ᠡᠳᠡᠭᠡᠷ ᠦᠯᠡᠳᠡᠭᠰᠡᠨ ᠢᠳᠡᠭᠡᠨ ᠢ ᠪᠢᠲᠡᠭᠡᠢ ᠢᠳᠡᠭᠡᠷᠡᠢ︕
ᠨᠡᠶᠢᠲᠡᠯᠡᠭᠰᠡᠨ ᠴᠠᠭ᠄
2024/7/11
      ᠨᠢᠭᠡ᠂ ᠮᠦᠬᠦ ᠶᠢᠨ ᠲᠦᠷᠦᠯ ᠤᠨ ᠢᠳᠡᠭᠡᠨ ᠦᠯᠡᠳᠡᠭᠰᠡᠨ ᠮᠥᠭᠦ ᠶᠢ ᠲᠠᠬᠢᠵᠦ ᠬᠠᠯᠠᠭᠤᠯᠵᠤ ᠢᠳᠡᠪᠡᠯ ᠭᠡᠳᠡᠰᠦ ᠡᠪᠡᠳᠬᠦ᠂ ᠰᠠᠭᠤᠯᠭᠠᠬᠤ ᠵᠡᠷᠭᠡ ᠡᠪᠡᠳᠴᠢᠨ ᠤ ᠢᠯᠡᠷᠡᠯ ᠭᠠᠷᠴᠤ ᠮᠡᠳᠡᠨ᠎ᠡ᠂ ᠵᠠᠯᠭ᠎ᠠ ᠢᠩᠭᠢᠵᠦ ᠢᠳᠡᠪᠡᠯ ᠰᠢᠩᠭᠡᠭᠡᠯᠲᠡ ᠶᠢᠨ ᠰᠢᠰᠲ᠋ᠧᠮ ᠤᠨ ᠬᠠᠪᠤᠳᠠᠷ ᠲᠤ ᠨᠡᠷᠪᠡᠭᠳᠡᠬᠦ ᠪᠣᠯᠣᠯᠴᠠᠭ᠎ᠠ ᠲᠠᠢ᠃ ᠡᠶᠢᠮᠦ ᠠᠴᠠ ᠮᠥᠭᠦ ᠶᠢ ᠬᠤᠶᠠᠳᠠᠭᠢ ᠤᠳᠠᠭ᠎ᠠ ᠬᠠᠯᠠᠭᠤᠯᠵᠤ ᠢᠳᠡᠭᠰᠡᠨ ᠤ ᠬᠡᠷᠡᠭ ᠦᠭᠡᠢ᠃       ᠬᠤᠶᠠᠷ᠂ ᠳᠠᠯᠠᠢ ᠶᠢᠨ ᠢᠳᠡᠭᠡᠨ ᠰᠠᠮ ᠬᠤᠷᠣᠬᠠᠢ᠂ ᠨᠠᠢᠮᠠᠯᠵᠢ ᠮᠡᠲᠦ ᠶᠢᠨ ᠳᠠᠯᠠᠢ ᠶᠢᠨ ᠢᠳᠡᠭᠡᠨ ᠤ ᠵᠦᠢᠯ ᠢ ᠬᠤᠶᠠᠳᠠᠭᠢ ᠤᠳᠠᠭ᠎ᠠ ᠬᠠᠯᠠᠭᠤᠯᠵᠤ ᠢᠳᠡᠵᠦ ᠪᠣᠯᠬᠤ ᠦᠭᠡᠢ᠃ ᠢᠳᠡᠵᠦ ᠪᠠᠷᠠᠭᠰᠠᠨ ᠦᠭᠡᠢ ᠳᠠᠯᠠᠢ ᠶᠢᠨ ᠢᠳᠡᠭᠡᠨ ᠢ ᠤᠳᠠᠭᠠᠨ ᠲᠠᠯᠪᠢᠪᠠᠯ ᠠᠮᠠᠷᠬᠠᠨ ᠪᠠᠺᠲ᠋ᠧᠷᠢ ᠪᠠ ᠬᠤᠣᠷᠲᠤ ᠡᠳ᠋ ᠡᠭᠦᠰᠴᠦ᠂ ᠡᠯᠢᠭᠡᠨ ᠤ ᠬᠤᠣᠷ ᠲᠠᠶᠢᠯᠬᠤ ᠳᠠᠷᠤᠭᠠᠰᠤ ᠶᠢ ᠬᠦᠨᠳᠦᠷᠡᠭᠦᠯᠳᠡᠭ᠃ ᠳᠠᠯᠠᠢ ᠶᠢᠨ ᠢᠳᠡᠭᠡᠨ ᠢ ᠪᠠᠷᠢᠨ ᠬᠢᠵᠦ ᠪᠠᠷᠢᠨ ᠢᠳᠡᠪᠡᠯ ᠬᠠᠮᠤᠭ ᠰᠠᠶᠢᠨ᠃       ᠭᠤᠷᠪᠠ᠂ ᠥᠷᠭᠡᠰᠦᠲᠦ ᠨᠣᠭᠤᠭ᠎ᠠ ᠥᠷᠭᠡᠰᠦᠲᠦ ᠨᠣᠭᠤᠭ᠎ᠠ ᠶᠢᠨ ᠬᠦᠴᠢᠯ ᠤᠨ ᠠᠭᠤᠯᠤᠭᠳᠠᠴᠠ ᠶᠡᠭᠡ ᠪᠣᠯᠬᠤᠷ ᠣᠰᠣᠨ ᠳᠤ ᠪᠤᠴᠠᠯᠭᠠᠭᠰᠠᠨ  ᠤ ᠳᠠᠷᠠᠭ᠎ᠠ ᠢᠳᠡᠬᠦ ᠬᠡᠷᠡᠭᠲᠡᠢ᠂ ᠡᠭᠦᠨ ᠤ ᠳᠡᠭᠡᠷ᠎ᠡ ᠥᠷᠭᠡᠰᠦᠲᠦ ᠨᠣᠭᠤᠭ᠎ᠠ ᠳᠤ ᠪᠠᠰᠠ ᠶᠡᠭᠡ ᠬᠡᠮᠵᠢᠶᠡᠨ ᠤ ᠠᠽᠣᠲ ᠬᠦᠴᠢᠯ ᠤᠨ ᠳᠠᠪᠤᠰᠤ ᠠᠭᠤᠯᠤᠭᠳᠠᠨ᠎ᠠ᠂ ᠬᠡᠷᠪᠡ ᠬᠤᠶᠠᠳᠠᠭᠢ ᠤᠳᠠᠭ᠎ᠠ ᠬᠠᠯᠠᠭᠤᠯᠪᠠᠯ ᠬᠥᠮᠥᠨ ᠤ ᠪᠡᠶ᠎ᠡ ᠳᠤ ᠬᠤᠣᠷᠲᠠᠢ ᠪᠠᠶᠢᠳᠠᠭ᠃       ᠳᠥᠷᠪᠡ᠂ ᠦᠨᠢᠶᠡᠨ ᠰᠦ ᠦᠨᠢᠶᠡᠨ ᠰᠦ ᠶᠢ ᠳᠠᠬᠢᠨ ᠳᠠᠪᠲᠠᠨ ᠬᠠᠯᠠᠭᠠᠵᠤ ᠪᠣᠯᠬᠤ ᠦᠭᠡᠢ᠃ ᠴᠠᠭ ᠤᠳᠠᠪᠠᠯ ᠰᠦ ᠶᠢᠨ ᠴᠢᠨᠠᠷ ᠬᠤᠪᠢᠷᠠᠨ᠎ᠠ᠂ ᠠᠮᠠᠷᠬᠠᠨ ᠭᠡᠳᠡᠰᠦ ᠡᠪᠡᠳᠴᠦ ᠰᠠᠭᠤᠯᠭᠠᠬᠤ ᠪᠣᠯᠣᠨ᠎ᠠ᠃ ᠡᠭᠦᠨ ᠠᠴᠠ ᠭᠠᠳᠠᠨ᠎ᠠ᠂ ᠦᠨᠢᠶᠡᠨ ᠰᠦ ᠶᠢ ᠳᠠᠬᠢᠨ ᠳᠠᠪᠲᠠᠨ ᠬᠠᠯᠠᠭᠠᠪᠠᠯ᠂ ᠦᠨᠢᠶᠡᠨ ᠰᠦ ᠳᠣᠲᠣᠷᠠᠬᠢ ᠤᠭᠤᠷᠠᠭ ᠤᠨ ᠴᠢᠨᠠᠷ ᠬᠤᠪᠢᠷᠠᠵᠤ᠂ ᠰᠢᠮ᠎ᠡ ᠲᠡᠵᠢᠭᠡᠯ ᠳᠤᠲᠠᠭᠳᠠᠬᠤ ᠪᠣᠯᠣᠨ᠎ᠠ᠃       ᠲᠠᠪᠤ᠂ ᠴᠠᠭᠠᠨ ᠳᠡᠯᠳᠡᠦ ᠶᠢᠨ ᠱᠥᠯᠥ ᠴᠠᠭᠠᠨ ᠳᠡᠯᠳᠡᠦ ᠳᠣᠲᠣᠷ᠎ᠠ ᠨᠡᠯᠢᠶᠡᠳ ᠠᠷᠪᠢᠨ ᠠᠽᠣᠲ ᠬᠦᠴᠢᠯ ᠤᠨ ᠳᠠᠪᠤᠰᠤᠨ ᠤ ᠲᠦᠷᠦᠯ ᠠᠭᠤᠯᠤᠭᠳᠠᠵᠤ ᠪᠠᠶᠢᠳᠠᠭ ᠪᠣᠯᠬᠤᠷ ᠴᠠᠭᠠᠨ ᠳᠡᠯᠳᠡᠦ ᠶᠢᠨ ᠱᠥᠯᠥ ᠶᠢ ᠤᠳᠠᠭᠠᠨ ᠲᠠᠯᠪᠢᠪᠠᠯ ᠠᠽᠣᠲ ᠬᠦᠴᠢᠯ ᠤᠨ ᠳᠠᠪᠤᠰᠤ ᠨᠢ ᠵᠠᠳᠠᠷᠠᠭᠠᠳ ᠳᠤᠲᠠᠮᠠᠭ ᠠᠽᠣᠲ ᠬᠦᠴᠢᠯ ᠤᠨ ᠳᠠᠪᠤᠰᠤ ᠪᠣᠯᠳᠠᠭ᠃ ᠳᠤᠲᠠᠮᠠᠭ ᠠᠽᠣᠲ ᠬᠦᠴᠢᠯ ᠤᠨ ᠳᠠᠪᠤᠰᠤ ᠨᠢ ᠴᠢᠰᠤᠨ ᠳᠣᠲᠣᠷᠠᠬᠢ ᠴᠢᠰᠤᠨ ᠤ ᠤᠯᠠᠭᠠᠨ ᠤᠭᠤᠷᠠᠭ ᠤᠨ ᠬᠦᠴᠢᠯᠲᠥ᠋ᠷᠥᠭᠴᠢ ᠠᠴᠢᠶᠠᠯᠠᠬᠤ ᠴᠢᠳᠠᠪᠤᠷᠢ ᠶᠢ ᠠᠯᠳᠠᠭᠤᠯᠵᠤ᠂ ᠬᠥᠮᠥᠨ ᠤ ᠪᠡᠶ᠎ᠡ ᠶᠢᠨ ᠬᠡᠪ ᠤᠨ ᠴᠢᠰᠤ ᠪᠦᠲᠦᠭᠡᠬᠦ ᠠᠵᠢᠯᠯᠠᠭ᠎ᠠ ᠶᠢ ᠡᠪᠳᠡᠵᠦ᠂ ᠡᠷᠡᠭᠦᠯ ᠮᠡᠨᠳᠦ ᠶᠢ ᠨᠥᠯᠥᠭᠡᠯᠡᠳᠡᠭ᠃ ᠡᠶᠢᠮᠦ ᠠᠴᠠ ᠥᠨᠵᠢᠭᠰᠡᠨ ᠴᠠᠭᠠᠨ ᠳᠡᠯᠳᠡᠦ ᠶᠢᠨ ᠱᠥᠯᠥ ᠶᠢ ᠬᠠᠮᠤᠭ ᠰᠠᠶᠢᠨ ᠨᠢ ᠪᠤᠣ ᠤᠤᠭᠤ᠃       ᠵᠢᠷᠭᠤᠭ᠎ᠠ᠂ ᠥᠨᠳᠡᠭᠡ ᠱᠦᠷᠬᠡᠢ ᠥᠨᠳᠡᠭᠡ ᠭᠡᠳᠡᠭ ᠨᠢ ᠳᠤᠲᠠᠭᠤ ᠪᠤᠯᠭᠤᠭᠰᠠᠨ ᠥᠨᠳᠡᠭᠡ ᠶᠢ ᠵᠢᠭᠠᠨ᠎ᠠ᠂ ᠱᠦᠷᠬᠡᠢ ᠥᠨᠳᠡᠭᠡᠨ ᠳᠣᠲᠣᠷᠠᠬᠢ ᠰᠠᠯᠮᠤᠨᠧᠯ ᠪᠠᠺᠲ᠋ᠧᠷᠢ ᠲᠤᠶᠢᠯᠪᠤᠷᠢᠲᠠᠢ ᠦᠬᠦᠬᠦ ᠦᠭᠡᠢ᠃ ᠬᠡᠷᠪᠡ ᠪᠠᠰᠠ ᠨᠢᠭᠡ ᠰᠥᠨᠢ ᠲᠠᠯᠪᠢᠪᠠᠯ᠂ ᠪᠠᠺᠲ᠋ᠧᠷᠢ ᠶᠢᠨ ᠦᠷᠡᠵᠢᠬᠦ ᠪᠠ ᠬᠤᠣᠷ ᠡᠭᠦᠰᠬᠡᠬᠦ ᠵᠠᠪᠰᠢᠶᠠᠨ ᠨᠡᠮᠡᠭᠳᠡᠨ᠎ᠡ᠃ ᠲᠠᠬᠢᠶᠠᠨ ᠥᠨᠳᠡᠭᠡ ᠶᠢ ᠭᠦᠢᠴᠡᠳ ᠪᠣᠯᠭᠤᠭᠠᠪᠠᠯ ᠰᠠᠶ᠋ᠢ ᠳᠣᠲᠣᠷᠠᠬᠢ ᠪᠠᠺᠲ᠋ᠧᠷᠢ ᠶᠢ ᠨᠢ ᠤᠰᠠᠳᠬᠠᠵᠤ ᠲᠠᠶᠢᠯᠤᠨ᠎ᠠ᠃
ᠢᠷᠡᠯᠲᠡ᠄ ᠤᠷᠠᠳ ᠤᠨ ᠳᠤᠮᠳᠠᠳᠤ ᠬᠤᠰᠢᠭᠤᠨ ᠤ ᠵᠠᠰᠠᠭ ᠤᠨ ᠣᠷᠳᠣᠨ ᠤ ᠮᠣᠩᠭᠤᠯ ᠰᠦᠯᠵᠢᠶ᠎ᠡ