︽ᠨᠡᠮᠡᠵᠦ ᠬᠠᠰᠤᠬᠤ ᠠᠷᠭ᠎ᠠ︾ ᠶᠢ ᠰᠠᠶᠢᠲᠤᠷ ᠬᠡᠷᠡᠭᠯᠡᠨ ᠮᠠᠯᠵᠢᠬᠤ ᠲᠠᠷᠢᠶᠠᠯᠠᠬᠤ ᠣᠷᠣᠨ ᠤ ᠣᠷᠣᠯᠭ᠎ᠠ ᠪᠠᠭᠠᠲᠠᠢ ᠬᠥᠮᠥᠰ ᠤᠨ ᠣᠷᠣᠯᠭ᠎ᠠ ᠶᠢᠨ ᠲᠣᠭᠲᠠᠭᠤᠨ ᠨᠡᠮᠡᠭᠳᠡᠯ ᠢ ᠠᠬᠢᠭᠤᠯᠪᠠ
ᠨᠡᠶᠢᠲᠡᠯᠡᠭᠰᠡᠨ ᠴᠠᠭ᠄
2024/7/18
      ᠥᠪᠡᠷᠲᠡᠭᠡᠨ ᠵᠠᠰᠠᠬᠤ ᠣᠷᠣᠨ ᠤ ᠲᠠᠷᠢᠶᠠᠯᠠᠩ ᠮᠠᠯ ᠠᠵᠤ ᠠᠬᠤᠢ ᠪᠠ ᠬᠥᠳᠡᠭᠡ ᠲᠣᠰᠬᠤᠨ ᠮᠠᠯᠵᠢᠬᠤ ᠣᠷᠣᠨ ᠤ ᠲᠢᠩᠬᠢᠮ ᠠᠴᠠ ᠣᠶᠢᠯᠠᠭᠠᠭᠰᠠᠨ ᠢᠶᠠᠷ᠂ ᠥᠪᠥᠷ ᠮᠣᠩᠭᠤᠯ ᠮᠠᠯᠵᠢᠬᠤ ᠲᠠᠷᠢᠶᠠᠯᠠᠬᠤ ᠣᠷᠣᠨ ᠤ ᠣᠷᠣᠯᠭ᠎ᠠ ᠪᠠᠭᠠᠲᠠᠢ ᠬᠥᠮᠥᠰ ᠤᠨ ᠣᠷᠣᠯᠭ᠎ᠠ ᠶᠢᠨ ᠲᠣᠭᠲᠠᠭᠤᠨ ᠨᠡᠮᠡᠭᠳᠡᠯ ᠢ ᠦᠷᠭᠦᠯᠵᠢᠯᠡᠨ ᠠᠬᠢᠭᠤᠯᠬᠤ ᠭᠤᠣᠯ ᠡᠭᠦᠷᠭᠡ ᠶᠢᠨ ᠲᠣᠭᠤᠷᠢᠨ ᠳᠤ ︽ᠨᠡᠮᠡᠬᠦ ᠠᠷᠭ᠎ᠠ︾ ᠪᠠᠷ ᠣᠷᠣᠯᠭ᠎ᠠ ᠶᠢ ᠨᠢ ᠨᠡᠮᠡᠭᠳᠡᠭᠦᠯᠬᠦ ᠪᠠᠷ ᠪᠠᠷᠠᠬᠤ ᠦᠭᠡᠢ ᠪᠠᠰᠠ ︽ᠬᠠᠰᠤᠬᠤ ᠠᠷᠭ᠎ᠠ︾ ᠪᠠᠷ ᠵᠠᠷᠤᠯᠭ᠎ᠠ ᠶᠢ ᠨᠢ ᠬᠡᠮᠨᠡᠭᠦᠯᠪᠡ᠃      ᠠᠵᠤ ᠦᠢᠯᠡᠰ ᠢᠶᠠᠷ ᠠᠵᠢᠯ ᠣᠯᠭᠤᠯᠲᠠ ᠶᠢ ᠳᠠᠶᠢᠴᠢᠯᠠᠬᠤ ᠵᠡᠷᠭᠡ ᠣᠷᠣᠯᠭ᠎ᠠ ᠶᠢᠨ ᠨᠡᠮᠡᠭᠳᠡᠯ ᠢ ᠠᠬᠢᠭᠤᠯᠬᠤ ᠲᠠᠯ᠎ᠠ ᠪᠠᠷ ︽ᠨᠡᠮᠡᠬᠦ ᠠᠷᠭ᠎ᠠ︾ ᠶᠢ ᠯᠠᠪᠳᠠᠭᠤᠨ ᠰᠠᠶᠢᠲᠤᠷ ᠬᠡᠷᠡᠭᠯᠡᠵᠦ᠂ ᠣᠷᠣᠯᠭ᠎ᠠ ᠶᠢ ᠨᠢ ᠨᠡᠮᠡᠭᠳᠡᠭᠦᠯᠪᠡ᠃ ᠡᠨᠡ ᠵᠢᠯ ᠳᠤ᠂ ᠲᠥᠪ ᠤᠨ ᠪᠠ ᠥᠪᠡᠷᠲᠡᠭᠡᠨ ᠵᠠᠰᠠᠬᠤ ᠣᠷᠣᠨ ᠤ ᠡᠳ᠋ ᠤᠨ ᠵᠠᠰᠠᠭ ᠤᠨ ᠵᠣᠯᠭᠠᠭᠤᠯᠬᠤ ᠪᠡᠯᠡ ᠮᠥᠩᠭᠦ ᠶᠢᠨ 77.3% ᠶᠢ ᠮᠠᠯᠵᠢᠬᠤ ᠲᠠᠷᠢᠶᠠᠯᠠᠬᠤ ᠣᠷᠣᠨ ᠤ ᠣᠷᠣᠯᠭ᠎ᠠ ᠪᠠᠭᠠᠲᠠᠢ ᠬᠥᠮᠥᠰ ᠤᠨ ᠣᠷᠣᠯᠭ᠎ᠠ ᠶᠢ ᠨᠢ ᠨᠡᠮᠡᠭᠳᠡᠭᠦᠯᠬᠦ ᠪᠠᠷ ᠠᠵᠤ ᠦᠢᠯᠡᠰ ᠤᠨ ᠲᠥᠷᠥᠯ ᠵᠦᠢᠯ ᠳᠤ ᠬᠡᠷᠡᠭᠯᠡᠨ᠂ ᠳᠡᠭᠡᠷ᠎ᠡ ᠵᠢᠯ ᠤᠨ ᠬᠢ ᠠᠴᠠ 10 ᠵᠠᠭᠤᠨ ᠤ ᠴᠡᠭ ᠢᠶᠠᠷ ᠨᠡᠮᠡᠭᠳᠡᠭᠦᠯᠪᠡ︔ 5 ᠳ᠋ᠤᠭᠠᠷ ᠰᠠᠷ᠎ᠠ ᠶᠢᠨ ᠰᠡᠭᠦᠯᠴᠢ ᠪᠣᠯᠲᠠᠯ᠎ᠠ᠂ ᠪᠦᠬᠦ ᠣᠷᠣᠨ ᠤ 21.3 ᠲᠦᠮᠡᠨ ᠶᠠᠳᠠᠭᠤ ᠠᠴᠠ ᠠᠩᠭᠢᠵᠢᠷᠠᠭᠰᠠᠨ ᠬᠥᠮᠥᠰ ᠲᠤ ᠠᠵᠢᠯ ᠣᠯᠭᠤᠵᠤ᠂ ᠤᠯᠤᠰ ᠠᠴᠠ ᠪᠠᠭᠤᠯᠭᠠᠭᠰᠠᠨ ᠬᠠᠷᠠᠯᠲᠠᠲᠤ ᠡᠭᠦᠷᠭᠡ ᠶᠢ ᠨᠢᠭᠡᠨᠲᠡ ᠪᠡᠶᠡᠯᠡᠭᠦᠯᠪᠡ᠃ ᠵᠠᠷᠤᠯᠭ᠎ᠠ ᠶᠢ ᠪᠠᠭᠠᠰᠬᠠᠨ ᠥᠪᠡᠷ ᠤᠨ ᠥᠷᠲᠡᠭ ᠢ ᠪᠠᠭᠤᠷᠠᠭᠤᠯᠬᠤ ᠲᠠᠯ᠎ᠠ ᠪᠠᠷ ︽ᠬᠠᠰᠤᠬᠤ ᠠᠷᠭ᠎ᠠ︾ ᠶᠢ ᠬᠦᠴᠦᠯᠡᠨ ᠰᠠᠶᠢᠲᠤᠷ ᠬᠡᠷᠡᠭᠯᠡᠵᠦ᠂ ᠵᠠᠷᠤᠯᠭ᠎ᠠ ᠶᠢ ᠨᠢ ᠬᠡᠮᠨᠡᠭᠦᠯᠪᠡ᠃ ᠪᠠᠩᠬᠢ ᠶᠢᠨ ᠦᠢᠯᠡᠰ ᠤᠨ ᠮᠥᠩᠭᠦᠨ ᠭᠦᠢᠯᠭᠡᠭᠡᠨ ᠤ ᠪᠠᠶᠢᠭᠤᠯᠤᠮᠵᠢ ᠶᠢ ᠢᠳᠡᠪᠬᠢᠲᠡᠢ ᠵᠣᠬᠢᠴᠠᠭᠤᠯᠵᠤ ᠪᠠᠶᠢᠭᠠᠳ ᠲᠠᠷᠢᠶᠠᠯᠠᠩ ᠮᠠᠯ ᠠᠵᠤ ᠠᠬᠤᠢ ᠳᠤ ᠬᠤᠯᠪᠣᠭᠳᠠᠬᠤ ᠵᠢᠭᠡᠯᠡᠯᠭᠡ ᠶᠢᠨ ᠬᠦᠦ ᠮᠥᠩᠭᠦ ᠶᠢᠨ ᠨᠣᠷᠮ᠎ᠠ ᠶᠢ ᠲᠣᠬᠢᠷᠠᠭᠤᠯᠵᠤ᠂ ᠮᠠᠯᠵᠢᠬᠤ ᠲᠠᠷᠢᠶᠠᠯᠠᠬᠤ ᠣᠷᠣᠨ ᠤ ᠣᠷᠣᠯᠭ᠎ᠠ ᠪᠠᠭᠠᠲᠠᠢ‌‍ᠬᠥ᠋ᠮᠥᠰ ᠤᠨ ᠪᠡᠯᠡ ᠲᠣᠬᠢᠷᠠᠭᠤᠯᠭ᠎ᠠ ᠶᠢᠨ ᠥᠪᠡᠷ ᠤᠨ ᠥᠷᠲᠡᠭ ᠢ ᠪᠠᠭᠤᠷᠠᠭᠤᠯᠤᠨ᠂ ᠬᠦᠦ ᠮᠥᠩᠭᠦ ᠶᠢᠨ ᠵᠠᠷᠤᠯᠭ᠎ᠠ ᠶᠢ ᠨᠢ ᠪᠠᠭᠠᠰᠬᠠᠪᠠ᠃ ᠥᠪᠡᠷᠲᠡᠭᠡᠨ ᠵᠠᠰᠠᠬᠤ ᠣᠷᠣᠨ ᠤ ᠬᠥᠳᠡᠭᠡ ᠲᠣᠰᠬᠤᠨ ᠤ ᠢᠲᠡᠭᠡᠮᠵᠢ ᠶᠢᠨ ᠬᠤᠷᠰᠢᠶᠠᠨ ᠤ ᠬᠤᠯᠪᠣᠭᠠᠲᠤ ᠬᠤᠷᠰᠢᠶ᠎ᠠ ᠨᠢ ︽ᠳᠠᠩᠰᠠᠯᠠᠵᠤ ᠺᠠᠷᠲᠯᠠᠭᠰᠠᠨ ᠶᠠᠳᠠᠭᠤ ᠠᠴᠠ ᠠᠩᠭᠢᠵᠢᠷᠠᠭᠰᠠᠨ ᠬᠥᠮᠥᠰ ᠲᠤ ᠵᠢᠭᠡᠯᠡᠯᠭᠡ ᠶᠢᠨ ᠦᠢᠯᠡᠴᠢᠯᠡᠭᠡᠨ ᠤ ᠬᠤᠯᠪᠣᠭᠳᠠᠯ ᠪᠦᠬᠦᠢ ᠵᠦᠢᠯᠡᠰ ᠢ ᠤᠯᠠᠮ ᠨᠢᠭᠡ ᠠᠯᠬᠤᠮ ᠰᠠᠶᠢᠲᠤᠷ ᠬᠢᠬᠦ ᠲᠤᠬᠠᠢ ᠮᠡᠳᠡᠭᠳᠡᠯ︾ ᠢ ᠨᠡᠶᠢᠲᠡᠯᠡᠵᠦ᠂ ᠶᠠᠳᠠᠭᠤ ᠠᠴᠠ ᠠᠩᠭᠢᠵᠢᠷᠠᠭᠰᠠᠨ ᠡᠷᠦᠬᠡ ᠶᠢᠨ ᠬᠦᠦ ᠮᠥᠩᠭᠦ ᠶᠢᠨ ᠨᠤᠷᠮ᠎ᠠ ᠶᠢ ᠪᠦᠬᠦᠨ ᠢ LPR ᠬᠦᠦ ᠮᠥᠩᠭᠦ ᠶᠢᠨ ᠨᠣᠷᠮ᠎ᠠ ᠳᠤ ᠬᠦᠷᠲᠡᠯ᠎ᠡ ᠪᠠᠭᠤᠷᠠᠭᠤᠯᠪᠠ᠃ ᠠᠩᠬ᠎ᠠ ᠠᠯᠬᠤᠮ ᠤᠨ ᠵᠢᠱᠢᠵᠦ ᠪᠣᠳᠣᠭᠰᠠᠨ ᠢᠶᠠᠷ᠂ ᠬᠥᠳᠡᠭᠡ ᠲᠣᠰᠬᠤᠨ ᠤ ᠢᠲᠡᠭᠡᠮᠵᠢ ᠶᠢᠨ ᠬᠤᠷᠰᠢᠶᠠᠨ ᠤ ᠬᠤᠯᠪᠣᠭᠠᠲᠤ ᠬᠤᠷᠰᠢᠶ᠎ᠠ ᠶᠢᠨ ᠡᠨᠡ ᠤᠳᠠᠭᠠᠨ ᠤ ᠬᠦᠦ ᠮᠥᠩᠭᠦ ᠶᠢᠨ ᠪᠠᠭᠤᠷᠠᠭᠤᠯᠤᠯᠲᠠ ᠨᠢ ᠨᠡᠶᠢᠲᠡ 1 ᠲᠦᠮᠡ ᠭᠠᠷᠤᠢ ᠶᠠᠳᠠᠭᠤ ᠠᠴᠠ ᠠᠩᠭᠢᠵᠢᠷᠠᠭᠰᠠᠨ ᠡᠷᠦᠬᠡ ᠳᠤ ᠬᠤᠯᠪᠣᠭᠳᠠᠵᠤ᠂ ᠡᠷᠦᠬᠡ ᠪᠦᠷᠢ ᠶᠢᠨ ᠵᠠᠷᠤᠯᠭ᠎ᠠ ᠶᠢ ᠳᠤᠮᠳᠠᠴᠢ ᠪᠠᠷ 4000 ᠲᠥᠭᠦᠷᠢᠭ ᠪᠠᠭᠠᠰᠬᠠᠨ ᠨᠡᠶᠢᠲᠡ 4000 ᠲᠦᠮᠡᠨ ᠲᠥᠭᠦᠷᠢᠭ ᠤᠨ ᠬᠦᠦ ᠮᠥᠩᠭᠦ ᠶᠢ ᠬᠠᠰᠤᠵᠤ ᠬᠡᠯᠲᠦᠷᠢᠭᠦᠯᠪᠡ᠃ 
ᠢᠷᠡᠯᠲᠡ᠄ ᠥᠪᠥᠷ ᠮᠣᠩᠭᠤᠯ  ᠤᠨ ᠥᠪᠡᠷᠲᠡᠭᠡᠨ ᠵᠠᠰᠠᠬᠤ ᠣᠷᠣᠨ ᠤ ᠵᠠᠰᠠᠭ ᠤᠨ ᠣᠷᠳᠣᠨ ᠤ ᠮᠣᠩᠭᠤᠯ ᠰᠦᠯᠵᠢᠶ᠎ᠡ