ᠬᠤᠳᠣᠭᠤᠳᠤᠨ ᠳᠤ ᠰᠠᠶᠢᠨ ᠢᠳᠡᠭᠡᠨ
ᠨᠡᠶᠢᠲᠡᠯᠡᠭᠰᠡᠨ ᠴᠠᠭ᠄
2024/7/11
      ᠲᠤᠰᠬᠠᠢ ᠮᠡᠷᠭᠡᠵᠢᠯᠲᠡᠨ ᠤ ᠬᠡᠯᠡᠬᠦ ᠪᠠᠷ᠂ ᠬᠤᠳᠣᠭᠤᠳᠤ ᠭᠡᠳᠡᠰᠦᠨ ᠤ ᠠᠵᠢᠯᠯᠠᠭ᠎ᠠ ᠨᠢ ᠡᠪ ᠦᠭᠡᠢ ᠪᠠᠶᠢᠳᠠᠯ ᠢᠯᠡᠷᠡᠭᠰᠡᠨ ᠬᠥᠮᠥᠰ ᠵᠣᠬᠢᠬᠤ ᠬᠡᠮᠵᠢᠶᠡᠨ ᠤ ᠰᠢᠩᠭᠡᠨ ᠪᠤᠳᠠᠭ᠎ᠠ ᠢᠳᠡᠵᠦ᠂ ᠬᠤᠳᠣᠭᠤᠳᠤ ᠭᠡᠳᠡᠰᠦ ᠪᠠᠨ ᠠᠮᠠᠷᠠᠭᠤᠯᠵᠤ ᠪᠣᠯᠣᠨ᠎ᠠ᠃ ᠭᠡᠪᠡᠴᠦ ᠰᠢᠩᠭᠡᠨ ᠪᠤᠳᠠᠭ᠎ᠠ ᠶᠢ ᠬᠡᠮᠵᠢᠶ᠎ᠡ ᠠᠴᠠ ᠪᠠᠨ ᠬᠡᠲᠦᠷᠡᠲᠡᠯ᠎ᠡ ᠢᠳᠡᠵᠦ ᠪᠣᠯᠬᠤ ᠦᠭᠡᠢ᠂ ᠢᠳᠡᠭᠡᠨ ᠤᠮᠳᠠᠭᠠᠨ ᠢᠶᠠᠨ ᠲᠡᠩᠴᠡᠭᠦᠷᠢᠲᠡᠢ ᠪᠠᠶᠢᠯᠭᠠᠬᠤ ᠶᠢ ᠠᠩᠬᠠᠷᠴᠤ᠂ ᠨᠠᠷᠢᠨ ᠵᠥᠭᠡᠯᠡᠨ᠂ ᠴᠢᠨᠠᠷ ᠰᠠᠶᠢᠲᠠᠢ ᠤᠭᠤᠷᠠᠭ ᠠᠭᠤᠯᠤᠭᠰᠠᠨ ᠢᠳᠡᠭᠡᠨ ᠢ ᠰᠣᠩᠭᠤᠵᠤ ᠪᠣᠯᠣᠨ᠎ᠠ᠂ ᠵᠢᠱᠢᠶᠡᠯᠡᠪᠡᠯ ᠵᠢᠭᠠᠰᠤ ᠰᠠᠮ ᠬᠤᠷᠣᠬᠠᠢ ᠶᠢᠨ ᠲᠦᠷᠦᠯ᠂ ᠴᠢᠰᠤᠨ ᠤ ᠪᠦᠲᠦᠭᠡᠭᠳᠡᠬᠦᠨ᠂ ᠲᠠᠬᠢᠶᠠᠨ ᠤ ᠥᠨᠳᠡᠭᠡ᠂ ᠦᠨᠢᠶᠡᠨ ᠰᠦ ᠵᠡᠷᠭᠡ ᠶᠢ ᠰᠣᠩᠭᠤᠵᠤ ᠪᠣᠯᠣᠨ᠎ᠠ᠃ 
ᠢᠷᠡᠯᠲᠡ᠄ ᠲᠣᠮᠳᠠᠳᠣ ᠤᠯᠤᠰ ᠤᠨ ᠮᠣᠩᠭᠤᠯ ᠷᠠᠳᠢᠣ᠋ ᠰᠦᠯᠵᠢᠶ᠎ᠡ