ᠦᠶᠤᠸᠠᠨ ᠰᠢᠶᠠᠨ ᠪᠦᠬᠦ ᠰᠢᠶᠠᠨ ᠤ ᠨᠠᠮ ᠤᠨ ᠪᠠᠶᠢᠭᠤᠯᠤᠯᠲᠠ ᠶᠢ ᠠᠳᠬᠤᠵᠤ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠶᠢ ᠠᠬᠢᠭᠤᠯᠬᠤ ᠪᠠᠶᠢᠴᠠᠭᠠᠨ ᠰᠤᠳᠤᠯᠤᠯᠲᠠ ᠶᠢᠨ ᠬᠤᠷᠠᠯ ᠬᠤᠷᠠᠯᠳᠤᠪᠠ
ᠨᠡᠶᠢᠲᠡᠯᠡᠭᠰᠡᠨ ᠴᠠᠭ᠄
2024/7/14
      7 ᠰᠠᠷ᠎ᠠ ᠶᠢᠨ 13  ᠤ ᠡᠳᠦᠷ᠂ ᠮᠠᠨ ᠤ ᠰᠢᠶᠠᠨ ᠪᠥᠬᠦ ᠰᠢᠶᠠᠨ ᠤ ᠨᠠᠮ ᠤᠨ ᠪᠠᠶᠢᠭᠤᠯᠤᠯᠲᠠ ᠶᠢ ᠠᠳᠬᠤᠵᠤ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠶᠢ ᠠᠬᠢᠭᠤᠯᠬᠤ ᠲᠣᠭᠤᠷᠢᠨ ᠦᠵᠡᠵᠦ ᠪᠠᠶᠢᠴᠠᠭᠠᠨ ᠰᠤᠳᠤᠯᠬᠤ ᠬᠤᠷᠠᠯ ( ᠨᠢᠭᠡᠳᠦᠭᠡᠷ ᠬᠤᠭᠤᠴᠠᠭ᠎ᠠ )  ᠬᠤᠷᠠᠯᠳᠤᠵᠦ ᠂ ᠰᠢᠶᠠᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶᠠᠨ ᠤ ᠡᠷᠬᠢᠯᠡᠭᠴᠢ ᠸᠠᠩ ᠵᠢᠶᠧ ᠹᠧᠩ᠂ ᠰᠢᠶᠠᠨ ᠤ ᠤᠯᠤᠰ ᠲᠥᠷᠥ ᠶᠢᠨ ᠵᠥᠪᠯᠡᠯᠭᠡᠨ ᠤ ᠲᠡᠷᠢᠭᠦᠯᠡᠭᠴᠢ ᠵᠠᠨ ᠮᠧᠶ ᠪᠣᠯᠣᠨ ᠪᠤᠰᠤᠳ ᠭᠠᠵᠠᠷ ᠤᠨ ᠲᠠᠰ ᠤᠨ ᠤᠳᠤᠷᠢᠳᠤᠯᠭ᠎ᠠ ᠵᠢᠴᠢ ᠡᠯ᠎ᠡ ᠰᠤᠮᠤ ᠪᠠᠯᠭᠠᠰᠤᠨ ᠤ ᠬᠡᠷᠡᠭ ᠡᠷᠬᠢᠯᠡᠬᠦ ᠭᠠᠵᠠᠷ ᠤᠨ ᠨᠠᠮ ᠤᠨ ( ᠠᠵᠢᠯᠯᠠᠬᠤ ) ᠬᠤᠷᠢᠶᠠᠨ ᠤ ᠱᠦᠵᠢ᠂ ᠬᠠᠮᠢᠶ᠎ᠠ ᠪᠦᠬᠦᠢ ᠰᠠᠯᠠᠭ᠎ᠠ ᠮᠥᠴᠢᠷ ᠤᠨ ᠬᠠᠷᠢᠭᠤᠴᠠᠯᠭᠠᠲᠠᠨ ᠬᠤᠷᠠᠯ ᠳᠤ ᠣᠷᠣᠯᠴᠠᠪᠠ᠃      ᠬᠤᠷᠠᠯ ᠳᠤ ᠣᠷᠣᠯᠴᠠᠭᠰᠠᠳ ᠱᠧᠩ ᠹᠧᠩ ᠪᠠᠯᠭᠠᠰᠤ ᠶᠢᠨ ᠰᠢᠨ ᠹᠧᠩ ᠲᠣᠰᠬᠤᠨ ᠤ ᠭᠤᠸᠠ ᠵᠢᠮᠢᠰ ᠦᠨ ᠠᠵᠤ ᠦᠢᠯᠡᠰ ᠤᠨ ᠬᠦᠷᠢᠶᠡᠯᠡᠩ ᠲᠣᠭᠤᠷᠢᠭ᠂ ᠡᠰᠢ ᠰᠦᠷᠡᠯ ᠢ ᠶᠡᠷᠦᠩᠬᠡᠶᠢᠯᠡᠨ ᠠᠰᠢᠭᠯᠠᠬᠤ ᠵᠢᠱᠢᠶ᠎ᠡ ᠦᠵᠡᠭᠦᠯᠬᠦ ᠬᠦᠷᠢᠶᠡᠯᠡᠩ ᠲᠣᠭᠤᠷᠢᠭ᠂ ᠯᠦᠩ ᠰᠢᠩ ᠴᠠᠩ ᠪᠠᠯᠭᠠᠰᠤ ᠶᠢᠨ ᠲᠦᠩ ᠯᠢᠶᠠᠨ ᠲᠣᠰᠬᠤᠨ ᠤ ᠰᠢᠷ᠎ᠠ ᠬᠠᠰᠢ ᠲᠠᠷᠢᠬᠤ ᠰᠠᠭᠤᠷᠢᠨ ᠵᠡᠷᠭᠡ 5 ᠰᠤᠮᠤ ᠪᠠᠯᠭᠠᠰᠤ ᠶᠢᠨ 7 ᠵᠢᠱᠢᠶ᠎ᠡ ᠦᠵᠡᠭᠦᠯᠬᠦ ᠴᠡᠭ ᠲᠤ ᠬᠦᠷᠴᠦ᠂ ᠲᠤᠬᠠᠢ ᠶᠢᠨ ᠭᠠᠵᠠᠷ  ᠲᠤᠨᠢ ᠲᠣᠭᠤᠷᠢᠨ ᠦᠵᠡᠬᠦ ᠪᠠ ᠬᠠᠷᠢᠭᠤ ᠮᠡᠳᠡᠭᠦᠯᠦᠯᠲᠡ ᠰᠣᠨᠣᠰᠬᠤ ᠬᠡᠯᠪᠡᠷᠢ ᠪᠠᠷ ᠳᠠᠮᠵᠢᠭᠤᠯᠤᠨ ᠡᠯ᠎ᠡ ᠰᠤᠮᠤ ᠪᠠᠯᠭᠠᠰᠤ ᠶᠢᠨ ᠰᠢᠨ᠎ᠡ ᠴᠢᠨᠠᠷ ᠤᠨ ᠦᠢᠯᠡᠳᠪᠦᠷᠢᠯᠡᠯ ᠤᠨ ᠬᠦᠴᠦᠨ ᠢ ᠪᠣᠶᠢᠵᠢᠭᠤᠯᠬᠤ᠂ ᠬᠥᠳᠡᠭᠡ ᠲᠣᠰᠬᠤᠨ ᠢ ᠵᠠᠰᠠᠬᠤ᠂ ᠠᠵᠤ ᠦᠢᠯᠡᠰ ᠢ ᠬᠥᠭᠵᠢᠭᠦᠯᠬᠦ ᠵᠡᠷᠭᠡ ᠪᠠᠶᠢᠳᠠᠯ ᠢ ᠨᠠᠷᠢᠨ ᠣᠶᠢᠯᠠᠭᠠᠪᠠ᠃      ᠣᠯᠠᠨ ᠢᠶᠠᠷ ᠢᠶᠠᠨ ᠵᠠᠮ ᠲᠤᠷᠰᠢ ᠪᠠᠶᠢᠴᠠᠭᠠᠨ ᠦᠵᠡᠵᠦ᠂ ᠵᠥᠷᠢᠶ᠎ᠡ ᠪᠠᠨ ᠡᠷᠢᠵᠦ᠂ ᠲᠤᠷᠰᠢᠯᠭ᠎ᠠ ᠰᠤᠷᠤᠯᠴᠠᠨ᠂ ᠪᠣᠳᠣᠯ ᠰᠠᠨᠠᠯ ᠢᠶᠠᠨ ᠶᠠᠷᠢᠯᠴᠠᠵᠤ᠂ ᠬᠠᠷᠢᠯᠴᠠᠨ ᠰᠣᠯᠢᠯᠴᠠᠵᠤ ᠶᠠᠷᠢᠯᠴᠠᠬᠤ ᠳᠤᠮᠳᠠ ᠠᠵᠤ ᠦᠢᠯᠡᠰ ᠬᠥᠭᠵᠢᠭᠰᠡᠨ᠂ ᠠᠮᠢ ᠠᠬᠤᠢ ᠣᠷᠣᠰᠢᠨ ᠰᠠᠭᠤᠷᠢᠰᠢᠬᠤ ᠳᠤ ᠲᠣᠬᠢᠷᠠᠮᠵᠢᠲᠠᠢ᠂ ᠠᠮᠢᠳᠤᠷᠠᠯ ᠪᠠᠶᠠᠨ ᠴᠢᠨᠡᠭᠡᠯᠢᠭ ᠬᠥᠳᠡᠭᠡ ᠲᠣᠰᠬᠤᠨ ᠤ ︽ᠬᠥᠭᠵᠢᠯᠲᠡ ᠶᠢᠨ ᠨᠢᠭᠤᠴᠠ ᠨᠣᠮᠧᠷ︾  ᠢ ᠭᠦᠨᠵᠡᠭᠡᠢ ᠵᠠᠳᠠᠯᠵᠤ᠂ ᠮᠠᠨ ᠤ ᠰᠢᠶᠠᠨ ᠤ ᠳᠡᠭᠡᠷ᠎ᠡ ᠬᠠᠭᠠᠰ ᠵᠢᠯ ᠤᠨ ᠨᠠᠮ ᠤᠨ ᠪᠠᠶᠢᠭᠤᠯᠤᠯᠲᠠ ᠶᠢ ᠠᠳᠬᠤᠵᠤ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠠᠵᠢᠯ ᠢ ᠠᠬᠢᠭᠤᠯᠤᠭᠰᠠᠨ ᠢᠯᠡᠳᠲᠡ ᠦᠷ᠎ᠡ ᠪᠦᠲᠦᠮᠵᠢ ᠪᠠ ᠦᠨᠳᠦᠰᠦᠨ ᠱᠠᠲᠤᠨ ᠤ ᠨᠠᠮ ᠤᠨ ᠵᠣᠬᠢᠶᠠᠨ ᠪᠠᠶᠢᠭᠤᠯᠤᠯᠲᠠ ᠶᠢᠨ ᠱᠦᠵᠢ ᠶᠢᠨ ᠴᠤᠭ ᠪᠠᠳᠠᠷᠠᠩᠭᠤᠢ ᠪᠠᠷ ᠤᠷᠤᠭᠰᠢᠯᠠᠨ ᠳᠠᠪᠰᠢᠵᠤ᠂ ᠡᠭᠦᠷᠭᠡ ᠬᠠᠷᠢᠭᠤᠴᠠᠯᠭ᠎ᠠ ᠪᠠᠨ ᠦᠨᠡᠨᠴᠢ ᠰᠢᠳᠤᠷᠭᠤ ᠪᠠᠷ ᠭᠦᠢᠴᠡᠳᠬᠡᠬᠦ ᠰᠠᠶᠢᠨ ᠰᠠᠶᠢᠬᠠᠨ ᠣᠶᠤᠨ ᠰᠠᠨᠠᠭᠠᠨ ᠤ ᠳᠦᠷᠰᠦ ᠪᠠᠶᠢᠳᠠᠯ ᠢ ᠭᠦᠢᠴᠡᠳ ᠢᠯᠡᠷᠡᠭᠦᠯᠵᠦ᠂ ᠰᠤᠷᠤᠯᠴᠠᠯᠭ᠎ᠠ ᠠᠴᠠ ᠳᠠᠪᠠᠵᠤ᠂ ᠲᠡᠷᠢᠭᠦᠨ ᠤ  ᠬᠢ ᠪᠣᠯᠬᠤ ᠪᠠᠷ ᠴᠢᠷᠮᠠᠶᠢᠵᠤ ᠰᠢᠯᠢᠳᠡᠭ ᠢ ᠡᠭᠦᠳᠬᠦ ᠭᠦᠨ ᠵᠤᠵᠠᠭᠠᠨ ᠠᠭᠤᠷ ᠠᠮᠢᠰᠬᠤᠯ ᠢ ᠦᠨᠡᠨ ᠬᠦ ᠪᠣᠶ ᠪᠣᠯᠭᠠᠪᠠ᠃ 
ᠢᠷᠡᠯᠲᠡ᠄ ᠦᠶᠤᠸᠠᠨ ᠰᠢᠶᠠᠨ ᠤ ᠠᠷᠠᠳ ᠤᠨ ᠵᠠᠰᠠᠭ ᠤᠨ ᠣᠷᠳᠤᠨ ᠤ ᠮᠣᠡᠭᠭᠤᠯ ᠰᠦᠯᠵᠢᠶ᠎ᠡ