︽ᠬᠤᠲᠠ ᠶᠢᠨ ᠬᠡᠪᠴᠢᠶᠡᠨ ᠤ ︽ᠣᠷᠣᠨ ᠠᠯᠤᠰᠯᠠᠭᠰᠠᠨ ᠠᠵᠤ ᠠᠬᠤᠢ︾  ᠶᠢᠨ ᠬᠥᠭᠵᠢᠯᠲᠡ ᠶᠢ ᠠᠬᠢᠭᠤᠯᠬᠤ ᠲᠤᠬᠠᠢ ᠬᠡᠷᠡᠭᠵᠢᠭᠦᠯᠬᠦ ᠰᠠᠨᠠᠯ︾  ᠤᠨ ᠲᠥᠷᠥ ᠶᠢᠨ ᠪᠣᠳᠣᠯᠭ᠎ᠠ ᠶᠢᠨ ᠲᠠᠶᠢᠯᠤᠮᠵᠢ
ᠨᠡᠶᠢᠲᠡᠯᠡᠭᠰᠡᠨ ᠴᠠᠭ᠄
2024/7/18
      ᠨᠢᠭᠡ᠂ ᠨᠡᠶᠢᠲᠡᠯᠡᠭᠰᠡᠨ ᠠᠬᠤᠢ ᠪᠠᠶᠢᠳᠠᠯ      ᠰᠢᠨ᠎ᠡ ᠬᠥᠭᠵᠢᠯᠲᠡ ᠶᠢᠨ ᠣᠨᠣᠯᠵᠢᠬᠤᠨ ᠢ ᠭᠦᠨᠵᠡᠭᠡᠢ ᠲᠤᠤᠱᠯᠠᠭᠤᠯᠤᠨ ᠨᠠᠶᠢᠳᠠᠪᠤᠷᠢᠵᠢᠭᠤᠯᠵᠤ᠂ ᠡᠯ᠎ᠡ ᠬᠤᠰᠢᠭᠤ ᠰᠢᠶᠠᠨ ᠲᠣᠭᠤᠷᠢᠭ᠂ ᠪᠠᠶᠠᠨᠨᠠᠭᠤᠷ ᠤᠨ ᠠᠵᠤ ᠠᠬᠤᠢ ᠮᠡᠷᠭᠡᠵᠢᠯ ᠤᠨ ᠨᠡᠭᠡᠭᠡᠯᠲᠡ ᠶᠢᠨ ᠲᠣᠭᠤᠷᠢᠭ ᠤᠨ ᠬᠤᠳᠠᠯᠳᠤᠭᠠᠴᠢᠨ ᠤᠷᠢᠵᠤ ᠪᠡᠯᠡ ᠣᠷᠣᠭᠤᠯᠬᠤ ᠢᠳᠡᠪᠬᠢᠵᠢᠯ ᠢ ᠳᠠᠶᠢᠴᠢᠯᠠᠨ᠂ ᠠᠵᠤ ᠦᠢᠯᠡᠰ ᠤᠨ ᠪᠠᠶᠢᠷᠢᠰᠢᠭᠤᠯᠤᠯᠲᠠ ᠶᠢ ᠰᠢᠯᠢᠳᠡᠭᠵᠢᠭᠦᠯᠵᠦ᠂ ᠡᠬᠢ ᠪᠠᠶᠠᠯᠢᠭ ᠤᠨ ᠡᠯᠧᠮᠧᠨ᠋ᠲ ᠤᠨ ᠵᠦᠢ ᠵᠣᠬᠢᠰᠲᠠᠢ ᠰᠢᠯᠵᠢᠯᠲᠡ ᠶᠢ ᠠᠬᠢᠭᠤᠯᠤᠨ᠂ ᠪᠠᠶᠠᠨᠨᠠᠭᠤᠷ ᠤᠨ ︽ᠨᠢᠭᠡ ᠴᠣᠭᠴᠠ ᠬᠤᠶᠠᠷ ᠵᠢᠭᠦᠷ︾  ᠤᠨ ᠬᠥᠭᠵᠢᠯᠲᠡ ᠶᠢᠨ ᠰᠢᠨ᠎ᠡ ᠪᠠᠶᠢᠷᠢᠰᠢᠯ ᠢ ᠲᠦᠷᠭᠡᠳᠬᠡᠨ ᠪᠠᠶᠢᠭᠤᠯᠬᠤ ᠶᠢᠨ ᠲᠤᠰᠠᠳᠠ᠂ ᠬᠤᠲᠠ ᠶᠢᠨ ᠵᠠᠰᠠᠭ ᠤᠨ ᠣᠷᠳᠣᠨ ︽ᠬᠤᠲᠠ ᠶᠢᠨ ᠬᠡᠪᠴᠢᠶᠡᠨ ᠳᠠᠬᠢ ︿ᠣᠭᠤᠷᠴᠤᠭ ᠬᠠᠷᠢᠶ᠎ᠠ ᠭᠠᠵᠠᠷ ᠤᠨ ᠠᠵᠤ ᠠᠬᠤᠢ﹀  ᠶᠢᠨ ᠬᠥᠭᠵᠢᠯᠲᠡ ᠶᠢ ᠠᠬᠢᠭᠤᠯᠬᠤ ᠲᠤᠬᠠᠢ ᠬᠡᠷᠡᠭᠵᠢᠭᠦᠯᠬᠦ ᠰᠠᠨᠠᠯ︾ ( ᠳᠣᠷᠣᠭᠰᠢ ︽ᠬᠡᠷᠡᠭᠵᠢᠭᠦᠯᠬᠦ ᠰᠠᠨᠠᠯ︾ ᠭᠡᠵᠦ ᠲᠣᠪᠴᠢᠯᠠᠨ᠎ᠠ )  ᠢ ᠨᠡᠶᠢᠲᠡᠯᠡᠪᠡ᠃      ᠬᠤᠶᠠᠷ᠂ ᠭᠤᠣᠯ ᠠᠭᠤᠯᠭ᠎ᠠ      ︽ᠬᠡᠷᠡᠭᠵᠢᠭᠦᠯᠬᠦ ᠰᠠᠨᠠᠯ︾ ᠨᠢ ᠨᠡᠶᠢᠲᠡ ᠲᠠᠪᠤᠨ ᠬᠡᠰᠡᠭ ᠬᠤᠪᠢᠶᠠᠨ᠎ᠠ᠃      ᠨᠢᠭᠡᠳᠦᠭᠡᠷ ᠬᠡᠰᠡᠭ ᠨᠢ ᠬᠡᠷᠡᠭᠯᠡᠬᠦ ᠬᠡᠪᠴᠢᠶ᠎ᠡ ᠵᠢᠴᠢ ᠵᠥᠪᠰᠢᠶᠡᠷᠡᠨ ᠣᠷᠣᠭᠤᠯᠬᠤ ᠨᠥᠬᠦᠴᠡᠯ᠃ ︽ᠬᠡᠷᠡᠭᠵᠢᠭᠦᠯᠬᠦ ᠰᠠᠨᠠᠯ︾  ᠢ ᠪᠠᠶᠠᠨᠨᠠᠭᠤᠷ ᠬᠤᠲᠠ ᠶᠢᠨ ᠣᠷᠣᠨ ᠪᠦᠰᠡ ᠶᠢᠨ ᠬᠡᠪᠴᠢᠶᠡᠨ ᠳᠤ ᠬᠡᠷᠡᠭᠯᠡᠵᠦ᠂ ᠠᠵᠤ ᠠᠬᠤᠢ ᠮᠡᠷᠭᠡᠵᠢᠯ ᠤᠨ ᠨᠡᠭᠡᠭᠡᠯᠲᠡ ᠶᠢᠨ ᠲᠣᠭᠤᠷᠢᠭ᠂ ᠲᠠᠷᠢᠶᠠᠯᠠᠩ ᠤᠨ ᠥᠨᠳᠥᠷ ᠲᠦᠪᠰᠢᠨ ᠵᠢᠴᠢ ᠡᠯ᠎ᠡ ᠬᠤᠰᠢᠭᠤ ᠰᠢᠶᠠᠨ ᠤ ᠠᠵᠤ ᠦᠢᠯᠡᠳᠪᠦᠷᠢ ᠶᠢᠨ ᠬᠦᠷᠢᠶᠡᠯᠡᠩ ᠲᠣᠭᠤᠷᠢᠭ ᠢᠶᠠᠷ ᠭᠤᠣᠯ ᠠᠴᠢᠶᠠᠯᠠᠪᠤᠷᠢ ᠪᠣᠯᠭᠠᠨ᠎ᠠ᠃ ᠣᠷᠣᠨ ᠠᠯᠤᠰᠯᠠᠭᠰᠠᠨ ᠲᠥᠷᠥᠯ ᠵᠦᠢᠯ ᠨᠢ ᠤᠯᠤᠰ ᠠᠴᠠ ᠠᠵᠤ ᠦᠢᠯᠡᠰ ᠤᠨ ᠲᠥᠷᠦ ᠶᠢᠨ ᠪᠣᠳᠣᠯᠭ᠎ᠠ᠂ ᠮᠠᠨ ᠤ ᠬᠤᠲᠠ ᠶᠢᠨ ᠠᠵᠤ ᠦᠢᠯᠡᠰ ᠤᠨ ᠪᠠᠶᠢᠷᠢᠯᠠᠭᠤᠯᠤᠯᠲᠠ᠂ ᠠᠶᠤᠯᠭᠦᠢ ᠦᠢᠯᠡᠳᠪᠦᠷᠢᠯᠡᠯ᠂ ᠠᠮᠢ ᠠᠬᠤᠢ ᠶᠢᠨ ᠣᠷᠴᠢᠨ ᠲᠣᠭᠤᠷᠢᠨ ᠵᠡᠷᠭᠡ ᠡᠯ᠎ᠡ ᠵᠦᠢᠯ ᠤᠨ ᠲᠣᠭᠲᠠᠭᠠᠯ ᠪᠠ ᠪᠠᠷᠢᠮᠵᠢᠶ᠎ᠠ ᠳᠤ ᠨᠡᠶᠢᠴᠡᠭᠰᠡᠨ ᠪᠠᠶᠢᠬᠤ ᠬᠡᠷᠡᠭᠲᠡᠢ᠃      ᠬᠤᠶᠠᠳᠤᠭᠠᠷ ᠬᠡᠰᠡᠭ ᠨᠢ ᠬᠠᠮᠲᠤᠷᠠᠯᠴᠠᠬᠤ ᠲᠣᠭᠲᠠᠴᠠ ᠪᠣᠯᠣᠨ᠎ᠠ᠃ 10 ᠳ᠋ᠦᠩᠰᠢᠭᠤᠷ ᠲᠥᠭᠦᠷᠢᠭ ᠠᠴᠠ ᠳᠣᠷᠣᠭᠰᠢᠬᠢ ᠣᠷᠣᠨ ᠠᠯᠤᠰᠯᠠᠭᠰᠠᠨ ᠲᠥᠷᠥᠯ ᠵᠦᠢᠯ ᠤᠨ ᠭᠠᠶᠢᠯᠢ ᠲᠠᠲᠠᠪᠤᠷᠢ ᠶᠢ ᠳᠤᠷᠠᠳᠴᠤ᠂ ᠡᠯ᠎ᠡ ᠲᠥᠷᠥᠯ ᠤᠨ ᠠᠵᠤ ᠠᠬᠤᠢ ᠶᠢᠨ ᠭᠦᠢᠴᠡᠳᠬᠡᠯ ᠲᠤᠭ᠎ᠠ ᠶᠢ ᠪᠦᠬᠦᠨ ᠢ ︽ᠨᠢᠰᠦᠭᠰᠡᠨ ᠣᠷᠣᠨ︾  ᠳᠤ ᠳ᠋ᠦᠩᠨᠡᠨ ᠪᠤᠳᠤᠵᠤ᠂ 10 ᠳ᠋ᠦᠩᠰᠢᠭᠤᠷ ᠲᠥᠭᠦᠷᠢᠭ ᠠᠴᠠ ᠳᠡᠭᠡᠭᠰᠢᠬᠢ ᠴᠢᠬᠤᠯᠠ ᠶᠡᠭᠡ ᠲᠥᠷᠥᠯ ᠵᠦᠢᠯ ᠢ ︽ᠨᠢᠰᠦᠭᠰᠡᠨ ᠣᠷᠣᠨ︾ ᠪᠠ ︽ᠨᠢᠰᠦᠭᠰᠡᠨ ᠣᠷᠣᠨ︾  ᠠᠴᠠ ᠠᠰ ᠠᠰ ᠢᠶᠠᠷ ᠨᠢ ᠵᠥᠪᠯᠡᠵᠦ᠂ ᠭᠠᠶᠢᠯᠢ ᠲᠠᠲᠠᠪᠤᠷᠢ ᠵᠢᠴᠢ ᠬᠠᠮᠢᠶ᠎ᠠ ᠪᠦᠬᠦᠢ ᠠᠵᠤ ᠠᠬᠤᠢ ᠶᠢᠨ ᠭᠦᠢᠴᠡᠳᠬᠡᠯ ᠲᠤᠭ᠎ᠠ ᠶᠢ ᠵᠦᠢ ᠵᠣᠬᠢᠰᠲᠠᠢ ᠬᠤᠪᠢᠶᠠᠯᠴᠠᠪᠠ᠃ ︽ᠨᠢᠰᠴᠦ ᠣᠷᠣᠬᠤ ᠭᠠᠵᠠᠷ︾   ᠨᠢ ᠬᠠᠮᠢᠶ᠎ᠠ ᠪᠦᠬᠦᠢ ᠬᠤᠳᠠᠯᠳᠤᠭᠠᠴᠢᠨ ᠤᠷᠢᠵᠤ ᠪᠡᠯᠡ ᠣᠷᠣᠭᠤᠯᠬᠤ ᠬᠠᠷᠠᠭᠠᠯᠵᠠᠯ ᠤᠨ ᠲᠥᠷᠥ ᠶᠢᠨ ᠪᠣᠳᠣᠯᠭ᠎ᠠ ᠶᠢ ᠨᠠᠶᠢᠳᠠᠪᠤᠷᠢᠵᠢᠭᠤᠯᠬᠤ ᠶᠢ ᠬᠠᠷᠢᠭᠤᠴᠠᠨ᠎ᠠ᠃ ︽ᠨᠢᠰᠬᠦ ᠭᠠᠵᠠᠷ︾  ᠤᠨ ᠲᠥᠷᠥᠯ ᠵᠦᠢᠯ ᠤᠨ ᠬᠤᠪᠢ ᠪᠠᠷ ᠪᠦᠬᠦ ᠬᠤᠲᠠ ᠶᠢᠨ ᠬᠢᠨᠠᠨ ᠰᠢᠯᠭᠠᠯᠲᠠ ᠳᠤ ᠣᠷᠣᠯᠴᠠᠪᠠ᠃      ᠭᠤᠷᠪᠠᠳᠤᠭᠠᠷ ᠬᠡᠰᠡᠭ ᠨᠢ ᠠᠵᠢᠯᠯᠠᠬᠤ ᠶᠠᠪᠤᠴᠠ᠃ ᠲᠥᠷᠥᠯ ᠵᠦᠢᠯ ᠢ ᠳᠠᠩᠰᠠᠯᠠᠬᠤ᠂ ᠵᠣᠯᠭᠠᠭᠤᠯᠵᠤ ᠨᠠᠶᠢᠳᠠᠪᠤᠷᠢᠵᠢᠭᠤᠯᠬᠤ᠂ ᠬᠠᠮᠢᠶᠠᠷᠴᠤ ᠦᠢᠯᠡᠴᠢᠯᠡᠬᠦ ᠭᠤᠷᠪᠠᠨ ᠵᠦᠢᠯ ᠤᠨ ᠠᠵᠢᠯ ᠤᠨ ᠪᠣᠳᠠᠲᠠᠢ ᠠᠵᠢᠯᠯᠠᠬᠤ ᠶᠠᠪᠤᠴᠠ ᠶᠢ ᠳᠤᠷᠠᠳᠪᠠ᠃      ᠳᠥᠷᠪᠡᠳᠦᠭᠡᠷ ᠬᠡᠰᠡᠭ ᠨᠢ ᠪᠠᠲᠤᠯᠠᠭ᠎ᠠ ᠶᠢᠨ ᠠᠷᠭ᠎ᠠ ᠬᠡᠮᠵᠢᠶ᠎ᠡ ᠪᠣᠯᠣᠨ᠎ᠠ᠃ ᠬᠤᠲᠠ ᠶᠢᠨ ᠪᠡᠯᠡ ᠣᠷᠣᠭᠤᠯᠤᠯᠲᠠ ᠶᠢ ᠠᠬᠢᠭᠤᠯᠬᠤ ᠲᠥᠪ ᠠᠴᠠ ᠣᠷᠣᠨ ᠠᠯᠤᠰᠯᠠᠭᠰᠠᠨ ᠲᠥᠷᠥᠯ ᠵᠦᠢᠯ ᠢ ᠵᠣᠬᠢᠴᠠᠭᠤᠯᠬᠤ᠂ ᠲᠣᠬᠢᠷᠠᠭᠤᠯᠬᠤ ᠵᠡᠷᠭᠡ ᠠᠵᠢᠯ ᠢ ᠬᠠᠷᠢᠭᠤᠴᠠᠨ᠎ᠠ᠃ ᠡᠯ᠎ᠡ ᠬᠤᠰᠢᠭᠤ ᠰᠢᠶᠠᠨ ᠲᠣᠭᠤᠷᠢᠭ ᠤᠨ ᠵᠠᠰᠠᠭ ᠤᠨ ᠣᠷᠳᠣᠨ᠂ ᠠᠵᠤ ᠠᠬᠤᠢ ᠶᠢᠨ ᠨᠡᠭᠡᠭᠡᠯᠲᠡ ᠶᠢᠨ ᠲᠣᠭᠤᠷᠢᠭ ᠤᠨ ᠬᠠᠮᠢᠶᠠᠷᠤᠯᠲᠠ ᠶᠢᠨ ᠵᠥᠪᠯᠡᠯ ᠨᠢ ︽ᠨᠢᠭᠡ ᠪᠦᠰᠡ ᠨᠢᠭᠡ ᠵᠠᠮ︾  ᠤᠨ ᠲᠥᠷᠥᠯ ᠵᠦᠢᠯ ᠢ ᠵᠣᠯᠭᠠᠭᠤᠯᠵᠤ ᠵᠥᠪᠳᠡᠯᠴᠡᠬᠦ᠂ ᠵᠣᠯᠭᠠᠭᠤᠯᠵᠤ ᠨᠠᠶᠢᠳᠠᠪᠤᠷᠢᠵᠢᠭᠤᠯᠬᠤ᠂ ᠦᠢᠯᠡᠴᠢᠯᠡᠭᠡᠨ ᠤ ᠪᠠᠲᠤᠯᠠᠭ᠎ᠠ ᠵᠡᠷᠭᠡ ᠶᠠᠪᠤᠳᠠᠯ ᠢ ᠰᠠᠶᠢᠲᠤᠷ ᠬᠢᠬᠦ ᠬᠡᠷᠡᠭᠲᠡᠢ᠃ ᠬᠤᠲᠠ ᠶᠢᠨ ᠰᠢᠭᠤᠳ ᠬᠠᠷᠢᠶ᠎ᠠ ᠡᠯ᠎ᠡ ᠰᠠᠯᠠᠭ᠎ᠠ ᠮᠥᠴᠢᠷ ᠨᠢ ᠡᠭᠦᠷᠭᠡ ᠴᠢᠳᠠᠪᠤᠷᠢ ᠡᠭᠦᠷᠭᠡ ᠬᠠᠷᠢᠭᠤᠴᠠᠯᠭ᠎ᠠ ᠶᠣᠰᠣᠭᠠᠷ ᠣᠭᠤᠷᠴᠤᠭ ᠬᠠᠷᠢᠶ᠎ᠠ ᠭᠠᠵᠠᠷ ᠤᠨ ᠲᠥᠷᠥᠯ ᠵᠦᠢᠯ ᠤᠨ ᠦᠢᠯᠡᠴᠢᠯᠡᠭᠡ ᠪᠠ ᠳᠡᠮᠵᠢᠯᠭᠡ ᠶᠢ ᠰᠠᠶᠢᠲᠤᠷ ᠬᠢᠬᠦ ᠬᠡᠷᠡᠭᠲᠡᠢ᠃      ᠲᠠᠪᠤᠳᠤᠭᠠᠷ ᠬᠡᠰᠡᠭ ᠨᠢ ᠳᠠᠭᠠᠯᠳᠤᠭᠤᠯᠤᠭᠰᠠᠨ ᠳᠦᠷᠢᠮ᠃ ︽ᠬᠡᠷᠡᠭᠵᠢᠭᠦᠯᠬᠦ ᠰᠠᠨᠠᠯ︾  ᠤᠨ ᠲᠤᠬᠠᠢ ᠨᠥᠬᠦᠪᠦᠷᠢ ᠲᠣᠳᠣᠷᠬᠠᠶᠢᠯᠠᠯᠲᠠ᠃ 
ᠢᠷᠡᠯᠲᠡ᠄ ᠦᠶᠤᠸᠠᠨ ᠰᠢᠶᠠᠨ ᠤ ᠠᠷᠠᠳ ᠤᠨ ᠵᠠᠰᠠᠭ ᠤᠨ ᠣᠷᠳᠤᠨ ᠤ ᠮᠣᠡᠭᠭᠤᠯ ᠰᠦᠯᠵᠢᠶ᠎ᠡ