ᠦᠶᠤᠸᠠᠨ ᠰᠢᠶᠠᠨ ᠰᠢᠶᠠᠨ ᠤ ᠰᠢᠭᠤᠳ ᠬᠠᠷᠢᠶ᠎ᠠ ᠪᠠᠶᠢᠭᠤᠯᠭ᠎ᠠ ᠶᠢᠨ ᠬᠥᠭᠵᠢᠭᠦᠯᠬᠦ ᠡᠲᠡᠭᠡᠳ ᠤᠨ ᠪᠣᠯᠪᠠᠰᠤᠷᠠᠯ ᠤᠨ ᠠᠩᠭᠢ ᠶᠢᠨ ᠰᠤᠷᠤᠯᠭ᠎ᠠ ᠡᠬᠢᠯᠡᠬᠦ ᠶᠣᠰᠣᠯᠠᠯ ᠡᠷᠭᠢᠯᠡᠪᠡ
ᠨᠡᠶᠢᠲᠡᠯᠡᠭᠰᠡᠨ ᠴᠠᠭ᠄
2024/6/6
      ᠰᠢᠶᠠᠨ ᠤ ᠰᠢᠭᠤᠳ ᠬᠠᠷᠢᠶ᠎ᠠ ᠪᠠᠶᠢᠭᠤᠯᠭ᠎ᠠ ᠶᠢᠨ ᠬᠥᠭᠵᠢᠭᠦᠯᠬᠦ ᠡᠲᠡᠭᠡᠳ ᠤᠨ ᠬᠥᠮᠦᠵᠢᠯ ᠪᠤᠯᠪᠠᠰᠤᠷᠠᠯ ᠤᠨ ᠠᠵᠢᠯ ᠢ ᠤᠯᠠᠮ ᠨᠢᠭᠡ ᠠᠯᠬᠤᠮ ᠰᠠᠶᠢᠲᠤᠷ ᠬᠢᠵᠦ ᠂ ᠬᠥᠭᠵᠢᠭᠦᠯᠬᠦ ᠡᠲᠡᠭᠡᠳ ᠤᠨ ᠨᠠᠮ ᠳᠤ ᠣᠷᠣᠬᠤ ᠤᠭ ᠰᠠᠨᠠᠭ᠎ᠠ ᠪᠠᠨ ᠲᠥᠪ ᠪᠣᠯᠭᠠᠨ ᠂ ᠨᠠᠮ ᠤᠨ ᠲᠤᠬᠠᠢ ᠲᠠᠨᠢᠯᠲᠠ ᠪᠠᠨ ᠳᠡᠭᠡᠭᠰᠢᠯᠡᠭᠦᠯᠵᠦ ᠂ ᠨᠠᠮ ᠤᠨ ᠱᠤᠭᠤᠮ ᠂ ᠴᠢᠭᠯᠡᠯᠲᠡ ᠂ ᠲᠥᠷᠥ ᠶᠢᠨ ᠪᠣᠳᠣᠯᠭ᠎ᠠ ᠶᠢ ᠬᠡᠷᠡᠭᠵᠢᠭᠦᠯᠬᠦ ᠴᠢᠳᠠᠪᠤᠷᠢ ᠪᠠᠨ ᠤᠯᠠᠮ ᠨᠢᠭᠡ ᠠᠯᠬᠤᠮ ᠴᠢᠩᠭᠠᠳᠬᠠᠵᠤ ᠂  ᠨᠠᠮ ᠤᠨ ᠠᠴᠢ ᠳᠤ ᠲᠠᠯᠠᠷᠬᠠᠬᠤ ᠂ ᠨᠠᠮ ᠤᠨ ᠦᠭᠡ ᠶᠢ ᠰᠣᠨᠣᠰᠬᠤ ᠂ ᠨᠠᠮ ᠢᠶᠠᠨ ᠳᠠᠭᠠᠬᠤ ᠡᠪ ᠬᠠᠮᠲᠤ ᠶᠣᠰᠣᠨ ᠤ ᠢᠲᠡᠭᠡᠯ ᠵᠣᠷᠢᠭ ᠢᠶᠠᠨ ᠪᠠᠲᠤᠳᠬᠠᠬᠤ ᠶᠢᠨ ᠲᠥᠯᠥᠭᠡ ᠂ 6 ᠰᠠᠷ᠎ᠠ ᠶᠢᠨ 3 ᠤ ᠡᠳᠦᠷ ᠂ ᠦᠶᠤᠸᠠᠨ ᠰᠢᠶᠠᠨ 2024 ᠣᠨ ᠤ ᠰᠢᠶᠠᠨ ᠤ ᠰᠢᠭᠤᠳ ᠬᠠᠷᠢᠶ᠎ᠠ ᠪᠠᠶᠢᠭᠤᠯᠭ᠎ᠠ ᠶᠢᠨ ᠬᠥᠭᠵᠢᠭᠦᠯᠬᠦ ᠡᠲᠡᠭᠡᠳ ᠤᠨ ᠪᠣᠯᠪᠠᠰᠤᠷᠠᠯ ᠤᠨ ᠠᠩᠭᠢ ᠶᠢᠨ ᠰᠤᠷᠤᠯᠭ᠎ᠠ ᠡᠬᠢᠯᠡᠬᠦ ᠶᠣᠰᠣᠯᠠᠯ ᠶᠠᠪᠤᠭᠤᠯᠪᠠ ᠃     ᠠᠩᠭᠢ ᠡᠬᠢᠯᠡᠬᠦ ᠶᠣᠰᠣᠯᠠᠯ ᠳᠡᠭᠡᠷ᠎ᠡ ᠂ ᠰᠢᠶᠠᠨ ᠤ ᠰᠢᠭᠤᠳ ᠬᠠᠷᠢᠶ᠎ᠠ ᠪᠠᠶᠢᠭᠤᠯᠭ᠎ᠠ ᠶᠢᠨ ᠠᠵᠢᠯ ᠤᠨ ᠬᠤᠷᠢᠶ᠎ᠠ ᠶᠢᠨ ᠬᠠᠷᠢᠭᠤᠴᠠᠯᠭᠠᠲᠠᠨ ᠠᠩᠭᠢ ᠡᠬᠢᠯᠡᠬᠦ ᠶᠠᠷᠢᠶ᠎ᠠ ᠲᠠᠯᠪᠢᠵᠤ ᠂ ᠰᠤᠷᠤᠭᠴᠢᠳ ᠬᠥᠭᠵᠢᠯᠲᠡ ᠶᠢᠨ ᠡᠲᠡᠭᠡᠳ ᠢ ᠪᠣᠯᠪᠠᠰᠤᠷᠠᠭᠤᠯᠬᠤ ᠶᠢᠨ ᠴᠢᠬᠤᠯᠠ ᠠᠴᠢ ᠬᠤᠯᠪᠣᠭᠳᠠᠯ ᠢ ᠭᠦᠨᠵᠡᠭᠡᠢ ᠣᠶᠢᠯᠠᠭᠠᠵᠤ ᠂ ᠣᠶᠤᠨ ᠴᠢᠳᠠᠯ ᠢᠶᠠᠨ ᠲᠥᠪᠯᠡᠷᠡᠭᠦᠯᠦᠨ ᠂ ᠰᠡᠳᠬᠢᠯ ᠠᠮᠤᠷ ᠰᠤᠷᠤᠯᠴᠠᠵᠤ ᠂ ᠰᠤᠷᠤᠭᠰᠠᠨ ᠢᠶᠠᠨ ᠬᠡᠷᠡᠭᠯᠡᠵᠦ ᠂ ᠰᠤᠷᠤᠭᠰᠠᠨ ᠮᠡᠳᠡᠯᠭᠡ ᠪᠠᠨ ᠠᠵᠢᠯ ᠤᠨ ᠰᠡᠳᠬᠢᠴᠡ ᠪᠠᠨ ᠲᠣᠳᠣᠷᠬᠠᠢ ᠪᠣᠯᠭᠠᠬᠤ ᠳᠡᠭᠡᠷ᠎ᠡ ᠠᠮᠢᠳᠤᠯᠢᠭ ᠢᠶᠠᠷ ᠬᠡᠷᠡᠭᠯᠡᠵᠦ ᠂ ᠨᠠᠷᠢᠨ ᠪᠤᠳᠤᠯᠢᠶᠠᠨᠲᠠᠢ ᠠᠰᠠᠭᠤᠳᠠᠯ ᠢ ᠵᠢᠯᠣᠭᠤᠳᠤᠨ ᠰᠢᠢᠳᠪᠦᠷᠢᠯᠡᠬᠦ ᠳᠡᠭᠡᠷ᠎ᠡ ᠬᠡᠷᠡᠭᠯᠡᠵᠦ ᠂ ᠰᠤᠷᠤᠭᠰᠠᠨ ᠣᠯᠣᠯᠲᠠ ᠲᠠᠢ ᠂ ᠰᠤᠳᠤᠯᠤᠭᠰᠠᠨ ᠣᠯᠣᠯᠲᠠ ᠲᠠᠢ ᠂ ᠬᠢᠭᠰᠡᠨ ᠦᠷ᠎ᠡ ᠪᠦᠲᠦᠮᠵᠢ ᠲᠠᠢ ᠪᠠᠶᠢᠬᠤ ᠶᠢ ᠦᠨᠡᠨ ᠬᠦ ᠪᠡᠶᠡᠯᠡᠭᠦᠯᠵᠦ ᠂ ᠡᠷᠲᠡᠬᠡᠨ ᠦᠵᠡᠯ ᠰᠠᠨᠠᠭ᠎ᠠ ᠂ ᠵᠣᠬᠢᠶᠠᠨ ᠪᠠᠶᠢᠭᠤᠯᠤᠯᠲᠠ ᠶᠢᠨ ᠲᠠᠯ᠎ᠠ ᠪᠠᠷ ᠨᠠᠮ ᠤᠨ ᠡᠩᠨᠡᠭᠡ ᠳᠤ ᠣᠷᠣᠭᠤᠯᠬᠤ ᠪᠠᠷ ᠴᠢᠷᠮᠠᠶᠢᠬᠤ ᠬᠡᠷᠡᠭᠲᠡᠢ ᠃      ᠣᠶᠢᠯᠠᠭᠠᠭᠰᠠᠨ ᠢᠶᠠᠷ ᠂ ᠲᠣᠰ ᠤᠳᠠᠭᠠᠨ ᠤ ᠪᠣᠯᠪᠠᠰᠤᠷᠠᠯ ᠨᠢ ᠭᠤᠷᠪᠠᠨ ᠡᠳᠦᠷ ᠤᠨ ᠬᠤᠭᠤᠴᠠᠭ᠎ᠠ ᠲᠠᠢ ᠶᠠᠪᠤᠭᠳᠠᠵᠤ ᠂ ᠨᠠᠮ ᠤᠨ ᠳᠦᠷᠢᠮ ᠨᠠᠮ ᠤᠨ ᠲᠣᠭᠲᠠᠭᠠᠯ ᠂ ᠨᠠᠮ ᠤᠨ ᠲᠡᠦᠬᠡ ᠶᠢᠨ ᠮᠡᠳᠡᠯᠭᠡ ᠵᠡᠷᠭᠡ ᠭᠤᠣᠯ ᠴᠢᠬᠤᠯᠠ ᠠᠭᠤᠯᠭ᠎ᠠ ᠶᠢᠨ ᠲᠣᠭᠤᠷᠢᠨ ᠳᠤ ᠂ ᠣᠨᠣᠯ ᠤᠨ ᠬᠢᠴᠢᠶᠡᠯᠯᠡᠭᠡ᠂ ᠦᠢᠯᠡᠳᠦᠯᠭᠡ ᠶᠢᠨ ᠠᠵᠢᠯᠯᠠᠭ᠎ᠠ᠂ ᠰᠤᠷᠤᠯᠭ᠎ᠠ ᠲᠡᠭᠦᠰᠬᠦ ᠰᠢᠯᠭᠠᠯᠲᠠ ᠶᠢ ᠤᠶᠠᠯᠳᠤᠭᠤᠯᠬᠤ ᠠᠷᠭ᠎ᠠ ᠮᠠᠶ᠋ᠢᠭ ᠢᠶᠠᠷ ᠳᠠᠮᠵᠢᠭᠤᠯᠤᠨ ᠂ ᠰᠤᠷᠤᠭᠴᠢᠳ ᠲᠤ ᠪᠥᠬᠦ ᠲᠠᠯ᠎ᠠ ᠶᠢᠨ ᠂ ᠥᠨᠳᠥᠷ ᠬᠦᠴᠦᠯᠡᠴᠡ ᠲᠠᠢ ᠨᠠᠮᠴᠢ ᠴᠢᠨᠠᠷ ᠤᠨ ᠬᠥᠮᠦᠵᠢᠯ ᠪᠠ ᠴᠢᠳᠠᠪᠤᠷᠢ ᠶᠢ ᠳᠡᠭᠡᠭᠰᠢᠯᠡᠭᠦᠯᠬᠦ ᠠᠶᠠᠯᠠᠯ ᠢ ᠲᠣᠭᠲᠠᠭᠠᠵᠤ ᠥᠭᠭᠦᠭᠰᠡᠨ ᠪᠠᠶᠢᠨ᠎ᠠ ᠃ 
ᠢᠷᠡᠯᠲᠡ᠄ ᠦᠶᠤᠸᠠᠨ ᠰᠢᠶᠠᠨ ᠤ ᠠᠷᠠᠳ ᠤᠨ ᠵᠠᠰᠠᠭ ᠤᠨ ᠣᠷᠳᠤᠨ ᠤ ᠮᠣᠡᠭᠭᠤᠯ ᠰᠦᠯᠵᠢᠶ᠎ᠡ