3600 ᠵᠢᠯ ᠤᠨ ᠲᠡᠷᠲᠡᠭᠡ ᠠᠴᠠ ᠬᠦᠦᠷᠨᠢᠬᠦ ᠬᠥᠭᠵᠢᠯ ᠪᠠᠳᠠᠷᠠᠯ ᠤᠨ ᠲᠡᠦᠬᠡ
ᠨᠡᠶᠢᠲᠡᠯᠡᠭᠰᠡᠨ ᠴᠠᠭ᠄
2024/6/20
      ᠣᠷᠴᠢᠮ ᠤᠨ ᠡᠳᠦᠷ᠂ ᠰᠠᠨ ᠰᠢᠩ ᠳ᠋ᠦᠢ ᠶᠢᠨ ᠲᠡᠦᠬᠡ ᠶᠢᠨ ᠳᠤᠷᠠᠰᠬᠠᠯᠲᠤ ᠵᠦᠢᠯᠡᠰ ᠤᠨ ᠦᠵᠡᠰᠭᠦᠯᠡᠩ ᠭᠦᠭᠡᠬᠤᠳᠠ ᠶᠢᠨ ᠮᠦᠽᠧᠢ ᠳᠤ ᠳᠡᠯᠭᠡᠭᠳᠡᠨ ᠬᠤᠯᠠ ᠣᠶᠢᠷ᠎ᠠ ᠶᠢᠨ ᠵᠣᠴᠢᠳ ᠤᠨ ᠬᠠᠯᠠᠭᠤᠨ ᠬᠦᠷᠢᠶᠡᠯᠡᠯ ᠢ ᠣᠯᠣᠯ᠎ᠠ᠃ ᠦᠨᠳᠦᠰᠦᠲᠡᠨ ᠤ ᠲᠦᠷᠦ ᠶᠢᠨ ᠪᠣᠳᠣᠯᠭ᠎ᠠ ᠶᠢᠨ ᠤᠬᠠᠭᠤᠯᠭ᠎ᠠ ᠶᠢᠨ ᠰᠠᠷ᠎ᠠ ᠶᠢ ᠲᠣᠬᠢᠶᠠᠯᠳᠤᠭᠤᠯᠤᠨ ᠡᠬᠢᠯᠡᠭᠰᠡᠨ ᠡᠨᠡ ᠬᠦ ᠦᠵᠡᠰᠭᠦᠯᠡᠩ ᠨᠢ ᠦᠵᠡᠭᠴᠢᠳ ᠢ ᠳᠠᠭᠠᠭᠤᠯᠤᠨ 3600 ᠵᠢᠯ ᠤᠨ ᠲᠡᠷᠲᠡᠭᠡᠬᠢ ᠨᠡᠶᠢᠭᠡᠮ ᠲᠦᠷᠥ ᠠᠮᠤᠷ ᠲᠣᠭᠲᠠᠭᠤᠨ᠂ ᠠᠳᠠᠯ ᠦᠢᠯᠡᠰ ᠥᠷᠨᠢᠭᠦᠨ ᠪᠠᠳᠠᠷᠠᠩᠭᠤᠢ᠂ ᠡᠲᠡᠭᠡᠳ ᠥᠪᠡᠷᠮᠢᠴᠡ ᠣᠨᠴᠠᠯᠢᠭ ᠰᠢᠨᠵᠢ ᠲᠠᠢ ᠡᠷᠲᠡᠨ ᠤ ᠬᠥᠮᠥᠨ ᠲᠥᠷᠥᠯᠬᠢᠲᠡᠨ ᠤ ᠪᠣᠯᠪᠠᠰᠤᠨ ᠲᠡᠦᠬᠡ ᠶᠢ ᠬᠠᠷᠠᠭᠤᠯᠤᠭᠰᠠᠨ ᠶᠤᠮ᠃

1.png

     

      ᠱᠠᠩ ᠤᠯᠤᠰ ᠤᠨ ᠦᠶ᠎ᠡ ᠶᠢᠨ ᠬᠦᠷᠡᠯ  ᠬᠡᠷᠡᠭᠰᠡᠯ

      ᠰᠠᠨ ᠰᠢᠩ ᠳ᠋ᠦᠢ ᠶᠢᠨ ᠪᠠᠭᠤᠷᠢ ᠪᠣᠯ ᠮᠠᠨ ᠤ ᠤᠯᠤᠰ ᠤᠨ ᠰᠧᠴᠤᠸᠠᠨ ᠮᠤᠵᠢ ᠶᠢᠨ ᠭᠤᠸᠠᠩ ᠬᠠᠨ ᠬᠤᠳᠠ ᠶᠢᠨ ᠪᠠᠷᠠᠭᠤᠨ ᠬᠤᠶᠢᠲᠤ ᠬᠡᠰᠡᠭ ᠤᠨ ᠶᠠ ᠽᠢ

