7 ᠰᠠᠷ᠎ᠠ ᠶᠢᠨ 17 ᠤ ᠡᠳᠦᠷ ᠮᠠᠨ ᠤ ᠣᠷᠣᠨ ᠤ 2024 ᠣᠨ ᠤ ᠡᠩ ᠤᠨ ᠶᠡᠭᠡ ᠳᠡᠭᠡᠳᠦ ᠰᠤᠷᠭᠠᠭᠤᠯᠢ ᠳᠤ ᠰᠣᠷᠣᠬᠴᠢ ᠡᠯᠰᠡᠬᠦ ᠵᠢᠩᠬᠢᠨᠢ ᠠᠩᠭᠢ ᠶᠢᠨ | ᠨᠢᠭᠡᠳᠦᠭᠡᠷ ᠪᠦᠯᠦᠭ ᠤᠨ ᠡᠷᠡᠮᠡᠯᠵᠡᠯ ᠲᠠᠭᠯᠠᠬᠤ ᠠᠵᠢᠯ ᠶᠠᠪᠤᠭᠳᠠᠨ᠎ᠠ᠃ ᠨᠡᠶᠢᠭᠡᠮ ᠤᠨ ᠰᠢᠨᠵᠢᠯᠡᠬᠦ ᠤᠬᠠᠭᠠᠨ᠂ ᠪᠠᠶᠢᠭᠠᠯᠢ ᠶᠢᠨ ᠰᠢᠨᠵᠢᠯᠡᠬᠦ ᠤᠬᠠᠭᠠᠨ᠂ ᠮᠣᠩᠭᠤᠯ ᠢᠶᠠᠷ | ᠬᠢᠴᠢᠶᠡᠯᠯᠡᠬᠦ ᠨᠡᠶᠢᠭᠡᠮ ᠤᠨ ᠰᠢᠨᠵᠢᠯᠡᠬᠦ ᠤᠬᠠᠭᠠᠨ᠂ ᠮᠣᠩᠭᠤᠯ ᠢᠶᠠᠷ ᠬᠢᠴᠢᠶᠡᠯᠯᠡᠬᠦ ᠪᠠᠶᠢᠭᠠᠯᠢ ᠶᠢᠨ ᠰᠢᠨᠵᠢᠯᠡᠬᠦ ᠤᠬᠠᠭᠠᠨ ᠤ ᠰᠤᠷᠤᠬᠴᠢᠳ ᠡᠷᠡᠮᠡᠯᠵᠡᠯ ᠲᠠᠭᠯᠠᠨ᠎ᠠ᠃ | ᠡᠷᠡᠮᠡᠯᠵᠡᠯ ᠲᠠᠭᠯᠠᠬᠤ ᠰᠢᠯᠭᠠᠭᠤᠯᠤᠭᠴᠢ ᠶᠢᠨ ᠲᠠᠩᠰᠠ ᠡᠪᠬᠡᠮᠡᠯ ᠥᠭᠬᠦ ᠬᠤᠪᠢ ︵ᠶᠡᠭᠡ ᠳᠡᠭᠡᠳᠦ ᠰᠤᠷᠭᠠᠭᠤᠯᠢ ᠳᠤ ᠰᠣᠷᠣᠬᠴᠢ ᠡᠯᠰᠡᠬᠦ ᠰᠢᠯᠭᠠᠯᠲᠠ ᠶᠢᠨ | ᠶᠡᠷᠦᠩᠬᠡᠢ ᠬᠤᠪᠢ + ᠲᠥᠷᠥ ᠶᠢᠨ ᠪᠣᠳᠣᠯᠭ᠎ᠠ ᠶᠢᠨ ᠴᠢᠨᠠᠷᠲᠠᠢ ᠬᠤᠪᠢ ᠨᠡᠮᠡᠬᠦ︶ ᠨᠢ ᠡᠷᠬᠡᠪᠰᠢ ᠵᠢᠩᠬᠢᠨᠢ ᠠᠩᠭᠢ ᠶᠢᠨ ᠨᠢᠭᠡᠳᠦᠭᠡᠷ ᠪᠦᠯᠦᠭ ᠤᠨ ᠬᠠᠷᠠᠭᠠᠯᠵᠠᠭᠰᠠᠨ | ᠰᠢᠨᠵᠢᠯᠡᠭᠡᠨ ᠤ ᠲᠦᠷᠦᠯ ᠤᠨ ᠰᠣᠷᠣᠬᠴᠢ ᠡᠯᠰᠡᠬᠦ ᠬᠢᠵᠠᠭᠠᠷᠯᠠᠬᠤ ᠬᠤᠪᠢ ᠶᠢᠨ ᠱᠤᠭᠤᠮ ᠳᠤ ᠭᠦᠷᠦᠭᠰᠡᠨ ᠪᠠᠶᠢᠬᠤ ᠬᠡᠷᠡᠭᠲᠡᠢ ; ᠰᠣᠷᠣᠬᠴᠢ ᠡᠯᠰᠡᠬᠦ ᠬᠤᠯᠪᠣᠭᠳᠠᠯ | ᠪᠦᠬᠦᠢ ᠶᠡᠭᠡ ᠳᠡᠭᠡᠳᠦ ᠰᠤᠷᠭᠠᠭᠤᠯᠢ ᠶᠢᠨ ᠲᠤᠰᠬᠠᠢ ᠲᠥᠯᠥᠪᠯᠡᠭᠡ ᠶᠢᠨ ᠬᠢᠷᠢ ᠭᠡᠮ ᠢ ᠣᠯᠣᠭᠰᠠᠨ ᠰᠢᠯᠭᠠᠭᠤᠯᠤᠭᠴᠢ ᠰᠠᠶ᠋ᠢ ᠰᠣᠷᠣᠬᠴᠢ ᠡᠯᠰᠡᠬᠦ ᠬᠤᠯᠪᠣᠭᠳᠠᠯ ᠪᠦᠬᠦᠢ | ᠶᠡᠭᠡ ᠳᠡᠭᠡᠳᠦ ᠰᠤᠷᠭᠠᠭᠤᠯᠢ ᠶᠢᠨ ᠲᠤᠰᠬᠠᠢ ᠲᠥᠯᠥᠪᠯᠡᠭᠡ ᠶᠢᠨ ᠡᠷᠡᠮᠡᠯᠵᠡᠯ ᠢ ᠲᠠᠭᠯᠠᠨ ᠮᠡᠳᠡᠭᠦᠯᠵᠦ ᠪᠣᠯᠣᠨ᠎ᠠ᠃ | 7 ᠰᠠᠷ᠎ᠠ ᠶᠢᠨ 17 ᠤ ᠡᠳᠦᠷ ᠤᠨ 8᠄ 00 ᠠᠴᠠ ᠡᠬᠢᠯᠡᠨ ᠡᠷᠡᠮᠡᠯᠵᠡᠯ ᠲᠠᠬᠯᠠᠨ᠎ᠠ; 10᠄00 ᠠᠴᠠ ᠰᠡᠭᠦᠯᠡᠷ ᠡᠷᠡᠮᠡᠯᠵᠡᠯ ᠢᠶᠠᠨ ᠬᠠᠰᠤᠵᠤ ᠪ᠊ ᠤᠯᠬᠤ ᠦᠭᠡᠢ᠂ | ᠭᠡᠪᠡᠴᠦ ᠰᠢᠨ᠎ᠡ ᠪᠠᠷ ᠡᠷᠡᠮᠡᠯᠵᠡᠯ ᠨᠡᠮᠡᠵᠦ ᠲᠠᠭᠯᠠᠵᠤ ᠪᠤᠯᠣᠨ᠎ᠠ; 10᠄30 ᠠᠴᠠ ᠰᠡᠭᠦᠯᠡᠷ ᠡᠷᠡᠮᠡᠯᠵᠡᠯ ᠢᠶᠠᠨ ᠬᠠᠰᠤᠬᠤ ᠶᠢ ᠵᠥᠪᠰᠢᠶᠡᠷᠡᠬᠦ ᠦᠭᠡᠢ ᠮᠥᠷᠲᠡᠭᠡᠨ | ᠰᠢᠨ᠎ᠡ ᠪᠠᠷ ᠨᠡᠮᠡᠵᠦ ᠲᠠᠭᠯᠠᠬᠤ ᠶᠢ ᠴᠤ ᠵᠥᠪᠰᠢᠶᠡᠷᠡᠬᠦ ᠦᠭᠡᠢ᠂ ᠵᠥᠪᠭᠡᠨ ᠡᠷᠡᠮᠡᠯᠵᠡᠯ ᠢᠶᠠᠨ ᠵᠠᠰᠠᠬᠤ ᠶᠢ ᠵᠥᠪᠰᠢᠶᠡᠷᠡᠨ᠎ᠡ᠃ 9᠄00 ᠲᠤ ᠰᠦᠯᠵᠢᠶᠡᠨ ᠳᠡᠭᠡᠷ᠎ᠡ | ᠡᠷᠡᠮᠡᠯᠵᠡᠯ ᠲᠠᠭᠯᠠᠭᠰᠠᠨ ᠪᠦᠷᠢᠳᠬᠡᠯ ᠤᠨ ᠮᠡᠳᠡᠭᠡ ᠵᠠᠩᠭᠢ ᠶᠢ ᠠᠩᠬ᠎ᠠ ᠤᠳᠠᠭ᠎ᠠ ᠨᠡᠶᠢᠲᠡᠯᠡᠵᠦ᠂ ᠬᠤᠶᠢᠰᠢᠳᠠ ᠴᠠᠭ ᠪᠦᠷᠢ ᠨᠢᠭᠡ ᠤᠳᠠᠭ᠎ᠠ ᠨᠡᠶᠢᠲᠡᠯᠡᠨ᠎ᠡ᠃ | ᠡᠷᠡᠮᠡᠯᠵᠡᠯ ᠲᠠᠭᠯᠠᠬᠤ ᠰᠤᠷᠤᠬᠴᠢᠳ ᠤᠨ ᠠᠩᠬᠠᠷᠬᠤ ᠵᠦᠢᠯᠡᠰ ᠭᠡᠪᠡᠯ᠂ ᠰᠢᠯᠭᠠᠭᠤᠯᠤᠭᠴᠢ ᠠᠯᠪᠠᠨ ᠤ ᠪᠤᠰᠤ ᠡᠷᠡᠮᠡᠯᠵᠡᠯ ᠲᠠᠭᠯᠠᠬᠤ ᠰᠢᠰᠲ᠋ᠧᠮ ᠢᠶᠠᠷ ᠡᠷᠡᠮᠡᠯᠵᠡᠯ | ᠲᠠᠭᠯᠠᠵᠤ ᠪᠤᠯᠬᠤ ᠦᠭᠡᠢ᠃ ᠡᠷᠡᠮᠡᠯᠵᠡᠯ ᠲᠠᠭᠯᠠᠬᠤ ᠬᠤᠭᠤᠴᠠᠭᠠᠨ ᠳᠤ ᠬᠡᠷᠪᠡ ᠶᠡᠭᠡ ᠳᠡᠭᠡᠳᠦ ᠰᠤᠷᠭᠠᠭᠤᠯᠢ ᠨᠤᠭᠤᠳ ᠰᠣᠷᠣᠬᠴᠢ ᠶᠢᠨ ᠢᠷᠡᠯᠲᠡ ᠶᠢᠨ ᠪᠠᠶᠢᠳᠠᠯ ᠵᠡᠷᠭᠡ | ᠶᠢ ᠦᠨᠳᠦᠰᠦᠯᠡᠨ ᠰᠣᠷᠣᠬᠴᠢ ᠡᠯᠰᠡᠬᠦ ᠲᠥᠯᠥᠪᠯᠡᠭᠡ᠂ ᠲᠠᠩᠰᠠ ᠡᠪᠬᠡᠮᠡᠯ ᠥᠭᠬᠦ ᠬᠠᠷᠢᠴᠠᠯ ᠪᠤᠶᠤ ᠪᠤᠰᠤᠳ ᠬᠠᠮᠢᠶ᠎ᠠ ᠪᠦᠬᠦᠢ ᠠᠭᠤᠯᠭ᠎ᠠ ᠳᠠᠭᠠᠨ ᠲᠣᠬᠢᠷᠠᠭᠤᠯᠤᠯᠲᠠ | ᠬᠢᠬᠦ ᠳᠤ ᠭᠦᠷᠪᠡᠯ ᠥᠪᠡᠷᠲᠡᠭᠡᠨ ᠵᠠᠰᠠᠬᠤ ᠣᠷᠣᠨ ᠤ ᠰᠤᠷᠭᠠᠨ ᠬᠥᠮᠦᠵᠢᠯ ᠤᠨ ᠰᠢᠯᠭᠠᠯᠲᠠ ᠶᠢᠨ ᠬᠦᠷᠢᠶᠡᠯᠡᠩ ᠴᠠᠭ ᠲᠤᠬᠠᠢ ᠳᠤᠨᠢ ︽ᠡᠷᠡᠮᠡᠯᠵᠡᠯ ᠲᠠᠭᠯᠠᠬᠤ ᠲᠤᠰᠬᠠᠢ | ᠪᠤᠯᠤᠩ︾ ᠢᠶᠠᠷ ᠳᠠᠮᠵᠢᠭᠤᠯᠤᠨ ᠨᠡᠶᠢᠲᠡᠯᠡᠨ᠎ᠡ᠃ ᠰᠢᠯᠭᠠᠭᠤᠯᠤᠭᠴᠢ ᠡᠷᠬᠡᠪᠰᠢ ᠲᠣᠰ ᠲᠤᠰᠬᠠᠢ ᠪᠤᠯᠤᠩ ᠤᠨ ᠨᠡᠶᠢᠲᠡᠯᠡᠭᠰᠡᠨ ᠬᠠᠮᠤᠭ ᠤᠨ ᠰᠢᠨ᠎ᠡ ᠮᠡᠳᠡᠭᠡ ᠵᠠᠩᠭᠢ ᠶᠢ | ᠦᠷᠭᠦᠯᠵᠢ ᠪᠠᠶᠢᠴᠠᠭᠠᠨ ᠦᠵᠡᠬᠦ ᠶᠢᠨ ᠬᠠᠮᠲᠤ ᠰᠦᠯᠵᠢᠶᠡᠨ ᠳᠡᠭᠡᠷ᠎ᠡ ᠡᠷᠡᠮᠡᠯᠵᠡᠯ ᠲᠠᠭᠯᠠᠬᠤ ᠲᠠᠪᠴᠠᠩ ᠤᠨ ᠰᠠᠨᠠᠭᠤᠯᠤᠭᠰᠠᠨ ᠬᠠᠮᠤᠭ ᠤᠨ ᠰᠢᠨ᠎ᠡ ᠮᠡᠳᠡᠭᠡ ᠵᠠᠩᠭᠢ ᠶᠢ | ᠠᠩᠬᠠᠷᠬᠤ ᠬᠡᠷᠡᠭᠲᠡᠢ᠃ ᠶᠡᠭᠡ ᠳᠡᠭᠡᠳᠦ ᠰᠤᠷᠭᠠᠭᠤᠯᠢ ᠰᠣᠷᠣᠬᠴᠢ ᠡᠯᠰᠡᠬᠦ ᠳᠡᠭᠡᠨ ᠰᠢᠯᠭᠠᠭᠤᠯᠤᠭᠴᠢ ᠶᠢᠨ ᠬᠢᠷᠢ ᠪᠦᠲᠦᠮᠵᠢ ᠶᠢᠨ ᠨᠡᠷᠡᠰ ᠤᠨ ᠵᠢᠭᠰᠠᠭᠠᠯᠲᠠ ᠶᠢ | ᠪᠣᠳᠣᠯᠬᠢᠯᠠᠬᠤ ᠠᠴᠠ ᠭᠠᠳᠠᠨ᠎ᠠ ᠪᠠᠰᠠ ᠰᠢᠯᠭᠠᠭᠤᠯᠤᠭᠴᠢ ᠶᠢᠨ ᠲᠤᠰᠬᠠᠢ ᠮᠡᠷᠭᠡᠵᠢᠯ ᠤᠨ ᠱᠠᠭᠠᠷᠳᠠᠯᠭ᠎ᠠ ᠳᠤ ᠨᠡᠶᠢᠴᠡᠬᠦ ᠡᠰᠡᠬᠦ ᠶᠢ ᠪᠣᠳᠣᠯᠬᠢᠯᠠᠨ᠎ᠠ᠃ ᠡᠶᠢᠮᠦ ᠠᠴᠠ | ᠰᠢᠯᠭᠠᠭᠤᠯᠤᠭᠴᠢ ᠡᠷᠬᠡᠪᠰᠢ ᠮᠡᠳᠡᠭᠦᠯᠦᠭᠰᠡᠨ ᠶᠡᠭᠡ ᠳᠡᠭᠡᠳᠦ ᠰᠤᠷᠭᠠᠭᠤᠯᠢ ᠶᠢᠨ ᠰᠣᠷᠣᠬᠴᠢ ᠡᠯᠰᠡᠬᠦ ᠲᠥᠯᠥᠪᠯᠡᠭᠡ ᠶᠢᠨ ᠬᠠᠮᠢᠶ᠎ᠠ ᠪᠦᠬᠦᠢ ᠠᠭᠤᠯᠭ᠎ᠠ ᠪᠠ ᠰᠣᠷᠣᠬᠴᠢ | ᠡᠯᠰᠡᠬᠦ ᠳᠦᠷᠢᠮ ᠳᠠᠬᠢ ᠰᠣᠷᠣᠬᠴᠢ ᠡᠯᠰᠡᠬᠦ ᠳᠦᠷᠢᠮ ᠵᠢᠴᠢ ᠲᠤᠰᠬᠠᠢ ᠮᠡᠷᠭᠡᠵᠢᠯ ᠤᠨ ᠱᠠᠭᠠᠷᠳᠠᠯᠭ᠎ᠠ ᠶᠢ ᠨᠠᠷᠢᠨ ᠬᠢᠨᠠᠮᠠᠭᠠᠢ ᠤᠩᠰᠢᠬᠤ ᠬᠡᠷᠡᠭᠲᠡᠢ᠃ ᠰᠢᠯᠭᠠᠭᠤᠯᠤᠭᠴᠢ | ᠡᠷᠬᠡᠪᠰᠢ ᠡᠷᠡᠮᠡᠯᠵᠡᠯ ᠲᠠᠭᠯᠠᠬᠤ ᠲᠣᠭᠲᠠᠭᠰᠠᠨ ᠴᠠᠭ ᠤᠨ ᠳᠣᠲᠣᠷ᠎ᠠ ᠡᠷᠡᠮᠡᠯᠵᠡᠯ ᠢᠶᠠᠨ ᠲᠠᠭᠯᠠᠬᠤ ᠬᠡᠷᠡᠭᠲᠡᠢ᠂ ᠬᠤᠭᠤᠴᠠᠭ᠎ᠠ ᠬᠡᠲᠦᠷᠡᠲᠡᠯ᠎ᠡ ᠡᠷᠡᠮᠡᠯᠵᠡᠯ ᠢᠶᠠᠨ ᠲᠠᠭᠯᠠᠬᠤ | ᠦᠭᠡᠢ ᠪᠣᠯ ᠰᠠᠶᠢᠨ ᠳᠤᠷ᠎ᠠ ᠠᠴᠠ ᠪᠠᠨ ᠲᠣᠰ ᠤᠳᠠᠭᠠᠨ ᠤ ᠡᠷᠡᠮᠡᠯᠵᠡᠯ ᠲᠠᠭᠯᠠᠬᠤ ᠡᠷᠬᠡ ᠪᠠᠨ ᠬᠠᠶᠠᠭᠰᠠᠨ ᠢᠶᠠᠷ ᠦᠵᠡᠨ᠎ᠡ᠃ ᠶᠡᠭᠡ ᠳᠡᠭᠡᠳᠦ ᠰᠤᠷᠭᠠᠭᠤᠯᠢ ᠳᠤ | ᠰᠣᠷᠣᠬᠴᠢ ᠡᠯᠰᠡᠬᠦ ᠰᠢᠯᠭᠠᠯᠲᠠ ᠳᠤ ᠨᠡᠷ᠎ᠡ ᠮᠡᠳᠡᠭᠦᠯᠬᠦ ᠦᠶ᠎ᠡ ᠳᠤ ᠵᠥᠪᠭᠡᠨ ᠲᠤᠰᠬᠠᠢ ᠮᠡᠷᠭᠡᠵᠢᠯ ᠤᠨ ᠠᠩᠭᠢ ᠳᠤ ᠨᠡᠷ᠎ᠡ ᠮᠡᠳᠡᠭᠦᠯᠬᠦ ᠪᠠᠷ ᠠᠮᠠᠯᠠᠭᠰᠠᠨ | ᠰᠢᠯᠭᠠᠭᠤᠯᠤᠭᠴᠢ ᠵᠢᠩᠬᠢᠨᠢ ᠠᠩᠭᠢ ᠶᠢᠨ ᠨᠢᠭᠡᠳᠦᠭᠡᠷ ᠪᠦᠯᠦᠭ ᠲᠤ ᠨᠡᠷ᠎ᠡ ᠮᠡᠳᠡᠭᠦᠯᠵᠦ ᠪᠤᠯᠬᠤ ᠦᠭᠡᠢ᠃ | | |