ᠰᠣᠶᠣᠯ ᠤᠨ ᠥᠪ ᠠᠴᠠ ᠰᠠᠶᠢᠬᠠᠨ ᠵᠣᠭᠤᠭ ᠤᠨᠳᠤᠷᠤᠨ᠎ᠠ
ᠨᠡᠶᠢᠲᠡᠯᠡᠭᠰᠡᠨ ᠴᠠᠭ᠄
2024/7/18
      ︽ᠤᠮᠠᠷᠠᠲᠤ ᠬᠢᠯᠢ ᠢᠢᠨ ᠰᠣᠶᠣᠯ ᠢ ᠪᠠᠳᠠᠷᠠᠭᠤᠯᠵᠤ ᠰᠣᠶᠣᠯ ᠵᠢᠭᠤᠯᠴᠢᠯᠠᠯ ᠤᠨ ᠬᠡᠷᠡᠭᠯᠡᠭᠡ ᠶᠢ ᠠᠬᠢᠭᠤᠯᠬᠤ︾  ᠪᠠᠷ ᠭᠤᠣᠯ ᠰᠡᠳᠦᠪ ᠪᠤᠯᠭᠠᠭᠰᠠᠨ ᠤᠮᠠᠷᠠᠲᠤ ᠬᠢᠯᠢ  ᠶᠢᠨ ᠪᠣᠳᠠᠰ ᠤᠨ ᠪᠤᠰᠤ ᠰᠣᠶᠣᠯ ᠤᠨ ᠥᠪ ᠤᠨ ᠰᠣᠳᠣᠨ ᠪᠦᠲᠦᠭᠡᠯ ᠤᠨ ᠦᠵᠡᠭᠦᠯᠭᠡ ᠬᠦᠬᠡᠬᠤᠳᠠ ᠳᠠᠬᠢ ᠥᠪᠥᠷ ᠮᠣᠩᠭᠤᠯ ᠤᠨ ᠦᠵᠡᠰᠬᠦᠯᠡᠩ ᠤᠨ ᠣᠷᠳᠣᠨ ᠳᠤ ᠬᠦᠷ ᠬᠥᠭᠵᠢᠶᠡᠨ ᠲᠠᠢ ᠦᠷᠬᠦᠯᠵᠢᠯᠡᠵᠤ᠂ ᠳᠠᠭᠤᠤ ᠬᠤᠭᠤᠷ ᠬᠥᠭᠯᠡᠨ ᠳᠠᠭᠤᠷᠢᠰᠬᠠᠯᠳᠦ ᠲᠡᠦᠬᠡ ᠳᠡᠯᠭᠡᠭᠳᠡᠵᠦ᠂ ᠰᠣᠶᠣᠯ ᠤᠨ ᠰᠢᠮ᠎ᠡ ᠶᠢ ᠲᠦᠮᠡᠨ ᠤᠯᠠᠨ ᠳᠤ ᠲᠦᠭᠡᠭᠡᠨ᠎ᠡ᠃        ᠦᠨᠳᠦᠰᠦᠲᠡᠨ ᠤ ᠪᠦᠯᠬᠦᠮᠳᠡᠯ ᠨᠢᠭᠲᠠᠷᠠᠯ ᠢ ᠳᠠᠭᠤᠯᠠᠭᠰᠠᠨ ᠸᠠᠩ ᠵᠣᠣ ᠵᠢᠶᠦ᠋ᠨ ᠤ ᠦᠯᠢᠬᠡᠷ ᠲᠤᠭᠯᠠᠯᠳᠠ᠂ ᠡᠷᠬᠡ ᠲᠡᠭᠰᠢ ᠪᠠᠷ ᠥᠷᠢᠰᠦᠯᠳᠦᠬᠦ ᠪᠡᠶ᠎ᠡ ᠲᠠᠮᠢᠷ ᠤᠨ ᠵᠣᠷᠢᠭ ᠰᠠᠨᠠᠭ᠎ᠠ ᠶᠢ ᠢᠯᠡᠷᠡᠭᠦᠯᠦᠭᠰᠡᠨ ᠲᠠᠯ᠎ᠠ ᠨᠤᠲᠤᠭ ᠤᠨ ᠨᠠᠭᠠᠳᠤᠮ ᠤᠨ ᠬᠤᠷᠠᠯ᠂ ᠲᠡᠰᠪᠦᠷᠢ ᠬᠠᠲᠠᠭᠤᠵᠢᠯᠲᠠᠢ ᠪᠠᠷ ᠲᠡᠮᠡᠴᠡᠬᠦ᠂ ᠬᠠᠷᠠᠮ ᠦᠭᠡᠢ ᠵᠣᠷᠢᠭᠤᠯᠬᠤ᠂ ᠴᠥᠬᠦᠷᠡᠰᠢ ᠦᠭᠡᠢ ᠴᠢᠷᠮᠠᠶᠢᠬᠤ ︽ᠤᠮᠠᠷᠠᠲᠤ  ᠶᠢᠨ ᠭᠤᠷᠪᠠᠨ ᠣᠷᠣᠨ ᠤ ᠵᠣᠷᠢᠭ ᠰᠠᠨᠠᠭ᠎ᠠ︾ ᠶᠢ ᠬᠠᠷᠠᠭᠤᠯᠤᠭᠰᠠᠨ ᠭᠠᠷ ᠤᠷᠠᠯᠠᠯ ᠭᠦᠨ ᠵᠤᠵᠠᠭᠠᠨ ᠤᠮᠠᠷᠠᠲᠤ ᠬᠢᠯᠢ ᠶᠢᠨ ᠣᠨᠴᠠᠯᠢᠭ ᠲᠠᠢ ᠴᠢᠯᠠᠭᠤᠨ ᠰᠡᠶᠢᠯᠦᠮᠡᠯ᠂ ᠬᠠᠰ ᠰᠡᠶᠢᠯᠦᠮᠡᠯ ᠤᠨ ᠤᠷ᠎ᠠ ᠮᠡᠷᠭᠡᠵᠢᠯ᠂ ᠠᠷᠠᠳ ᠤᠨ ᠠᠮᠢᠳᠤᠷᠠᠯ ᠨᠤᠲᠤᠭ ᠤᠰᠤᠨ ᠤ ᠵᠠᠩ ᠦᠢᠯᠡ ᠶᠢ ᠬᠠᠷᠠᠭᠤᠯᠤᠭᠰᠠᠨ ᠰᠡᠭᠦᠳᠡᠷ︔ ᠤᠮᠠᠷᠠᠲᠤ ᠬᠢᠯᠢ  ᠶᠢᠨ ᠦᠨᠳᠦᠰᠦᠲᠡᠨ ᠨᠦᠭᠦᠳ ᠤᠨ ᠠᠷᠠᠳ ᠲᠦᠮᠡᠨ ᠤ ᠠᠭᠤᠳᠠᠮ ᠪᠠᠭᠲᠠᠭᠠᠮᠵᠢ᠂ ᠡᠭᠡᠯ ᠪᠣᠷᠣᠭᠵᠢᠭᠤᠨ ᠵᠠᠩ ᠠᠭᠠᠰᠢ ᠪᠠ ᠭᠤᠸ᠎ᠠ ᠲᠠᠭᠠᠰᠢᠶᠠᠯ ᠤᠨ ᠳᠤᠷ᠎ᠠ ᠰᠣᠨᠢᠷᠬᠠᠯ ᠢ ᠢᠯᠡᠷᠡᠭᠦᠯᠵᠦ᠂ ᠦᠨᠳᠦᠰᠦᠲᠡᠨ ᠨᠦᠭᠦᠳ ᠤᠨ ᠶᠠᠪᠤᠯᠴᠠᠭ᠎ᠠ ᠰᠣᠯᠢᠯᠴᠠᠭ᠎ᠠ ᠠᠭᠤᠰᠤᠯᠴᠠᠯ ᠢ ᠲᠤᠰᠬᠠᠭᠰᠠᠨ ᠬᠤᠪᠴᠠᠰᠤ ᠵᠠᠰᠠᠯ ᠤᠨ ᠰᠣᠶᠣᠯ︔ ᠡᠬᠡ ᠪᠠᠶᠢᠭᠠᠯᠢ  ᠶᠢᠨ ᠥᠩᠭᠡᠲᠦ ᠡᠯᠡᠰᠦ ᠪᠠᠷ ᠬᠤᠷᠴᠠ ᠲᠣᠳᠣ ᠵᠢᠷᠤᠭᠠᠰᠤ ᠪᠠ ᠤᠶᠠᠨ ᠵᠥᠭᠡᠯᠡᠨ ᠪᠣᠷᠣᠭᠵᠢᠭᠤᠨ ᠥᠩᠭᠡ ᠪᠤᠳᠤᠭ ᠢᠶᠠᠷ ᠨᠤᠲᠤᠭ ᠤᠰᠤᠨ ᠤ ᠪᠠᠨ ᠥᠯᠢᠭᠡᠷ ᠢ ᠶᠠᠷᠢᠵᠤ᠂ ᠰᠠᠶᠢᠨ ᠰᠠᠶᠢᠬᠠᠨ ᠠᠮᠢᠳᠤᠷᠠᠯ ᠤᠨ ᠲᠤᠬᠠᠢ ᠬᠦᠰᠡᠯ ᠮᠥᠷᠥᠭᠡᠳᠦᠯ ᠢᠶᠠᠨ ᠪᠢᠴᠢᠭᠯᠡᠭᠰᠡᠨ ᠡᠯᠡᠰᠦᠨ ᠵᠢᠷᠤᠭ︔ ᠣᠬᠢ ᠰᠢᠯᠢᠳᠡᠭ᠂ ᠰᠢᠮ᠎ᠡ ᠲᠡᠵᠢᠭᠡᠯ ᠲᠠᠢ᠂ ᠴᠤᠯ ᠪᠠᠶᠢᠭᠠᠯᠢ ᠶᠢᠨ᠂ ᠪᠣᠬᠢᠷᠲᠤᠯ ᠦᠭᠡᠢ᠂ ᠠᠮᠢᠳᠤᠷᠠᠯ ᠤᠨ ᠣᠶᠤᠨ ᠤᠬᠠᠭᠠᠨ ᠢᠶᠠᠷ ᠪᠢᠯᠬᠠᠭᠰᠠᠨ ᠢᠳᠡᠭᠡᠨ ᠤᠮᠳᠠᠭᠠᠨ ᠤ ᠲᠥᠷᠥᠯ ᠤᠨ ᠪᠣᠳᠠᠰ ᠤᠨ ᠪᠤᠰᠤ ᠰᠣᠶᠣᠯ ᠤᠨ ᠥᠪ ᠵᠡᠷᠭᠡ ᠰᠣᠳᠣᠨ ᠰᠠᠶᠢᠬᠠᠨ ᠰᠣᠶᠣᠯ ᠤᠨ ᠥᠪ ᠤᠨ ᠪᠦᠲᠦᠭᠡᠯ ᠨᠦᠭᠦᠳ ᠨᠢ ᠥᠪᠥᠷ ᠮᠣᠩᠭᠤᠯ ᠤᠨ ᠦᠨᠳᠦᠰᠦᠲᠡᠨ ᠨᠦᠭᠦᠳ ᠤᠨ ᠠᠷᠠᠳ ᠲᠦᠮᠡᠨ ᠤ ᠰᠠᠬᠢᠨ ᠪᠡᠷᠡᠯᠡᠵᠦ ᠬᠠᠷᠢᠯᠴᠠᠨ ᠬᠠᠪᠰᠤᠷᠤᠯᠴᠠᠨ᠂ ᠡᠬᠡ ᠤᠯᠤᠰ ᠤᠨ ᠬᠢᠯᠢ ᠬᠢᠵᠠᠭᠠᠷ ᠤᠨ ᠠᠮᠤᠷ ᠲᠦᠪᠰᠢᠨ ᠢ ᠬᠠᠮᠲᠤ ᠪᠠᠷ ᠪᠠᠲᠤᠯᠠᠵᠤ᠂ ᠡᠬᠡ ᠤᠯᠤᠰ ᠤᠨ ᠨᠤᠲᠤᠭ ᠳᠡᠪᠢᠰᠬᠡᠷ ᠤᠨ ᠪᠦᠷᠢᠨ ᠪᠦᠲᠦᠨ ᠢ ᠬᠠᠮᠲᠤ ᠪᠠᠷ ᠬᠠᠮᠠᠭᠠᠯᠠᠭᠰᠠᠨ ᠲᠡᠮᠡᠴᠡᠯ ᠤᠨ ᠥᠩᠭᠡᠷᠡᠯᠲᠡ ᠪᠠ ᠤᠯᠤᠰ ᠢᠶᠠᠨ ᠬᠠᠶᠢᠷᠠᠯᠠᠵᠤ ᠦᠨᠡᠨᠴᠢ ᠰᠢᠳᠤᠷᠭᠤ ᠪᠠᠷ ᠬᠤᠪᠢ ᠨᠡᠮᠡᠷᠢ ᠦᠵᠡᠭᠦᠯᠬᠦ᠂ ᠬᠢᠯᠢ ᠬᠢᠵᠠᠭᠠᠷ ᠢ ᠰᠠᠬᠢᠵᠤ ᠬᠢᠯᠢ ᠬᠢᠵᠠᠭᠠᠷ ᠢ ᠬᠠᠮᠠᠭᠠᠯᠠᠬᠤ ᠰᠢᠯᠢᠳᠡᠭ ᠤᠯᠠᠮᠵᠢᠯᠠᠯ ᠪᠠ ᠦᠨᠳᠦᠰᠦᠲᠡᠨ ᠤ ᠪᠦᠯᠬᠦᠮᠳᠡᠯ ᠤᠨ ᠡᠷᠬᠢᠮ ᠨᠠᠨᠳᠢᠨ ᠵᠠᠩ ᠴᠢᠨᠠᠷ ᠵᠢᠴᠢ ᠰᠠᠶᠢᠨ ᠰᠠᠶᠢᠬᠠᠨ ᠠᠮᠢᠳᠤᠷᠠᠯ ᠢ ᠬᠠᠮᠲᠤ ᠪᠠᠷ ᠴᠣᠭᠴᠠᠯᠠᠬᠤ ᠠᠮᠢᠳᠤᠯᠢᠭ ᠵᠢᠷᠤᠭ ᠤᠳ ᠢ ᠨᠢᠭᠡᠳ ᠨᠢᠭᠡ ᠪᠠᠷ ᠳᠡᠯᠭᠡᠨ᠎ᠡ᠃ 
ᠢᠷᠡᠯᠲᠡ᠄ ᠲᠤᠮᠳᠠᠳᠤ ᠤᠯᠤᠰ ᠤᠨ ᠮᠣᠩᠭᠤᠯ ᠬᠡᠯᠡᠨ ᠤ ᠰᠣᠨᠢᠨ ᠮᠡᠳᠡᠭᠡ ᠶᠢᠨ ᠰᠦᠯᠵᠢᠶ᠎ᠡ