ᠭᠤᠣᠯ ᠤᠨ ᠡᠮᠦᠨ᠎ᠡ ᠡᠷᠭᠢ ᠳᠤ ᠪᠠᠶᠢᠷᠢᠯᠠᠭᠰᠠᠨ ᠮᠠᠰᠢ ᠤᠯᠠᠨ ᠡᠷᠲᠡᠨ ᠤ ᠰᠣᠶᠣᠯ ᠤᠨ ᠦᠯᠡᠳᠡᠭᠳᠡᠯ ᠤᠨ  ᠲᠠᠷᠬᠠᠯᠲᠠ ᠶᠢᠨ ᠴᠡᠭ ᠢᠶᠠᠷ ᠪᠦᠷᠢᠯᠳᠦᠭᠰᠡᠨ ᠮᠤᠨᠳᠠᠭ ᠶᠡᠭᠡ

ᠪᠠᠭᠤᠷᠢ ᠶᠢᠨ ᠰᠦᠷᠦᠭ ᠪᠣᠯᠣᠨ᠎ᠠ᠃

2.png

     

      ᠪᠠᠶᠢᠯᠳᠤᠭᠠᠨᠲᠤ ᠤᠯᠤᠰ ᠤᠨ ᠦᠶ᠎ᠡ ᠶᠢᠨ ᠭᠤᠷᠪᠠᠨ ᠬᠥᠯᠲᠦ ᠸᠠᠭᠠᠷ ᠯᠣᠩᠬᠤ

      ᠰᠠᠨ ᠰᠢᠩ ᠳ᠋ᠦᠢ ᠶᠢᠨ ᠪᠠᠭᠤᠷᠢ ᠨᠢ 20 ᠳ᠋ᠤᠭᠠᠷ ᠵᠠᠭᠤᠨ ᠤ ᠬᠥᠮᠥᠨ ᠲᠥᠷᠥᠯᠬᠢᠲᠡᠨ ᠤ ᠬᠠᠮᠤᠭ ᠤᠨ ᠠᠭᠤᠤ ᠶᠡᠭᠡ ᠬᠠᠭᠤᠴᠢ ᠰᠤᠳᠤᠯᠤᠯ ᠤᠨ

ᠢᠯᠡᠷᠡᠭᠦᠯᠦᠯᠲᠡ ᠶᠢᠨ ᠨᠢᠭᠡ ᠬᠡᠮᠡᠭᠳᠡᠵᠦ᠂ 1988 ᠣᠨ ᠤ 1ᠰᠠᠷ᠎ᠠ ᠳᠤ ᠤᠯᠤᠰ ᠤᠨ ᠭᠤᠣᠯᠳᠠᠯᠭ᠎ᠠ ᠲᠠᠢ ᠲᠡᠦᠬᠡ ᠶᠢᠨ ᠳᠤᠷᠠᠰᠬᠠᠯᠲᠤ ᠵᠦᠢᠯᠡᠰ ᠤᠨ ᠬᠠᠮᠠᠭᠠᠯᠠᠯᠲᠠ

 ᠶᠢᠨ ᠨᠢᠭᠡᠴᠢ ᠪᠠᠷ ᠨᠡᠶᠢᠲᠡᠯᠡᠭᠳᠡᠵᠡᠢ᠃ ᠰᠠᠨ ᠰᠢᠩ ᠳ᠋ᠦᠢ ᠶᠢᠨ ᠪᠠᠭᠤᠷᠢ ᠠᠴᠠ ᠮᠠᠯᠲᠠᠵᠤ ᠭᠠᠷᠭᠠᠭᠰᠠᠨ ᠶᠡᠭᠡ ᠬᠡᠮᠵᠢᠶᠡᠨ ᠤ ᠸᠠᠭᠠᠷ ᠴᠢᠯᠠᠭᠤᠨ ᠤ ᠵᠦᠢᠯ᠂ ᠬᠠᠰ ᠤᠨ

ᠵᠦᠢᠯ᠂ ᠵᠡᠰ ᠤᠨ ᠵᠦᠢᠯ᠂ ᠠᠯᠳᠠ ᠶᠢᠨ ᠵᠦᠢᠯ ᠨᠢ ᠢᠯᠡ ᠲᠣᠳᠣ ᠥᠪᠡᠷᠮᠢᠴᠡ ᠣᠨᠴᠠᠯᠢᠭ ᠲᠠᠢ ᠪᠠᠶᠢᠵᠤ᠂ ᠡᠲᠡᠭᠡᠳ ᠬᠠᠴᠢᠨ ᠭᠡᠯᠪᠡᠷᠢ ᠪᠠᠶᠢᠳᠠᠯ ᠨᠢ ᠳᠣᠲᠣᠭᠠᠳᠤ

ᠭᠠᠳᠠᠭᠠᠳᠤ ᠶᠢᠨ ᠵᠢᠭᠤᠯᠴᠢᠯᠠᠬᠰᠠᠳ ᠤᠨ ᠰᠣᠨᠢᠷᠬᠠᠯ ᠢ ᠲᠠᠲᠠᠭᠰᠠᠭᠠᠷ ᠢᠷᠡᠭᠰᠡᠨ ᠪᠢᠯᠡ᠃

3.png

     

      ᠱᠠᠩ ᠤᠯᠤᠰ ᠤᠨ ᠦᠶ᠎ᠡ ᠶᠢᠨ ᠬᠦᠷᠡᠯ ᠬᠡᠷᠡᠭᠰᠡᠯ

      ᠰᠠᠨ ᠰᠢᠩ ᠳ᠋ᠦᠢ ᠶᠢᠨ ᠪᠠᠭᠤᠷᠢ ᠨᠢ ᠨᠡᠶᠢᠲᠡ ᠶᠢᠨ ᠣᠨ ᠲᠣᠭᠠᠯᠠᠯ ᠠᠴᠠ ᠡᠮᠦᠨᠡᠬᠢ 16 ᠳ᠋ᠤᠭᠠᠷ ᠵᠠᠭᠤᠨ ᠠᠴᠠ ᠨᠡᠶᠢᠲᠡ ᠶᠢᠨ ᠣᠨ ᠲᠣᠭᠠᠯᠠᠯ ᠠᠴᠠ

ᠡᠮᠦᠨᠡᠬᠢ 14 ᠳᠤᠭᠡᠷ ᠵᠠᠭᠤᠨ ᠤ ᠳᠡᠯᠡᠬᠡᠢ ᠶᠢᠨ ᠬᠦᠷᠡᠯ ᠵᠡᠪᠰᠡᠭ ᠤᠨ ᠪᠣᠯᠪᠠᠰᠤᠨ ᠤ ᠴᠢᠬᠤᠯᠠ ᠲᠥᠯᠥᠭᠡᠯᠡᠭᠴᠢ ᠪᠠᠶᠢᠵᠤ᠂ ᠡᠷᠲᠡᠨ ᠤ ᠤᠯᠤᠰ ᠭᠦᠷᠦᠨ ᠤ ᠬᠥᠭᠵᠢᠯᠲᠡ

 ᠶᠢᠨ ᠠᠬᠢᠴᠠ ᠵᠢᠴᠢ ᠱᠠᠰᠢᠨ ᠰᠤᠷᠲᠠᠬᠤᠨ ᠤ ᠤᠬᠠᠮᠰᠠᠷ ᠤᠨ ᠬᠥᠭᠵᠢᠯᠲᠡ ᠶᠢ ᠰᠤᠳᠤᠯᠬᠤ ᠳᠤ ᠴᠢᠬᠤᠯᠠ ᠦᠨ᠎ᠡ ᠦᠷᠲᠡᠭ ᠲᠠᠢ ᠪᠠᠶᠢᠵᠤ᠂ ᠬᠥᠮᠥᠨ ᠲᠥᠷᠥᠯᠬᠢᠲᠡᠨ ᠤ

ᠪᠣᠯᠪᠠᠰᠤᠨ ᠤ ᠬᠥᠭᠵᠢᠯᠲᠡ ᠶᠢᠨ ᠲᠡᠦᠬᠡᠨ ᠳᠤ ᠴᠢᠬᠤᠯᠠ ᠪᠠᠶᠢᠷᠢ ᠰᠠᠭᠤᠷᠢ ᠶᠢ ᠡᠵᠡᠯᠡᠵᠦ ᠪᠠᠶᠢᠳᠠᠭ᠃

4.png

     

