7 ᠰᠠᠷ᠎ᠠ ᠶᠢᠨ 15 ᠤ ᠡᠳᠦᠷ᠂ ᠥᠪᠡᠷᠲᠡᠭᠡᠨ ᠵᠠᠰᠠᠬᠤ ᠣᠷᠣᠨ ᠤ ᠰᠢᠭᠤᠳ ᠬᠠᠷᠢᠶ᠎ᠠ ᠪᠠᠶᠢᠭᠤᠯᠭ᠎ᠠ ᠶᠢᠨ ᠶᠡᠷᠦᠩᠬᠡᠢ ᠱᠦᠵᠢ ᠰᠢ ᠶᠢᠨ ᠫᠢᠩ ᠤᠨ ︽7·9︾ ᠤ | ᠴᠢᠬᠤᠯᠠ ᠶᠠᠷᠢᠶᠠᠨ ᠤ ᠵᠣᠷᠢᠭ ᠰᠠᠨᠠᠭ᠎ᠠ ᠶᠢ ᠲᠤᠭᠤᠰᠢᠯᠠᠭᠤᠯᠤᠨ ᠨᠠᠶᠢᠳᠠᠪᠤᠷᠢᠵᠢᠭᠤᠯᠬᠤ ᠵᠢᠴᠢ ᠤᠯᠤᠰ ᠲᠥᠷᠥ ᠶᠢᠨ ᠪᠠᠶᠢᠭᠤᠯᠭ᠎ᠠ ᠶᠢᠨ ᠪᠠᠶᠢᠭᠤᠯᠤᠯᠲᠠ ᠶᠢ ᠠᠬᠢᠭᠤᠯᠬᠤ | ᠶᠠᠷᠢᠯᠴᠠᠬᠤ ᠬᠤᠷᠠᠯ ᠬᠦᠬᠡᠬᠤᠲᠠ ᠳᠤ ᠬᠤᠷᠠᠯᠳᠤᠪᠠ᠃ | ᠬᠤᠷᠠᠯ ᠳᠡᠭᠡᠷ᠎ᠡ 5 ᠵᠢᠯ ᠤᠨ ᠲᠤᠷᠰᠢᠬᠢ ᠣᠷᠣᠨ ᠤ ᠰᠢᠭᠤᠳ ᠬᠠᠷᠢᠶ᠎ᠠ ᠪᠠᠶᠢᠭᠤᠯᠭ᠎ᠠ ᠶᠢᠨ ᠡᠯ᠎ᠡ ᠱᠠᠲᠤᠨ ᠤ ᠨᠠᠮ ᠤᠨ ᠵᠣᠬᠢᠶᠠᠨ ᠪᠠᠶᠢᠭᠤᠯᠤᠯᠲᠠ ᠶᠢᠨ | ᠶᠡᠷᠦᠩᠬᠡᠢ ᠱᠦᠵᠢ ᠰᠢ ᠶᠢᠨ ᠫᠢᠩ ᠤᠨ ︽7·9︾ ᠤ ᠴᠢᠬᠤᠯᠠ ᠶᠠᠷᠢᠶᠠᠨ ᠤ ᠵᠣᠷᠢᠭ ᠰᠠᠨᠠᠭ᠎ᠠ ᠶᠢ ᠰᠤᠷᠤᠯᠴᠠᠨ ᠲᠤᠭᠤᠰᠢᠯᠠᠭᠤᠯᠬᠤ ᠠᠷᠭ᠎ᠠ ᠬᠢᠳᠡᠯ ᠦᠷ᠎ᠡ ᠪᠦᠲᠦᠮᠵᠢ ᠶᠢ | ᠳ᠋ᠦᠩᠨᠡᠪᠡ᠃ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶᠠᠨ ᠤ ᠠᠯᠪᠠᠨ ᠲᠢᠩᠬᠢᠮ᠂ ᠥᠪᠡᠷᠲᠡᠭᠡᠨ ᠵᠠᠰᠠᠬᠤ ᠣᠷᠣᠨ ᠤ ᠪᠠᠶᠢᠭᠠᠯᠢ ᠶᠢᠨ ᠡᠬᠢ ᠪᠠᠶᠠᠯᠢᠭ ᠤᠨ | ᠲᠢᠩᠬᠢᠮ ᠵᠡᠷᠭᠡ 6 ᠨᠢᠭᠡᠴᠢ ᠰᠠᠨᠠᠯ ᠢᠶᠠᠨ ᠰᠣᠯᠢᠯᠴᠠᠬᠤ ᠦᠭᠡ ᠬᠡᠯᠡᠵᠡᠢ᠃ | ᠬᠤᠷᠠᠯ ᠠᠴᠠ ᠥᠪᠡᠷᠲᠡᠭᠡᠨ ᠵᠠᠰᠠᠬᠤ ᠣᠷᠣᠨ ᠤ ᠰᠢᠭᠤᠳ ᠬᠠᠷᠢᠶ᠎ᠠ ᠪᠠᠶᠢᠭᠤᠯᠭ᠎ᠠ ᠶᠡᠷᠦᠩᠬᠡᠢ ᠱᠦᠵᠢ ᠰᠢ ᠶᠢᠨ ᠫᠢᠩ ᠤᠨ ︽7·9︾ ᠤ ᠴᠢᠬᠤᠯᠠ ᠶᠠᠷᠢᠶᠠᠨ ᠤ | ᠵᠣᠷᠢᠭ ᠰᠠᠨᠠᠭ᠎ᠠ ᠶᠢ ᠳᠠᠬᠢᠨ ᠰᠤᠷᠤᠯᠴᠠᠬᠤ᠂ ᠳᠠᠬᠢᠨ ᠪᠠᠷᠢᠮᠵᠢᠶᠠᠯᠠᠨ ᠬᠠᠷᠭᠤᠭᠤᠯᠬᠤ᠂ ᠳᠠᠬᠢᠨ ᠨᠠᠶᠢᠳᠠᠪᠤᠷᠢᠵᠢᠭᠤᠯᠬᠤ ᠶᠢ ᠦᠷᠭᠦᠯᠵᠢᠯᠡᠨ ᠭᠦᠨᠵᠡᠭᠡᠶᠢᠷᠡᠭᠦᠯᠵᠦ᠂ ᠤᠯᠤᠰ | ᠲᠥᠷᠥ ᠶᠢᠨ ᠪᠠᠶᠢᠭᠤᠯᠤᠯᠲᠠ ᠶᠢ ᠢᠮᠠᠭᠲᠠ ᠲᠡᠷᠢᠭᠦᠨ ᠪᠠᠶᠢᠷᠢᠨ ᠳᠤ ᠲᠠᠯᠪᠢᠵᠤ᠂ ᠤᠯᠤᠰ ᠲᠥᠷᠥ ᠶᠢ ᠡᠷᠬᠢᠮᠯᠡᠬᠦ ᠶᠢ ᠨᠢᠭᠡᠳᠦᠭᠡᠷ ᠱᠠᠭᠠᠷᠳᠠᠯᠭ᠎ᠠ ᠪᠣᠯᠭᠠᠵᠤ᠂ ︽ᠬᠤᠶᠠᠷ ᠢ | ᠲᠣᠭᠲᠠᠭᠠᠭᠰᠠᠨ︾ ᠢ ᠡᠷᠡᠰ ᠬᠦᠷᠢᠶᠡᠯᠡᠵᠦ᠂ ︽ᠬᠤᠶᠠᠷ ᠢ ᠬᠠᠮᠠᠭᠠᠯᠠᠬᠤ︾ ᠶᠢ ᠡᠷᠡᠰ ᠪᠡᠶᠡᠯᠡᠭᠦᠯᠬᠦ ᠤᠯᠤᠰ ᠲᠥᠷᠥ ᠶᠢᠨ ᠤᠬᠠᠮᠰᠠᠷ᠂ ᠦᠵᠡᠯ ᠰᠠᠨᠠᠭᠠᠨ ᠤ ᠤᠬᠠᠮᠰᠠᠷ᠂ | ᠠᠵᠢᠯᠯᠠᠭᠠᠨ ᠤ ᠤᠬᠠᠮᠰᠠᠷ ᠢᠶᠠᠨ ᠲᠠᠰᠤᠷᠠᠯᠲᠠ ᠦᠭᠡᠢ ᠪᠠᠲᠤᠳᠬᠠᠬᠤ ᠬᠡᠷᠡᠭᠲᠡᠢ︔ ᠨᠠᠮ ᠤᠨ ᠰᠢᠨ᠎ᠡ ᠶᠢ ᠡᠭᠦᠳᠬᠦ ᠣᠨᠣᠯ ᠢᠶᠠᠷ ᠵᠡᠪᠰᠡᠭᠯᠡᠬᠦ᠂ ᠦᠨᠳᠦᠰᠦᠨ ᠱᠠᠲᠤᠨ ᠤ | ᠨᠠᠮ ᠤᠨ ᠵᠣᠬᠢᠶᠠᠨ ᠪᠠᠶᠢᠭᠤᠯᠤᠯᠲᠠ ᠶᠢᠨ ᠴᠣᠭᠴᠠᠯᠠᠯᠲᠠ ᠶᠢ ᠰᠠᠶᠢᠲᠤᠷ ᠠᠳᠬᠤᠬᠤ᠂ ᠰᠤᠷᠲᠠᠯ ᠢ ᠴᠡᠭᠴᠡᠯᠡᠨ ᠰᠠᠬᠢᠯᠭ᠎ᠠ ᠪᠠᠲᠤ ᠶᠢ ᠴᠢᠩᠳᠠᠯᠠᠬᠤ ᠶᠢ ᠠᠬᠢᠭᠤᠯᠬᠤ | ᠲᠠᠯ᠎ᠠ ᠪᠠᠷ ᠦᠷᠭᠦᠯᠵᠢᠯᠡᠨ ᠬᠦᠴᠦᠯᠡᠵᠦ᠂ ︽ᠪᠦᠬᠦ ᠲᠠᠯ᠎ᠠ ᠪᠠᠷ ᠳᠡᠭᠡᠭᠰᠢᠯᠡᠭᠦᠯᠬᠦ︾ ᠠᠵᠢᠯ ᠢ ᠰᠠᠶᠢᠲᠤᠷ ᠬᠢᠵᠦ᠂ ᠪᠠᠶᠢᠭᠤᠯᠭ᠎ᠠ ᠶᠢᠨ ᠨᠠᠮ ᠤᠨ ᠪᠠᠶᠢᠭᠤᠯᠤᠯᠲᠠ ᠶᠢᠨ | ᠠᠵᠢᠯ ᠤᠨ ᠶᠠᠰᠤ ᠴᠢᠨᠠᠷ ᠢ ᠳᠡᠭᠡᠭᠰᠢᠯᠡᠭᠦᠯᠦᠨ ᠦᠷ᠎ᠡ ᠠᠰᠢᠭ ᠢ ᠨᠡᠮᠡᠭᠳᠡᠭᠦᠯᠬᠦ ᠶᠢ ᠠᠬᠢᠭᠤᠯᠵᠤ᠂ ᠥᠪᠡᠷᠲᠡᠭᠡᠨ ᠵᠠᠰᠠᠬᠤ ᠣᠷᠣᠨ ᠤ ᠬᠤᠶᠠᠷ ᠶᠡᠭᠡ ᠶᠠᠪᠤᠳᠠᠯ ᠢ ᠰᠠᠶᠢᠲᠤᠷ | ᠬᠢᠵᠦ᠂ ᠰᠢᠨ᠎ᠡ ᠵᠠᠮ ᠨᠡᠭᠡᠭᠡᠵᠦ ᠳᠤᠮᠳᠠ ᠲᠦᠪᠰᠢᠨ ᠳᠤ ᠣᠷᠣᠬᠤ ᠬᠠᠷᠠᠯᠲᠠ ᠶᠢ ᠪᠡᠶᠡᠯᠡᠭᠦᠯᠬᠦ ᠳᠤ ᠣᠷᠣᠨ ᠤ ᠰᠢᠭᠤᠳ ᠬᠠᠷᠢᠶ᠎ᠠ ᠪᠠᠶᠢᠭᠤᠯᠭ᠎ᠠ ᠶᠢᠨ ᠬᠦᠴᠦᠨ ᠢ ᠨᠡᠩ | ᠣᠯᠠᠨ ᠨᠡᠮᠡᠷᠢᠯᠡᠬᠦ ᠬᠡᠷᠡᠭᠲᠡᠢ ᠭᠡᠵᠦ ᠵᠢᠭᠠᠵᠤ ᠭᠠᠷᠭᠠᠪᠠ᠃ | |