ᠰᠦ ᠤᠤᠭᠤᠪᠠᠯ ᠰᠠᠶᠢᠨ ᠦᠦ ᠡᠰᠡᠬᠦᠯ᠎ᠡ ᠪᠤᠷᠴᠠᠭ ᠤᠨ ᠡᠭᠡᠳᠡᠩ ᠤᠤᠭᠤᠪᠠᠯ ᠰᠠᠶᠢᠨ ᠦᠦ︖
ᠨᠡᠶᠢᠲᠡᠯᠡᠭᠰᠡᠨ ᠴᠠᠭ᠄
2024/7/18
      ᠦᠷᠭᠦᠯᠵᠢ ᠰᠦ ᠤᠤᠭᠤᠪᠠᠯ ᠡᠳᠡᠭᠡᠷ ᠠᠰᠢᠭᠲᠠᠢ ᠲᠠᠯ᠎ᠠ ᠲᠠᠢ︕            1. ᠺᠠᠯᠼ ᠨᠥᠬᠦᠪᠦᠷᠢᠯᠡᠵᠦ᠂ ᠠᠷᠤᠭ ᠶᠠᠰᠤ ᠶᠢ ᠴᠢᠭᠢᠷᠠᠭᠵᠢᠭᠤᠯᠤᠨ᠎ᠠ            2. ᠰᠢᠭᠡᠰᠦᠨ ᠬᠦᠴᠢᠯ ᠥᠨᠳᠥᠷ ᠬᠥᠮᠥᠨ ᠰᠦ ᠤᠤᠭᠤᠪᠠᠯ ᠲᠣᠬᠢᠷᠠᠨ᠎ᠠ            3. ᠴᠢᠰᠤᠨ ᠰᠢᠬᠢᠷ ᠥᠨᠳᠥᠷ ᠬᠥᠮᠥᠨ ᠰᠦ ᠤᠤᠭᠤᠪᠠᠯ ᠲᠣᠬᠢᠷᠠᠨ᠎ᠠ            4. ᠴᠢᠰᠤᠨ ᠳᠠᠷᠤᠯᠲᠠ ᠶᠢ ᠬᠢᠵᠠᠭᠠᠷᠯᠠᠬᠤ ᠳᠤ ᠲᠤᠰᠠᠲᠠᠢ᠃            ᠦᠷᠭᠦᠯᠵᠢ ᠪᠤᠷᠴᠠᠭ ᠤᠨ ᠡᠭᠡᠳᠡᠩ ᠤᠤᠭᠤᠪᠠᠯ ᠡᠳᠡᠭᠡᠷ ᠳᠠᠪᠠᠭᠤᠯᠢᠭ ᠲᠠᠯ᠎ᠠ ᠲᠠᠢ︕            1. ᠤᠭᠤᠷᠠᠭ ᠨᠥᠬᠦᠪᠦᠷᠢᠯᠡᠨ᠎ᠡ            2. ᠵᠢᠷᠦᠬᠡ ᠴᠢᠰᠤᠨ ᠰᠤᠳᠠᠯ ᠢ ᠰᠠᠶᠢᠵᠢᠷᠠᠭᠤᠯᠤᠨ᠎ᠠ            3. ᠬᠤᠷᠮᠣᠨ ᠤ ᠲᠦᠪᠰᠢᠨ ᠢ ᠵᠣᠬᠢᠴᠠᠭᠤᠯᠤᠨ᠎ᠠ            4. ᠭᠡᠳᠡᠰᠦᠨ ᠤ ᠡᠷᠡᠭᠦᠯ ᠮᠡᠨᠳᠦ ᠶᠢ ᠵᠣᠬᠢᠴᠠᠭᠤᠯᠤᠨ᠎ᠠ            5. ᠥᠮᠡᠨ ᠢ ᠰᠡᠷᠭᠡᠶᠢᠯᠡᠬᠦ ᠳᠤ ᠲᠤᠰᠠᠲᠠᠢ᠃            ᠪᠤᠷᠴᠠᠭ ᠤᠨ ᠡᠭᠡᠳᠡᠩ ᠪᠠ ᠦᠨᠢᠶᠡᠨ ᠰᠦ ᠶᠢ ᠬᠠᠮᠲᠤ ᠤᠤᠭᠤᠪᠠᠯ᠂ ᠰᠢᠮ᠎ᠡ ᠲᠡᠵᠢᠭᠡᠯ ᠤᠨ ᠪᠦᠷᠢᠯᠳᠦᠭᠦᠨ ᠨᠢ ᠬᠤᠬᠢᠷᠠᠬᠤ ᠦᠭᠡᠢ ᠮᠥᠷᠲᠡᠭᠡᠨ ᠬᠠᠷᠢᠯᠴᠠᠨ ᠨᠥᠬᠦᠪᠦᠷᠢᠯᠡᠬᠦ ᠠᠴᠠ ᠪᠣᠯᠵᠤ ᠰᠢᠮ᠎ᠡ ᠲᠡᠵᠢᠭᠡᠯ ᠨᠢ ᠴᠢᠩᠭᠠᠷᠠᠳᠠᠭ᠃ ᠴᠡᠪᠡᠷᠰᠢᠬᠦ ᠬᠤᠭᠤᠴᠠᠭᠠᠨ ᠤ ᠡᠮᠡᠭᠲᠡᠶᠢᠴᠦᠳ ᠤᠨ ᠪᠡᠶ᠎ᠡ ᠶᠢᠨ ᠺᠠᠯᠼ ᠶᠡᠭᠡ ᠬᠡᠮᠵᠢᠶ᠎ᠡ ᠪᠠᠷ ᠠᠯᠳᠠᠭᠳᠠᠳᠠᠭ ᠪᠣᠯᠬᠤᠷ ᠦᠨᠢᠶᠡᠨ ᠰᠦ ᠢᠯᠡᠭᠦᠦ ᠤᠤᠭᠤᠵᠤ ᠨᠥᠬᠦᠪᠦᠷᠢᠯᠡᠬᠦ ᠴᠢᠬᠤᠯᠠᠲᠠᠢ᠃ ᠬᠠᠷᠢᠨ ᠪᠤᠷᠴᠠᠭ ᠤᠨ  ᠡᠭᠡᠳᠡᠩ ᠳᠣᠲᠣᠷᠠᠬᠢ ᠰᠢᠷ᠎ᠠ ᠪᠤᠷᠴᠠᠭ  ᠤᠨ ᠺᠧᠲ᠋ᠣᠨ ᠨᠢ ᠡᠮᠡᠭᠲᠡᠶᠢᠴᠦᠳ ᠤᠨ ᠪᠡᠶ᠎ᠡ ᠳᠣᠲᠣᠷᠠᠬᠢ ᠡᠮ᠎ᠡ ᠬᠤᠷᠮᠣᠨ ᠢ ᠲᠣᠬᠢᠷᠠᠭᠤᠯᠬᠤ ᠳᠤ ᠠᠰᠢᠭᠲᠠᠢ ᠶᠤᠮ᠃ ᠡᠶᠢᠮᠦ ᠠᠴᠠ ᠴᠡᠪᠡᠷᠰᠢᠬᠦ ᠬᠤᠭᠤᠴᠠᠭᠠᠨ ᠤ ᠡᠮᠡᠭᠲᠡᠶᠢᠴᠦᠳ ᠪᠤᠷᠴᠠᠭ ᠤᠨ ᠡᠭᠡᠳᠡᠩ ᠤᠤᠭᠤᠬᠤ ᠶᠢᠨ ᠬᠠᠮᠲᠤ ᠦᠨᠢᠶᠡᠨ ᠰᠦ ᠤᠤᠭᠤᠵᠤ᠂ ᠰᠢᠮ᠎ᠡ ‌ᠲᠡᠵᠢᠭᠡᠯ ᠢ ᠨᠢᠭᠡ ᠯᠡ ᠳᠡᠭᠡᠷ᠎ᠡ ᠨᠥᠬᠦᠪᠦᠷᠢᠯᠡᠵᠦ ᠪᠣᠯᠣᠨ᠎ᠠ᠃ 
ᠢᠷᠡᠯᠲᠡ᠄ ᠠᠷᠠᠳ ᠤᠨ ᠰᠦᠯᠵᠢᠶ᠎ᠡ