      ᠱᠠᠩ ᠤᠯᠤᠰ ᠤᠨ ᠦᠶ᠎ᠡ ᠶᠢᠨ ᠤᠷᠲᠤ ᠭᠡᠵᠢᠭᠡᠲᠦ ᠰᠠᠭᠤᠭ᠎ᠠ ᠬᠥᠮᠥᠨ

      ᠲᠤᠰ ᠤᠳᠠᠭᠠᠨ ᠤ ᠦᠵᠡᠰᠭᠦᠯᠡᠩ ᠳᠤ ᠬᠦᠷᠡᠯ ᠵᠡᠪᠰᠡᠭ᠂ ᠸᠠᠭᠠᠷ ᠱᠠᠭᠠᠵᠠᠩ᠂ ᠰᠢᠷᠳᠡᠮᠡᠯ ᠰᠠᠪᠠ᠂ ᠮᠣᠳᠣᠨ  ᠴᠤᠭᠤᠳᠠᠰᠤ ᠵᠡᠷᠭᠡ ᠨᠡᠶᠢᠲᠡ 221ᠲᠡᠦᠬᠡ ᠶᠢᠨ

ᠳᠤᠷᠠᠰᠬᠠᠯᠲᠤ ᠵᠦᠢᠯᠡᠰ ᠢ ᠳᠡᠯᠭᠡᠨ ᠦᠵᠡᠭᠦᠯᠵᠦ᠂ ᠡᠭᠦᠨ ᠳᠤ ᠤᠯᠤᠰ ᠤᠨ ᠨᠢᠭᠡᠳᠦᠭᠡᠷ ᠲᠡᠰ ᠤᠨ ᠲᠡᠦᠬᠡ ᠶᠢᠨ ᠳᠤᠷᠠᠰᠬᠠᠯᠲᠤ ᠵᠦᠢᠯᠡᠰ 40 ᠪᠠᠭᠲᠠᠵᠤ ᠪᠤᠢ᠃

5.png

     

      ᠱᠠᠩ ᠤᠯᠤᠰ ᠤᠨ ᠦᠶ᠎ᠡ ᠶᠢᠨ ᠭᠦᠳᠦᠭᠦᠷ ᠨᠢᠳᠦᠲᠦ ᠪᠠᠭ

6.png

     

      ᠱᠠᠩ ᠤᠯᠤᠰ ᠤᠨ ᠦᠶ᠎ᠡ ᠶᠢᠨ ᠠᠯᠳᠠᠨ ᠪᠠᠭ

7.png

 

     

       ᠱᠠᠩ ᠤᠯᠤᠰ ᠤᠨ ᠦᠶ᠎ᠡ ᠶᠢᠨ ᠬᠦᠷᠡᠯ  ᠪᠠᠭ

8.png

     

       ᠱᠠᠩ ᠤᠯᠤᠰ ᠤᠨ ᠦᠶ᠎ᠡ ᠶᠢᠨ ᠭᠦᠳᠦᠭᠦᠷ ᠨᠢᠳᠦᠲᠦ ᠪᠠᠭ

9.png

     

      ᠬᠦᠷᠡᠯ ᠱᠤᠭᠤᠮᠠᠯ

10.png

     

       ᠱᠠᠩ ᠤᠯᠤᠰ ᠤᠨ ᠦᠶ᠎ᠡ ᠶᠢᠨ ᠬᠦᠷᠡᠯ  ᠪᠠᠭ 

11.png

     

      ᠱᠠᠩ ᠤᠯᠤᠰ ᠤᠨ ᠦᠶ᠎ᠡ ᠶᠢᠨ ᠯᠤᠤ ᠶᠢᠨ ᠲᠣᠯᠣᠭᠠᠶᠢᠲᠤ ᠮᠥᠷᠥ ᠶᠢᠨ ᠵᠠᠰᠠᠯ

12.png

     

       ᠪᠠᠶᠢᠯᠳᠤᠭᠠᠨᠲᠤ ᠤᠯᠤᠰ ᠤᠨ ᠦᠶ᠎ᠡ ᠶᠢᠨ ᠵᠡᠰ ᠲᠣᠭᠤᠭ᠎ᠠ

 

ᠢᠷᠡᠯᠲᠡ᠄ ᠲᠤᠮᠳᠠᠳᠤ ᠤᠯᠤᠰ ᠤᠨ ᠮᠣᠩᠭᠤᠯ ᠬᠡᠯᠡᠨ ᠤ ᠰᠣᠨᠢᠨ ᠮᠡᠳᠡᠭᠡ ᠶᠢᠨ ᠰᠦᠯᠵᠢᠶ᠎ᠡ