨ ᠪᠦᠲᠦᠭᠡᠨ ᠪᠠᠶᠢᠭᠤᠯᠤᠯᠲᠠ ᠶᠢ ᠲᠦᠷᠭᠡᠳᠬᠡᠨ ᠠᠬᠢᠭᠤᠯᠵᠤ᠂ 8 ᠰᠠᠷ᠎ᠠ ᠳᠤ ᠲᠤᠷᠰᠢᠨ ᠦᠢᠯᠡᠳᠪᠦᠷᠢᠯᠡᠬᠦ ᠨᠥᠬᠦᠴᠡᠯ ᠳᠤ ᠬᠦᠷᠭᠡᠬᠦ ᠪᠠᠷ ᠴᠢᠷᠮᠠᠶᠢᠵᠤ ᠪᠤᠢ︾ᠬᠡᠮᠡᠨ ᠲᠥᠷᠥᠯ ᠵᠦᠢᠯ ᠤᠨ ᠶᠡᠷᠦᠩᠬᠡᠢ ᠢᠨᠵᠧᠨᠧᠷ ᠰᠦᠨ ᠵᠢᠶᠠ ᠳ᠋ᠦᠩ ᠶᠠᠷᠢᠵᠤ ᠪᠠᠶᠢᠪᠠ᠃      ᠲᠤᠰ ᠲᠥᠷᠥᠯ ᠵᠦᠢᠯ ᠤᠨ ᠶᠡᠷᠦᠩᠬᠡᠢ ᠪᠡᠯᠡ ᠣᠷᠣᠭᠤᠯᠤᠯᠲᠠ ᠨᠢ 1.28 ᠳ᠋ᠦᠩᠰᠢᠭᠤᠷ ᠲᠥᠭᠦᠷᠢᠭ ᠲᠤ ᠬᠦᠷᠴᠦ᠂ 53.5 ᠮᠦ ᠭᠠᠵᠠᠷ ᠡᠵᠡᠯᠡᠨ᠂ ᠮᠠᠯ ᠤᠨ ᠡᠮ ᠨᠠᠶᠢᠷᠠᠭᠤᠯᠭ᠎ᠠ ᠪᠠ ᠢᠵᠢ ᠪᠦᠷᠢᠳᠦᠭᠦᠯᠦᠭᠰᠡᠨ ᠳᠠᠭᠠᠯᠲᠠ ᠲᠥᠬᠦᠭᠡᠷᠦᠮᠵᠢ ᠶᠢᠨ ᠲᠥᠷᠥᠯ ᠵᠦᠢᠯ ᠢ ᠰᠢᠨ᠎ᠡ ᠪᠠᠷ ᠪᠠᠶᠢᠭᠤᠯᠵᠤ᠂ ᠲᠥᠷᠥᠯ ᠵᠦᠢᠯ ᠨᠢ ᠠᠰᠢᠭᠯᠠᠯᠲᠠ ᠳᠤ ᠣᠷᠣᠭᠰᠠᠨ ᠤ ᠳᠠᠷᠠᠭ᠎ᠠ ᠦᠢᠯᠡᠳᠬᠦᠨ ᠤ ᠥᠷᠲᠡᠭ ᠨᠢ ᠵᠢᠱᠢᠯᠲᠡ ᠪᠠᠷ 20 ᠳ᠋ᠦᠩᠰᠢᠭᠤᠷ ᠲᠥᠭᠦᠷᠢᠭ ᠲᠤ ᠬᠦᠷᠬᠦ ᠪᠣᠯᠣᠨ᠎ᠠ᠃      ᠡᠭᠦᠨ ᠲᠠᠢ ᠠᠳᠠᠯᠢ ᠪᠠᠷ᠂ ᠪᠠᠶᠠᠨᠨᠠᠭᠤᠷ ᠤᠨ ᠠᠵᠤ ᠠᠬᠤᠢ ᠮᠡᠷᠭᠡᠵᠢᠯ ᠤᠨ ᠨᠡᠭᠡᠭᠡᠯᠲᠡ ᠶᠢᠨ ᠲᠣᠭᠤᠷᠢᠭ ᠲᠤ ᠪᠠᠶᠢᠷᠢᠯᠠᠭ᠎ᠠ ᠥᠪᠥᠷ ᠮᠣᠩᠭᠤᠯ ᠤᠨ ᠴᠢ ᠴᠧᠨ ᠰᠦ ᠶᠢᠨ ᠦᠢᠯᠡᠰ ᠤᠨ ᠬᠢᠵᠠᠭᠠᠷᠲᠤ ᠺᠤᠮᠫᠠᠨᠢ ᠶᠢᠨ 15 ᠲᠦᠮᠡᠨ ᠲᠤᠨ ᠲᠦᠭᠦᠬᠡᠢ ᠰᠦ ᠨᠠᠷᠢᠯᠢᠭ ᠪᠤᠯᠪᠠᠰᠤᠷᠠᠭᠤᠯᠬᠤ ᠲᠥᠷᠥᠯ ᠵᠦᠢᠯ ᠤᠨ ᠪᠦᠲᠦᠭᠡᠨ ᠪᠠᠶᠢᠭᠤᠯᠤᠯᠲᠠ ᠶᠢᠨ ᠠᠬᠤᠢ ᠲᠠᠯᠠᠪᠠᠢ ᠳᠤ᠂ ᠠᠵᠢᠯᠴᠢᠳ ᠶᠠᠭ ᠰᠦᠨ ᠲᠠᠯᠬ᠎ᠠ ᠶᠢᠨ ᠦᠢᠯᠡᠳᠪᠦᠷᠢ ᠶᠢᠨ ᠲᠠᠰᠤᠭ ᠤᠨ ᠪᠣᠯᠣᠳ ᠪᠦᠲᠦᠴᠡ ᠶᠢ ᠭᠠᠩᠨᠠᠨ ᠵᠠᠯᠭᠠᠨ᠎ᠠ᠃      ︽ᠮᠠᠨ ᠤ ᠺᠤᠮᠫᠠᠨᠢ 3 ᠰᠠᠷ᠎ᠠ ᠶᠢᠨ 26 ᠤ ᠡᠳᠦᠷ ᠠᠵᠢᠯ ᠢᠶᠠᠨ ᠰᠡᠷᠭᠦᠭᠡᠵᠦ᠂ ᠣᠳᠣᠬᠠᠨ ᠳᠤ ᠦᠢᠯᠡᠳᠪᠦᠷᠢ ᠶᠢᠨ ᠲᠠᠰᠤᠭ ᠤᠨ ᠪᠣᠯᠣᠳ ᠪᠦᠲᠦᠴᠡ ᠶᠢᠨ ᠭᠤᠣᠯ ᠴᠣᠭᠴᠠ ᠶᠢᠨ ᠠᠲᠠᠷ ᠢ ᠨᠢ ᠨᠢᠭᠡᠨᠲᠡ ᠪᠢᠲᠡᠭᠦᠮᠵᠢᠯᠡᠨ᠂ ᠢᠵᠢ ᠪᠦᠷᠢᠳᠦᠭᠦᠯᠬᠦ ᠳᠠᠭᠠᠯᠲᠠ ᠲᠥᠬᠦᠭᠡᠷᠦᠮᠵᠢ ᠶᠢᠨ ᠳᠣᠲᠣᠷ᠎ᠠ ᠲᠠᠯ᠎ᠠ ᠶᠢᠨ ᠵᠠᠰᠠᠯᠲᠠ ᠬᠢᠵᠦ ᠪᠤᠢ᠂ ᠡᠭᠦᠨ ᠤ ᠬᠠᠮᠲᠤ ᠪᠠᠰᠠ ᠰᠠᠩ ᠬᠥᠮᠥᠷᠭᠡ ᠶᠢᠨ ᠰᠠᠭᠤᠷᠢ ᠬᠤᠪᠢᠯ ᠢ ᠮᠠᠯᠲᠠᠵᠤ᠂ 9 ᠰᠠᠷ᠎ᠠ ᠳᠤ ᠲᠤᠷᠰᠢᠨ ᠰᠢᠯᠭᠠᠵᠤ ᠲᠣᠬᠢᠷᠠᠭᠤᠯᠤᠯᠲᠠ ᠬᠢᠬᠦ ᠱᠠᠲᠤᠨ ᠳᠤ ᠣᠷᠣᠭᠤᠯᠬᠤ ᠪᠠᠷ ᠲᠥᠯᠥᠪᠯᠡᠵᠦ ᠪᠠᠶᠢᠨ᠎ᠠ︾ᠭᠡᠵᠦ ᠺᠤᠮᠫᠠᠨᠢ ᠶᠢᠨ ᠲᠥᠷᠥᠯ ᠵᠦᠢᠯ ᠤᠨ ᠬᠠᠷᠢᠭᠤᠴᠠᠯᠭᠠᠲᠠᠨ ᠵᠠᠨ ᠱᠧᠩ ᠮᠢᠩ ᠶᠠᠷᠢᠪᠠ᠃      ᠣᠶᠢᠯᠠᠭᠠᠭᠰᠠᠨ ᠢᠶᠠᠷ᠂ ᠲᠤᠰ ᠲᠥᠷᠥᠯ ᠵᠦᠢᠯ ᠤᠨ ᠶᠡᠷᠦᠩᠬᠡᠢ ᠪᠡᠯᠡ ᠣᠷᠣᠭᠤᠯᠤᠯᠲᠠ ᠨᠢ 1 ᠳ᠋ᠦᠩᠰᠢᠭᠤᠷ ᠲᠥᠭᠦᠷᠢᠭ᠂ ᠵᠢᠯ ᠳᠤ 11800 ᠲᠤᠨ ᠰᠦᠨ ᠲᠠᠯᠬ᠎ᠠ᠂ 1160 ᠲᠤᠨ ᠰᠦ᠂ 500 ᠲᠤᠨ ᠢᠰᠭᠡᠭᠰᠡᠨ ᠰᠦ᠂ 3400 ᠲᠤᠨ ᠤᠭᠤᠷᠠᠭ ᠤᠨ ᠨᠤᠨᠳᠠᠭ ᠦᠢᠯᠡᠳᠪᠦᠷᠢᠯᠡᠬᠦ ᠦᠢᠯᠡᠳᠪᠦᠷᠢᠯᠡᠯ ᠤᠨ ᠱᠤᠭᠤᠮ ᠢ ᠲᠤᠰ ᠪᠦᠷᠢ 1 ᠶᠢ ᠪᠠᠶᠢᠭᠤᠯᠬᠤ ᠪᠠᠷ ᠲᠥᠯᠥᠪᠵᠢᠭᠦᠯᠪᠡ᠃ ᠲᠥᠷᠥᠯ ᠵᠦᠢᠯ ᠪᠠᠶᠢᠭᠤᠯᠤᠭᠳᠠᠭᠰᠠᠨ ᠤ ᠳᠠᠷᠠᠭ᠎ᠠ᠂ ᠵᠢᠱᠢᠯᠲᠡ ᠪᠠᠷ ᠵᠢᠯ ᠤᠨ ᠦᠢᠯᠡᠳᠬᠦᠨ ᠤ ᠥᠷᠲᠡᠭ 3 ᠳ᠋ᠦᠩᠰᠢᠭᠤᠷ ᠲᠥᠭᠦᠷᠢᠭ ᠲᠤ ᠬᠦᠷᠴᠦ᠂ 200 ᠭᠠᠷᠤᠢ ᠬᠥᠮᠥᠨ ᠢ ᠳᠠᠶᠢᠴᠢᠯᠠᠨ ᠠᠵᠢᠯ ᠣᠯᠭᠤᠬᠤ ᠶᠤᠮ᠃      ᠴᠢᠬᠤᠯᠠ ᠶᠡᠭᠡ ᠲᠥᠷᠥᠯ ᠵᠦᠢᠯ ᠪᠣᠯ ᠠᠵᠤ ᠠᠬᠤᠢ ᠲᠣᠭᠲᠠᠭᠤᠨ ᠤ ᠳᠤᠮᠳᠠ ᠤᠷᠤᠭᠰᠢᠯᠠᠨ ᠲᠠᠪᠰᠢᠵᠤ᠂ ᠬᠥᠭᠵᠢᠯᠲᠡ ᠲᠣᠭᠲᠠᠭᠤᠨ ᠤ ᠳᠤᠮᠳᠠ ᠠᠯᠤᠰ ᠢ  ᠵᠣᠷᠢᠬᠤ ᠰᠠᠭᠤᠷᠢ ᠮᠥᠨ᠂ ᠮᠥᠨ ᠴᠦ ᠠᠵᠤ ᠦᠢᠯᠡᠰ ᠤᠨ ᠬᠥᠭᠵᠢᠯᠲᠡ ᠶᠢᠨ ᠴᠢᠳᠠᠪᠬᠢ ᠶᠢᠨ ᠳᠡᠰ ᠳᠡᠪᠰᠢᠭᠦᠯᠬᠦ᠂ ᠪᠦᠭᠦ ᠲᠠᠯ᠎ᠠ ᠪᠠᠷ ᠪᠣᠬᠢᠷᠳᠤᠯ ᠦᠭᠡᠢ ᠪᠠᠭ᠎ᠠ ᠨᠡᠭᠦᠷᠡᠰᠦᠲᠥ᠋ᠷᠥᠭᠴᠢᠲᠦ ᠲᠡᠶᠢᠰᠢ ᠭᠡᠯᠪᠡᠷᠢ ᠪᠠᠨ ᠬᠤᠪᠢᠷᠠᠭᠤᠯᠬᠤ ᠶᠢ ᠠᠬᠢᠭᠤᠯᠬᠤ ᠪᠣᠯᠣᠨ᠎ᠠ᠃ ᠡᠨᠡ ᠵᠢᠯ ᠪᠠᠶᠠᠨᠨᠠᠭᠤᠷ ᠬᠤᠲᠠ ᠰᠢᠨ᠎ᠡ ᠪᠠᠷ ᠮᠠᠨᠳᠤᠭᠰᠠᠨ ᠠᠵᠤ ᠦᠢᠯᠡᠰ ᠢ ᠲᠦᠷᠭᠡᠳᠬᠡᠨ ᠠᠬᠢᠭᠤᠯᠵᠤ᠂ ᠰᠢᠨ᠎ᠡ ᠡᠨᠧᠷᠭᠢ᠂ ᠰᠢᠨ᠎ᠡ ᠮᠠᠲ᠋ᠧᠷᠢᠶᠠᠯ᠂ ᠣᠳᠣ ᠦᠶ᠎ᠡ ᠶᠢᠨ ᠲᠣᠨᠤᠭ ᠲᠥᠬᠦᠭᠡᠷᠦᠮᠵᠢ ᠦᠢᠯᠡᠳᠬᠦ ᠵᠡᠷᠭᠡ ᠠᠵᠤ ᠦᠢᠯᠡᠰ ᠲᠤ ᠰᠠᠭᠤᠷᠢᠯᠠᠨ᠂ ᠬᠡᠯᠬᠢᠶ᠎ᠡ ᠶᠢ ᠤᠷᠲᠤᠳᠬᠠᠨ ᠨᠥᠬᠦᠪᠦᠷᠢᠯᠡᠵᠦ ᠴᠢᠩᠭᠠᠷᠠᠭᠤᠯᠬᠤ ᠶᠢ ᠳᠣᠪᠤᠶᠢᠯᠭᠠᠵᠤ᠂ ᠮᠡᠷᠭᠡᠵᠢᠯ ᠤᠨ ᠰᠢᠨ᠎ᠡ ᠶᠢ ᠡᠭᠦᠳᠬᠦ ᠪᠠ ᠪᠦᠯᠦᠭᠵᠢᠭᠰᠡᠨ ᠬᠥᠭᠵᠢᠯᠲᠡ ᠶᠢ ᠰᠢᠰᠲ᠋ᠧᠮ ᠲᠠᠢ ᠠᠬᠢᠭᠤᠯᠵᠤ᠂ ᠠᠵᠤ ᠦᠢᠯᠡᠰ ᠤᠨ ᠭᠤᠣᠯ ᠥᠷᠢᠰᠦᠯᠳᠦᠬᠦ ᠬᠦᠴᠦᠨ ᠢ ᠬᠦᠴᠦᠯᠡᠨ ᠳᠡᠭᠡᠭᠰᠢᠯᠡᠭᠦᠯᠦᠨ᠎ᠡ᠃ ᠪᠦᠭᠦ ᠵᠢᠯ ᠳᠤ ᠵᠠᠰᠠᠭ ᠤᠨ ᠣᠷᠳᠣᠨ ᠤ ᠪᠡᠯᠡ ᠣᠷᠣᠭᠤᠯᠤᠯᠲᠠ 5000 ᠲᠦᠮᠡᠨ ᠲᠥᠭᠦᠷᠢᠭ ᠠᠴᠠ ᠳᠡᠭᠡᠭᠰᠢ᠂ ᠠᠵᠤ ᠠᠬᠤᠶᠢᠯᠠᠯ ᠤᠨ ᠪᠡᠯᠡ ᠣᠷᠣᠭᠤᠯᠤᠯᠲᠠ 1 ᠳ᠋ᠦᠩᠰᠢᠭᠤᠷ ᠲᠥᠭᠦᠷᠢᠭ ᠠᠴᠠ ᠳᠡᠭᠡᠭᠰᠢᠬᠢ 172 ᠲᠥᠷᠥᠯ ᠵᠦᠢᠯ ᠢ ᠬᠡᠷᠡᠭᠵᠢᠭᠦᠯᠬᠦ ᠪᠠᠷ ᠲᠥᠯᠥᠪᠯᠡᠵᠦ᠂ ᠶᠡᠷᠦᠩᠬᠡᠢ ᠪᠡᠯᠡ ᠣᠷᠣᠭᠤᠯᠤᠯᠲᠠ ᠨᠢ 1346 ᠳ᠋ᠦᠩᠰᠢᠭᠤᠷ ᠲᠥᠭᠦᠷᠢᠭ ᠪᠠᠶᠢᠵᠤ᠂ ᠵᠢᠯ ᠤᠨ ᠳᠣᠲᠣᠷ᠎ᠠ 450 ᠳ᠋ᠦᠩᠰᠢᠭᠤᠷ ᠲᠥᠭᠦᠷᠢᠭ ᠠᠴᠠ ᠳᠡᠭᠡᠭᠰᠢᠬᠢ ᠪᠡᠯᠡ ᠣᠷᠣᠭᠤᠯᠤᠯᠲᠠ ᠶᠢ ᠪᠡᠶᠡᠯᠡᠭᠦᠯᠬᠦ ᠪᠠᠷ ᠲᠥᠯᠥᠪᠯᠡᠵᠦ ᠪᠠᠶᠢᠨ᠎ᠠ᠃ 
ᠢᠷᠡᠯᠲᠡ᠄ ᠲᠤᠮᠳᠠᠳᠤ ᠤᠯᠤᠰ ᠤᠨ ᠮᠣᠩᠭᠤᠯ ᠬᠡᠯᠡᠨ ᠤ ᠰᠣᠨᠢᠨ ᠮᠡᠳᠡᠭᠡ ᠶᠢᠨ ᠰᠦᠯᠵᠢᠶ᠎ᠡ