ᠤᠨᠲᠠᠵᠤ ᠰᠡᠷᠡᠭᠰᠡᠨ ᠤ ᠳᠠᠷᠠᠭ᠎ᠠ᠂ ᠡᠨᠡ ᠳᠥᠷᠪᠡᠨ ᠮᠠᠭᠤ ᠳᠠᠳᠬᠠᠯ ᠢᠶᠠᠨ ᠵᠠᠪᠠᠯ ᠬᠠᠯᠠᠬᠤ ᠬᠡᠷᠡᠭᠲᠡᠢ
ᠨᠡᠶᠢᠲᠡᠯᠡᠭᠰᠡᠨ ᠴᠠᠭ᠄
2024/7/18
      1. ᠰᠠᠶ᠋ᠢ ᠰᠡᠷᠡᠮᠡᠭᠴᠡ᠂ ᠣᠷᠣ ᠳᠡᠭᠡᠷ᠎ᠡ ᠪᠠᠨ 30 ᠰᠧᠺᠦ᠋ᠨ᠋ᠳ᠋ ᠬᠡᠪᠲᠡᠵᠦ᠂ ᠪᠣᠰᠣᠭᠰᠠᠨ ᠤ ᠳᠠᠷᠠᠭ᠎ᠠ 30 ᠰᠧᠺᠦ᠋ᠨ᠋ᠳ᠋ ᠰᠠᠭᠤᠵᠤ᠂ ᠲᠠᠷᠠᠭ᠎ᠠ ᠨᠢ ᠣᠷᠣ ᠶᠢᠨ ᠬᠦᠪᠡᠭᠡ ᠳᠡᠭᠡᠷ᠎ᠡ ᠪᠠᠨ 30 ᠰᠧᠺᠦ᠋ᠨ᠋ᠳ᠋ ᠰᠠᠭᠤᠭᠰᠠᠨ  ᠤ ᠬᠤᠶᠢᠨ᠎ᠠ ᠰᠠᠶ᠋ᠢ ᠪᠣᠰᠴᠤ ᠶᠠᠪᠤᠨ᠎ᠠ᠃           2. ᠪᠣᠰᠣᠭᠰᠠᠨ ᠤ ᠳᠠᠷᠠᠭ᠎ᠠ ᠪᠠᠯ ᠲᠠᠢ ᠤᠰᠤ᠂ ᠳᠠᠪᠤᠰᠤ ᠲᠠᠢ ᠤᠰᠤ ᠤᠤᠭᠤᠬᠤ᠂ ᠵᠠᠷᠢᠮ ᠬᠥᠮᠥᠨ ᠥᠷᠯᠥᠭᠡ ᠪᠣᠰᠣᠭᠰᠠᠨ ᠤ ᠳᠠᠷᠠᠭ᠎ᠠ᠂ ᠪᠠᠯ ᠲᠠᠢ ᠤᠰᠤ᠂ ᠳᠠᠪᠤᠰᠤ ᠲᠠᠢ ᠤᠰᠤ ᠤᠤᠭᠤᠬᠤ ᠳᠤᠷᠠᠲᠠᠢ ᠪᠠᠶᠢᠳᠠᠭ ᠪᠥᠭᠡᠳ ᠡᠨᠡ ᠨᠢ ᠭᠠᠳᠠᠭᠠᠯᠠᠬᠤ᠂ ᠬᠤᠣᠷ ᠢ ᠭᠠᠳᠠᠭᠰᠢᠯᠠᠭᠤᠯᠬᠤ ᠳᠤ ᠲᠤᠰᠠᠲᠠᠢ ᠭᠡᠵᠦ ᠦᠵᠡᠳᠡᠭ᠂ ᠦᠨᠡᠨ ᠳᠡᠭᠡᠨ ᠢᠩᠭᠢᠵᠦ ᠬᠢᠬᠦ ᠨᠢ ᠪᠤᠷᠤᠭᠤ ᠶᠤᠮ᠃         3. ᠭᠠᠳᠠᠭᠠᠯᠠᠬᠤ ᠳᠠᠭᠠᠨ ᠰᠡᠳᠬᠢᠯ ᠲᠠᠯᠪᠢᠬᠤ ᠦᠭᠡᠢ᠂ ᠬᠡᠲᠦᠷᠬᠡᠢ ᠤᠳᠠᠭᠠᠨ ᠰᠠᠭᠤᠬᠤ᠂ ᠥᠷᠯᠥᠭᠡ ᠪᠣᠰᠣᠭᠰᠠᠨ ᠤ ᠳᠠᠷᠠᠭ᠎ᠠ ᠪᠦᠳᠦᠭᠦᠨ ᠭᠡᠳᠡᠰᠦᠨ ᠤ ᠬᠥᠳᠡᠯᠭᠡᠭᠡᠨ ᠨᠡᠯᠢᠶᠡᠳ ᠬᠥᠭᠵᠢᠶᠡᠨ ᠲᠠᠢ ᠪᠠᠶᠢᠳᠠᠭ᠂ ᠴᠥᠭᠡᠨ ᠪᠤᠰᠤ ᠬᠥᠮᠥᠨ  ᠨᠢ ᠡᠨᠡ ᠦᠶ᠎ᠡ ᠳᠤ ᠭᠠᠳᠠᠭᠠᠯᠠᠳᠠᠭ᠂ ᠢᠩᠭᠢᠵᠦ ᠬᠢᠬᠦ ᠨᠢ ᠵᠥᠪ ᠶᠤᠮ᠃       4. ᠴᠠᠭ ᠲᠠᠭᠠᠨ ᠥᠷᠯᠥᠭᠡᠨ ᠤ ᠬᠤᠭᠤᠯᠠ ᠪᠠᠨ ᠢᠳᠡᠳᠡᠭ ᠦᠭᠡᠢ᠂ ᠥᠷᠯᠥᠭᠡ ᠬᠤᠭᠤᠯᠠ ᠢᠳᠡᠬᠦ ᠦᠭᠡᠢ ᠪᠤᠶᠤ ᠨᠡᠯᠢᠶᠡᠳ ᠣᠷᠣᠢ ᠥᠷᠯᠥᠭᠡ ᠶᠢᠨ ᠬᠤᠭᠤᠯᠠ ᠪᠠᠨ ᠢᠳᠡᠬᠦ ᠨᠢ ᠬᠤᠳᠣᠭᠤᠳᠤᠨ ᠡᠪᠡᠳᠴᠢᠨ᠂ ᠰᠥᠰᠥᠨ ᠤ ᠴᠢᠯᠠᠭᠤᠰᠢᠷᠠᠯ ᠤᠨ ᠲᠦᠭᠰᠢᠭᠦᠷᠢ ᠶᠢ ᠨᠡᠮᠡᠭᠳᠡᠭᠦᠯᠳᠡᠭ ᠪᠥᠭᠡᠳ ᠪᠠᠰᠠ ᠮᠠᠷᠢᠶᠠᠯᠠᠬᠤ ᠪᠠ ᠲᠠᠨᠢᠨ ᠮᠡᠳᠡᠬᠦᠢ ᠶᠢᠨ ᠴᠢᠳᠠᠪᠤᠷᠢ ᠶᠢ ᠪᠠᠭᠤᠷᠠᠭᠤᠯᠵᠤ ᠮᠡᠳᠡᠨ᠎ᠡ᠃ 
ᠢᠷᠡᠯᠲᠡ᠄ ᠠᠷᠠᠳ ᠤᠨ ᠰᠦᠯᠵᠢᠶ᠎ᠡ